2024 ᠨᠢᠩᠴᠧᠩ · ᠽᠢ ᠮᠧᠩ ᠬᠤ᠋ ᠨᠠᠭᠤᠷ ᠤᠨ ᠡᠪᠦᠯ ᠤᠨ ᠠᠩᠨᠠᠯ ᠤᠨ ᠵᠢᠭᠤᠯᠴᠢᠯᠠᠯ ᠤᠨ ᠨᠠᠶᠢᠷ ᠶᠠᠪᠤᠭᠳᠠᠵᠠᠢ
ᠨᠡᠶᠢᠲᠡᠯᠡᠭᠰᠡᠨ ᠴᠠᠭ᠄
2024/2/29
    1 ᠰᠠᠷ᠎ᠠ ᠶᠢᠨ 27 ᠤ ᠡᠳᠦᠷ᠂ ᠨᠢᠩᠴᠧᠩ ᠰᠢᠶᠠᠨ ᠠᠴᠠ ᠭᠤᠣᠯᠯᠠᠨ ᠡᠷᠭᠢᠯᠡᠭᠰᠡᠨ 2024 ᠨᠢᠩᠴᠧᠩ· ᠽᠢ ᠮᠧᠩ ᠬᠤ᠋ ᠨᠠᠭᠤᠷ ᠤᠨ ᠡᠪᠦᠯ ᠤᠨ ᠠᠩᠨᠠᠯ ᠤᠨ ᠵᠢᠭᠤᠯᠴᠢᠯᠠᠯ ᠤᠨ ᠨᠠᠶᠢᠷ ᠤᠯᠠᠭᠠᠨᠬᠠᠳᠠ ᠬᠤᠲᠠ ᠶᠢᠨ ᠨᠢᠩᠴᠧᠩ ᠰᠢᠶᠠᠨ ᠤ ᠽᠢ ᠮᠧᠩ ᠬᠤ᠋ ᠨᠠᠭᠤᠷ ᠤᠨ ᠦᠵᠡᠮᠵᠢ ᠶᠢᠨ ᠣᠷᠣᠨ ᠳᠤ ᠡᠬᠢᠯᠡᠪᠡ᠃ ᠪᠦᠭᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠬᠰᠠᠳ ᠽᠢ ᠮᠧᠩ ᠬᠤ᠋ ᠨᠠᠭᠤᠷ ᠲᠤ ᠴᠤᠭᠯᠠᠷᠠᠨ ᠡᠪᠦᠯ ᠤᠨ ᠠᠩᠨᠠᠯ ᠤᠨ ᠦᠪᠡᠳᠡᠭᠰᠢ ᠪᠠᠶᠢᠳᠠᠯ ᠢ ᠰᠣᠨᠢᠷᠬᠠᠵᠤ᠂ ᠮᠥᠰᠥᠲᠦ ᠨᠠᠭᠤᠷ ᠴᠠᠰᠤᠨ ᠦᠵᠡᠮᠵᠢ ᠶᠢ ᠰᠣᠨᠢᠷᠬᠠᠵᠠᠭᠠᠨ᠎ᠠ᠃     ᠦᠳᠡ ᠶᠢᠨ ᠡᠮᠦᠨᠡᠬᠢ 8 ᠴᠠᠭ ᠲᠤ᠂ ᠵᠢᠭᠠᠰᠤᠴᠢᠨ ᠤ ᠵᠢᠭᠠᠰᠤᠨ ᠲᠣᠣᠷ ᠢᠶᠠᠨ ᠠᠯᠭᠤᠷᠬᠠᠨ ᠢᠶᠠᠷ ᠲᠠᠲᠠᠬᠤ ᠶᠢ ᠳᠠᠭᠠᠯᠳᠤᠨ᠂ 3 ᠲᠦᠮᠡ ᠭᠠᠷᠤᠢ ᠵᠢᠩ ᠤᠨ ᠴᠠᠭᠠᠨ ᠠᠯᠠᠭᠠᠨ᠎ᠠ ᠰᠣᠭᠤᠰᠤ᠂ ᠴᠡᠴᠡᠭᠲᠦ ᠠᠯᠠᠭᠠᠨ᠎ᠠ ᠰᠣᠭᠤᠰᠤ᠂ ᠮᠥᠷᠭᠦ ᠵᠢᠭᠠᠰᠤ ᠵᠡᠷᠭᠡ ᠨᠢ ᠲᠣᠣᠷ ᠲᠤ ᠲᠡᠯᠴᠢᠯᠡᠨ ᠦᠰᠦᠷᠬᠢᠯᠡᠵᠦ᠂ ᠮᠥᠰᠥᠨ ᠳᠡᠭᠡᠷ᠎ᠡ ᠦᠰᠦᠷᠦᠨ ᠭᠠᠷᠤᠭᠰᠠᠨ ᠳᠤ᠂ ᠬᠥᠮᠥᠰ ᠤᠤᠬᠠᠶᠢᠯᠠᠨ ᠬᠠᠰᠬᠢᠷᠤᠯᠳᠤᠪᠠ᠃ ᠲᠦᠷᠦᠭᠦᠸ ᠵᠢᠭᠠᠰᠤ ᠪᠣᠯ ᠥᠯᠵᠡᠢ ᠪᠡᠯᠭᠡ ᠲᠠᠢ᠂ ᠠᠵᠠ ᠬᠡᠶᠢᠮᠣᠷᠢ ᠶᠢᠨ ᠪᠡᠯᠭᠡ ᠲᠡᠮᠳᠡᠭ ᠪᠤᠯᠬᠤ ᠶᠤᠮ᠂ ᠲᠣᠰ ᠬᠤᠭᠤᠴᠠᠭᠠᠨ ᠤ ᠡᠪᠦᠯ ᠤᠨ ᠠᠩᠨᠠᠯ ᠤᠨ ᠵᠢᠭᠤᠯᠴᠢᠯᠠᠯ ᠤᠨ ᠨᠠᠶᠢᠷ ᠳᠡᠭᠡᠷ᠎ᠡ 56 ᠵᠢᠩ ᠪᠦᠬᠦᠢ   ᠲᠦᠷᠦᠭᠦᠸ ᠵᠢᠭᠠᠰᠤ ᠶᠢ 96888 ᠲᠥᠭᠦᠷᠢᠭ ᠢᠶᠠᠷ ᠦᠨ᠎ᠡ ᠬᠠᠶᠠᠯᠴᠠᠨ ᠬᠤᠳᠠᠯᠳᠤᠪᠠ᠃ ᠤᠯᠠᠨ ᠢᠶᠠᠷ ᠢᠶᠠᠨ ᠪᠠᠶᠠᠷᠯᠠᠨ ᠬᠠᠰᠬᠢᠷᠤᠯᠳᠤᠵᠤ᠂ ᠭᠠᠷ ᠤᠲᠠᠰᠤ᠂ ᠭᠡᠷᠡᠯ ᠵᠢᠷᠤᠭ ᠤᠨ ᠮᠠᠰᠢᠨ ᠢᠶᠠᠨ ᠭᠠᠷᠭᠠᠨ ᠲᠦᠷᠦᠭᠦᠦ ᠵᠢᠭᠠᠰᠤ ᠶᠢ ᠦᠨ᠎ᠡ ᠬᠠᠶᠠᠯᠴᠠᠨ ᠬᠤᠳᠠᠯᠳᠤᠭᠰᠠᠨ ᠪᠠᠶᠢᠳᠠᠯ ᠢ ᠲᠡᠮᠳᠡᠭᠯᠡᠵᠡᠢ᠃     ︽ᠥᠨᠥᠳᠥᠷ ᠪᠣᠯ ᠠᠩᠬ᠎ᠠ ᠤᠳᠠᠭ᠎ᠠ ᠲᠤᠬᠠᠢ ᠶᠢᠨ ᠲᠠᠯᠠᠪᠠᠶ ᠳᠤ ᠢᠷᠡᠵᠦ ᠡᠪᠦᠯ ᠤᠨ ᠠᠩᠨᠠᠯ ᠪᠣᠯᠣᠨ ᠨᠠᠭᠤᠷ ᠢ ᠳᠠᠭᠢᠵᠤ ᠲᠣᠣᠷ ᠢ ᠰᠡᠷᠭᠦᠭᠡᠬᠦ ᠶᠣᠰᠣᠯᠠᠯ ᠢ ᠦᠵᠡᠵᠦ ᠪᠠᠶᠢᠨ᠎ᠠ᠂ ᠡᠨᠡ ᠨᠢ ᠬᠥᠮᠥᠰ ᠤᠨ ᠰᠡᠳᠬᠢᠯ ᠤᠨ ᠬᠥᠪᠴᠢ ᠶᠢ ᠳᠣᠯᠭᠢᠰᠤᠭᠤᠯᠵᠤ᠂ ᠲᠦᠷᠦᠭᠦᠦ ᠵᠢᠭᠠᠰᠤ ᠶᠢ ᠦᠨ᠎ᠡ ᠬᠠᠶᠠᠯᠴᠠᠨ ᠬᠤᠳᠠᠯᠳᠤᠬᠤ ᠥᠷᠢᠰᠦᠯᠳᠦᠭᠡᠨ ᠴᠦ ᠮᠠᠰᠢ ᠬᠤᠷᠴᠠ ᠰᠢᠷᠦᠭᠦᠨ ᠶᠠᠪᠤᠭᠳᠠᠵᠤ ᠪᠠᠶᠢᠨ᠎ᠠ᠃ ᠪᠢ ᠠᠳᠡ ᠪᠠᠭ᠎ᠠ ᠶᠢᠨ ᠦᠶ᠎ᠡ ᠳᠡᠭᠡᠨ ᠮᠥᠰᠥᠨ ᠳᠡᠭᠡᠷ᠎ᠡ ᠨᠠᠭᠠᠳᠴᠤ ᠪᠠᠶᠢᠭᠰᠠᠨ ᠵᠤᠭ᠎ᠠ ᠴᠡᠩᠭᠡᠯ ᠢ  ᠡᠷᠢᠵᠦ ᠣᠯᠪᠠ᠂ ᠨᠡᠩ ᠤᠯᠠᠨ ᠬᠥᠮᠥᠰ ᠤᠨ ᠨᠢᠩᠴᠧᠩ ᠳᠤ ᠬᠦᠷᠴᠦ ᠵᠤᠭᠠᠴᠠᠬᠤ ᠶᠢ ᠬᠦᠰᠡᠵᠦ ᠪᠠᠶᠢᠨ᠎ᠠ︾ᠭᠡᠵᠦ ᠪᠡᠭᠡᠵᠢᠩ ᠠᠴᠠ ᠢᠷᠡᠭᠰᠡᠨ ᠵᠢᠭᠤᠯᠴᠢᠯᠠᠭᠴᠢ ᠵᠠᠩ ᠮᠢᠩ ᠮᠢᠩ ᠬᠡᠯᠡᠪᠡ᠃     ᠲᠣᠰ ᠤᠳᠠᠭ᠎ᠠ ᠶᠢᠨ ᠡᠪᠦᠯ ᠤᠨ ᠠᠩᠨᠠᠯ ᠤᠨ ᠵᠢᠭᠤᠯᠴᠢᠯᠠᠯ ᠤᠨ ᠨᠠᠶᠢᠷ ᠤᠨ ᠭᠤᠣᠯ ᠰᠡᠳᠦᠪ ᠨᠢ ︽ᠪᠦᠭᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ  ᠢ ᠪᠠᠶᠠᠷᠯᠠᠨ ᠤᠭᠲᠤᠬᠤ ·ᠪᠠᠶᠠᠰᠤᠯᠳᠤ  ᠡᠪᠦᠯ ᠤᠨ ᠠᠩᠨᠠᠯ ᠤᠨ ᠨᠠᠶᠢᠷ︾ ᠪᠠᠶᠢᠵᠤ᠂ ᠳᠤᠰ ᠨᠠᠶᠢᠷ ᠨᠢ 5 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠵᠢᠭᠠᠰᠤ ᠠᠩᠨᠠᠵᠤ ᠬᠤᠳᠠᠯᠳᠤᠭᠰᠠᠨ ᠶᠡᠷᠦᠩᠬᠡᠢ ᠬᠡᠮᠵᠢᠶ᠎ᠡ 10 ᠲᠦᠮᠡᠨ ᠵᠢᠩ ᠠᠴᠠ ᠳᠠᠪᠠᠵᠠᠢ᠃     ᠣᠶᠢᠷ᠎ᠠ ᠶᠢᠨ ᠵᠢᠯ ᠳᠤ᠂ ᠨᠢᠩᠴᠧᠩ ᠰᠢᠶᠠᠨ ᠤ ᠬᠢᠨ ᠲᠠᠷᠢᠶᠠᠯᠠᠩ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠳ᠋ᠣᠣ ᠰᠢᠦᠢ ᠭᠧᠦ ᠶᠢᠨ 5A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠳ᠋ᠣᠣ ᠰᠢᠦᠢ ᠭᠧᠦ᠂ ᠽᠢ ᠮᠧᠩ ᠬᠤ᠋ ᠨᠠᠭᠤᠷ ᠵᠡᠷᠭᠡ ᠭᠤᠣᠯ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠵᠢᠭᠤᠯᠴᠢᠯᠠᠯ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠴᠢᠨᠠᠭᠰᠢᠳᠠ ᠲᠡᠭᠦᠯᠳᠡᠷᠵᠢᠭᠦᠯᠦᠨ᠂ ᠤᠯᠤᠰ ᠤᠨ ᠳᠣᠲᠣᠭᠠᠳᠤ ᠶᠢᠨ ᠪᠠ ᠣᠯᠠᠨ ᠤᠯᠤᠰ ᠤᠨ ᠲᠣᠮᠣ ᠭᠡᠯᠪᠡᠷᠢ ᠶᠢᠨ ᠤᠰᠤᠨ ᠳᠡᠭᠡᠷᠡᠬᠢ ᠤᠷᠤᠯᠳᠤᠭᠠᠨ ᠢ ᠢᠳᠡᠪᠬᠢᠲᠡᠢ ᠪᠠᠷ ᠳᠠᠭᠠᠭᠠᠨ ᠡᠷᠭᠢᠯᠡᠵᠦ ᠪᠤᠢ᠃     ᠣᠳᠣᠬᠠᠨ ᠳᠤ᠂ ᠨᠢᠩᠴᠧᠩ ᠰᠢᠶᠠᠨ ᠨᠢᠭᠡᠨᠲᠡ 20 ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠵᠦ᠂ ᠤᠯᠤᠰ ᠤᠨ 4A ᠳᠡᠰ ᠤᠨ ᠦᠵᠡᠮᠵᠢ ᠶᠢᠨ ᠣᠷᠣᠨ ᠢ 2᠂ 2A ᠳᠡᠰ ᠤᠨ ᠦᠵᠡᠮᠵᠢ ᠶᠢᠨ ᠣᠷᠣᠨ ᠢ 6 ᠪᠠᠶᠢᠭᠤᠯᠵᠤ᠂ ᠤᠷᠢᠳ ᠬᠤᠵᠢᠳ ᠪᠦᠭᠦ ᠤᠯᠤᠰ ᠤᠨ ᠰᠡᠯᠡᠭᠦᠴᠡᠯ ᠤᠨ ᠲᠠᠷᠢᠶᠠᠯᠠᠩ ᠪᠣᠯᠣᠨ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠭᠦ ᠰᠢᠶᠠᠨ ᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠦᠭᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠭᠦ ᠰᠢᠶᠠᠨ ᠢ ᠪᠠᠶᠢᠭᠤᠯᠵᠤ᠂ ᠬᠤᠷᠬᠤᠭ ᠪᠠᠯᠭᠠᠰᠤ ᠪᠦᠭᠦ ᠤᠯᠤᠰ ᠤᠨ ᠣᠨᠴᠠᠯᠢᠭᠲᠤ ᠵᠢᠭᠤᠯᠴᠢᠯᠠᠯ ᠤᠨ ᠨᠡᠷᠡᠳᠦ ᠪᠠᠯᠭᠠᠰᠤ ᠪᠠᠷ ᠦᠨᠡᠯᠡᠭᠳᠡᠵᠦ᠂ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠣᠨᠴᠠᠯᠢᠭᠲᠤ ᠵᠢᠵᠢᠭ ᠪᠠᠯᠭᠠᠰᠤ ᠪᠣᠯᠣᠨ ᠤᠢ ᠰᠢᠭᠤᠢ ᠶᠢᠨ ᠵᠢᠵᠢᠭ ᠪᠠᠯᠭᠠᠰᠤ ᠪᠠᠷ ᠦᠨᠡᠯᠡᠭᠳᠡᠵᠦ᠂ ᠽᠢ ᠮᠧᠩ ᠬᠤ᠋ ᠨᠠᠭᠤᠷ ᠤᠯᠤᠰ ᠤᠨ ᠳᠡᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号