ᠥᠨᠥᠳᠥᠷ︕ ᠭᠠᠯ ᠪᠠᠮᠪᠠᠷ ᠢ ᠬᠥᠯᠥᠨ ᠪᠤᠶᠢᠷ ᠲᠤ ᠳᠠᠮᠵᠢᠭᠤᠯᠵᠠᠢ
ᠨᠡᠶᠢᠲᠡᠯᠡᠭᠰᠡᠨ ᠴᠠᠭ᠄
2024/2/4
     2 ᠰᠠᠷ᠎ᠠ ᠶᠢᠨ 3 ᠤ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠠᠯ ᠪᠠᠮᠪᠠᠷ ᠳᠠᠮᠵᠢᠭᠤᠯᠬᠤ ᠡᠭᠢᠯᠡᠯᠲᠡ ᠶᠢᠨ ᠶᠣᠰᠣᠯᠠᠯ ᠬᠥᠯᠥᠨ ᠪᠤᠶᠢᠷ ᠤᠨ ᠮᠠᠨᠵᠤᠤᠷ ᠬᠤᠲᠠ ᠳᠤ ᠶᠠᠪᠤᠭᠳᠠᠯ᠎ᠠ᠃      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠭᠤᠣᠯ ᠲᠠᠯᠠᠪᠤᠷ ᠪᠠ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠠᠯ ᠪᠠᠮᠪᠠᠷ ᠳᠠᠮᠵᠢᠭᠤᠯᠬᠤ ᠬᠠᠮᠤᠭ ᠤᠨ ᠡᠴᠦᠰ ᠤᠨ ᠥᠷᠲᠡᠭᠡ ᠪᠣᠯᠤᠭᠰᠠᠨ ᠤ ᠬᠤᠪᠢ ᠳᠤ᠂ ᠡᠯ᠎ᠡ ᠠᠵᠢᠯ ᠲᠥᠷᠥᠯ ᠠᠴᠠ ᠢᠷᠡᠭᠰᠡᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠦᠰᠡᠯ ᠵᠡᠭᠦᠳᠦ ᠶᠢ ᠠᠴᠢᠶᠠᠯᠠᠭᠰᠠᠨ 65 ᠭᠠᠯ ᠪᠠᠮᠪᠠᠷᠴᠢᠨ ᠤ ᠵᠢᠱᠢᠭᠳᠡᠭᠴᠢ ᠮᠠᠨᠵᠤᠤᠷ ᠬᠤᠲᠠ ᠠᠴᠠ ᠮᠣᠷᠳᠠᠵᠤ᠂ ᠮᠥᠩᠭᠦᠨ ᠴᠠᠰᠤ ᠪᠠᠷ ᠬᠤᠴᠢᠭᠳᠠᠭᠰᠠᠨ᠂ ᠭᠦᠪᠡᠭᠡ ᠬᠢᠵᠠᠭᠠᠷ ᠦᠭᠡᠢ ᠥᠷᠭᠡᠨ ᠠᠭᠤᠳᠠᠮ᠂ ᠵᠢᠷᠤᠭ ᠮᠡᠲᠦ ᠦᠵᠡᠰᠭᠦᠯᠡᠩ ᠬᠥᠯᠥᠨ ᠪᠤᠶᠢᠷ ᠤᠨ ᠲᠠᠯ᠎ᠠ ᠨᠤᠲᠤᠭ ᠪᠣᠯᠣᠨ ᠴᠤᠭ ᠵᠢᠪᠬᠤᠭ᠎ᠠ ᠪᠠᠳᠠᠷᠠᠩᠭᠤᠢ᠂ ᠪᠣᠯᠪᠠᠰᠤᠨ ᠰᠠᠶᠢᠬᠠᠨ᠂ ᠥᠪᠡᠷᠮᠢᠴᠡ ᠬᠡᠪ ᠨᠠᠮᠪᠠ ᠲᠠᠢ ᠣᠳᠣᠬᠢᠴᠢᠯᠠᠭᠰᠠᠨ ᠬᠤᠲᠠ ᠪᠠᠯᠭᠠᠰᠤ ᠪᠠᠷ ᠥᠩᠭᠡᠷᠡᠵᠦ᠂ ︽ᠴᠠᠰᠤ ᠮᠥᠰᠥᠨ ᠤ ᠣᠷᠭᠢᠯᠤᠮ᠎ᠠ ᠰᠡᠳᠬᠢᠯᠭᠡ ᠶᠢ ᠬᠥᠭᠵᠢᠭᠡᠵᠦ᠂ ᠳᠤᠮᠳᠠᠳᠤ ᠤᠯᠤᠰ ᠤᠨ ᠬᠦᠰᠡᠯ ᠵᠡᠭᠦᠳᠦ ᠶᠢ ᠲᠡᠷᠭᠡᠯᠰᠢᠭᠦᠯᠦᠶ᠎ᠡ︾ ᠭᠡᠬᠦ ᠰᠠᠶᠢᠨ ᠰᠠᠶᠢᠬᠠᠨ ᠠᠶᠠᠰ ᠢ ᠬᠠᠮᠲᠤᠪᠠᠷ ᠬᠥᠭᠵᠢᠮᠳᠡᠵᠦ᠂ ᠪᠦᠭᠦ ᠤᠯᠤᠰ ᠤᠨ ᠠᠷᠠᠳ ᠲᠦᠮᠡᠨ ᠳᠤ ᠲᠠᠯ᠎ᠠ ᠨᠤᠲᠤᠭ ᠤᠨ ᠬᠥᠪᠡᠭᠦᠳ ᠥᠬᠢᠳ ᠤᠨ ︽ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠬᠦᠴᠦ ᠨᠡᠮᠡᠷᠢᠯᠡᠵᠦ᠂ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠤ ᠦᠢᠯᠡᠴᠢᠯᠡᠬᠦ︾ ᠣᠷᠭᠢᠯᠤᠮ᠎ᠠ ᠬᠠᠯᠠᠭᠤᠨ ᠰᠡᠳᠬᠢᠯᠭᠡ ᠶᠢ ᠳᠡᠯᠭᠡᠨ ᠦᠵᠡᠭᠦᠯᠵᠦ᠂ ᠬᠥᠯᠥᠨ ᠪᠤᠶᠢᠷ ᠤᠨ ︽ᠬᠦᠴᠦᠯᠡᠨ ᠲᠡᠮᠡᠴᠡᠵᠦ᠂ ᠬᠥᠭᠡᠭᠡᠵᠦ ᠳᠠᠪᠠᠭ᠋ᠤ︾ ᠴᠣ ᠰᠢᠨ᠎ᠡ ᠳᠦᠷᠰᠦ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃      ᠬᠥᠯᠥᠨ ᠪᠤᠶᠢᠷ ᠬᠤᠲᠠ ᠶᠢᠨ ᠬᠠᠮ ᠵᠠᠭᠤᠴᠢᠯᠠᠭᠤᠷ ᠤᠨ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号