| | 1 ᠰᠠᠷ᠎ᠠ ᠶᠢᠨ 30 ᠤ ᠡᠳᠦᠷ᠂ ᠰᠤᠷᠪᠤᠯᠵᠢᠯᠠᠬᠴᠢ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠯᠠᠨ ᠲᠦᠮᠡᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ | ᠪᠡᠶ᠎ᠡ ᠴᠢᠭᠢᠷᠠᠭᠵᠢᠭᠤᠯᠬᠤ ᠳᠤ ᠳᠦᠭᠦᠮ ᠦᠵᠡᠭᠦᠯᠭᠦ ᠶᠢᠨ ᠲᠥᠯᠥᠭᠡ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ | ᠣᠷᠳᠣᠨ ᠢ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠰᠦᠢᠳᠬᠡᠯ ᠬᠤᠷᠢᠶᠠᠬᠤ ᠦᠭᠡᠢ ᠪᠤᠶᠤ ᠬᠢᠮᠳᠠᠷᠠᠯ | ᠲᠠᠢ ᠪᠠᠷ ᠨᠡᠭᠡᠭᠡᠨ᠎ᠡ᠃ | | | ᠪᠣᠳᠠᠲᠠᠢ ᠲᠣᠬᠢᠷᠠᠭᠤᠯᠤᠯᠲᠠ ᠭᠡᠪᠡᠯ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠣᠷᠳᠣᠨ ᠢ 2 ᠰᠠᠷ᠎ᠠ ᠶᠢᠨ | 9 ᠤ ᠡᠳᠦᠷ ︵ᠪᠢᠲᠡᠭᠦᠨ ᠤ ᠡᠳᠦᠷ︶ ᠤᠨ 9᠄ 00 ︱12᠄ 00᠂ 15᠄ 00 ︱ 17᠄ 00 ᠴᠠᠭ ᠲᠤ ᠬᠡᠪ ᠤᠨ | ᠪᠠᠶᠢᠳᠠᠯ ᠢᠶᠠᠷ ᠨᠡᠭᠡᠭᠡᠨ᠎ᠡ; 2 ᠰᠠᠷ᠎ᠠ ᠶᠢᠨ 10 ᠤ ᠡᠳᠦᠷ ᠠᠴᠠ 12 ᠤᠨ ᠡᠳᠦᠷ ᠪᠤᠯᠳᠠᠯ᠎ᠠ ︵ᠰᠢᠨ᠎ᠡ ᠶᠢᠨ | ᠨᠢᠭᠡᠨ ᠠᠴᠠ ᠰᠢᠨ᠎ᠡ ᠶᠢᠨ ᠭᠤᠷᠪᠠᠨ︶ ᠡᠭᠦᠳᠡ ᠪᠠᠨ ᠬᠠᠭᠠᠨ᠎ᠠ᠃ | | | 2 ᠰᠠᠷ᠎ᠠ ᠶᠢᠨ 13 ᠤ ᠡᠳᠦᠷ ᠠᠴᠠ 15 ᠤ ᠡᠳᠦᠷ ᠪᠤᠯᠲᠠᠯ᠎ᠠ ︵ᠰᠢᠨ᠎ᠡ ᠶᠢᠨ ᠳᠥᠷᠪᠡᠨ ᠠᠴᠠ ᠰᠢᠨ᠎ᠡ ᠶᠢᠨ | ᠵᠢᠷᠭᠤᠭᠠᠨ︶ ᠥᠳᠥᠨ ᠪᠥᠮᠪᠦᠭᠡ᠂ ᠲᠠᠮᠢᠷ ᠤᠨ ᠪᠣᠯᠪᠠᠰᠤᠷᠠᠯ᠂ ᠫᠢᠩᠫᠠᠩ ᠪᠥᠮᠪᠦᠭᠡ᠂ ᠬᠦᠷᠳᠦᠲᠦ ᠲᠡᠰᠢᠯᠲᠡ᠂ ᠭᠡᠷ ᠤᠨ | ᠭᠠᠳᠠᠨᠠᠬᠢ ᠰᠠᠭᠰᠤᠨ ᠪᠥᠮᠪᠦᠭᠡ᠂ ᠭᠡᠷ ᠤᠨ ᠭᠠᠳᠠᠨᠠᠬᠢ ᠬᠥᠯ ᠪᠥᠮᠪᠦᠭᠡ ᠵᠡᠷᠭᠡ ᠬᠥᠳᠡᠯᠭᠡᠭᠡᠨ ᠤ ᠵᠦᠢᠯ ᠠᠴᠠ | ᠰᠦᠢᠳᠬᠡᠯ ᠬᠤᠷᠢᠶᠠᠬᠤ ᠦᠭᠡᠢ᠃ | | | ᠡᠭᠦᠨ ᠠᠴᠠ ᠭᠠᠳᠠᠨ᠎ᠠ᠂ 2 ᠰᠠᠷ᠎ᠠ ᠶᠢᠨ 13 ᠤ ᠡᠳᠦᠷ ᠠᠴᠠ 15 ᠤ ᠡᠳᠦᠷ ᠪᠤᠯᠳᠠᠯ᠎ᠠ ︵ᠰᠢᠨ᠎ᠡ ᠶᠢᠨ | ᠳᠥᠷᠪᠡᠨ ᠠᠴᠠ ᠰᠢᠨ᠎ᠡ ᠶᠢᠨ ᠵᠢᠷᠭᠤᠭᠠᠨ︶ ᠨᠠᠰᠤᠲᠠᠶᠢᠴᠤᠳ ᠲᠤ ᠬᠠᠨᠳᠤᠭᠤᠯᠤᠭᠰᠠᠨ ᠰᠦᠢᠳᠬᠡᠯ ᠬᠤᠷᠢᠶᠠᠬᠤ ᠦᠭᠡᠢ | ᠲᠠᠯᠠᠪᠤᠷ ᠨᠢ B ᠣᠷᠳᠣᠨ ᠤ 14 ~ 16 ᠳ᠋ᠤᠭᠠᠷ ᠲᠠᠯᠠᠪᠤᠷ ︵ᠨᠡᠶᠢᠲᠡ 3 ᠬᠡᠰᠡᠭ︶ ᠪᠣᠯᠣᠨ᠎ᠠ᠃ | | | ᠢᠷᠡᠯᠲᠡ᠄ ᠲᠠᠯ᠎ᠠ ᠨᠤᠲᠤᠭ ᠪᠦᠷᠢᠨ ᠵᠠᠭᠤᠴᠢᠯᠠᠭᠤᠷ | |