ᠣᠪᠣᠭ᠎ᠠ ᠲᠤᠰᠬᠤᠨ ᠤ ᠢᠷᠠᠭᠤ ᠲᠤᠤᠯᠢ
ᠨᠡᠶᠢᠲᠡᠯᠡᠭᠰᠡᠨ ᠴᠠᠭ᠄
2024/2/29
           ᠡᠷᠲᠡᠨ ᠤ ᠮᠠᠶ᠋ᠢᠭ ᠤᠨ ᠪᠣᠷᠣᠭᠵᠢᠭᠤᠨ ᠪᠥᠭᠡᠳ ᠡᠷᠬᠢᠮᠰᠦᠭ ᠪᠠᠷᠢᠯᠭ᠎ᠠ᠂ ᠤᠳᠤ ᠦᠶ᠎ᠡ ᠶᠢᠨ ᠥᠩᠭᠡᠲᠦ  ᠳ᠋ᠧᠩ  ᠢᠶᠠᠷ ᠴᠢᠮᠡᠭᠯᠡᠭᠳᠡᠭᠰᠡᠨ  ᠵᠣᠬᠢᠶᠠᠮᠠᠯ  ᠠᠭᠤᠯᠠ ᠪᠠ  ᠭᠤᠯᠳᠤᠩ  ᠬᠥᠭᠦᠷᠭᠡ ᠨᠢ ᠬᠥᠮᠥᠰ ᠢ ᠡᠷᠬᠡ ᠦᠭᠡᠢ ᠳᠣᠮᠣᠭᠲᠤ ᠶᠢᠷᠲᠢᠨᠴᠦ ᠪᠠᠷ ᠵᠤᠭᠠᠴᠠᠵᠤ ᠪᠠᠶᠢᠭ᠎ᠠ ᠭᠡᠮᠡᠷ ᠰᠠᠨᠠᠭᠳᠠᠭᠤᠯᠤᠨ᠎ᠠ  ᠁  ᠭᠦᠭᠡᠬᠤᠳᠠ ᠶᠢᠨ  ᠰᠢᠨ᠎ᠡ ᠬᠤᠲᠠ ᠲᠣᠭᠤᠷᠢᠭ ᠤᠨ ᠪᠣᠷᠣᠬᠤᠰᠢᠭᠤ ᠪᠠᠯᠭᠠᠰᠤᠨ ᠤ ᠣᠪᠣᠭ᠎ᠠ ᠲᠣᠰᠬᠤᠨ ᠳᠤ ᠭᠦᠷᠪᠡᠯ ᠠᠮᠢ ᠠᠬᠤᠢ ᠣᠷᠣᠰᠢᠨ  ᠰᠠᠭᠤᠷᠢᠰᠢᠬᠤ ᠳᠤ ᠲᠣᠬᠢᠷᠠᠮᠵᠢᠲᠠᠢ ᠰᠠᠶᠢᠨ ᠰᠠᠶᠢᠬᠠᠨ ᠦᠵᠡᠮᠵᠢ ᠬᠠᠷᠠᠭᠠᠨ ᠳᠤ ᠲᠣᠳᠣᠷᠠᠵᠤ ᠰᠡᠳᠬᠢᠯ ᠢ ᠪᠠᠶᠠᠰᠬᠠᠨ᠎ᠠ᠂ ᠦᠨᠳᠦᠰᠦᠲᠡᠨ ᠨᠦᠭᠦᠳ ᠤᠨ ᠣᠯᠠᠨ  ᠲᠦᠮᠡᠨ ᠬᠠᠷᠢᠯᠴᠠᠨ ᠬᠠᠪᠰᠤᠷᠤᠯᠴᠠᠨ ᠬᠠᠮᠲᠤ ᠪᠠᠷ ᠬᠥᠭᠵᠢᠵᠦ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠶᠠᠰ ᠢ ᠬᠥᠭᠵᠢᠮᠳᠡᠨ᠎ᠡ᠃            ᠬᠥᠭᠵᠢᠯᠲᠡ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠲᠦᠯᠬᠢᠭᠦᠷ ᠮᠥᠨ᠂ ᠠᠵᠤ ᠠᠬᠤᠢ ᠶᠢ ᠬᠥᠭᠵᠢᠭᠦᠯᠵᠦ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠣᠯ ᠬᠥᠮᠥᠰ ᠤᠨ ᠰᠡᠳᠬᠢᠯ ᠢ ᠨᠢᠭᠲᠠᠷᠠᠭᠤᠯᠬᠤ ᠪᠣᠳᠠᠰ ᠤᠨ ᠰᠠᠭᠤᠷᠢ ᠮᠥᠨ᠃ ᠣᠪᠣᠭ᠎ᠠ  ᠲᠣᠰᠬᠤᠨ ᠤ ᠬᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ  ᠪᠠᠶᠢᠭᠤᠯᠬᠤ ᠠᠵᠢᠯ ᠢ ᠬᠠᠷᠢᠯᠴᠠᠨ ᠠᠭᠤᠰᠤᠯᠴᠠᠭᠤᠯᠵᠤ᠂ ᠪᠣᠳᠠᠰ ᠤᠨ ᠪᠣᠯᠪᠠᠰᠤᠨ ᠤ ᠪᠠᠶᠢᠭᠤᠯᠤᠯᠲᠠ‌‍ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠨᠢᠭᠡ  ᠴᠣᠭᠴᠠᠵᠢᠭᠤᠯᠤᠨ‌ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠲᠤ ᠣᠳᠣᠬᠢᠴᠢᠯᠠᠯᠲᠠ‌‍ᠶᠢ ᠬᠠᠮᠲᠤ ᠪᠠᠷ  ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠦᠭᠦ ᠬᠦᠴᠦᠨ‌‍ᠢᠶ᠋ᠡᠷ ᠢᠶᠠᠨ ᠠᠬᠢᠭᠤᠯᠤᠨ᠎ᠠ᠃            ᠣᠪᠣᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠹᠦ᠋ ᠶᠢᠨ ᠴᠧᠩ᠄ ︽ᠣᠶᠢᠷ᠎ᠠ ᠶᠢᠨ ᠵᠢᠯ ᠠᠴᠠ ᠪᠢᠳᠠ ︿ᠦᠨᠳᠦᠰᠦᠲᠡᠨ ᠨᠦᠭᠦᠳ ᠴᠥᠮ ᠨᠢᠭᠡ  ᠭᠡᠷ ᠪᠦᠯᠢ ᠶᠢᠨ ᠬᠢᠨ᠂ ᠨᠢᠭᠡ ᠭᠡᠷ ᠪᠦᠯᠢ ᠪᠠᠷ ᠢᠶᠠᠨ ᠪᠦᠷ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ﹀ ᠢᠲᠡᠭᠡᠯ ᠢ ᠡᠪᠦᠷᠯᠡᠨ᠂ ᠦᠨᠳᠦᠰᠦᠲᠡᠨ ᠨᠦᠭᠦᠳ ᠤᠨ  ᠠᠷᠠᠳ ᠤᠯᠠᠨ ᠢ ᠳᠠᠭᠠᠭᠤᠯᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠰᠢᠨ᠎ᠡ ᠣᠪᠣᠭ᠎ᠠ ᠲᠤᠰᠬᠤᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠣᠪᠣᠭ᠎ᠠ  ᠲᠣᠰᠬᠤᠨ ᠤ ᠦᠨᠳᠦᠰᠦᠲᠡᠨ ᠨᠦᠭᠦᠳ ᠤᠨ ᠠᠭᠤᠰᠤᠯᠴᠠᠯ ᠬᠥᠭᠵᠢᠯ ᠢ ᠠᠬᠢᠭᠤᠯᠪᠠ︾ ᠭᠡᠵᠦ ᠬᠡᠯᠡᠵᠦ ᠪᠠᠶᠢᠯ᠎ᠠ᠃ ᠲᠡᠭᠦᠨ ᠤ ᠲᠠᠨᠢᠯᠴᠠᠭᠤᠯᠬᠤ ᠪᠠᠷ᠂  2019  ᠣᠨ ᠳᠤ ᠣᠪᠣᠭ᠎ᠠ ᠲᠣᠰᠬᠤᠨ ᠪᠦᠭᠦ ᠲᠣᠰᠬᠤᠨ ᠢᠶᠠᠷ ᠢᠶᠠᠨ ᠨᠡᠭᠦᠬᠦ ᠠᠵᠢᠯ ᠢ ᠪᠡᠶᠡᠯᠡᠭᠦᠯᠵᠦ᠂ ᠲᠣᠰᠬᠤᠨ ᠤ ᠠᠷᠠᠳ ᠤᠨ ᠣᠷᠣᠰᠢᠨ ᠰᠠᠭᠤᠬᠤ ᠨᠥᠬᠦᠴᠡᠯ ᠢ ᠰᠠᠶᠢᠵᠢᠷᠠᠭᠤᠯᠬᠤ ᠶᠢᠨ ᠬᠠᠮᠲᠤ᠂ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠤᠷᠢᠳ ᠬᠤᠵᠢᠳ ᠣᠪᠣᠭ᠎ᠠ ᠠᠳᠠᠯ ᠠᠬᠤᠢ ᠶᠢᠨ ᠬᠠᠮᠢᠶᠠᠷᠤᠯᠲᠠ ᠶᠢᠨ  ᠬᠢᠵᠠᠭᠠᠷᠲᠤ ᠬᠠᠷᠢᠭᠤᠴᠠᠯᠭᠠᠲᠤ ᠺᠤᠮᠫᠠᠨᠢ᠂ ᠣᠪᠣᠭ᠎ᠠ ᠰᠣᠶᠣᠯ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠵᠡᠷᠭᠡ  8 ᠺᠤᠮᠫᠠᠨᠢ ᠶᠢ ᠪᠠᠶᠢᠭᠤᠯᠵᠤ᠂ ᠣᠪᠣᠭ᠎ᠠ ᠤᠰᠤᠨ ᠳᠡᠭᠡᠷᠡᠬᠢ ᠨᠠᠭᠠᠳᠤᠮ᠂ ᠥᠨᠳᠥᠷ ᠳᠡᠭᠡᠷ᠎ᠡ ᠠᠴᠠ ᠦᠵᠡᠮᠵᠢ ᠰᠣᠨᠢᠷᠬᠠᠬᠤ ᠴᠣᠩᠬᠤ᠂ ᠬᠤᠳᠠᠯᠳᠤᠭᠠᠨ ᠤ  ᠬᠤᠳᠠ ᠵᠡᠷᠭᠡ ᠲᠣᠮᠣ ᠭᠡᠯᠪᠡᠷᠢ ᠶᠢᠨ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠪᠠ᠃ ᠬᠡᠳᠦᠨ ᠵᠢᠯ ᠤᠨ ᠪᠦᠲᠦᠭᠡᠨ ᠪᠠᠶᠢᠭᠤᠯᠤᠯᠲᠠ ᠪᠠᠷ  ᠳᠠᠮᠵᠢᠨ ᠣᠪᠣᠭ᠎ᠠ ᠲᠣᠰᠬᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢᠶᠠᠷ ᠭᠤᠣᠯ ᠪᠤᠯᠭᠠᠬᠰᠠᠨ ᠲᠠᠪᠴᠠᠩ ᠤᠨ ᠵᠢᠯ ᠤᠨ ᠦᠢᠯᠡᠳᠬᠦᠨ ᠤ ᠦᠷᠲᠡᠭ 3  ᠳ᠋ᠦᠩᠰᠢᠭᠤᠷ ᠭᠠᠷᠤᠢ ᠲᠥᠭᠦᠷᠢᠭ ᠢ ᠳᠠᠪᠠᠵᠤ᠂ ᠲᠤᠰ ᠲᠣᠰᠬᠤᠨ ᠵᠢᠴᠢ ᠡᠷᠭᠢᠨ ᠲᠣᠭᠤᠷᠢᠨ ᠤ ᠲᠣᠰᠬᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ  6000 ᠭᠠᠷᠤᠢ ᠠᠵᠢᠯ ᠤᠨ ᠪᠠᠶᠢᠷᠢ ᠬᠠᠩᠭᠠᠵᠤ᠂ ᠲᠣᠰᠬᠤᠨ ᠤ ᠠᠷᠠᠳ ᠤᠨ ᠬᠥᠮᠥᠨ ᠳᠤᠮᠳᠠᠴᠢ ᠶᠢᠨ ᠵᠢᠯ ᠤᠨ ᠣᠷᠣᠯᠭ᠎ᠠ 5 ᠲᠦᠮᠡᠨ ᠲᠥᠭᠦᠷᠢᠭ ᠲᠤ  ᠬᠦᠷᠴᠡᠢ᠃            ᠣᠪᠣᠭ᠎ᠠ ᠲᠤᠰᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠬᠦᠴᠦᠨ ᠢ ᠨᠢᠭᠲᠠᠷᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠢᠵᠢᠯᠢ  ᠲᠥᠪᠲᠦ ᠲᠣᠭᠤᠷᠢᠭ ᠢ ᠲᠠᠰᠤᠷᠠᠯᠳᠠ ᠦᠭᠡᠢ ᠥᠷᠭᠡᠳᠬᠡᠨ᠎ᠡ᠃ ᠤᠯᠠᠨ ᠵᠢᠯ ᠤᠨ ᠲᠤᠷᠰᠢ᠂ ᠣᠪᠣᠭ᠎ᠠ ᠲᠣᠰᠬᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ  ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ  ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠣᠷᠭᠠᠨᠢᠭ ᠢᠶᠠᠷ ᠤᠶᠠᠯᠳᠤᠭᠤᠯᠵᠤ᠂ ︽ᠦᠷ᠎ᠡ ᠪᠦᠲᠦᠭᠡᠯ ᠢᠶᠠᠨ ᠪᠠᠲᠤᠳᠬᠠᠵᠤ  ᠬᠥᠭᠵᠢᠯᠲᠡ ᠶᠢ ᠠᠬᠢᠭᠤᠯᠤᠶ᠎ᠠ - ᠦᠨᠳᠦᠰᠦᠲᠡᠨ ᠨᠦᠭᠦᠳ ᠨᠢᠭᠡ ᠭᠡᠷ ᠪᠦᠯᠢ ᠶᠢᠨ ᠮᠡᠲᠦ ᠳᠣᠲᠣᠨᠣ︾  ᠭᠤᠣᠯ ᠰᠡᠳᠦᠪᠲᠦ ᠦᠨᠳᠦᠰᠦᠲᠡᠨ ᠤ ᠪᠦᠯᠬᠦᠮᠳᠡᠯ  ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ  ᠰᠢᠶᠠᠩ ᠪᠠᠯᠭᠠᠰᠤᠨ ᠳᠤ ᠤᠷᠤᠭᠤᠯᠬᠤ ᠠᠵᠢᠯᠯᠠᠭ᠎ᠠ  ᠶᠢ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ  ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠭᠤᠣᠯᠯᠠᠬᠤ ᠦᠢᠯᠡᠳᠦᠯ ᠢ ᠴᠢᠩᠭᠠᠳᠬᠠᠨ᠂ ᠤᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠦᠨ᠂  ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠡᠶ᠎ᠡ ᠵᠣᠬᠢᠴᠠᠩᠭᠤᠢ᠂ ᠡᠮᠬᠢ ᠳᠢᠭᠯᠢᠮ ᠲᠠᠢ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ  ᠪᠠᠶᠢᠭᠤᠯᠵᠤ᠂ ︽ᠠᠵᠤ ᠦᠢᠯᠡᠰ ᠬᠥᠭᠵᠢᠭᠰᠡᠨ᠂ ᠠᠮᠢ ᠠᠬᠤᠢ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ᠂ ᠰᠣᠶᠣᠯ ᠬᠥᠭᠵᠢᠨ ᠴᠡᠴᠡᠭᠯᠡᠭᠰᠡᠨ᠂ ᠠᠷᠠᠳ ᠤᠨ  ᠠᠮᠢᠳᠤᠷᠠᠯ ᠵᠣᠯ ᠵᠢᠷᠭᠠᠯ ᠲᠠᠢ︾ ᠠᠵᠤ ᠦᠢᠯᠡᠰ ᠢᠶᠠᠷ ᠲᠣᠰᠬᠤᠨ ᠢᠶᠠᠨ ᠬᠥᠭᠵᠢᠭᠦᠯᠬᠦ ᠵᠠᠮ ᠢᠶᠠᠷ ᠵᠠᠮᠨᠠᠵᠤ᠂ ᠪᠦᠭᠦ ᠤᠯᠤᠰ ᠲᠤ ᠨᠡᠷ᠎ᠡ ᠠᠯᠳᠠᠷᠰᠢᠭᠰᠠᠨ ᠬᠥᠳᠡᠭᠡ  ᠲᠣᠰᠬᠤᠨ ᠤ ᠵᠢᠭᠤᠯᠴᠢᠯᠠᠯ ᠤᠨ ᠭᠠᠵᠠᠷ ᠪᠣᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠤᠯᠬᠤ ᠣᠷᠣᠯᠭ᠎ᠠ ᠵᠢᠯ ᠳᠠᠷᠠᠭᠠᠯᠠᠨ ᠨᠡᠮᠡᠭᠳᠡᠵᠦ᠂  ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠩ  ᠪᠦᠷᠢᠨ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠴᠢᠨᠠᠷ ᠲᠠᠢ ᠪᠣᠯᠭᠠᠪᠠ᠃             ᠣᠪᠣᠭ᠎ᠠ ᠲᠤᠰᠬᠤᠨ ᠤ ᠣᠨᠴᠠ ᠶᠡᠭᠡ ᠬᠤᠪᠢᠷᠠᠯᠲᠠ ᠪᠣᠯ ᠭᠦᠭᠡᠬᠤᠳᠠ ᠶᠢᠨ ᠦᠨᠳᠦᠰᠦᠲᠡᠨ ᠤ ᠪᠦᠯᠬᠦᠮᠳᠡᠯ ᠬᠥᠳᠡᠭᠡ ᠲᠣᠰᠬᠤᠨ ᠢ ᠬᠥᠭᠵᠢᠭᠦᠯᠦᠨ  ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠤ ᠨᠢᠭᠡᠨ ᠬᠤᠷᠢᠶᠠᠩᠭᠤᠢ ᠳᠦᠷᠰᠦ ᠪᠤᠯᠬᠤ  ᠶᠤᠮ᠃ ᠣᠶᠢᠷ᠎ᠠ ᠶᠢᠨ ᠵᠢᠯ ᠤᠳ ᠲᠤ  ︽︿ᠠᠷᠪᠠᠨ ᠳᠥᠷᠪᠡᠳᠦᠭᠡᠷ  ᠲᠠᠪᠤᠨ ᠵᠢᠯ﹀ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠲᠥᠯᠦᠪᠵᠢᠭᠦᠯᠭᠡ︾ ᠵᠡᠷᠭᠡ 5 ᠪᠢᠴᠢᠭ ᠮᠠᠲ᠋ᠧᠷᠢᠶᠠᠯ ᠢ ᠲᠣᠭᠲᠠᠭᠠᠵᠤ᠂  ᠪᠦᠭᠦ ᠬᠦᠴᠦᠨ ᠢᠶᠠᠷ ᠢᠶᠠᠨ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ  ᠲᠦᠷᠭᠡᠳᠬᠡᠨ ᠠᠬᠢᠭᠤᠯᠪᠠ᠃ ᠰᠢᠯᠢᠳᠡᠭ ᠰᠠᠯᠠᠭᠠᠨ ᠳᠡᠰ ᠤᠨ ᠺᠠᠳ᠋ᠷ ᠪᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠣᠩᠭᠤᠨ ᠲᠣᠮᠢᠯᠠᠵᠤ ᠲᠣᠰᠬᠤᠨ ᠳᠤ  ᠰᠠᠭᠤᠬᠤ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠤ᠂  ︽ᠬᠤᠷᠢᠭ᠎ᠠ ᠱᠤᠭᠤᠮ ᠢ ᠰᠠᠬᠢᠵᠤ ᠵᠣᠯᠭᠠᠭᠤᠯᠬᠤ ᠶᠢ ᠠᠬᠢᠭᠤᠯᠬᠤ︾   ᠶᠢᠨ ᠬᠠᠮᠲᠤ᠂ ᠬᠥᠳᠡᠭᠡ  ᠲᠣᠰᠬᠤᠨ ᠤ ᠦᠨᠳᠦᠰᠦᠨ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠪᠠᠶᠢᠳᠠᠯ ᠢ ᠦᠨᠡᠨ ᠬᠦ ᠬᠠᠮᠠᠭᠠᠯᠠᠨ ᠪᠠᠬᠢᠵᠢᠭᠦᠯᠪᠡ᠃ ︽ᠰᠡᠳᠬᠢᠯ ᠨᠢᠭᠡᠳᠦᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠶ᠎ᠡ · ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠶᠢᠨ  ᠮᠡᠲᠦ ᠳᠣᠲᠣᠨᠣ︾  ᠭᠡᠬᠦ ᠲᠦᠷᠦᠯ ᠵᠦᠢᠯ ᠢ ᠬᠡᠷᠡᠭᠵᠢᠭᠦᠯᠵᠦ᠂ ᠬᠥᠳᠡᠭᠡ ᠲᠣᠰᠬᠤᠨ ᠢ  ᠬᠥᠭᠵᠢᠭᠦᠯᠦᠨ ᠮᠠᠨᠳᠤᠭᠤᠯᠬᠤ᠂ ᠰᠣᠶᠣᠯ ᠪᠠ ᠠᠷᠠᠳ ᠤᠨ ᠠᠮᠢᠳᠤᠷᠠᠯ ᠤᠨ  ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ ᠵᠡᠷᠭᠡ 8 ᠬᠦᠷᠢᠶᠡᠨ ᠳᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠳᠠᠭᠠᠭᠤᠯᠵᠤ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠪᠠ᠃ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ  ᠰᠣᠨᠣᠰᠴᠤ᠂ ᠨᠠᠮ ᠢᠶᠠᠨ ᠳᠠᠭᠠᠬᠤ︾  ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠲᠥᠰᠥᠯ ᠢ ᠲᠣᠭᠲᠠᠭᠠᠵᠤ ᠳᠠᠷᠤᠮᠠᠯᠯᠠᠨ ᠲᠠᠷᠬᠠᠭᠠᠵᠤ᠂ ᠰᠢᠨ᠎ᠡ ᠴᠠᠭ  ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠭᠠᠵᠠᠷ ᠢᠶᠠᠷ ᠲᠦᠰᠢᠭ ᠪᠤᠯᠭᠠᠵᠤ᠂ ᠬᠥᠳᠡᠭᠡ ᠲᠣᠰᠬᠤᠨ ᠤ ᠦᠨᠳᠦᠰᠦᠲᠡᠨ ᠨᠦᠭᠦᠳ ᠤᠨ ᠤᠯᠠᠨ‌‍ᠲ᠋ᠦ᠋ᠮᠡᠨ ᠢ ᠬᠥᠲᠥᠯᠥᠨ ᠵᠢᠯᠤᠭᠤᠳᠴᠤ ᠢᠲᠡᠭᠡᠯ ᠵᠣᠷᠢᠭ ᠢᠶᠠᠨ ᠪᠠᠲᠤᠳᠬᠠᠨ᠂ ᠨᠠᠮ ᠢᠶᠠᠨ ᠲᠠᠭᠠᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠪᠠᠲᠤ ᠪᠠᠬᠢ ᠦᠵᠡᠯ ᠰᠠᠨᠠᠭᠠᠨ ᠤ ᠪᠠᠲᠤᠯᠠᠭ᠎ᠠ ᠬᠠᠩᠭᠠᠵᠤ᠂ ᠪᠦᠭᠦ ᠤᠯᠤᠰ ᠲᠠᠢ ᠠᠯᠬᠤᠭ᠎ᠠ ᠨᠢᠭᠡᠲᠡᠢ ᠪᠠᠷ ᠨᠡᠶᠢᠭᠡᠮ  ᠵᠢᠷᠤᠮᠲᠤ ᠣᠳᠣᠬᠢᠴᠢᠯᠠᠯᠲᠠ ᠶᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠪᠡ᠃            ᠬᠠᠮᠤᠭ ᠤᠨ ᠰᠠᠶᠢᠨ ᠦᠨᠳᠦᠰᠦᠲᠡᠨ ᠤ ᠪᠦᠯᠬᠦᠮᠳᠡᠯ ᠪᠣᠯ ᠳᠠᠷᠤᠢ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠶᠠᠪᠤᠳᠠᠯ ᠪᠣᠯᠣᠨ᠎ᠠ᠃ ᠰᠠᠷ᠎ᠠ ᠰᠢᠨ᠎ᠡ ᠶᠢᠨ  ᠦᠶ᠎ᠡ ᠶᠢᠨ ᠣᠪᠣᠭ᠎ᠠ ᠲᠤᠰᠬᠤᠨ ᠳᠤ ᠶᠠᠩᠭᠠᠷ ᠪᠥᠵᠢᠭ᠂ ᠮᠣᠳᠣᠨ ᠬᠥᠯᠲᠦ᠂ ᠯᠤᠤ ᠠᠷᠰᠯᠠᠨ ᠲᠣᠭᠯᠠᠨ᠂ ᠬᠥᠮᠥᠰ ᠤᠨ ᠬᠥᠭᠡᠷᠦᠯᠳᠦᠵᠦ ᠢᠨᠢᠶᠡᠯᠳᠦᠬᠦ ᠲᠠᠭᠤᠨ  ᠭᠠᠵᠠᠷ ᠰᠠᠢ ᠦᠭᠡᠢ ᠰᠣᠨᠣᠰᠳᠠᠨ᠎ᠠ᠃ ᠠᠵᠤ ᠦᠢᠯᠡᠰ ᠬᠥᠭᠵᠢᠵᠦ᠂ ᠪᠣᠯᠪᠠᠰᠤᠨ ᠲᠠᠪᠰᠢᠵᠤ᠂ ᠠᠮᠤᠷ  ᠲᠠᠶᠢᠪᠤᠩ  ᠠᠵᠤ ᠲᠦᠷᠦᠵᠤ᠂ ᠠᠮᠢ ᠠᠬᠤᠢ ᠣᠷᠣᠰᠢᠨ‌‍ᠰᠠᠭᠤᠷᠢᠰᠢᠬᠤ ᠳᠤ ᠲᠣᠬᠢᠷᠠᠮᠵᠢᠲᠠᠢ ᠦᠨᠳᠦᠰᠦᠲᠡᠨ ᠤ ᠪᠦᠯᠬᠦᠮᠳᠡᠯ ᠤᠨ ᠵᠢᠷᠤᠭ ᠳᠡᠯᠭᠡᠭᠳᠡᠨ᠎ᠡ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号