4 ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠪᠠᠭᠤᠯᠭᠠᠪᠠ - ᠥᠨᠳᠥᠷ ᠬᠢᠷᠢ ᠲᠦᠪᠰᠢᠨ ᠪᠦᠬᠦᠢ ᠬᠠᠮ ᠭᠡᠯᠪᠡᠷᠢ ᠶᠢᠨ ᠲᠣᠭᠠᠴᠢᠯᠠᠭᠰᠠᠨ ᠴᠢᠳᠠᠪᠤᠷᠢᠲᠠᠨ ᠢ ᠬᠥᠮᠥᠵᠢᠭᠦᠯᠦᠨ᠎ᠡ
ᠨᠡᠶᠢᠲᠡᠯᠡᠭᠰᠡᠨ ᠴᠠᠭ᠄
2024/2/29
     2024 ᠣᠨ ᠪᠣᠯ ᠮᠠᠨ ᠤ ᠤᠯᠤᠰ ᠤᠨ ᠪᠦᠭᠦ ᠴᠢᠳᠠᠮᠵᠢ ᠪᠠᠷ ᠨᠢ ᠣᠯᠠᠨ ᠤᠯᠤᠰ ᠤᠨ ᠢᠨᠲ᠋ᠧᠷ ᠰᠦᠯᠵᠢᠶ᠎ᠡ  ᠶᠢ ᠵᠠᠯᠭᠠᠨ ᠣᠷᠣᠭᠤᠯᠤᠭᠰᠠᠨ 30 ᠵᠢᠯ ᠤᠨ ᠣᠶ ᠪᠣᠯᠣᠨ᠎ᠠ᠃ ᠣᠶᠢᠷ᠎ᠠ ᠳᠤ ᠲᠥᠪ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠰᠤᠷᠭᠠᠨ ᠬᠥᠮᠦᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠬᠠᠮᠲᠤᠷᠠᠨ ︽2024 ᠣᠨ ᠤ ᠪᠦᠭᠦ ᠠᠷᠠᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠪᠠ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠠᠵᠢᠯ ᠤᠨ ᠭᠤᠣᠯᠳᠠᠯᠭ᠎ᠠ︾ ︵ᠳᠣᠷᠣᠭᠰᠢ ︽ᠠᠵᠢᠯ ᠤᠨ ᠭᠤᠣᠯᠳᠠᠯᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃      ︽ᠠᠵᠢᠯ ᠤᠨ ᠭᠤᠣᠯᠳᠠᠯᠭ᠎ᠠ︾ ᠳᠤ᠂ ᠡᠨᠡ ᠵᠢᠯ ᠤᠨ ᠪᠦᠭᠦ ᠠᠷᠠᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠪᠠ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠠᠵᠢᠯ ᠢ ᠰᠠᠶᠢᠲᠤᠷ ᠬᠢᠬᠦ ᠳᠤ᠂ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠬᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠳᠤ ᠦᠢᠯᠡᠴᠢᠯᠡᠬᠦ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠪᠠᠷ ᠬᠠᠷᠠᠯᠲᠠ ᠪᠤᠯᠭᠠᠵᠤ᠂ ᠪᠦᠭᠦ ᠠᠷᠠᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠪᠠ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ︽ᠠᠵᠢᠯ ᠤᠨ ᠭᠤᠣᠯᠳᠠᠯᠭ᠎ᠠ︾ ᠳᠤ ᠣᠨ ᠤ ᠠᠵᠢᠯ ᠤᠨ ᠬᠠᠷᠠᠯᠲᠠ ᠶᠢ ᠲᠣᠳᠣᠷᠬᠠᠢ ᠲᠣᠭᠲᠠᠭᠠᠪᠠ᠄ 2024 ᠣᠨ ᠤ ᠰᠡᠭᠦᠯᠴᠢ ᠪᠤᠯᠬᠤ ᠳᠤ᠂ ᠮᠠᠨ ᠤ ᠤᠯᠤᠰ ᠤᠨ ᠪᠦᠭᠦ ᠠᠷᠠᠳ ᠤᠨ ᠲᠣᠭᠠᠴᠢᠯᠠᠭᠰᠠᠨ ᠬᠡᠪ ᠪᠣᠯᠪᠠᠰᠤᠷᠠᠯ ᠪᠣᠯᠣᠨ ᠤᠷ᠎ᠠ ᠮᠡᠷᠭᠡᠵᠢᠯ ᠤᠨ ᠬᠥᠭᠵᠢᠯᠲᠡ ᠶᠢᠨ ᠲᠦᠪᠰᠢᠨ ᠰᠢᠨ᠎ᠡ ᠳᠡᠭᠲᠡᠷ ᠲᠤ ᠭᠠᠷᠴᠤ᠂ ᠲᠣᠭᠠᠴᠢᠯᠠᠭᠰᠠᠨ ᠬᠡᠪ ᠪᠣᠯᠪᠠᠰᠤᠷᠠᠯ ᠪᠣᠯᠣᠨ ᠤᠷ᠎ᠠ ᠴᠢᠳᠠᠪᠤᠷᠢ ᠶᠢ ᠪᠣᠶᠢᠵᠢᠭᠤᠯᠬᠤ ᠰᠢᠰᠲ᠋ᠧᠮ ᠢ ᠨᠡᠩ ᠲᠡᠭᠦᠯᠳᠡᠷᠵᠢᠭᠦᠯᠦᠨ᠂ ᠲᠣᠭᠠᠴᠢᠯᠠᠭᠰᠠᠨ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ᠬᠤᠭᠤᠷᠣᠨᠳᠣᠭᠢ ᠲᠣᠭᠠᠴᠢᠯᠠᠯᠳᠠ ᠶᠢᠨ ᠵᠠᠭᠠᠭ ᠢ ᠤᠯᠠᠮ ᠴᠢᠨᠠᠭᠰᠢᠳᠠ ᠪᠠᠭᠠᠰᠬᠠᠨ᠂ ᠣᠶᠤᠨᠴᠢ ᠳᠥᠭᠦᠮ ᠳᠥᠲᠡ ᠲᠣᠭᠠᠴᠢᠯᠠᠭᠰᠠᠨ ᠠᠮᠢᠳᠤᠷᠠᠯ ᠢ ᠨᠡᠩ ᠴᠢᠨᠠᠷ ᠴᠢᠨᠰᠠᠭ᠎ᠠ ᠲᠠᠢ ᠪᠤᠯᠭᠠᠵᠤ᠂ ᠰᠦᠯᠵᠢᠶᠡᠨ ᠤ ᠣᠷᠣᠨ ᠵᠠᠢ ᠶᠢ ᠨᠡᠩ ᠵᠢᠷᠤᠮᠵᠢᠯ ᠲᠠᠢ ᠡᠮᠬᠢ ᠳᠢᠭᠯᠢᠮ ᠲᠠᠢ ᠪᠣᠯᠭᠠᠨ᠂ ᠲᠣᠭᠠᠴᠢᠯᠠᠭᠰᠠᠨ ᠴᠠᠭ ᠦᠶ᠎ᠡ ᠳᠠᠬᠢ ᠮᠠᠨ ᠤ ᠤᠯᠤᠰ ᠤᠨ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠵᠦ᠂ ᠰᠦᠯᠵᠢᠶᠡᠨ ᠤ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠤᠯᠭᠠᠭᠤᠷᠢᠯᠠᠨ᠎ᠠ᠃      ︽ᠠᠵᠢᠯ ᠤᠨ ᠭᠤᠣᠯᠳᠠᠯᠭ᠎ᠠ︾ ᠳᠤ 6 ᠲᠠᠯ᠎ᠠ ᠶᠢᠨ 17 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠄      ᠨᠢᠭᠡ ᠳᠤ᠂ ᠥᠨᠳᠥᠷ ᠬᠢᠷᠢ ᠲᠦᠪᠰᠢᠨ ᠪᠦᠬᠦᠢ ᠬᠠᠮ ᠭᠡᠯᠪᠡᠷᠢ ᠶᠢᠨ ᠲᠣᠭᠠᠴᠢᠯᠠᠭᠰᠠᠨ ᠴᠢᠳᠠᠪᠤᠷᠢᠲᠠᠨ ᠢ ᠬᠥᠮᠥᠵᠢᠭᠦᠯᠦᠨ᠎ᠡ᠂ ᠡᠭᠦᠨ ᠳᠤ ᠪᠠᠭᠰᠢ ᠰᠤᠷᠤᠬᠴᠢ ᠶᠢᠨ ᠲᠣᠭᠠᠴᠢᠯᠠᠭᠰᠠᠨ ᠬᠡᠪ ᠪᠣᠯᠪᠠᠰᠤᠷᠠᠯ ᠪᠣᠯᠣᠨ ᠤᠷ᠎ᠠ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ᠂ ᠤᠳᠤᠷᠢᠳᠬᠤ ᠺᠠᠳ᠋ᠷ ᠪᠣᠯᠣᠨ ᠠᠯᠪᠠᠲᠠᠨ ᠤ ᠲᠣᠭᠠᠴᠢᠯᠠᠭᠰᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠭᠦ᠂ ᠥᠨᠳᠥᠷ ᠲᠦᠪᠰᠢᠨ ᠪᠦᠬᠦᠢ ᠲᠣᠭᠠᠴᠢᠯᠠᠭᠰᠠᠨ ᠤᠷᠠᠨ ᠳᠠᠷᠬᠠᠨ ᠢ ᠬᠥᠮᠥᠵᠢᠭᠦᠯᠬᠦ᠂ ᠬᠥᠳᠡᠭᠡ ᠲᠣᠰᠬᠤᠨ ᠤ ᠲᠣᠭᠠᠴᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ᠂ ᠠᠵᠢᠯ ᠲᠦᠷᠦᠯ ᠤᠨ ᠲᠣᠭᠠᠴᠢᠯᠠᠭᠰᠠᠨ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠬᠤ ᠶᠢ ᠪᠠᠭᠲᠠᠭᠠᠨ᠎ᠠ᠃ ᠬᠤᠶᠠᠷ ᠲᠤ᠂ ᠳᠤᠭᠠᠴᠢᠯᠠᠯᠳᠠ ᠶᠢᠨ ᠵᠠᠭᠠᠭ ᠢ ᠲᠦᠷᠭᠡᠳᠬᠡᠨ ᠠᠷᠢᠯᠭᠠᠬᠤ ᠬᠡᠷᠡᠭᠲᠡᠢ᠂ ᠡᠭᠦᠨ ᠳᠤ ᠰᠠᠭᠠᠳ ᠦᠭᠡᠢ ᠳᠤᠭᠠᠴᠢᠯᠠᠯᠳᠠ ᠶᠢᠨ ᠣᠷᠴᠢᠨ ᠲᠣᠭᠤᠷᠢᠨ ᠢ ᠪᠦᠲᠦᠭᠡᠨ ᠪᠠᠶᠢᠭᠤᠯᠵᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠨᠡᠶᠢᠲᠡ   ᠶᠢᠨ ᠠᠰᠠᠷᠠᠮᠵᠢ   ᠶᠢᠨ ᠦᠢᠯᠡᠴᠢᠯᠡᠭᠡ ᠬᠠᠩᠭᠠᠬᠤ   ᠶᠢ ᠪᠠᠭᠲᠠᠭᠠᠨ᠎ᠠ᠃ ᠭᠤᠷᠪᠠ ᠳᠤ᠂ ᠲᠣᠭᠠᠴᠢᠯᠠᠭᠰᠠᠨ ᠠᠵᠤ ᠠᠬᠤᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠲᠤᠯᠭᠠᠭᠤᠷᠢᠯᠠᠨ᠎ᠠ᠂ ᠡᠭᠦᠨ ᠳᠤ ᠠᠵᠤ ᠠᠬᠤᠶᠢᠯᠠᠯ ᠤᠨ ᠲᠣᠭᠠᠴᠢᠯᠠᠯᠲᠠ ᠶᠢᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠵᠦ᠂ ᠲᠣᠭᠠᠴᠢᠯᠠᠭᠰᠠᠨ ᠬᠡᠷᠡᠭᠯᠡᠭᠡᠨ ᠤ ᠬᠡᠷᠡᠭᠴᠡᠭᠡ ᠶᠢᠨ ᠣᠷᠣᠨ ᠵᠠᠢ ᠶᠢ ᠥᠷᠭᠡᠳᠬᠡᠬᠦ ᠶᠢ ᠪᠠᠭᠲᠠᠭᠠᠨ᠎ᠠ᠃ ᠳᠥᠷᠪᠡ ᠳᠤ᠂ ᠲᠣᠭᠠᠴᠢᠯᠠᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠥᠨᠳᠥᠷ ᠪᠦᠲᠦᠮᠵᠢᠲᠡᠢ ᠪᠠᠶᠢᠬᠤ ᠶᠢ ᠠᠬᠢᠭᠤᠯᠵᠤ᠂ ᠭᠤᠣᠯᠳᠠᠯᠭ᠎ᠠ ᠲᠠᠢ ᠠᠮᠢᠳᠤᠷᠠᠯ ᠤᠨ ᠬᠦᠷᠢᠶᠡᠨ ᠤ ᠲᠣᠭᠠᠴᠢᠯᠠᠭᠰᠠᠨ ᠲᠦᠪᠰᠢᠨ ᠢ ᠳᠡᠭᠡᠭᠰᠢᠯᠡᠭᠦᠯᠭᠦ ᠶᠢ ᠪᠠᠭᠲᠠᠭᠠᠭᠰᠠᠨ ᠣᠶᠤᠨᠴᠢ ᠪᠥᠭᠡᠳ ᠳᠥᠭᠦᠮ ᠳᠥᠲᠡ ᠲᠣᠭᠠᠴᠢᠯᠠᠭᠰᠠᠨ ᠠᠮᠢᠳᠤᠷᠠᠯ ᠤᠨ ᠠᠬᠤᠢ ᠪᠠᠶᠢᠳᠠᠯ ᠢ ᠥᠷᠭᠡᠳᠬᠡᠨ᠎ᠡ᠃ ᠲᠠᠪᠤ ᠳᠤ᠂ ᠢᠳᠡᠪᠬᠢᠲᠡᠢ ᠡᠷᠡᠭᠦᠯ ᠡᠮᠬᠢ ᠳᠢᠭᠯᠢᠮ ᠲᠠᠢ ᠰᠦᠯᠵᠢᠶᠡᠨ ᠤ ᠣᠷᠣᠨ ᠵᠠᠢ ᠶᠢ ᠴᠣᠭᠴᠠᠯᠠᠨ᠎ᠠ᠂ ᠡᠭᠦᠨ ᠳᠤ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ᠂ ᠲᠣᠭᠠᠴᠢᠯᠠᠭᠰᠠᠨ ᠬᠠᠤᠯᠢᠵᠢᠯ ᠤᠨ ᠶᠣᠰᠣ ᠰᠤᠷᠲᠠᠬᠤᠨ ᠤ ᠵᠢᠷᠤᠮᠵᠢᠯ ᠢ ᠪᠠᠶᠢᠭᠤᠯᠬᠤ᠂ ᠠᠮᠤᠷ ᠲᠦᠪᠰᠢᠨ ᠡᠮᠬᠢ ᠳᠢᠭᠯᠢᠮ ᠲᠠᠢ ᠲᠣᠭᠠᠴᠢᠯᠠᠭᠰᠠᠨ ᠣᠷᠴᠢᠨ ᠲᠣᠭᠤᠷᠢᠨ ᠢ ᠬᠠᠮᠠᠭᠠᠯᠠᠬᠤ ᠶᠢ ᠪᠠᠭᠲᠠᠭᠠᠨ᠎ᠠ᠃ ᠵᠢᠷᠭᠤᠭ᠎ᠠ ᠳᠤ᠂ ᠲᠤᠯᠭᠠᠭᠤᠷᠢᠯᠠᠨ ᠪᠠᠲᠤᠯᠠᠬᠤ ᠪᠠ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠨ᠎ᠠ᠂ ᠡᠭᠦᠨ ᠳᠤ ᠬᠠᠮᠵᠢᠯᠴᠠᠨ ᠲᠤᠯᠭᠠᠭᠤᠷᠢᠯᠠᠬᠤ ᠰᠢᠰᠲ᠋ᠧᠮ ᠢ ᠲᠡᠭᠦᠯᠳᠡᠷᠵᠢᠭᠦᠯᠬᠦ᠂ ᠴᠢᠨᠠᠷ ᠰᠠᠶᠢᠲᠠᠢ ᠲᠣᠭᠠᠴᠢᠯᠠᠭᠰᠠᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠬᠦ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠳᠤ ᠢᠳᠡᠪᠬᠢᠲᠡᠢ ᠣᠷᠤᠯᠴᠠᠬᠤ ᠶᠢ ᠪᠠᠭᠲᠠᠭᠠᠨ᠎ᠠ᠃      ᠢᠷᠡᠯᠲᠡ᠄  ᠭᠤᠸᠠᠩᠮᠢᠩ ᠡᠳᠦᠷ ᠤᠨ ᠰᠣᠨᠢᠨ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号