ᠭᠠᠷᠠᠭ ᠤᠨ ᠰᠠᠨᠠᠭᠤᠯᠤᠮᠵᠢ ᠳᠤ ᠠᠩᠬᠠᠷᠤᠯ ᠢᠶᠠᠨ ᠬᠠᠨᠳᠤᠭᠤᠯᠤᠭᠠᠷᠠᠢ︕ ᠠᠰᠫᠢᠷᠠᠨᠲ ᠤᠨ ᠰᠢᠯᠭᠠᠯᠲᠠ ᠥᠨᠥᠳᠥᠷ ᠠᠴᠠ᠂ ᠳᠥᠷᠪᠡᠳᠦᠭᠡᠷ ᠵᠢᠷᠭᠤᠳᠤᠭᠠᠷ ᠳᠡᠰ ᠤᠨ ᠰᠢᠯᠭᠠᠯᠲᠠ ᠶᠢᠨ ᠬᠢᠷᠢ ᠪᠦᠲᠦᠮᠵᠢ ᠶᠢ ᠮᠠᠷᠭᠠᠰᠢ  ᠠᠴᠠ ᠨᠡᠶᠢᠲᠡᠯᠡᠨ᠎ᠡ
ᠨᠡᠶᠢᠲᠡᠯᠡᠭᠰᠡᠨ ᠴᠠᠭ᠄
2024/2/29
     2024 ᠣᠨ ᠤ ᠪᠦᠭᠦ ᠤᠯᠤᠰ ᠤᠨ ᠠᠰᠫᠢᠷᠠᠨᠲ ᠡᠯᠰᠡᠬᠦ ᠰᠢᠯᠭᠠᠯᠲᠠ ᠶᠢᠨ ᠠᠩᠬᠠᠨ ᠤ ᠰᠢᠯᠭᠠᠯᠲᠠ ᠶᠢᠨ ᠬᠢᠷᠢ ᠪᠦᠲᠦᠮᠵᠢ ᠶᠢ 2 ᠰᠠᠷ᠎ᠠ ᠶᠢᠨ 26 ᠤ ᠡᠳᠦᠷ ᠠᠴᠠ ᠡᠬᠢᠯᠡᠨ ᠵᠠᠯᠭᠠᠭ᠎ᠠ ᠪᠠᠷ ᠨᠡᠶᠢᠲᠡᠯᠡᠨ᠎ᠡ᠃ 2023 ᠣᠨ ᠤ ᠳᠣᠣᠷ᠎ᠠ ᠬᠠᠭᠠᠰ ᠵᠢᠯ ᠤᠨ ᠪᠦᠭᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠦᠭᠡᠷ᠂ ᠵᠢᠷᠭᠤᠳᠤᠭᠠᠷ ᠳᠡᠰ ᠤᠨ ᠰᠢᠯᠭᠠᠯᠲᠠ︵CET︶ ᠶᠢᠨ ᠬᠢᠷᠢ ᠪᠦᠲᠦᠮᠵᠢ ᠶᠢ 2 ᠰᠠᠷ᠎ᠠ ᠶᠢᠨ 27 ᠤ ᠡᠳᠦᠷ ᠤᠨ 6 ᠴᠠᠭ ᠲᠤ ᠨᠡᠶᠢᠲᠡᠯᠡᠨ᠎ᠡ᠃      ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠶᠡᠷᠦᠩᠬᠡᠢ ᠤᠷᠤᠯᠭ᠎ᠠ ᠶᠢ ᠬᠤᠷᠢᠶᠠᠩᠭᠤᠶᠢᠯᠠᠨ ᠪᠤᠳᠤᠵᠦ ᠢᠯᠭᠠᠷᠠᠭᠤᠯᠤᠨ ᠲᠤᠰᠢᠶᠠᠬᠤ ᠶᠢ ᠪᠣᠯᠵᠣᠬᠤ ᠠᠵᠢᠯ  2 ᠰᠠᠷ᠎ᠠ ᠶᠢᠨ 21 ᠤ ᠡᠳᠦᠷ ᠠᠴᠠ ᠡᠬᠢᠯᠡᠪᠡ      2023 ᠣᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠶᠡᠷᠦᠩᠬᠡᠢ ᠤᠷᠤᠯᠭ᠎ᠠ ᠶᠢ ᠬᠤᠷᠢᠶᠠᠩᠭᠤᠶᠢᠯᠠᠨ ᠪᠤᠳᠤᠵᠦ ᠢᠯᠭᠠᠷᠠᠭᠤᠯᠤᠨ ᠲᠤᠰᠢᠶᠠᠬᠤ ᠶᠢ ᠪᠣᠯᠵᠣᠬᠤ ᠠᠵᠢᠯ 2 ᠰᠠᠷ᠎ᠠ ᠶᠢᠨ 21 ᠤ ᠡᠳᠦᠷ ᠠᠴᠠ ᠡᠬᠢᠯᠡᠪᠡ᠂ ᠭᠠᠶᠢᠯᠢ ᠲᠤᠰᠢᠶᠠᠭᠴᠢ ᠬᠡᠷᠪᠡ 3 ᠰᠠᠷ᠎ᠠ ᠶᠢᠨ 1 ᠤ ᠡᠳᠦᠷ ᠠᠴᠠ 20 ᠤ ᠡᠳᠦᠷ ᠤᠨ ᠬᠤᠭᠤᠷᠣᠨᠳᠤ ᠬᠤᠷᠢᠶᠠᠩᠭᠤᠶᠢᠯᠠᠨ ᠪᠤᠳᠤᠬᠤ ᠴᠢᠬᠤᠯᠠᠲᠠᠢ ᠪᠣᠯ 2 ᠰᠠᠷ᠎ᠠ ᠶᠢᠨ 21 ᠤ ᠡᠳᠦᠷ ᠠᠴᠠ ᠡᠬᠢᠯᠡᠨ︵ᠡᠳᠦᠷ ᠪᠦᠷᠢ ᠶᠢᠨ 6᠄ 00 ︱ 22᠄ 00︶ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ APP ᠳᠡᠭᠡᠷ᠎ᠡ ᠳᠤᠷᠠᠳᠤᠭᠰᠠᠨ ᠴᠠᠭ ᠤᠨ ᠳᠣᠲᠣᠷᠠᠬᠢ ᠳᠤᠷ᠎ᠠ ᠶᠢᠨ ᠨᠢᠭᠡ ᠡᠳᠦᠷ ᠲᠤ ᠤᠷᠢᠳᠴᠢᠯᠠᠨ ᠪᠣᠯᠵᠣᠬᠤ ᠪᠠᠷ ᠳᠠᠮᠵᠢᠭᠤᠯᠤᠨ ᠭᠦᠢᠴᠡᠳᠬᠡᠵᠦ ᠪᠣᠯᠣᠨ᠎ᠠ᠃ 3 ᠰᠠᠷ᠎ᠠ ᠶᠢᠨ 21 ᠤ ᠡᠳᠦᠷ ᠠᠴᠠ 6 ᠰᠠᠷ᠎ᠠ ᠶᠢᠨ 30 ᠤ ᠡᠳᠦᠷ ᠪᠤᠯᠲᠠᠯ᠎ᠠ ᠭᠠᠶᠢᠯᠢ ᠲᠤᠰᠢᠶᠠᠭᠴᠢ ᠤᠷᠢᠳᠴᠢᠯᠠᠨ ᠪᠣᠯᠵᠣᠬᠤ ᠬᠡᠷᠡᠭ ᠦᠭᠡᠢ᠂ ᠬᠡᠵᠢᠶ᠎ᠡ ᠴᠦ ᠭᠡᠰᠡᠨ ᠭᠦᠢᠴᠡᠳᠬᠡᠵᠦ ᠪᠣᠯᠣᠨ᠎ᠠ᠃      ᠡᠨᠡ ᠵᠢᠯ ᠪᠦᠭᠦ ᠤᠯᠤᠰ ᠲᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ  3000 ᠴᠠᠭᠢᠯᠭᠠᠨ ᠴᠡᠨᠡᠭᠯᠡᠬᠦ ᠱᠣᠩ ᠨᠡᠮᠡᠭᠳᠡᠭᠦᠯᠬᠦ ᠪᠠᠷ ᠲᠥᠯᠥᠪᠯᠡᠵᠦ ᠪᠤᠶ      ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ︽2024 ᠣᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠴᠠᠭᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠠᠰᠠᠮᠠᠯ ᠵᠠᠮ ᠳᠠᠭᠠᠤ ᠶᠢᠨ ᠴᠠᠭᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠤᠬᠠᠢ ᠪᠠᠶᠢᠷᠢᠯᠠᠭᠤᠯᠵᠤ᠂ ᠡᠨᠡ ᠵᠢᠯ ᠪᠦᠭᠦ ᠤᠯᠤᠰ ᠲᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠴᠠᠭᠢᠯᠭᠠᠨ ᠴᠡᠨᠡᠭᠯᠡᠬᠦ ᠱᠣᠩ 3000᠂ ᠴᠠᠭᠢᠯᠭᠠᠨ ᠴᠡᠨᠡᠭᠯᠡᠬᠦ ᠲᠡᠷᠭᠡᠨ ᠵᠣᠭᠰᠣᠭᠠᠯ 5000 ᠰᠢᠨ᠎ᠡ ᠪᠠᠷ ᠨᠡᠮᠡᠭᠳᠡᠭᠦᠯᠬᠦ ᠪᠠᠷ ᠲᠥᠯᠥᠪᠯᠡᠵᠦ᠂ ᠵᠠᠰᠠᠮᠠᠯ ᠵᠠᠮ ᠳᠠᠭᠠᠤ ᠶᠢᠨ ᠴᠠᠭᠢᠯᠭᠠᠨ ᠴᠡᠨᠡᠭᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃      ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠨ ᠢ ᠨᠠᠭᠠᠲᠤ ᠵᠠᠬ᠎ᠠ ᠶᠢᠨ ᠴᠠᠯᠢᠩ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ      ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 2 ᠰᠠᠷ᠎ᠠ ᠶᠢᠨ 23 ᠤ ᠡᠳᠦᠷ︽ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠨ ᠤ ᠠᠮᠠᠷᠠᠬᠤ ᠪᠠ ᠭᠦᠳᠡᠯᠮᠦᠷᠢ ᠶᠢᠨ ᠬᠥᠯᠥᠰᠦ ᠣᠯᠭᠤᠮᠵᠢ ᠶᠢᠨ ᠡᠷᠬᠡ ᠠᠰᠢᠭ ᠢ ᠪᠠᠲᠤᠯᠠᠬᠤ ᠵᠢᠯᠣᠭᠤᠳᠤᠮᠵᠢ︾᠂ ︽ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠨ ᠤ ᠭᠦᠳᠡᠯᠮᠦᠷᠢ ᠶᠢᠨ ᠳᠦᠷᠢᠮ ᠢ ᠵᠠᠷᠯᠠᠨ ᠨᠡᠶᠢᠲᠡᠯᠡᠬᠦ ᠵᠢᠯᠣᠭᠤᠳᠤᠮᠵᠢ︾᠂︽ᠰᠢᠨ᠎ᠡ ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠨ ᠤ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠵᠦᠭᠯᠡᠭᠦᠷ︾ ᠵᠡᠷᠭᠡ ᠭᠤᠷᠪᠠᠨ ᠰᠢᠨ᠎ᠡ ᠠᠷᠭ᠎ᠠ ᠶᠢ ᠨᠡᠶᠢᠲᠡᠯᠡᠪᠡ᠃ ᠵᠠᠬᠢᠶᠠᠯᠠᠭ᠎ᠠ ᠪᠠᠷ ᠬᠦᠷᠭᠡᠬᠦ᠂ ᠶᠠᠪᠤᠵᠤ ᠰᠠᠭᠤᠬᠤ᠂ ᠠᠴᠢᠶ᠎ᠠ ᠲᠡᠭᠡᠭᠡᠪᠦᠷᠢ᠂ ᠭᠡᠷ ᠠᠬᠤᠢ ᠶᠢᠨ ᠦᠢᠯᠡᠴᠢᠯᠡᠭᠡ ᠵᠡᠷᠭᠡ ᠶᠢ ᠡᠷᠭᠢᠯᠡᠨ ᠬᠢᠵᠦ ᠪᠠᠶᠢᠭ᠎ᠠ ᠠᠵᠢᠯ ᠣᠯᠭᠤᠯᠲᠠ ᠶᠢᠨ ᠰᠢᠨ᠎ᠡ ᠭᠡᠯᠪᠡᠷᠢ ᠶᠢᠨ ᠬᠥᠳᠡᠯᠮᠦᠷᠢᠴᠢᠳ ᠢ ᠨᠠᠭᠠᠲᠤ ᠵᠠᠬ᠎ᠠ ᠶᠢᠨ ᠴᠠᠯᠢᠩ ᠤᠨ ᠪᠠᠲᠤᠯᠠᠭ᠎ᠠ ᠳᠤ ᠣᠷᠣᠭᠤᠯᠬᠤ ᠪᠣᠯ ᠲᠣᠰ ᠤᠳᠠᠭᠠᠨ ᠤ ᠰᠢᠨ᠎ᠡ ᠲᠣᠭᠲᠠᠭᠠᠯ ᠤᠨ ᠬᠠᠮᠤᠭ ᠤᠨ ᠶᠡᠭᠡ ᠬᠤᠪᠢᠷᠠᠯᠲᠠ ᠶᠢᠨ ᠨᠢᠭᠡ ᠪᠣᠯᠣᠨ᠎ᠠ᠃      ᠣᠯᠠᠨ ᠶᠡᠭᠡ ᠳᠡᠭᠡᠳᠦ ᠰᠤᠷᠭᠠᠭᠤᠯᠢ ᠣᠳᠣ ᠶᠠᠭ ᠠᠵᠢᠯᠲᠠᠨ ᠡᠯᠰᠡᠵᠦ ᠪᠠᠶᠢᠨ᠎ᠠ      ᠲᠦᠷᠦᠭᠦᠬᠡᠨ ᠪᠡᠭᠡᠵᠢᠩ᠂ ᠱᠠᠩᠬᠠᠢ᠂ ᠵᠧᠵᠢᠶᠠᠩ᠂ ᠵᠢᠶᠠᠩᠰᠢ᠂ ᠬᠤᠪᠧᠢ᠂ ᠬᠤᠨᠠᠨ᠂ ᠭᠤᠸᠠᠩᠰᠢ᠂ ᠬᠠᠶᠢᠨᠠᠨ᠂ ᠰᠧᠴᠤᠸᠠᠨ ᠵᠡᠷᠭᠡ ᠭᠠᠵᠠᠷ ᠤᠨ ᠣᠯᠠᠨ ᠶᠡᠭᠡ ᠳᠡᠭᠡᠳᠦ ᠰᠤᠷᠭᠠᠭᠤᠯᠢ ᠵᠠᠯᠭᠠᠭ᠎ᠠ ᠪᠠᠷ ᠠᠵᠢᠯᠲᠠᠨ ᠡᠯᠰᠡᠬᠦ ᠠᠯᠪᠠᠨ ᠵᠠᠷᠯᠠᠯ ᠨᠡᠶᠢᠲᠡᠯᠡᠵᠦ᠂ ᠨᠡᠷ᠎ᠡ ᠮᠡᠳᠡᠭᠦᠯᠬᠦ ᠠᠵᠢᠯ ᠶᠠᠭ ᠶᠠᠪᠤᠭᠳᠠᠵᠤ ᠪᠠᠶᠢᠨ᠎ᠠ᠃      ᠣᠯᠠᠨ ᠰᠠᠯᠠᠭ᠎ᠠ ᠮᠥᠴᠢᠷ ᠬᠠᠮᠲᠤᠷᠠᠨ ᠪᠦᠭᠦ ᠤᠯᠤᠰ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠪᠡ      ᠣᠶᠢᠷ᠎ᠠ ᠳᠤ᠂ ᠤᠯᠤᠰ ᠤᠨ ᠲᠤᠭ᠎ᠠ ᠪᠠᠷᠢᠮᠲᠠ ᠶᠢᠨ ᠲᠣᠪᠴᠢᠶ᠎ᠠ᠂ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢᠵᠢᠯᠲᠠ ᠶᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠬᠠᠮᠲᠤᠷᠠᠨ ᠪᠦᠭᠦ ᠤᠯᠤᠰ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠪᠠᠶᠢᠳᠠᠯ ᠤᠨ ᠪᠠᠶᠢᠴᠠᠭᠠᠯᠲᠠ ᠶᠢ ᠥᠷᠨᠢᠭᠦᠯᠪᠡ᠃ ᠪᠠᠶᠢᠴᠠᠭᠠᠭᠳᠠᠬᠤ ᠡᠲᠡᠭᠡᠳ ᠨᠢ ᠮᠤᠵᠢ ᠶᠢᠨ ᠱᠠᠲᠤᠨ ᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠲᠢᠩᠬᠢᠮ︵ᠲᠣᠪᠴᠢᠶ᠎ᠠ︶᠂ ᠡᠯ᠎ᠡ ᠮᠤᠵᠢ ᠶᠢᠨ ᠭᠤᠣᠯᠳᠠᠯᠭ᠎ᠠ ᠲᠠᠢ ᠲᠤᠭ᠎ᠠ ᠪᠠᠷᠢᠮᠲᠠ ᠴᠤᠭᠯᠠᠭᠤᠯᠬᠤ ᠪᠠ ᠬᠠᠳᠠᠭᠠᠯᠠᠬᠤ ᠲᠥᠬᠦᠭᠡᠷᠦᠮᠵᠢ ᠶᠢᠨ ᠬᠤᠳᠠᠯᠳᠤᠭᠠᠴᠢᠨ᠂ ᠬᠡᠷᠡᠭᠯᠡᠭᠡᠨ ᠤ ᠢᠨᠲ᠋ᠧᠷ ᠰᠦᠯᠵᠢᠶᠡᠨ ᠤ ᠲᠠᠪᠴᠠᠩ ᠪᠠ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ᠂ ᠲᠣᠮᠣ ᠳ᠋ᠠᠶᠢᠲ᠋ᠠ ᠪᠠ ᠵᠣᠬᠢᠶᠠᠮᠠᠯ ᠤᠶᠤᠨ ᠤ ᠮᠡᠷᠭᠡᠵᠢᠯ ᠤᠨ ᠠᠵᠤ ᠠᠬᠤᠶᠢᠯᠠᠯ᠂ ᠬᠡᠷᠡᠭᠯᠡᠭᠡᠨ ᠤ ᠠᠵᠤ ᠠᠬᠤᠶᠢᠯᠠᠯ᠂ ᠲᠤᠭ᠎ᠠ ᠪᠠᠷᠢᠮᠲᠠ ᠶᠢᠨ ᠠᠷᠠᠯᠵᠢᠶᠠᠨ ᠤ ᠭᠠᠵᠠᠷ᠂ ᠤᠯᠤᠰ ᠤᠨ ᠲᠤᠷᠰᠢᠯᠲᠠ ᠶᠢᠨ ᠲᠠᠰᠤᠭ ᠵᠡᠷᠭᠡ ᠨᠢᠭᠡᠴᠢ᠂ ᠲᠥᠪ ᠤᠨ ᠠᠵᠤ ᠠᠬᠤᠶᠢᠯᠠᠯ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠵᠢᠴᠢ ᠤᠯᠤᠰ ᠤᠨ ᠮᠡᠳᠡᠭᠡ ᠵᠠᠩᠭᠢᠵᠢᠯᠲᠠ ᠶᠢᠨ ᠲᠥᠪ᠃ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠴᠠᠭ ᠨᠢ 2 ᠰᠠᠷ᠎ᠠ ᠶᠢᠨ 18 ᠤ ᠡᠳᠦᠷ ᠤᠨ 00᠄ 00 ︱ 3 ᠰᠠᠷ᠎ᠠ ᠶᠢᠨ 5 ᠤ ᠡᠳᠦᠷ ᠤᠨ 24᠄ 00᠃      ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠨᠥᠯᠥᠭᠡᠯᠡᠬᠦ 5 ᠲᠠᠯ᠎ᠠ ᠶᠢᠨ ᠠᠰᠠᠭᠤᠳᠠᠯ ᠤᠨ ᠰᠦᠪᠡᠭᠴᠢ ᠶᠢ ᠴᠤᠭᠯᠠᠭᠤᠯᠤᠨ᠎ᠠ      2 ᠰᠠᠷ᠎ᠠ ᠶᠢᠨ 1 ᠤ ᠡᠳᠦᠷ ᠠᠴᠠ ᠡᠬᠢᠯᠡᠨ ᠲᠥᠷᠥ ᠶᠢᠨ ᠶᠠᠪᠤᠳᠠᠯ ᠤᠨ ᠬᠤᠷᠢᠶᠠᠨ ᠤ︽ᠢᠨᠲ᠋ᠧᠷ ᠰᠦᠯᠵᠢᠶ᠎ᠡ + ᠱᠠᠯᠠᠪᠳᠠᠭᠤᠯᠤᠨ ᠪᠠᠶᠢᠴᠠᠭᠠᠯᠲᠠ︾ ᠶᠢᠨ ᠲᠠᠪᠴᠠᠩ ᠨᠢ ᠨᠡᠶᠢᠭᠡᠮ ᠨᠡᠶᠢᠳᠡ ᠠᠴᠠ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠨᠥᠯᠥᠭᠡᠯᠡᠬᠦ 5 ᠲᠠᠯ᠎ᠠ ᠶᠢᠨ ᠠᠰᠠᠭᠤᠳᠠᠯ ᠤᠨ ᠰᠦᠪᠡᠭᠴᠢ ᠵᠢᠴᠢ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠶᠢ ᠴᠤᠭᠯᠠᠭᠤᠯᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ + ᠱᠠᠯᠠᠪᠳᠠᠭᠤᠯᠤᠨ ᠪᠠᠶᠢᠴᠠᠭᠠᠯᠲᠠ︾ ᠶᠢᠨ ᠲᠠᠪᠴᠠᠩ ᠳᠤ ᠢᠷᠡᠵᠦ ᠦᠭᠡ ᠦᠯᠡᠳᠡᠭᠡᠬᠦ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠠᠴᠠ ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠶᠢ ᠰᠢᠭᠤᠳ ᠠᠵᠢᠯᠲᠠᠨ ᠲᠣᠮᠢᠯᠠᠵᠤ ᠬᠠᠷᠭᠤᠭᠤᠯᠤᠨ ᠪᠠᠶᠢᠴᠠᠭᠠᠬᠤ ᠪᠤᠶᠤ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠰᠢᠯᠵᠢᠭᠦᠯᠦᠨ ᠲᠤᠰᠢᠶᠠᠵᠤ ᠬᠠᠷᠭᠤᠭᠤᠯᠤᠨ ᠪᠠᠶᠢᠴᠠᠭᠠᠯᠭᠠᠨ᠎ᠠ᠃      ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤᠯᠤᠰ ᠤᠨ ᠳᠥᠷᠪᠡᠨ ᠪᠠᠷᠢᠮᠵᠢᠶ᠎ᠠ   ᠶᠢᠨ ᠲᠤᠬᠠᠢ ᠢᠯᠡ ᠪᠠᠷ ᠰᠠᠨᠠᠯ ᠬᠤᠷᠢᠶᠠᠵᠤ ᠪᠠᠶᠢᠨ᠎ᠠ      ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠳᠥᠷᠪᠡᠨ ᠵᠦᠢᠯ ᠤᠨ ᠤᠯᠤᠰ ᠤᠨ ᠪᠠᠷᠢᠮᠵᠢᠶ᠎ᠠ ︽ᠤᠷᠢᠳᠴᠢᠯᠠᠨ ᠦᠢᠯᠡᠳᠦᠭᠰᠡᠨ ᠮᠠᠶ᠋ᠢᠭ ᠤᠨ ᠨᠡᠶᠢᠭᠡᠮ ᠲᠣᠭᠤᠷᠢᠭ ᠤᠨ ᠬᠡᠪᠴᠢᠶᠡᠵᠢᠭᠰᠡᠨ ᠢᠯᠭᠠᠳᠠᠰᠤᠨ ᠤ ᠪᠣᠬᠢᠷᠳᠤᠯ ᠢ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠲᠣᠨᠣᠭᠯᠠᠯ ᠤᠨ ᠮᠡᠷᠭᠡᠵᠢᠯ ᠤᠨ ᠱᠠᠭᠠᠷᠳᠠᠯᠭ᠎ᠠ︾᠂ ︽ᠬᠤᠲᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠴᠡᠴᠡᠷᠯᠢᠭ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠨᠡᠷ᠎ᠡ ᠲᠣᠮᠢᠶ᠎ᠠ ᠶᠢᠨ ᠪᠠᠷᠢᠮᠵᠢᠶ᠎ᠠ︾᠂︽ᠣᠶᠤᠨᠴᠢ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠠᠷᠢᠮᠵᠢᠶ᠎ᠠ︾᠂  ︽ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠮᠡᠷᠭᠡᠵᠢᠯ ᠤᠨ ᠱᠠᠭᠠᠷᠳᠠᠯᠭ᠎ᠠ︾ ᠶᠢᠨ ᠲᠤᠬᠠᠢ ᠢᠯᠡ ᠪᠠᠷ ᠰᠠᠨᠠᠯ ᠬᠤᠷᠢᠶᠠᠪᠠ᠃ ᠳᠠᠭᠤᠰᠬᠤ ᠴᠠᠭ ᠨᠢ 2024 ᠣᠨ ᠤ 3 ᠰᠠᠷ᠎ᠠ ᠶᠢᠨ 8 ᠤ ᠡᠳᠦᠷ ᠪᠣᠯᠣᠨ᠎ᠠ᠃      ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠳᠣᠲᠣᠭᠠᠳᠤ ᠠᠴᠠ ᠢᠯᠡᠴᠢᠯᠡᠨ ᠮᠡᠳᠡᠭᠦᠯᠬᠦ ᠲᠤᠬᠠᠢ ᠰᠠᠨᠠᠯ ᠬᠤᠷᠢᠶᠠᠵᠤ ᠪᠠᠶᠢᠨ᠎ᠠ      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ᠵᠢᠴᠢ ᠬᠡᠷᠡᠭᠵᠢᠭᠦᠯᠬᠦ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠳᠣᠲᠣᠭᠠᠳᠤ ᠶᠢᠨ ᠬᠢᠨᠠᠯᠲᠠ ᠲᠠᠯᠪᠢᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ︽ᠱᠦᠭᠯᠦ ᠦᠯᠢᠶᠡᠭᠴᠢ︾ ᠳᠦᠷᠢᠮ ᠢ ᠪᠠᠶᠢᠭᠤᠯᠬᠤ  ᠶᠢᠨ ᠲᠥᠯᠥᠭᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠠᠴᠠ︽ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠤᠨ ᠳᠣᠲᠣᠭᠠᠳᠤ ᠶᠢᠨ ᠢᠯᠡᠴᠢᠯᠡᠨ ᠮᠡᠳᠡᠭᠦᠯᠦᠭᠰᠡᠳ ᠢ ᠱᠠᠩᠨᠠᠨ ᠬᠥᠬᠢᠭᠦᠯᠬᠦ ᠲᠤᠬᠠᠢ ᠠᠯᠪᠠᠨ ᠵᠠᠷᠯᠠᠯ ︵ᠰᠠᠨᠠᠯ ᠬᠤᠷᠢᠶᠠᠬᠤ ᠨᠣᠣᠷᠠᠭ︶︾ ᠢ ᠲᠤᠭᠤᠷᠪᠢᠵᠤ᠂ 2024 ᠣᠨ ᠤ 3 ᠰᠠᠷ᠎ᠠ ᠶᠢᠨ 9 ᠤ ᠡᠳᠦᠷ ᠪᠤᠯᠳᠠᠯ᠎ᠠ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠨ᠎ᠠ᠃      ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号