ᠲᠡᠰᠭᠢᠮ᠎ᠡ ᠬᠦᠢᠲᠡᠨ ᠡᠪᠦᠯ ᠤᠨ ︽ᠠᠭᠠᠭᠢᠮ᠎ᠠ ᠬᠠᠯᠠᠭᠤᠨ︾ ᠵᠢᠭᠤᠯᠴᠢᠯᠠᠯ
ᠨᠡᠶᠢᠲᠡᠯᠡᠭᠰᠡᠨ ᠴᠠᠭ᠄
2024/2/4
     ᠤᠳᠠᠯ ᠦᠭᠡᠢ ᠪᠦᠭᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠬᠢᠯᠡᠬᠦ ᠪᠣᠯᠣᠯ᠎ᠠ᠃ ᠮᠠᠨ ᠤ ᠣᠷᠣᠨ ᠡᠨᠡ ᠬᠦ ᠦᠪᠡᠳᠡᠭᠰᠢ ᠴᠤᠭᠯᠠᠭᠠᠨ ᠢᠶᠠᠷ ᠰᠣᠶᠣᠯ ᠵᠢᠭᠤᠯᠴᠢᠯᠠᠯ ᠢ ᠬᠥᠭᠵᠢᠭᠦᠯᠬᠦ ᠣᠯᠳᠠᠰᠢ ᠦᠭᠡᠢ ᠠᠵᠠ ᠵᠠᠪᠰᠢᠶᠠᠨ ᠪᠤᠯᠭᠠᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠢᠯᠡᠰ ᠢ ᠬᠥᠭᠵᠢᠭᠦᠯᠦᠭᠰᠡᠨ ᠢᠶᠠᠷ ᠪᠦᠭᠦ ᠣᠷᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠷᠢᠳ ᠡᠮᠦᠨ᠎ᠡ ᠭᠠᠷᠤᠭ᠎ᠠ ᠦᠭᠡᠢ ᠬᠥᠭᠵᠢᠶᠡᠨᠲᠡᠢ ᠪᠣᠯᠪᠠ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠡᠪᠦᠯ᠂ ᠮᠠᠨ ᠤ ᠣᠷᠣᠨ︽1+ 12+132︾ ᠥᠪᠡᠷᠮᠢᠴᠡ ᠣᠨᠴᠠᠯᠢᠭ ᠲᠠᠢ᠂ ᠠᠭᠤᠯᠭ᠎ᠠ ᠪᠠᠷ ᠪᠠᠶᠠᠯᠢᠭ᠂ ᠭᠡᠯᠪᠡᠷᠢ ᠤᠯᠠᠨ ᠶᠠᠩᠵᠤ ᠶᠢᠨ ᠮᠥᠰᠥ ᠴᠠᠰᠤᠨ ᠤ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠳᠠᠮᠵᠢᠭᠤᠯᠤᠨ᠂ 5002 ᠲᠦᠮᠡᠨ ᠵᠢᠭᠤᠯᠴᠢᠯᠠᠭᠴᠢ ᠶᠢ ᠭᠥᠯᠢᠶᠡᠨ ᠠᠪᠴᠤ᠂ 696 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠡᠭᠦᠳᠦᠨ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠤᠰ ᠲᠤᠰ 5.01 ᠳᠠᠭᠢᠨ᠂ 6.78 ᠳᠠᠭᠢᠨ ᠢᠶᠠᠷ ᠨᠡᠮᠡᠭᠳᠡᠵᠡᠢ᠃
ᠤᠯᠠᠮᠵᠢᠯᠠᠯᠲᠤ ᠨᠠᠭᠠᠳᠤᠮ ᠤᠨ ᠡᠭᠢᠯᠡᠯᠳᠡ ᠶᠢᠨ ᠶᠣᠰᠣᠯᠠᠯ ︵ᠬᠥᠯᠥᠨ ᠪᠦᠢᠷ︶ᠮᠥᠩᠭᠦᠨ ᠡᠪᠦᠯ ᠤᠨ ᠤᠯᠠᠮᠵᠢᠯᠠᠯᠲᠤ ᠨᠠᠭᠠᠳᠤᠮ ᠤᠨ ᠰᠢᠨ᠎ᠡ ᠴᠡᠩᠭᠡᠬᠦᠨ      ᠡᠨᠡ ᠵᠢᠯ ᠰᠢᠯᠢ ᠶᠢᠨ ᠭᠤᠣᠯ ᠠᠶᠢᠮᠠᠭ ᠤᠨ︽ᠮᠥᠩᠭᠦᠨ ᠡᠪᠦᠯ ᠤᠨ ᠲᠠᠯ᠎ᠠ ᠨᠤᠲᠤᠭ·ᠬᠦᠰᠡᠯ ᠬᠤᠷᠤᠶᠢᠯᠠᠭᠰᠠᠨ ᠮᠣᠷᠢᠨ ᠤᠷᠤᠯᠳᠤᠭᠠᠨ︾ᠰᠡᠳᠦᠪᠲᠦ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠨᠢ ᠬᠤᠯᠠ ᠣᠶᠢᠷ᠎ᠠ ᠶᠢᠨ ᠵᠢᠭᠤᠯᠴᠢᠯᠠᠬᠰᠠᠳ ᠲᠤ ᠲᠠᠯ᠎ᠠ ᠨᠤᠲᠤᠭ ᠤᠨ ᠬᠥᠮᠥᠨ ᠠᠷᠠᠳ ᠤᠨ ᠬᠠᠯᠠᠭᠤᠨ ᠰᠡᠳᠬᠢᠯ ᠢ ᠮᠡᠳᠡᠷᠡᠭᠦᠯᠵᠡᠢ᠃      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ‌‍ᠳᠤ ᠬᠦᠴᠦᠨ ᠨᠡᠮᠡᠷᠢᠯᠡᠵᠦ᠂ ᠰᠢᠯᠢ ᠶᠢᠨ ᠭᠤᠣᠯ ᠠᠶᠢᠮᠠᠭ ᠤᠨ ᠡᠪᠦᠯ ᠤᠨ ᠤᠯᠠᠷᠢᠯ ᠤᠨ ᠮᠥᠰᠥ ᠴᠠᠰᠤᠨ ᠤ ᠡᠬᠢ ᠪᠠᠶᠠᠯᠢᠭ ᠢ ᠪᠦᠭᠦ ᠲᠠᠯ᠎ᠠ ᠪᠠᠷ ᠠᠭᠤᠳᠠᠯᠬᠤ ᠶᠢᠨ ᠲᠥᠯᠥᠭᠡ᠂ 2023 ᠣᠨ ᠤ 11 ᠰᠠᠷ᠎ᠠ ᠶᠢᠨ 18 ᠤ ᠡᠳᠦᠷ᠂ ︽ᠮᠣᠩᠭᠤᠯ ᠮᠣᠷᠢᠨ ᠤ ᠵᠣᠷᠢᠭ ᠰᠠᠨᠠᠭ᠎ᠠ ᠬᠤᠨᠳᠠᠭᠠᠲᠤ︾ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠲᠥᠪ ᠰᠢᠯᠢ ᠶᠢᠨ ᠭᠤᠣᠯ ᠤᠨ ᠮᠣᠩᠭᠤᠯ ᠮᠣᠷᠢᠨ ᠤ ᠲᠠᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ ᠪᠠᠷᠠᠭᠤᠨ ᠦᠵᠦᠮᠦᠴᠢᠨ ᠬᠤᠰᠢᠭᠤᠨ ᠤ ᠠᠩᠬᠠᠨ ᠤ ᠲᠠᠯᠠᠪᠠᠢ ᠤᠷᠤᠯᠳᠤᠭᠠᠨ ᠢᠶᠠᠨ ᠡᠬᠢᠯᠡᠭᠦᠯᠦᠨ᠂ ᠡᠯ᠎ᠡ ᠬᠤᠰᠢᠭᠤᠳ ᠪᠤᠤᠬᠢᠶ᠎ᠠ ᠵᠠᠯᠭᠠᠨ ᠤᠷᠤᠯᠳᠤᠭᠤᠯᠵᠦ᠂ᠰᠦᠯᠵᠢᠶᠡᠨ ᠬᠠᠯᠠᠮᠰᠢᠯ ᠪᠣᠯᠣᠭᠠᠳ᠂ ᠤᠷᠤᠯᠳᠤᠭᠠᠨ ᠤ ᠠᠯᠳᠠᠷᠰᠢᠯ ᠪᠠ︽ᠥᠷᠭᠡᠨ ᠠᠭᠤᠳᠠᠮ ᠲᠠᠯ᠎ᠠ ᠨᠤᠲᠤᠭ· ᠰᠢᠯᠢ ᠶᠢᠨ ᠭᠤᠣᠯ︾ ᠭᠡᠬᠦ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠦᠳᠲᠡᠷ ᠲᠦᠷᠭᠡᠨ ᠳᠡᠭᠡᠭᠰᠢᠯᠡᠭᠦᠯᠵᠡᠢ᠃
ᠬᠤᠷᠳᠤᠨ ᠲᠡᠮᠡᠭᠡᠨ ᠤ ᠤᠷᠤᠯᠳᠤᠭᠠᠨ   ︵ᠠᠯᠠᠱᠠ︶            2023 ᠣᠨ ᠤ 12 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠤᠷᠢᠳᠤᠭᠠᠷ ᠬᠤᠭᠤᠴᠠᠭᠠᠨ ᠤ ᠮᠥᠰᠥ ᠴᠠᠰᠤᠨ ᠤ ᠨᠠᠭᠠᠳᠤᠮ︽ᠲᠤᠮᠳᠠᠳᠤ ᠤᠯᠤᠰ ᠤᠨ ᠨᠠᠭᠠᠳᠤᠮ ᠤᠨ ᠰᠣᠶᠣᠯ ᠤᠨ ᠨᠤᠲᠤᠭ︾ ᠬᠠᠭᠤᠴᠢᠨ ᠪᠠᠷᠭᠤ ᠬᠤᠰᠢᠭᠤᠨ ᠳᠤ ᠦᠪᠡᠳᠡᠭᠰᠢ ᠶᠡᠭᠡ ᠪᠠᠷ ᠡᠬᠢᠯᠡᠵᠦ᠂ ᠤᠯᠠᠮᠵᠢᠯᠠᠯᠲᠤ ᠡᠷ᠎ᠡ ᠶᠢᠨ ᠭᠤᠷᠪᠠᠨ ᠨᠠᠭᠠᠳᠤᠮ ᠠᠴᠠ ᠭᠠᠳᠠᠨ᠎ᠠ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ᠂ ᠠᠮᠲᠠᠲᠤ ᠢᠳᠡᠭᠡᠨ ᠤ ᠨᠠᠶᠢᠷ᠂ ᠴᠠᠰᠤᠲᠤ ᠲᠠᠯ᠎ᠠ ᠳᠤ ᠬᠡᠭᠡᠷᠡᠯᠡᠨ ᠵᠢᠭᠤᠯᠴᠢᠯᠠᠬᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠡᠷᠭᠡ ᠤᠯᠠᠨ ᠵᠦᠢᠯ ᠤᠨ ᠡᠵᠡᠩᠨᠡᠯᠲᠡ ᠶᠢᠨ ᠭᠡᠯᠪᠡᠷᠢ ᠶᠢ ᠪᠠᠭᠲᠠᠭᠠᠭᠰᠠᠨ ᠠᠯᠢ ᠤᠯᠠᠨ ᠠᠵᠢᠯᠯᠠᠭ᠎ᠠ ᠥᠷᠨᠢᠭᠦᠯᠵᠡᠢ᠃      20 ᠵᠢᠯ ᠡᠷᠭᠢᠯᠡᠨ ᠶᠠᠪᠤᠭᠳᠠᠭᠤᠯᠤᠭᠰᠠᠨ ᠮᠥᠰᠥ ᠴᠠᠰᠤᠨ ᠤ ᠨᠠᠭᠠᠳᠤᠮ ᠨᠢ ᠨᠢᠭᠡᠨᠲᠡ ᠬᠥᠯᠥᠨ ᠪᠤᠶᠢᠷ ᠴᠢᠨᠠᠭᠰᠢᠯᠠᠨ ᠥᠪᠥᠷ ᠮᠣᠩᠭᠤᠯ ᠤᠨ ᠳᠦᠷᠢ ᠲᠥᠷᠬᠦ ᠶᠢᠨ ᠰᠢᠨ᠎ᠡ ᠨᠡᠷ᠎ᠡ ᠶᠢᠨ ᠬᠠᠭᠤᠳᠠᠰᠤ ᠪᠣᠯᠵᠠᠢ᠃ ᠡᠨᠡ ᠵᠢᠯ ᠤᠨ ᠮᠥᠰᠥ ᠴᠠᠰᠤᠨ ᠤ ᠨᠠᠭᠠᠳᠤᠮ ᠨᠢ ᠨᠠᠩ ᠴᠸ ᠰᠣᠶᠣᠯ ᠵᠢᠭᠤᠯᠴᠢᠯᠠᠯ ᠤᠨ ᠶᠠᠮᠤᠨ ᠤ ᠬᠦᠴᠦᠲᠡᠢ ᠳᠡᠮᠵᠢᠯᠭᠡ ᠶᠢ ᠣᠯᠵᠤ᠂ 2023 - 2024 ᠣᠨ ᠤ ᠪᠦᠭᠦ ᠤᠯᠤᠰ ᠤᠨ ᠮᠥᠰᠥ ᠴᠠᠰᠤᠨ ᠤ ᠵᠢᠭᠤᠯᠴᠢᠯᠠᠯ ᠤᠨ ᠪᠠᠶᠠᠷᠲᠤ ᠤᠯᠠᠷᠢᠯ ᠤᠨ ᠴᠢᠬᠤᠯᠠ ᠠᠵᠢᠯᠯᠠᠭ᠎ᠠ ᠳᠤ ᠵᠢᠭᠰᠠᠭᠠᠭᠳᠠᠵᠤ᠂ ᠥᠪᠥᠷ ᠮᠣᠩᠭᠤᠯ ᠤᠨ ᠲᠠᠯ᠎ᠠ ᠨᠤᠲᠤᠭ ᠤᠨ ᠨᠡᠷ᠎ᠡ ᠠᠯᠳᠠᠷ ᠢ ᠤᠯᠠᠮ ᠮᠠᠨᠳᠤᠭᠤᠯᠤᠭᠰᠠᠨ ᠢᠶᠠᠷ ᠪᠠᠷᠠᠬᠤ ᠦᠭᠡᠢ ᠥᠪᠥᠷ ᠮᠣᠩᠭᠤᠯᠴᠤᠳ ᠤᠨ ᠣᠮᠣᠭᠰᠢᠯ ᠪᠣᠯᠤᠭᠰᠠᠨ ᠪᠣᠯ 2023 ᠣᠨ ᠤ 12 ᠰᠠᠷ᠎ᠠ ᠶᠢᠨ 28 ᠤ ᠡᠳᠦᠷ ᠶᠠᠪᠤᠭᠳᠠᠭᠰᠠᠨ᠂ ᠲᠡᠮᠡᠭᠡ ᠮᠠᠯᠵᠢᠯ ᠤᠨ ᠰᠣᠶᠣᠯ ᠢ ᠤᠯᠠᠮᠵᠢᠯᠠᠨ ᠳᠡᠯᠭᠡᠷᠡᠭᠦᠯᠵᠦ᠂ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠳᠤᠮᠵᠢ ᠶᠢ ᠳᠡᠯᠭᠡᠨ ᠦᠵᠡᠭᠦᠯᠵᠦ᠂ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠠᠭᠤᠯᠭ᠎ᠠ ᠶᠢ ᠪᠠᠶᠠᠯᠢᠭᠵᠢᠭᠤᠯᠬᠤ ᠪᠠᠷ ᠭᠤᠣᠯ ᠵᠣᠷᠢᠯᠲᠠ ᠪᠠᠨ ᠪᠤᠯᠭᠠᠬᠰᠠᠨ ︽2023 ᠣᠨ ᠤ ᠠᠯᠠᠱᠠ ᠶᠢᠨ ᠲᠦᠮᠡᠨ ᠲᠡᠮᠡᠭᠡᠨ ᠤ ᠨᠠᠭᠠᠳᠤᠮ︾ ᠨᠢ ᠨᠡᠩ ᠴᠸ ᠵᠢᠭᠤᠯᠴᠢᠯᠠᠬᠰᠠᠳ᠂ ᠨᠠᠭᠠᠳᠤᠮᠴᠢᠨ ᠤᠶᠠᠭᠠᠴᠢᠳ᠂ ᠦᠵᠡᠭᠴᠢᠳ ᠢᠶᠠᠨ ᠪᠠᠶᠠᠰᠬᠠᠭᠰᠠᠨ ᠪᠥᠭᠡᠳ ᠲᠤᠮᠳᠠᠳᠤ ᠤᠯᠤᠰ ᠤᠨ ᠣᠨᠴᠠᠯᠢᠭᠲᠤ ᠠᠵᠤ ᠦᠢᠯᠡᠰ ᠤᠨ ᠨᠤᠲᠤᠭ ᠢ ᠬᠢᠨᠠᠨ ᠰᠢᠯᠭᠠᠷᠠᠭᠤᠯᠬᠤ ᠵᠥᠪᠯᠡᠯ ᠠᠴᠠ ᠠᠯᠠᠱᠠ ᠪᠠᠷᠠᠭᠤᠨ ᠬᠤᠰᠢᠭᠤ ᠳᠤ︽ᠲᠤᠮᠳᠠᠳᠤ ᠤᠯᠤᠰ ᠤᠨ ᠢᠩᠭᠡᠨ ᠰᠦ ᠶᠢᠨ ᠨᠤᠲᠤᠭ︾ ᠬᠡᠮᠡᠬᠦ ᠢᠷᠠᠭᠤ ᠠᠯᠳᠠᠷ ᠤᠨ ᠦᠨᠡᠮᠯᠡᠯ ᠣᠯᠭᠤᠵᠤ᠂ ᠪᠠᠰᠠ 365 ᠬᠥᠮᠥᠨ ᠲᠡᠮᠡᠭᠡ ᠤᠨᠤᠵᠤ ᠰᠤᠷᠬᠤ ᠬᠢᠴᠢᠶᠡᠯᠯᠡᠭᠡ ᠣᠷᠣᠭᠰᠠᠨ ᠢᠶᠠᠷ ᠢᠶᠠᠨ ᠭᠢᠨᠢᠰ ᠤᠨ ᠲᠡᠮᠳᠡᠭᠯᠡᠯ ᠡᠭᠦᠳᠴᠦ᠂ ᠲᠡᠮᠡᠭᠡᠲᠦ ᠨᠤᠲᠤᠭ ᠤᠨ ᠠᠯᠳᠠᠷ ᠨᠡᠷ᠎ᠡ ᠶᠢ ᠳᠠᠬᠢᠨᠲᠠ ᠳᠠᠶᠠᠩ ᠳᠤ ᠳᠠᠭᠤᠷᠢᠰᠤᠭᠤᠯᠤᠯ᠎ᠠ᠃
ᠮᠥᠰᠥᠨ ᠶᠢᠷᠲᠢᠨᠴᠦ ᠶᠢᠨ  ᠴᠠᠰᠤᠨ ᠴᠢᠮᠡᠭ ︵ᠬᠥᠯᠥᠨ  ᠪᠤᠶᠢᠷ︶      ︽ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠨ᠎ᠡ ᠣᠨ ᠢᠶᠠᠨ ᠤᠭᠲᠤᠬᠤ ᠮᠥᠩᠭᠦᠨ ᠡᠪᠦᠯ ᠤᠨ ᠨᠠᠭᠠᠳᠤᠮ︾᠂ ︽2023 ᠣᠨ ᠤ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠡᠪᠦᠯ ᠤᠨ ᠤᠯᠠᠷᠢᠯ ᠤᠨ ᠨᠡᠭᠦᠳᠡᠯ ᠮᠠᠯᠵᠢᠯ ᠤᠨ ᠰᠣᠶᠣᠯ ᠢ ᠪᠡᠶᠡᠴᠢᠯᠡᠨ ᠣᠶᠢᠯᠠᠭᠠᠬᠤ ᠤᠯᠠᠷᠢᠯ ᠤᠨ ᠡᠭᠢᠯᠡᠯᠳᠡ ᠶᠢᠨ ᠶᠣᠰᠣᠯᠠᠯ ᠵᠢᠴᠢ ᠡᠪᠦᠯ ᠤᠨ︿ᠢᠳᠡᠰᠢ﹀ ᠭᠠᠷᠭᠠᠬᠤ ᠠᠵᠢᠯᠯᠠᠭ᠎ᠠ︾᠂ ︽ᠬᠡᠰᠢᠭᠲᠡᠨ ᠬᠤᠰᠢᠭᠤᠨ ᠤ ᠳᠠᠷᠬᠠᠨ᠋ᠠ᠋ᠭᠤᠯᠠ ᠰᠤᠮᠤ ᠶᠢᠨ ᠠᠷᠪᠠᠨ ᠬᠤᠶᠠᠳᠤᠭᠠᠷ ᠬᠤᠭᠤᠴᠠᠭᠠᠨ ᠤ ᠮᠥᠩᠭᠦᠨ ᠡᠪᠦᠯ ᠤᠨ ᠲᠡᠮᠡᠭᠡᠨ ᠰᠣᠶᠣᠯ ᠤᠨ ᠨᠠᠶᠢᠷ︾ ᠁ ᠡᠳᠡᠭᠡᠷ ᠮᠥᠰᠥ ᠴᠠᠰᠤᠨ ᠤ ᠤᠯᠠᠮᠵᠢᠯᠠᠯᠲᠤ ᠨᠠᠶᠢᠷ ᠨᠠᠭᠠᠳᠤᠮ ᠤᠨ ᠠᠭᠤᠯᠭ᠎ᠠ ᠨᠢ ᠨᠡᠩ ᠪᠠᠶᠠᠯᠢᠭ᠂ ᠭᠡᠯᠪᠡᠷᠢ ᠨᠢ ᠨᠡᠩ ᠤᠯᠠᠨ᠂ ᠰᠢᠨ᠎ᠡ ᠲᠤᠷᠰᠢᠯᠭ᠎ᠠ ᠰᠢᠨ᠎ᠡ ᠡᠭᠦᠳᠦᠯᠲᠡ ᠵᠡᠷᠭᠡ ᠪᠠᠷ ᠢᠶᠠᠨ ᠵᠢᠭᠤᠯᠴᠢᠯᠠᠬᠰᠠᠳ ᠲᠤ ᠲᠠᠭᠠᠰᠢᠶᠠᠭᠳᠠᠵᠤ᠂ ᠮᠠᠨ ᠤ ᠣᠷᠣᠨ ᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃1 ᠰᠠᠷ᠎ᠠ ᠶᠢᠨ 5 ᠤ ᠡᠳᠦᠷ᠂︽2024 ᠣᠨ ᠤ ᠳᠤᠮᠳᠠᠳᠤ ᠤᠯᠤᠰ ᠤᠨ ᠮᠥᠰᠥ ᠴᠠᠰᠤᠨ ᠤ ᠵᠢᠭᠤᠯᠴᠢᠯᠠᠯ ᠤᠨ ᠬᠥᠭᠵᠢᠯᠲᠡ ᠶᠢᠨ ᠶᠠᠷᠢᠶᠠᠨ ᠤ ᠲᠠᠪᠴᠠᠩ︾ ᠬᠠᠷᠪᠢᠨ ᠬᠤᠳᠠ ᠳᠤ ᠶᠠᠪᠤᠭᠳᠠᠵᠤ᠂ ᠮᠠᠨ ᠤ ᠣᠷᠣᠨ ᠤ ᠬᠥᠯᠥᠨ ᠪᠤᠶᠢᠷ ᠬᠤᠲᠠ ᠵᠠᠯᠭᠠᠭ᠎ᠠ ᠪᠠᠷ ᠨᠠᠢᠮᠠ ᠤᠳᠠᠭ᠎ᠠ ︽ᠮᠥᠰᠥ ᠴᠠᠰᠤᠨ ᠤ ᠵᠢᠭᠤᠯᠴᠢᠯᠠᠯ ᠤᠨ ᠠᠷᠪᠠᠨ ᠰᠢᠯᠢᠳᠡᠭ ᠬᠤᠲᠠ︾ ᠶᠢᠨ ᠢᠷᠠᠭᠤ ᠠᠯᠳᠠᠷ ᠢ ᠬᠦᠷᠲᠡᠵᠦ᠂ ᠮᠠᠨ ᠤ ᠣᠷᠣᠨ ᠤ ᠮᠥᠰᠥ ᠴᠠᠰᠤᠨ ᠤ ᠨᠠᠭᠠᠳᠤᠮ᠂ ᠮᠠᠨᠵᠤᠤᠷ ᠤᠨ ᠳᠤᠮᠳᠠᠳᠤ ᠤᠷᠤᠰ ᠮᠣᠩᠭᠤᠯ ᠤᠨ ᠤᠯᠠᠨ ᠤᠯᠤᠰ ᠤᠨ ᠮᠥᠰᠥ ᠴᠠᠰᠤᠨ ᠤ ᠨᠠᠶᠢᠷ ᠪᠣᠯᠣᠨ ᠷᠠᠰᠢᠶᠠᠨ ᠤ ᠮᠥᠰᠥ ᠴᠠᠰᠤᠨ ᠤ ᠨᠠᠶᠢᠷ ᠨᠢ ᠴᠥᠮ ︽2024 ᠣᠨ ᠤ ᠮᠥᠰᠥ ᠴᠠᠰᠤᠨ ᠤ ᠵᠢᠭᠤᠯᠴᠢᠯᠠᠯ ᠤᠨ ᠠᠷᠪᠠᠨ ᠰᠢᠯᠢᠳᠡᠭ ᠨᠠᠶᠢᠷ︾ ᠲᠤ ᠰᠣᠩᠭᠤᠭᠳᠠᠵᠠᠢ᠃ᠵᠠᠭᠤᠨ ᠵᠠᠭᠤᠨ ᠢᠶᠠᠷ ᠳᠠᠮᠵᠢᠭᠰᠠᠨ ᠵᠢᠭᠠᠰᠤᠨ ᠠᠩᠨᠠᠯ ᠤᠨ ᠰᠢᠨ᠎ᠡ ᠳᠠᠭᠤᠯᠠᠯ     1 ᠰᠠᠷ᠎ᠠ ᠶᠢᠨ 13 ᠤ ᠡᠳᠦᠷ᠂ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠮᠥᠰᠥ ᠴᠠᠰᠤᠨ ᠤ ᠣᠷᠭᠢᠯᠤᠮ᠎ᠠ ᠰᠡᠳᠬᠢᠯᠭᠡ ᠶᠢ ᠬᠥᠭᠵᠢᠭᠡᠶ᠎ᠡ︾2023 ᠣᠨ ᠤ ᠥᠪᠥᠷ ᠮᠣᠩᠭᠤᠯ ᠤᠨ ᠲᠠᠯᠠᠶᠢᠨᠠᠭᠤᠷ ᠤᠨ ᠡᠪᠦᠯ ᠤᠨ ᠠᠩᠨᠠᠯ ᠤᠨ ᠵᠢᠭᠤᠯᠴᠢᠯᠠᠯ ᠤᠨ ᠠᠵᠢᠯᠯᠠᠭ᠎ᠠ ᠬᠡᠰᠢᠭᠲᠡᠨ ᠬᠤᠰᠢᠭᠤᠨ ᠤ ᠲᠠᠯᠠᠶᠢᠨᠠᠭᠤᠷ ᠤᠨ ᠬᠥᠪᠡᠭᠡᠨ ᠳᠤ  ᠭᠦᠷ ᠬᠥᠭᠵᠢᠶᠡᠨ ᠲᠠᠢ ᠶᠠᠪᠤᠭᠳᠠᠪᠠ᠃ ᠲᠠᠯᠠᠶᠢᠨᠠᠭᠤᠷ ᠤᠨ ᠡᠪᠦᠯ ᠤᠨ ᠠᠩᠨᠠᠯ ᠤᠨ ᠵᠢᠭᠤᠯᠴᠢᠯᠠᠯ ᠤᠨ ᠠᠵᠢᠯᠯᠠᠭ᠎ᠠ ᠨᠢ 2007 ᠣᠨ ᠳᠤ ᠡᠬᠢᠯᠡᠨ ᠶᠠᠪᠤᠭᠳᠠᠭᠰᠠᠨ ᠠᠴᠠ ᠤᠳᠤ ᠪᠤᠯᠳᠠᠯ᠎ᠠ ᠨᠢᠭᠡᠨᠲᠡ 16 ᠬᠤᠭᠤᠴᠠᠭ᠎ᠠ ᠶᠠᠪᠤᠭᠳᠠᠵᠤ᠂  ᠪᠦᠭᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠬᠰᠠᠳ ᠪᠠ ᠭᠡᠷᠡᠯ ᠵᠢᠷᠤᠭ ᠤᠨ ᠪᠠᠭ᠋ᠠᠲᠠᠳ ᠢ 100 ᠲᠦᠮᠡᠨ ᠬᠥᠮᠥᠨ ᠤᠳᠠᠭ᠎ᠠ ᠶᠢ ᠲᠠᠲᠠᠵᠤ᠂ ᠵᠢᠭᠤᠯᠴᠢᠯᠠᠯ ᠤᠨ ᠶᠡᠷᠦᠩᠬᠡᠢ ᠤᠷᠤᠯᠭ᠎ᠠ 10 ᠳ᠋ᠦᠡᠭᠰᠢᠭᠤᠷ ᠲᠥᠭᠦᠷᠢᠭ ᠢ ᠳᠠᠪᠠᠭᠰᠠᠨ ᠪᠠᠶᠢᠨ᠎ᠠ᠃      ᠲᠠᠯᠠᠶᠢᠨᠠᠭᠤᠷ ᠤᠨ ᠡᠪᠦᠯ ᠤᠨ ᠠᠩᠨᠠᠯ ᠤᠨ ᠵᠠᠩ ᠦᠢᠯᠡ ᠨᠢ ᠥᠪᠡᠷᠲᠡᠭᠡᠨ ᠵᠠᠰᠠᠬᠤ ᠣᠷᠣᠨ ᠤ  ᠪᠣᠳᠠᠰ ᠤᠨ ᠪᠤᠰᠤ ᠰᠣᠶᠣᠯ ᠤᠨ  ᠥᠪ ᠤᠨ ᠨᠢᠭᠡ ᠪᠣᠯᠤᠭᠰᠠᠨ ᠤ ᠬᠤᠪᠢ ᠳᠤ᠂ ᠡᠨᠡ ᠵᠢᠯ ᠡᠪᠦᠯ ᠤᠨ ᠠᠩᠨᠠᠯ᠂ ᠮᠥᠩᠭᠦᠨ ᠡᠪᠦᠯ ᠤᠨ ᠲᠡᠮᠡᠭᠡᠨ ᠤ ᠰᠣᠶᠣᠯ ᠤᠨ ᠨᠠᠶᠢᠷ᠂ ᠮᠥᠰᠥ ᠴᠠᠰᠤᠨ ᠤ ᠵᠤᠭ᠎ᠠ ᠴᠡᠩᠭᠡᠯ᠂ ᠲᠠᠮᠢᠷ ᠤᠨ ᠤᠷᠤᠯᠳᠤᠭᠠᠨ᠂ ᠠᠷᠠᠳ ᠤᠨ ᠵᠠᠩ ᠳᠠᠳᠬᠠᠯ᠂ ᠣᠨᠴᠠᠯᠢᠭᠲᠤ ᠢᠳᠡᠭᠡᠨ ᠵᠡᠷᠭᠡ ᠤᠯᠠᠨ ᠶᠠᠩᠵᠤ ᠶᠢᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠭᠦᠨᠵᠡᠭᠡᠢ ᠠᠭᠤᠰᠤᠯᠴᠠᠭᠤᠯᠵᠤ᠂ ᠬᠡᠰᠢᠭᠲᠡᠨ ᠬᠤᠰᠢᠭᠤᠨ ᠤ ᠥᠪᠡᠷᠮᠢᠴᠡ ᠣᠨᠴᠠᠯᠢᠭ ᠲᠠᠢ ᠠᠷᠠᠳ ᠤᠨ ᠵᠠᠩ ᠦᠢᠯᠡ ᠶᠢᠨ ᠰᠣᠶᠣᠯ ᠢ ᠭᠦᠢᠴᠡᠳ ᠢᠯᠡᠷᠡᠭᠦᠯᠪᠡ᠃ 2015 ᠣᠨ ᠳᠤ ︽ᠲᠠᠯᠠᠶᠢᠨᠠᠭᠤᠷ︾ ᠭᠡᠬᠦ ᠲᠠᠸᠠᠷ ᠤᠨ ᠲᠡᠮᠳᠡᠭ ᠢ ᠤᠯᠤᠰ ᠤᠨ ᠦᠢᠯᠡᠳᠪᠦᠷᠢ ᠬᠤᠳᠠᠯᠳᠤᠭᠠᠨ ᠤ ᠶᠡᠷᠦᠩᠬᠡᠢ ᠲᠣᠪᠴᠢᠶ᠎ᠠ ᠶᠢᠨ ᠲᠠᠸᠠᠷ ᠤᠨ ᠲᠡᠮᠳᠡᠭ ᠤᠨ ᠲᠣᠪᠴᠢᠶ᠎ᠠ ᠠᠴᠠ︽ᠲᠤᠮᠳᠠᠳᠤ ᠤᠯᠤᠰ ᠤᠨ ᠨᠠᠷᠠᠳᠤ ᠲᠠᠸᠠᠷ ᠤᠨ ᠲᠡᠮᠳᠡᠭ︾ ᠢᠶᠠᠷ ᠲᠣᠭᠲᠠᠭᠠᠵᠤ᠂ ᠡᠨᠡ ᠬᠦ ᠨᠠᠷᠠᠳᠤ ᠲᠡᠮᠳᠡᠭ ᠢ ᠡᠭᠦᠳᠦᠭᠰᠡᠨ ᠨᠢ ᠲᠠᠯᠠᠶᠢᠨᠠᠭᠤᠷ ᠤᠨ ᠪᠠᠶᠢᠭᠠᠯᠢᠯᠢᠭ ᠵᠢᠭᠠᠰᠤ ᠶᠢ ᠪᠦᠭᠦ ᠤᠯᠤᠰ ᠲᠤ ᠨᠡᠩ ᠪᠣᠷᠤᠯᠠᠭᠤᠯᠭ᠎ᠠ ᠰᠠᠶᠢᠲᠠᠢ ᠪᠣᠯᠭᠠᠪᠠ᠃      2023 ᠣᠨ ᠤ 12 ᠰᠠᠷ᠎ᠠ ᠶᠢᠨ 30 ᠤ ᠡᠳᠦᠷ᠂ ᠴᠡᠯᠡᠭᠡᠷ ᠲᠠᠯ᠎ᠠ ᠶᠢᠨ ᠴᠡᠩᠬᠡᠷ ᠮᠡᠯᠮᠡᠢ ᠪᠣᠯᠤᠭᠰᠠᠨ ᠬᠠᠷᠠᠤ᠋ᠰᠤ ᠨᠠᠭᠤᠷ ᠤᠨ ᠬᠤᠶᠠᠳᠤᠭᠠᠷ ᠬᠤᠭᠤᠴᠠᠭᠠᠨ ᠤ ᠵᠢᠭᠠᠰᠤᠨ ᠠᠩᠨᠠᠯ ᠤᠨ ᠨᠠᠶᠢᠷ ᠡᠬᠢᠯᠡᠵᠦ᠂ ᠠᠯᠢ ᠤᠯᠠᠨ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠨᠢ 2024 ᠣᠨ ᠤ 2 ᠰᠠᠷ᠎ᠠ ᠶᠢᠨ 15 ᠤ ᠡᠳᠦᠷ ᠪᠤᠯᠲᠠᠯ᠎ᠠ ᠦᠷᠭᠦᠯᠵᠢᠯᠡᠬᠦ ᠪᠣᠯᠣᠨ᠎ᠠ᠃ ᠡᠨᠡ ᠵᠢᠯ ᠤᠨ ᠪᠠᠶᠠᠨᠨᠠᠭᠤᠷ ᠬᠤᠲᠠ ᠶᠢᠨ ᠡᠪᠦᠯ ᠤᠨ ᠤᠯᠠᠷᠢᠯ ᠤᠨ ᠵᠢᠭᠤᠯᠴᠢᠯᠠᠯ ᠨᠢ ︽ᠮᠥᠰᠥᠲᠦ ᠪᠣᠷᠣᠳᠣᠬᠤᠢ· ᠴᠠᠰᠤᠲᠤ ᠮᠤᠨᠠ ᠠᠭᠤᠯᠠ︾ ᠪᠠᠷ ᠭᠤᠣᠯ ᠰᠡᠳᠦᠪ ᠪᠤᠯᠭᠠᠵᠤ᠂ ᠣᠯᠠᠨ ᠵᠦᠢᠯ ᠤᠨ ᠮᠥᠰᠥ ᠴᠠᠰᠤᠨ ᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠵᠦ᠂ 2023 ᠣᠨ ᠤ 10 ᠰᠠᠷ᠎ᠠ ᠠᠴᠠ ᠣᠲᠣ ᠪᠤᠯᠲᠠᠯ᠎ᠠ ᠨᠡᠶᠢᠲᠡ 256 ᠲᠦᠮᠡᠨ ᠬᠥᠮᠥᠨ ᠤᠳᠠᠭ᠎ᠠ ᠶᠢᠨ ᠵᠢᠭᠤᠯᠴᠢᠯᠠᠬᠰᠠᠳ ᠢ ᠭᠥᠯᠢᠶᠡᠨ ᠠᠪᠴᠠᠢ᠃ᠡᠪᠦᠯ ᠤᠨ ᠵᠢᠭᠤᠯᠴᠢᠯᠠᠯ ᠤᠨ ᠨᠡᠭᠦᠳᠡᠯ ᠤᠮᠠᠷᠠᠰᠢ ᠴᠢᠭᠯᠡᠭᠰᠡᠨ ᠬᠤᠪᠢᠰᠤᠯ      ᠬᠠᠭᠤᠴᠢᠨ ᠪᠠᠷᠭᠤ ᠬᠤᠰᠢᠭᠤᠨ ᠳᠤ ᠬᠦᠷᠴᠦ ᠴᠠᠰᠤ ᠮᠥᠰᠥᠨ ᠤ ᠨᠠᠭᠠᠳᠤᠮ ᠳᠤ ᠤᠷᠤᠯᠴᠠᠵᠤ᠂ ᠮᠠᠨᠵᠤᠤᠷ ᠤᠨ ᠲᠤᠮᠳᠠᠳᠤ ᠤᠷᠤᠰ ᠮᠣᠩᠭᠤᠯ ᠤᠨ ᠤᠯᠠᠨ ᠤᠯᠤᠰ ᠤᠨ ᠴᠠᠰᠤ ᠮᠥᠰᠥᠨ ᠤ ᠨᠠᠶᠢᠷ ᠤᠨ ᠭᠦᠷ ᠪᠠᠶᠠᠰᠤᠯ ᠢ ᠰᠣᠨᠢᠷᠬᠠᠨ᠂ ᠰᠢᠯᠢ ᠶᠢᠨ ᠭᠤᠣᠯ ᠤᠨ ᠴᠠᠰᠤᠲᠤ ᠲᠠᠯ᠎ᠠ ᠳᠤ ᠮᠣᠷᠢ ᠤᠨᠤᠨ ᠳᠠᠪᠬᠢᠭᠤᠯᠵᠤ᠂ ᠲᠤᠮᠳᠠᠳᠤ ᠤᠯᠤᠰ ᠤᠨ ᠬᠦᠢᠲᠡᠨ ᠤ ᠲᠤᠶᠢᠯ ᠭᠡᠭᠡᠨ ᠭᠤᠣᠯ ᠳᠤ ᠮᠠᠷᠠᠽᠤᠨ ᠳᠤ ᠣᠷᠣᠯᠴᠠᠨ᠂ ᠭᠦᠭᠡᠬᠤᠳᠠ ᠶᠢᠨ ᠴᠠᠰᠤ ᠮᠥᠰᠥᠨ ᠤ ᠨᠠᠶᠢᠷ ᠢ ᠪᠡᠶᠡᠴᠢᠯᠡᠨ ᠣᠶᠢᠯᠠᠭᠠᠵᠤ᠂ ᠯᠢᠶᠡᠩᠴᠧᠩ ᠰᠢᠶᠠᠨ ᠤ ᠴᠡᠨᠡᠯᠡᠯᠳᠡ ᠶᠢᠨ ᠲᠠᠯᠠᠪᠠᠢ ᠳᠤ ᠬᠤᠷᠳᠤ ᠪᠠᠨ ᠰᠢᠯᠭᠠᠨ᠂ ᠣᠷᠴᠣᠨ ᠤ ︽ᠢᠰᠠᠷᠠᠨ︾ ᠤ ᠨᠠᠶᠢᠷ ᠲᠤ ᠬᠠᠮᠲᠤ ᠳᠠᠭᠠᠨ ᠪᠠᠶᠠᠰᠤᠨ ᠪᠥᠵᠢᠭᠯᠡᠵᠦ᠂ ᠲᠠᠯᠠᠶᠢᠨᠠᠭᠤᠷ ᠤᠯᠠᠭᠠᠨᠰᠤᠬᠠᠢ ᠬᠠᠷᠠᠤ᠋ᠰᠤ ᠨᠠᠭᠤᠷ ᠤᠨ ᠡᠪᠦᠯ ᠤᠨ ᠵᠢᠭᠠᠰᠤᠨ ᠠᠩᠨᠠᠯ ᠤᠨ ᠨᠠᠶᠢᠷ ᠲᠤ ᠥᠪᠥᠷ ᠮᠣᠩᠭᠤᠯ ᠤᠨ ᠠᠮᠲᠠ ᠶᠢ ᠠᠮᠲᠠᠯᠠᠨ᠎ᠠ ᠁      ᠮᠥᠰᠥ ᠴᠠᠰᠤᠨ ᠤ ᠵᠢᠭᠤᠯᠴᠢᠯᠠᠯ ᠶᠠᠭᠠᠬᠢᠭᠠᠳ ᠡᠶᠢᠮᠦ ᠬᠥᠭᠵᠢᠶᠡᠨᠲᠡᠢ ᠪᠣᠯᠪᠠ︖ᠥᠪᠥᠷ ᠮᠣᠩᠭᠤᠯ ᠤᠨ ᠮᠥᠰᠥ ᠴᠠᠰᠤᠨ ᠤ ᠡᠬᠢ ᠪᠠᠶᠠᠯᠢᠭ ᠠᠴᠠ ᠭᠠᠳᠠᠨ᠎ᠠ ᠬᠥᠮᠥᠰ ᠤᠨ ᠪᠠᠭ᠋ᠠᠷᠬᠠᠯ ᠢ ᠲᠠᠲᠠᠭᠰᠠᠨ ᠨᠢ ᠴᠣᠬᠤᠮ ᠶᠠᠮᠠᠷ ᠤᠪᠠᠳᠢᠰ ᠬᠦᠴᠦᠨ ᠪᠤᠢ︖      ︽ᠭᠤᠷᠪᠠ ᠶᠢᠰᠦ︾ ᠶᠢᠨ ᠬᠦᠢᠲᠡᠨ ᠤ ᠡᠷᠴᠢ ᠴᠢᠩᠭᠠᠷᠠᠭᠰᠠᠨ ᠴᠸ ᠳᠤᠮᠳᠠᠳᠤ ᠤᠯᠤᠰ ᠤᠨ ᠬᠦᠢᠲᠡᠨ ᠤ ᠲᠤᠶᠢᠯ ᠬᠡᠮᠡᠭᠳᠡᠭᠰᠡᠨ ᠭᠡᠭᠡᠨ ᠭᠤᠣᠯ ᠤᠨ︽ᠳᠤᠮᠳᠠᠳᠤ ᠤᠯᠤᠰ ᠤᠨ ᠬᠦᠢᠲᠡᠨ ᠤ ᠲᠤᠶᠢᠯ ᠤᠨ ᠰᠤᠪᠤᠷᠭ᠎ᠠ︾ ᠶᠢᠨ ᠳᠣᠣᠷ᠎ᠠ ᠰᠡᠭᠦᠳᠡᠷ ᠲᠠᠳᠠᠨ ᠳᠤᠷᠠᠰᠬᠠᠯ ᠦᠯᠡᠳᠡᠭᠡᠬᠦ ᠭᠡᠰᠡᠨ ᠵᠢᠭᠤᠯᠴᠢᠯᠠᠬᠰᠠᠳ ᠤᠨ ᠣᠷᠭᠢᠯᠤᠮ᠎ᠠ ᠬᠠᠯᠠᠭᠤᠨ ᠰᠡᠳᠬᠢᠯ ᠢ ᠰᠦᠷᠳᠡᠭᠦᠯᠵᠦ ᠡᠰᠡ ᠲᠡᠶᠢᠯᠪᠡ᠃ ᠭᠡᠭᠡᠨ ᠭᠤᠣᠯ ᠤᠨ ᠬᠦᠢᠲᠡᠨ ᠤ ᠲᠤᠶᠢᠯ ᠤᠨ ᠴᠡᠭ᠂ ᠤᠯᠭᠤᠶᠠ ᠶᠢᠨ ᠴᠠ ᠪᠤᠭᠤ ᠦᠵᠡᠮᠵᠢ ᠶᠢᠨ ᠣᠷᠣᠨ᠂ ᠬᠦᠢᠲᠡᠨ ᠤ ᠲᠤᠶᠢᠯ ᠤᠨ ᠰᠤᠪᠤᠷᠭ᠎ᠠ ᠵᠡᠷᠭᠡ ᠦᠵᠡᠮᠦᠷᠢ ᠰᠦᠯᠵᠢᠶᠡᠨ ᠤ ᠬᠠᠯᠠᠮᠰᠢᠯ ᠣᠷᠣᠨ ᠪᠣᠯᠣᠭᠠᠳ ᠥᠷᠭᠡᠨ ᠤᠯᠠᠨ ᠵᠢᠭᠤᠯᠴᠢᠯᠠᠬᠰᠠᠳ ᠤᠨ ᠥᠪᠡᠷ ᠵᠦᠭ ᠢᠶᠠᠨ ᠲᠠᠲᠠᠭᠰᠠᠭᠠᠷ᠃
ᠤᠯᠠᠭᠠᠨᠰᠤᠬᠠᠢ ᠨᠠᠭᠤᠷ ᠤᠨ  ᠡᠪᠦᠯ ᠤᠨ ᠠᠩᠨᠠᠯ  ︵ᠪᠠᠶᠠᠨᠨᠠᠭᠤᠷ︶      ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠡᠯ᠎ᠡ ᠱᠠᠲᠤᠨ ᠤ ᠵᠠᠰᠠᠭ ᠤᠨ ᠣᠷᠳᠣᠨ ᠪᠡᠯᠡ ᠣᠷᠣᠭᠤᠯᠤᠯᠲᠠ ᠪᠠᠨ ᠨᠡᠮᠡᠭᠳᠡᠭᠦᠯᠦᠨ᠂ ᠣᠯᠠᠩᠬᠢ ᠴᠡᠨᠡᠯᠡᠯᠳᠡ ᠶᠢᠨ ᠲᠠᠯᠠᠪᠠᠢ ᠶᠢᠨ ᠬᠠᠲᠠᠭᠤ ᠵᠥᠭᠡᠯᠡᠨ ᠲᠣᠨᠤᠭ ᠰᠢᠨ᠎ᠡ ᠥᠨᠳᠥᠷᠴᠡ ᠳᠤ ᠬᠦᠷᠴᠦ᠂ ᠮᠥᠰᠥ ᠴᠠᠰᠤᠨ ᠤ ᠨᠠᠶᠢᠷ ᠨᠠᠭᠠᠳᠤᠮ᠂ ᠲᠠᠮᠢᠷ ᠤᠨ ᠬᠥᠳᠡᠯᠭᠡᠭᠡᠨ ᠤ ᠲᠦᠷᠤᠯ ᠵᠦᠢᠯ ᠴᠸ ᠡᠯᠪᠡᠭ ᠪᠣᠯᠵᠠᠢ᠃      ᠵᠠᠯᠠᠨ ᠠᠶᠢᠯ ᠤᠨ ᠶᠢᠨ ᠯᠦᠩ ᠱᠠᠨ ᠠᠭᠤᠯᠠᠨ ᠤ ᠴᠡᠨᠡᠯᠡᠯᠳᠡ ᠶᠢᠨ ᠲᠠᠯᠠᠪᠠᠶ ᠳᠤ ᠪᠠᠷᠢᠮᠵᠢᠶᠠᠲᠤ ᠨᠠᠯᠠᠤ ᠭᠠᠵᠠᠷ ᠤᠨ ᠰᠠᠭᠠᠳ ᠲᠤᠭᠤᠯᠬᠤ ᠲᠠᠯᠠᠪᠤᠷ ᠢ ᠰᠢᠨ᠎ᠡ ᠪᠠᠷ ᠪᠠᠶᠢᠭᠤᠯᠵᠤ᠂ 7 ᠵᠦᠢᠯ ᠤᠨ ᠤᠯᠤᠰ ᠤᠨ ᠲᠠᠰ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠳᠠᠭᠠᠭᠠᠴᠢᠯᠠᠨ ᠡᠷᠭᠢᠯᠡᠭᠦ ᠰᠠᠭᠤᠷᠢ ᠨᠥᠬᠦᠴᠡᠯ ᠢ ᠪᠦᠷᠢᠳᠦᠭᠦᠯᠵᠦ᠂ ᠴᠡᠨᠡᠯᠡᠯᠳᠡ  ᠶᠢᠨ ᠲᠠᠯᠠᠪᠠᠢ ᠶᠢᠨ ᠵᠣᠴᠢᠯᠠᠬᠤ ᠲᠢᠩᠬᠢᠮ ᠢ 5696 ᠲᠡᠭᠰᠢ ᠳᠥᠷᠪᠡᠯᠵᠢᠨ ᠮᠧᠲᠷ ᠲᠤ ᠭᠦᠷᠲᠡᠯ᠎ᠡ ᠥᠷᠭᠡᠳᠬᠡᠨ ᠪᠠᠶᠢᠭᠤᠯᠵᠤ᠂ 800 ᠬᠥᠮᠥᠨ ᠢ ᠬᠠᠮᠲᠤ ᠳᠤᠨᠢ ᠪᠠᠭᠲᠠᠭᠠᠵᠤ ᠲᠡᠶᠢᠯᠭᠦ ᠪᠣᠯᠵᠠᠢ᠃      ︽ᠲᠦᠷᠦᠭᠦᠦ ᠬᠡᠳᠦᠨ ᠵᠢᠯ ᠬᠦᠢᠲᠡᠨ ᠳᠤ ᠨᠠᠭᠠᠳᠤᠭᠠᠳ ᠲᠠᠭᠠᠷᠠᠪᠠᠯ ᠬᠤᠷᠳᠤᠬᠠᠨ ᠲᠡᠷᠭᠡᠨ ᠳᠣᠲᠣᠷ᠎ᠠ ᠪᠠᠨ ᠣᠷᠣᠭᠠᠳ ᠳᠤᠯᠠᠭᠠᠴᠠᠳᠠᠭ ᠪᠠᠶᠢᠪᠠ᠂ ᠣᠳᠣ ᠡᠶᠢᠮᠦ ᠪᠠᠶᠢᠳᠠᠯ ᠶᠠᠪᠤᠬᠤ ᠲᠤᠲᠤᠮ ᠴᠥᠭᠡᠷᠡᠵᠦ ᠪᠠᠶᠢᠨ᠎ᠠ᠃ ᠤᠴᠢᠷ ᠨᠢ ᠠᠭᠤᠵᠢᠮ ᠪᠠᠭᠲᠠᠭᠠᠮᠵᠢ ᠲᠠᠢ ᠪᠥᠭᠡᠳ ᠳᠤᠯᠠᠭᠠᠨ ᠲᠠᠪᠠᠲᠠᠢ ᠵᠢᠭᠤᠯᠴᠢᠯᠠᠭᠴᠢ ᠶᠢᠨ ᠲᠢᠩᠬᠢᠮ᠂  ᠠᠷᠢᠭᠤᠨ ᠴᠡᠪᠡᠷ ᠵᠤᠷᠯᠤᠩ᠂ ᠰᠦᠷᠯᠢᠭ ᠰᠠᠶᠢᠬᠠᠨ ᠣᠳᠣᠬᠢᠴᠢᠯᠠᠭᠰᠠᠨ ᠮᠣᠩᠭᠤᠯ ᠭᠡᠷ ᠭᠠᠵᠠᠷ ᠪᠣᠯᠭᠠᠨ ᠳᠤ ᠬᠠᠷᠠᠭᠳᠠᠵᠤ᠂ ᠮᠠᠨ ᠤ ᠵᠢᠭᠤᠯᠴᠢᠯᠠᠭᠴᠢ ᠳᠤ ᠮᠠᠰᠢ ᠲᠦᠭᠦᠮ ᠦᠵᠡᠭᠦᠯᠦᠯ᠎ᠡ︾ ᠭᠡᠵᠦ ᠬᠠᠶᠢᠨᠠᠨ ᠠᠴᠠ  ᠬᠥᠯᠥᠨ ᠪᠤᠶᠢᠷ ᠲᠤ ᠵᠢᠭᠤᠯᠴᠢᠯᠠᠬᠤ  ᠪᠠᠷ ᠢᠷᠡᠭᠰᠡᠨ ᠸᠠᠩ ᠶᠠᠩ ᠶᠠᠷᠢᠨ᠎ᠠ᠃      ᠥᠪᠡᠷᠲᠡᠭᠡᠨ ᠵᠠᠰᠠᠬᠤ ᠣᠷᠣᠨ ᠤ ᠬᠤᠷᠢᠳᠤᠭᠠᠷ ᠬᠤᠭᠤᠴᠠᠭᠠᠨ ᠤ ᠮᠥᠰᠥ ᠴᠠᠰᠤᠨ ᠤ ᠨᠠᠭᠠᠳᠤᠮ ᠤᠨ ᠬᠤᠭᠤᠴᠠᠭᠠᠨ ᠳᠤ ᠲᠣᠬᠢᠷᠠᠭᠤᠯᠤᠭᠰᠠᠨ ︽ᠬᠥᠯᠥᠨ ᠪᠤᠶᠢᠷ ᠤᠨ ᠬᠠᠯᠠᠭᠤᠨ ᠲᠣᠭᠤᠭ᠎ᠠ︾ ᠨᠢ ᠨᠡᠩ ᠴᠸ ᠬᠤᠯᠡ ᠣᠶᠢᠷ᠎ᠠ ᠶᠢᠨ ᠵᠢᠭᠤᠯᠴᠢᠯᠠᠬᠰᠠᠳ ᠤᠨ ᠰᠢᠯᠦᠰᠦ ᠶᠢ ᠬᠤᠷᠠᠭᠤᠯᠤᠯ᠎ᠠ᠃ ᠲᠡᠭ ᠠᠴᠠ ᠳᠣᠷᠣᠭᠰᠢ 42 ᠭᠷᠡᠳᠦ᠋ᠰ ᠤᠨ ᠮᠥᠩᠭᠦᠨ ᠴᠠᠭᠠᠨ ᠶᠢᠷᠲᠢᠨᠴᠦ ᠳᠤ 5 ᠲᠣᠮᠣ ᠭᠠᠤᠯᠢᠨ ᠲᠣᠭᠤᠭ᠎ᠠ ᠳᠤ ᠬᠠᠯᠠᠭᠤᠨ ᠱᠥᠯᠥ ᠪᠤᠷᠭᠢᠯᠤᠨ ᠪᠤᠴᠠᠯᠵᠤ᠂ ᠠᠩᠬᠢᠯᠤᠮ᠎ᠠ ᠦᠨᠦᠷ ᠠᠭᠠᠷ ᠳᠦᠭᠦᠷᠡᠩ ᠰᠡᠩᠭᠢᠨᠡᠭᠡᠳ᠂ ᠬᠡᠨ ᠬᠥᠮᠥᠨ ᠤ ᠴᠢᠷᠠᠢ ᠳᠤ ᠭᠦᠯᠳᠡᠨ ᠪᠡᠭᠡᠷᠡᠭᠰᠡᠨ ᠪᠠᠶᠢᠳᠠᠯ ᠠᠯᠠᠭ᠎ᠠ ᠬᠠᠷᠢᠨ ᠬᠠᠯᠠᠭᠤᠨ ᠠᠭᠤᠷ ᠪᠠᠭᠠᠭᠢᠭᠤᠯᠤᠨ᠂ ᠬᠠᠯᠠᠭᠤᠨ ᠲᠣᠭᠤᠭ᠎ᠠ ᠶᠢ ᠲᠣᠭᠤᠷᠢᠨ᠂ ᠬᠥᠯᠥᠨ ᠪᠤᠶᠢᠷ ᠤᠨ ᠲᠠᠯ᠎ᠠ ᠨᠤᠲᠤᠭ ᠤᠨ ᠪᠣᠬᠢᠷᠳᠤᠯ ᠦᠭᠡᠢ ᠠᠮᠲᠠᠲᠤ ᠦᠬᠡᠷ ᠬᠤᠨᠢᠨ ᠤ ᠮᠢᠬ᠎ᠠ ᠠᠴᠠ ᠠᠮᠲᠠᠯᠠᠨ ᠪᠠᠶᠠᠰᠴᠠᠭᠠᠬᠤ ᠶᠢᠨ ᠳᠠᠭᠠᠤ︽ᠲᠠᠯ᠎ᠠ ᠨᠤᠲᠤᠭ ᠲᠠᠢ ᠪᠣᠯᠵᠤᠭ᠎ᠠ ᠲᠠᠢ︾ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢᠨ ᠭᠠᠵᠠᠷ ᠬᠦᠷᠴᠦ᠂ ᠳᠠᠭᠤᠷ ᠦᠨᠳᠦᠰᠦᠲᠡᠨ ᠤ ᠬᠤᠪᠴᠠᠰᠤ ᠵᠠᠰᠠᠯ᠂ ᠪᠠᠷᠭᠤ ᠮᠣᠩᠭᠤᠯ ᠬᠤᠪᠴᠠᠰᠤ ᠵᠠᠰᠠᠯ᠂ ᠰᠥᠭᠦᠬᠡᠢ ᠭᠤᠳᠤᠯ᠂ ᠮᠣᠷᠢᠨ ᠬᠤᠭᠤᠷ ᠬᠢᠬᠦ ᠤᠷ᠎ᠠ ᠮᠡᠷᠭᠡᠵᠢᠯ ᠢ ᠰᠣᠨᠢᠷᠬᠠᠨ᠂ ᠡᠸᠡᠩᠬᠢ ᠦᠨᠳᠦᠰᠦᠲᠡᠨ ᠤ ᠪᠤᠭᠤ ᠶᠢᠨ ᠠᠷᠠᠰᠤᠨ ᠨᠠᠷᠠᠨ ᠬᠤᠸᠠᠷ᠂ ᠠᠷᠠᠰᠤᠨ ᠰᠡᠶᠢᠯᠦᠮᠡᠯ ᠤᠨ ᠤᠷ᠎ᠠ ᠮᠡᠷᠭᠡᠵᠢᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠦ ᠳᠤ ᠪᠡᠶᠡᠴᠢᠯᠡᠨ ᠤᠷᠤᠯᠴᠠᠵᠤ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠱᠠᠭᠰᠢᠨ ᠪᠠᠭ᠋ᠠᠷᠬᠠᠨ᠎ᠠ᠃      1 ᠰᠠᠷ᠎ᠠ ᠶᠢᠨ 3 ᠤ ᠡᠳᠦᠷ᠂ ᠤᠯᠠᠭᠠᠨᠬᠠᠳᠠ ᠬᠤᠳᠠ ᠶᠢᠨ ᠮᠠᠶᠢᠷᠠᠨ ᠭᠤᠤ ᠴᠡᠨᠡᠯᠡᠯᠳᠡ ᠶᠢᠨ ᠲᠠᠯᠠᠪᠠᠢ ᠳᠤ ᠵᠢᠭᠤᠯᠴᠢᠯᠠᠬᠰᠠᠳ ᠴᠠᠰᠤᠨ ᠳᠤ ᠴᠠᠨᠠᠯᠠᠨ ᠬᠥᠭᠵᠢᠶᠡᠨ ᠢᠶᠠᠷ ᠪᠢᠯᠬᠠᠨ᠎ᠠ᠃︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠠᠶᠠᠷᠯᠠᠨ ᠤᠭᠲᠤᠬᠤ ᠲᠦᠮᠡᠨ ᠬᠥᠮᠥᠨ ᠤ ᠮᠥᠰᠥ ᠴᠠᠰᠤᠨ ᠤ ᠨᠠᠶᠢᠷ︾ ᠬᠡᠮᠡᠭᠳᠡᠭᠰᠡᠨ ᠤᠯᠠᠭᠠᠨᠬᠠᠳᠠ ᠬᠤᠳᠠ ᠶᠢᠨ ᠠᠩᠬᠠᠳᠤᠭᠠᠷ ᠬᠤᠭᠤᠴᠠᠭᠠᠨ ᠤ ᠮᠥᠰᠥ ᠴᠠᠰᠤᠨ ᠤ ᠨᠠᠶᠢᠷ ᠦᠪᠡᠳᠡᠭᠰᠢ ᠶᠡᠭᠡ ᠪᠠᠷ ᠡᠬᠢᠯᠡᠪᠡ᠃ ᠤᠯᠠᠭᠠᠨᠬᠠᠳᠠ ᠬᠤᠳᠠ ᠮᠥᠩᠭᠦᠨ ᠡᠪᠦᠯ ᠤᠨ ᠮᠥᠰᠥ ᠴᠠᠰᠤᠨ ᠤ ᠡᠬᠢ ᠪᠠᠶᠠᠯᠢᠭ ᠲᠠᠭᠠᠨ ᠲᠦᠰᠢᠭᠯᠡᠨ︽ᠮᠥᠰᠥ ᠴᠠᠰᠤᠨ ᠤ ᠭᠠᠶᠢᠬᠠᠮᠰᠢᠭᠲᠤ ᠪᠠᠷᠢᠯᠳᠤᠯᠭ᠎ᠠ·ᠦᠵᠡᠰᠬᠦᠯᠡᠩᠲᠦ ᠰᠠᠶᠢᠬᠠᠨ ᠤᠯᠠᠭᠠᠨᠬᠠᠳᠠ︾ ᠭᠤᠣᠯ ᠰᠡᠳᠦᠪᠲᠦ ︽ᠮᠥᠰᠥ ᠴᠠᠰᠤ + ᠪᠠᠶᠠᠷ ᠳᠤᠷᠠᠰᠬᠠᠯ︾᠂︽ᠮᠥᠰᠥ ᠴᠠᠰᠤ + ᠪᠡᠶ᠎ᠡ  ᠶᠢᠨ ᠲᠠᠮᠢᠷ︾᠂ ︽ᠮᠥᠰᠥ ᠴᠠᠰᠤ + ᠲᠤᠬᠯᠠᠯᠳᠠ︾᠂ ︽ᠮᠥᠰᠥ ᠴᠠᠰᠤ + ᠦᠵᠡᠰᠭᠦᠯᠡᠩ︾ ᠵᠡᠷᠭᠡ 9 ᠲᠦᠷᠤᠯ ᠤᠨ 63 ᠵᠦᠢᠯ ᠤᠨ ᠭᠤᠶᠢᠳᠠ ᠰᠠᠶᠢᠬᠠᠨ ᠴᠠᠰᠤ ᠮᠥᠰᠥᠨ ᠤ ᠠᠵᠢᠯᠯᠠᠭ᠎ᠠ ᠶᠢ ᠵᠡᠷᠭᠡ ᠪᠠᠷ ᠥᠷᠨᠢᠭᠦᠯᠵᠦ᠂ ᠮᠥᠩᠭᠦᠨ ᠡᠪᠦᠯ  ᠢᠶᠠᠨ ᠰᠣᠶᠣᠯ ᠵᠢᠭᠤᠯᠴᠢᠯᠠᠯ ᠢᠶᠠᠨ ᠬᠥᠭᠵᠢᠭᠡᠵᠡᠢ᠃      ᠴᠠᠰᠤᠨ ᠳᠤ ᠭᠤᠯᠭᠤᠬᠤ᠂ ᠮᠥᠰᠥᠨ ᠳᠤ ᠲᠡᠰᠢᠬᠦ᠂ ᠴᠠᠰᠤᠨ ᠤ ᠦᠵᠡᠮᠵᠢ ᠰᠣᠨᠢᠷᠬᠠᠬᠤ ᠁ ᠤᠯᠠᠭᠠᠨᠴᠠᠪ ᠬᠤᠳᠠ ᠡᠵᠡᠩᠨᠡᠯᠲᠡ ᠶᠢᠨ ᠭᠡᠯᠪᠡᠷᠢ ᠪᠠᠨ ᠲᠠᠰᠤᠷᠠᠯᠳᠠ ᠦᠭᠡᠢ ᠪᠠᠶᠠᠯᠢᠭᠵᠢᠭᠤᠯᠵᠤ᠂ ᠬᠤᠳᠠ ᠶᠢᠨ ᠢᠶᠠᠨ ᠡᠯ᠎ᠡ ᠮᠥᠰᠥ ᠴᠠᠰᠤᠨ ᠤ ᠲᠠᠯᠠᠪᠠᠢ ᠣᠷᠳᠣᠨ ᠳᠠᠭᠠᠨ ᠲᠦᠰᠢᠭᠯᠡᠨ 30 ᠭᠠᠷᠤᠢ ᠵᠦᠢᠯ ᠤᠨ ᠭᠤᠣᠯ ᠰᠡᠳᠦᠪᠲᠦ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠨ᠂ ᠠᠳᠠᠯᠢ ᠪᠤᠰᠤ ᠵᠢᠭᠤᠯᠴᠢᠯᠠᠯ ᠤᠨ ᠰᠣᠳᠣᠨ ᠵᠠᠮ ᠱᠤᠭᠤᠮ ᠭᠠᠷᠭᠠᠵᠤ᠂ ᠨᠡᠩ ᠤᠯᠠᠨ ᠵᠢᠭᠤᠯᠴᠢᠯᠠᠬᠰᠠᠳ ᠲᠤ ᠤᠯᠠᠭᠠᠨᠴᠠᠪ ᠤᠨ ᠭᠠᠵᠠᠷ ᠣᠷᠣᠨ ᠤ ᠥᠪᠡᠷᠮᠢᠴᠡ ᠣᠨᠴᠠᠯᠢᠭ ᠲᠠᠢ ᠮᠥᠰᠥ ᠴᠠᠰᠤᠨ ᠤ ᠷᠢᠳᠢ ᠰᠢᠳᠢ ᠶᠢ ᠭᠦᠨᠵᠡᠭᠡᠢ ᠣᠶᠢᠯᠠᠭᠠᠭᠤᠯᠪᠠ᠃      ︵ᠲᠤᠰ ᠨᠢᠭᠤᠷ ᠤᠨ  ᠨᠡᠷ᠎ᠡ ᠬᠠᠲᠠᠭᠰᠠᠨ ᠠᠴᠠ ᠪᠤᠰᠤᠳ ᠭᠡᠷᠡᠯ ᠵᠢᠷᠤᠭ ᠢ ᠰᠢᠨᠬᠤᠸᠠ ᠬᠤᠷᠢᠶ᠎ᠠ ᠠᠴᠠ  ᠠᠪᠤᠪᠠ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号