ᠰᠠᠶᠢᠬᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ  ᠤ ᠪᠦᠬᠦᠳᠠ ︵ᠥᠷᠭᠡᠳᠬᠡᠭᠰᠡᠨ︶ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/4
    1 ᠰᠠᠷ᠎ᠠ ᠶᠢᠨ 31  ᠤ ᠡᠳᠦᠷ᠂ ᠰᠠᠶᠢᠬᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ  ᠤ ᠪᠦᠬᠦᠳᠠ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠲᠣᠭᠤᠷᠢᠭ ᠤᠨ ᠨᠠᠮ ᠤᠨ ᠬᠤᠷᠢᠶᠠᠨ ᠤ ᠱᠦᠵᠢ᠂  ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠯᠢ ᠰᠢᠶᠣᠣ ᠶᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃            ᠬᠤᠷᠠᠯ ᠠᠴᠠ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠪᠦᠬᠦ ᠲᠣᠭᠤᠷᠢᠭ ᠤᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠡᠷᠭᠢᠴᠡᠭᠦᠯᠦᠨ ᠳ᠋ᠦᠩᠨᠡᠵᠦ᠂ 2024 ᠣᠨ ᠤ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠵᠤ᠂ ᠲᠡᠷᠢᠭᠦᠨ ᠤ ᠪᠠᠶᠢᠭᠤᠯᠤᠯᠭ᠎ᠠ ᠪᠣᠯᠣᠨ ᠰᠢᠯᠢᠳᠡᠭ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃          ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠪᠠᠷ ᠴᠡᠷᠢᠭ ᠪᠠᠶᠢᠭᠤᠯᠬᠤ ᠪᠣᠯ ᠮᠠᠨ ᠤ ᠴᠡᠷᠢᠭ ᠤᠨ ᠴᠡᠷᠢᠭ ᠪᠠᠶᠢᠭᠤᠯᠬᠤ ᠶᠢᠨ ᠦᠨᠳᠦᠰᠦ ᠮᠥᠨ᠃ ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠦᠵᠡᠯ ᠰᠠᠨᠠᠭᠠᠨ ᠤ ᠲᠠᠯ᠎ᠠ ᠪᠠᠷ ᠬᠥᠲᠥᠯᠥᠨ ᠳᠠᠭᠠᠭᠤᠯᠬᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠳᠣᠪᠤᠶᠢᠯᠭᠠᠵᠤ᠂ ᠪᠦᠬᠦ ᠴᠡᠷᠢᠭ ᠤᠨ ᠨᠠᠮ ᠤᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ ᠲᠣᠭᠳᠠᠭᠠᠭᠰᠠᠨ︾ ᠦᠨᠡᠨᠴᠢ ᠰᠢᠳᠤᠷᠭᠤ ᠪᠠᠷ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠠᠷᠠᠳ ᠤᠨ ᠴᠡᠷᠢᠭ ᠠᠩᠭᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠦᠨᠳᠦᠰᠦᠨ ᠱᠠᠲᠤᠨ ᠳᠤ ᠰᠢᠭᠤᠳ ᠬᠦᠷᠴᠦ᠂ ᠳᠠᠷᠤᠭ᠎ᠠ ᠪᠠᠶᠢᠯᠳᠤᠭᠴᠢᠳ ᠲᠤ ᠰᠢᠭᠤᠳ ᠬᠦᠷᠬᠦ ᠶᠢ ᠪᠠᠲᠤᠯᠠᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ ᠪᠣᠯᠣᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠢᠯᠠᠯᠲᠠ ᠣᠯᠬᠤ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ ᠠᠵᠢᠯ ᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠵᠤ ᠳᠠᠶᠢᠨ ᠳᠤ ᠪᠡᠯᠡᠳᠬᠡᠬᠦ᠂ ᠪᠠᠶᠢᠩᠭᠤ ᠵᠢᠨ‌‍ᠲ᠋ᠠᠶᠢᠨ ᠳᠤ ᠪᠡᠯᠡᠳᠬᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠠᠶᠢᠨ ᠪᠠᠶᠢᠯᠳᠤᠭᠠᠨ ᠳᠤ ᠪᠡᠯᠡᠳᠬᠡᠬᠦ ᠶᠢᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠴᠡᠷᠢᠭ ᠡᠯᠰᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠳᠠᠶᠢᠨ ᠳᠤ ᠪᠡᠯᠡᠳᠬᠡᠵᠦ ᠳᠠᠶᠢᠨ ᠬᠢᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠣᠷᠣᠨ ᠨᠤᠲᠤᠭ ᠤᠨ ᠬᠡᠷᠡᠭᠴᠡᠭᠡ᠂ ᠤᠯᠠᠨ ᠲᠦᠮᠡᠨ ᠤ ᠬᠦᠰᠡᠯ ᠡᠷᠡᠮᠡᠯᠵᠡᠯ ᠪᠣᠯᠣᠨ ᠴᠡᠷᠢᠭ ᠠᠩᠭᠢ ᠶᠢᠨ ᠴᠢᠳᠠᠯ ᠢ ᠭᠦᠢᠴᠡᠳ‌ᠠᠭᠤᠰᠤᠯᠴᠠᠭᠤᠯᠬᠤ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠲᠤᠷ ᠦᠢᠯᠡᠴᠢᠯᠡᠵᠦ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ‌‍ᠢᠶ᠋ᠡᠷ ᠢᠶᠠᠨ ᠴᠣᠭᠴᠠᠯᠠᠬᠤ ᠬᠡᠷᠡᠭᠲᠡᠢ᠃ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ᠂ ᠭᠡᠷ ᠪᠦᠯᠢ ᠶᠢᠨ ᠬᠢᠨ ᠢ ᠳᠠᠭᠠᠵᠤ ᠠᠵᠢᠯ ᠣᠯᠬᠤ᠂ ᠦᠷ᠎ᠡ ᠬᠡᠦᠬᠡᠳ ᠢ ᠭᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ ᠵᠡᠷᠭᠡ ᠡᠯ᠎ᠡ ᠵᠦᠢᠯ ᠤᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ ᠂ ᠴᠡᠷᠢᠭ ᠠᠩᠭᠢ ᠪᠠ ᠣᠷᠣᠨ ᠨᠤᠲᠤᠭ ᠭᠠᠷ ᠬᠤᠯᠪᠣᠯᠴᠠᠨ᠂ ᠣᠶᠤᠨ ᠤᠬᠠᠭᠠᠨ ᠢᠶᠠᠨ ᠨᠢᠭᠲᠠᠷᠠᠭᠤᠯᠵᠤ᠂ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠲᠣᠭᠤᠷᠢᠭ︶ ᠶᠢ ᠠᠷᠪᠠᠨ ᠵᠢᠯ ᠳᠠᠷᠠᠭᠠᠯᠠᠨ ᠮᠠᠩᠯᠠᠶᠢᠯᠠᠬᠤ ᠪᠠᠷ ᠴᠢᠷᠮᠠᠶᠢᠬᠤ ᠬᠡᠷᠡᠭᠲᠡᠢ᠃            ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠭᠡᠰᠢᠭᠦᠨ ᠳ᠋ᠦᠩ ᠳ᠋ᠦᠩ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠤᠤ ᠱᠧᠩ ᠯᠢ ᠨᠠᠷ ᠬᠤᠷᠠᠯ ᠳᠤ ᠣᠷᠣᠯᠴᠠᠵᠠᠢ᠃             ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号