ᠰᠠᠶᠢᠬᠠᠨ ᠲᠣᠭᠤᠷᠢᠭ ᠄  ︽ᠬᠤᠶᠠᠷ ᠪᠠᠶᠠᠷ︾ ᠤᠨ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/5
     ᠰᠠᠶᠢᠬᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠢᠨ ᠠᠵᠢᠯᠲᠠᠨ ᠠᠵᠢᠯᠴᠢᠨ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ᠂ ᠤᠷᠢᠳ ᠬᠤᠵᠢᠳ ᠬᠠᠷᠢᠶ᠎ᠠ ᠣᠷᠣᠨ ᠤ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠥᠪᠥᠷ ᠮᠣᠩᠭᠤᠯ ᠤᠨ ᠵᠥᠩ ᠴᠧ ᠴᠠᠩ ᠠᠶᠠᠨᠴᠢᠳ ᠤᠨ ᠲᠡᠮᠦᠷ ᠵᠠᠮ ᠤᠨ ᠮᠠᠰᠢᠨ ᠲᠡᠷᠭᠡᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠨ ᠬᠤᠸᠠᠨ ᠴᠠᠬᠢᠭᠤᠷ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠤᠣᠯᠳᠠᠯᠭ᠎ᠠ ᠲᠠᠢ ᠲᠣᠯᠣᠭᠠᠶᠢᠯᠠᠭᠴᠢ ᠠᠵᠤ ᠠᠬᠤᠶᠢᠯᠠᠯ᠂ ᠨᠡᠶᠢᠭᠡᠮ ‍ᠦᠨ‌ᠡᠯ᠎ᠡ ᠠᠵᠢᠯ ᠲᠥᠷᠥᠯ ᠤᠨ  ᠬᠢᠨ ᠳᠤ ᠭᠦᠨᠵᠡᠭᠡᠶᠢᠷᠡᠨ ᠲᠣᠬᠤᠨᠢᠭᠤᠯᠵᠤ᠂ ᠥᠷᠭᠡᠨ ᠣᠯᠠᠨ ᠠᠵᠤ ᠦᠢᠯᠡᠰ ᠤᠨ ᠠᠵᠢᠯᠴᠢᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠬᠤᠲᠠ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠭᠡᠷ ᠤᠨ ᠭᠠᠳᠠᠨᠠᠬᠢ ᠬᠥᠳᠡᠯᠮᠦᠷᠢᠴᠢᠨ᠂ ︽ᠬᠥᠬᠡᠬᠤᠲᠠ ᠳᠤ ᠦᠯᠡᠳᠡᠭᠰᠡᠨ ᠣᠶᠤᠲᠠᠨ︾᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠨ᠂ ᠡᠯ᠎ᠡ ᠱᠠᠲᠤᠨ ᠤ ᠬᠥᠳᠡᠯᠮᠦᠷᠢ ᠶᠢᠨ ᠵᠢᠱᠢᠶᠡᠴᠢ᠂ ᠬᠦᠴᠢᠷᠳᠡᠯᠲᠡᠢ ᠠᠵᠢᠯᠲᠠᠨ ᠠᠵᠢᠯᠴᠢᠨ ︵ᠬᠥᠯᠥᠰᠦᠨ ᠠᠵᠢᠯᠴᠢᠨ︶᠂ ᠬᠦᠴᠢᠷᠳᠡᠯᠲᠡᠢ ᠭᠡᠷ ᠲᠡᠭᠡᠨ ᠬᠤᠴᠣᠷᠤᠭᠰᠠᠨ ᠬᠡᠦᠬᠡᠳ ᠵᠡᠷᠭᠡ ᠡᠯ᠎ᠡ ᠲᠥᠷᠥᠯ ᠤᠨ ᠬᠠᠮᠲᠤᠯᠢᠭ ᠲᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠵᠢᠴᠢ ᠠᠵᠢᠯᠴᠢᠨ ᠤ ᠡᠪᠯᠡᠯ ᠤᠨ ᠬᠠᠶᠢᠷ᠎ᠠ ᠬᠠᠯᠠᠮᠵᠢ ᠶᠢ  ᠬᠦᠷᠭᠡᠵᠡᠢ᠃            ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠥᠨᠳᠥᠷ ᠪᠦᠲᠦᠮᠵᠢᠲᠡᠢ ᠪᠠᠷ ᠳᠡᠮᠵᠢᠬᠦ ᠶᠢᠨ ᠲᠥᠯᠥᠭᠡ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ ᠬᠢᠨ ᠠᠵᠢᠯᠲᠠᠨ ᠠᠵᠢᠯᠴᠢᠨ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠲᠣᠬᠤᠨᠢᠭᠤᠯᠬᠤ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠬᠠᠮᠤᠷᠬᠤ ᠬᠡᠪᠴᠢᠶ᠎ᠡ ᠪᠠᠨ ᠥᠷᠭᠡᠳᠬᠡᠵᠦ᠂ ᠯᠣᠣ ᠵᠢᠯ ᠤᠨ ᠴᠠᠭᠠᠨ ᠰᠠᠷ᠎ᠠ ᠪᠣᠯᠬᠤ ᠲᠠᠰᠢᠷᠠᠮ ᠢᠶᠠᠷ᠂ ᠨᠡᠶᠢᠳᠡ 14200 ᠭᠠᠷᠤᠢ ᠠᠵᠢᠯᠲᠠᠨ ᠠᠵᠢᠯᠴᠢᠨ ᠢ ᠲᠣᠬᠤᠨᠢᠭᠤᠯᠵᠤ᠂ ᠬᠠᠮᠤᠷᠬᠤ ᠬᠡᠪᠴᠢᠶ᠎ᠡ ᠪᠠᠨ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠬᠤᠶᠠᠷ ᠲᠠᠬᠢᠨ ᠨᠡᠮᠡᠭᠳᠡᠭᠦᠯᠵᠡᠢ᠃ ᠬᠠᠷᠢᠶᠠᠲᠤ ᠣᠷᠣᠨ ᠤ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠣᠶᠢᠷ᠎ᠠ ᠶᠢᠨ 2 ᠵᠢᠯ ᠳᠤ ᠬᠠᠷᠢᠶᠠᠲᠤ ᠣᠷᠣᠨ ᠤ ︽ᠬᠥᠬᠡᠬᠤᠲᠠ ᠳᠤ ᠦᠯᠡᠳᠡᠭᠰᠡᠨ ᠣᠶᠤᠲᠠᠳ︾ ᠢ 100% ᠪᠠᠷ ᠲᠣᠬᠤᠨᠢᠭᠤᠯᠪᠠ᠃
ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠣᠨ ᠤ ᠺᠣᠮᠫᠠᠨᠢ ᠶᠢ ᠲᠣᠬᠤᠨᠢᠭᠤᠯᠪᠠ
ᠥᠪᠥᠷ ᠮᠣᠩᠭᠤᠯ ᠤᠨ ᠵᠥᠩ ᠴᠧ ᠴᠠᠩ ᠠᠶᠠᠨᠴᠢᠳ ᠤᠨ ᠲᠡᠮᠦᠷ ᠵᠠᠮ ᠤᠨ ᠮᠠᠰᠢᠨ ᠲᠡᠷᠭᠡᠨ ᠤ ᠬᠢᠵᠠᠭᠠᠷᠲᠤ ᠺᠣᠮᠫᠠᠨᠢ ᠶᠢ ᠲᠣᠬᠤᠨᠢᠭᠤᠯᠪᠠ
ᠥᠪᠥᠷ ᠮᠣᠩᠭᠤᠯ ᠤᠨ ᠰᠢᠨ ᠬᠤᠸᠠᠨ ᠴᠠᠬᠢᠭᠤᠷ ᠡᠨᠧᠷᠭᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠲᠣᠬᠤᠨᠢᠭᠤᠯᠪᠠ
ᠶᠤᠸᠠᠢ ᠷᠦᠩ ᡁᠢ ᠱᠧᠩ ᠠᠳᠠᠯ ᠠᠬᠤᠢ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢ ᠲᠣᠬᠤᠨᠢᠭᠤᠯᠪᠠ
ᠪᠠᠷᠢᠯᠭ᠎ᠠ ᠶᠢᠨ ᠭᠠᠵᠠᠷ ᠤᠨ ᠠᠵᠤ ᠦᠢᠯᠡᠰ ᠤᠨ ᠠᠵᠢᠯᠲᠠᠨ ᠠᠵᠢᠯᠴᠢᠨ ᠢ ᠲᠣᠬᠤᠨᠢᠭᠤᠯᠪᠠ
ᠨᠢᠭᠡᠳᠦᠭᠡᠷ ᠹᠷᠣᠨᠲ ᠤᠨ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ᠂ ᠬᠤᠲᠠ ᠶᠢᠨ ᠬᠠᠮᠢᠶᠠᠷᠤᠯᠲᠠ ᠶᠢᠨ ᠠᠵᠢᠯᠴᠢᠳ ᠢ ᠲᠣᠬᠤᠨᠢᠭᠤᠯᠪᠠ
ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠴᠢᠳ ᠢ ᠲᠣᠬᠤᠨᠢᠭᠤᠯᠪᠠ
ᠬᠠᠷᠢᠶ᠎ᠠ ᠣᠷᠣᠨ ᠤ ᠪᠠᠨ ︽ᠬᠥᠬᠡᠬᠤᠲᠠ ᠳᠤ ᠦᠯᠡᠳᠡᠭᠰᠡᠨ ᠣᠶᠤᠲᠠᠨ︾ ᠢ ᠲᠣᠬᠤᠨᠢᠭᠤᠯᠵᠠᠢ
ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠲᠣᠬᠤᠨᠢᠭᠤᠯᠪᠠ
ᠬᠥᠳᠡᠯᠮᠦᠷᠢ ᠶᠢᠨ ᠵᠢᠱᠢᠶᠡᠴᠢ ᠵᠢᠴᠢ ᠬᠦᠴᠢᠷᠳᠡᠯᠲᠡᠢ ᠠᠵᠢᠯᠲᠠᠨ ᠠᠵᠢᠯᠴᠢᠨ ᠤ ᠲᠥᠯᠥᠭᠡᠯᠡᠭᠴᠢ ᠶᠢ ᠲᠣᠬᠤᠨᠢᠭᠤᠯᠪᠠ
ᠬᠦᠴᠢᠷᠳᠡᠯᠲᠡᠢ ᠠᠵᠢᠯᠲᠠᠨ ᠠᠵᠢᠯᠴᠢᠨ ᠢ ᠲᠣᠬᠤᠨᠢᠭᠤᠯᠪᠠ      2024 ᠣᠨ ᠳᠤ᠂ ᠰᠠᠶᠢᠬᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠠᠵᠢᠯᠴᠢᠨ ᠤ ᠡᠪᠯᠡᠯ ᠤᠨ ᠬᠠᠶᠢᠷ᠎ᠠ ᠬᠠᠯᠠᠮᠵᠢ ᠬᠦᠷᠭᠡᠬᠦ ᠠᠵᠢᠯ ᠤᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠠᠵᠢᠯᠲᠠᠨ ᠠᠵᠢᠯᠴᠢᠨ ᠢ ᠤᠬᠠᠭᠤᠯᠤᠨ ᠳᠠᠭᠠᠭᠤᠯᠬᠤ᠂ ᠭᠦᠨᠵᠡᠭᠡᠢ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ᠂ ᠥᠷᠭᠡᠨ ᠢᠶᠠᠷ ᠲᠡᠳᠬᠦᠨ ᠲᠣᠬᠤᠨᠢᠭᠤᠯᠬᠤ᠂ ᠲᠤᠰᠬᠠᠢ ᠵᠦᠢᠯ ᠤᠨ ᠬᠠᠯᠠᠭᠤᠨ ᠳᠤᠯᠠᠭᠠᠨ ᠠᠵᠢᠯᠯᠠᠭ᠎ᠠ ᠠᠪᠬᠤ᠂ ᠡᠷᠬᠡ ᠪᠠᠨ ᠬᠠᠮᠠᠭᠠᠯᠠᠬᠤ ᠦᠢᠯᠡᠴᠢᠯᠡᠭᠡ ᠶᠢ ᠰᠠᠶᠢᠲᠤᠷ ᠬᠢᠬᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠤᠶᠠᠷ ᠪᠠᠶᠠᠷ ᠤᠨ ᠡᠳᠦᠷ ᠤᠨ ᠬᠠᠶᠢᠷ᠎ᠠ ᠬᠠᠯᠠᠮᠵᠢ ᠬᠦᠷᠭᠡᠬᠦ ᠵᠢᠱᠢᠶ᠎ᠡ ᠦᠵᠡᠭᠦᠯᠬᠦ ᠦᠢᠯᠡᠳᠦᠯ ᠢ ᠲᠤᠪᠤᠶᠢᠯᠭᠠᠭᠰᠠᠨ ᠰᠠᠭᠤᠷᠢᠨ ᠳᠡᠭᠡᠷ᠎ᠡ᠂ ᠠᠵᠢᠯᠴᠢᠨ ᠤ ᠡᠪᠯᠡᠯ ᠤᠨ ᠬᠠᠶᠢᠷ᠎ᠠ ᠬᠠᠯᠠᠮᠵᠢ ᠬᠦᠷᠭᠡᠬᠦ ᠴᠠᠭ ᠤᠨ ᠦᠶᠡᠯᠡᠯ ᠤᠨ ᠬᠤᠭᠤᠴᠠᠭ᠎ᠠ ᠶᠢ ᠥᠷᠭᠡᠳᠬᠡᠵᠦ᠂ ᠴᠢᠬᠤᠯᠠ ᠶᠡᠭᠡ ᠪᠠᠶᠠᠷ ᠤᠨ ᠡᠳᠦᠷ ᠲᠤ ᠵᠢᠱᠢᠶ᠎ᠡ ᠦᠵᠡᠭᠦᠯᠬᠦ᠂ ᠣᠨᠴᠠᠭᠠᠢ ᠬᠠᠮᠲᠤᠯᠢᠭ ᠢ ᠬᠠᠪᠰᠤᠷᠤᠨ ᠲᠡᠳᠬᠦᠬᠦ᠂ ᠴᠢᠬᠤᠯᠠ ᠶᠡᠭᠡ ᠠᠵᠢᠯᠯᠠᠭ᠎ᠠ ᠶᠢ ᠲᠣᠬᠤᠨᠢᠭᠤᠯᠬᠤ ᠶᠢ ᠪᠡᠶᠡᠯᠡᠭᠦᠯᠵᠦ᠂ ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠴᠠᠭ ᠲᠤᠬᠠᠢ ᠳᠤᠨᠢ᠂  ᠪᠦᠬᠦ ᠲᠠᠯ᠎ᠠ ᠪᠠᠷ᠂  ᠥᠷᠭᠡᠨ ᠤᠯᠠᠨ ᠠᠵᠢᠯᠲᠠᠨ ᠠᠵᠢᠯᠴᠢᠨ ᠲᠦᠮᠡᠨ ᠤ ᠰᠡᠳᠬᠢᠯ ᠢ ᠳᠤᠯᠠᠭᠠᠴᠠᠭᠤᠯᠵᠠᠢ᠃     ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号