ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/2/5
     ᠯᠢ ᠶᠢᠩ ᠴᠤᠸᠠᠨ ᠭᠠᠯ ᠪᠠᠮᠪᠠᠷ ᠢ ᠨᠣᠴᠣᠭᠠᠵᠤ  ᠶᠣᠣ ᠶᠦᠩ ᠪᠦᠸᠧ ᠠᠷᠢᠭᠤᠨ ᠭᠠᠯ ᠤᠨ ᠲᠤᠯᠭ᠎ᠠ ᠶᠢ ᠨᠣᠴᠣᠭᠠᠪᠠ      2 ᠰᠠᠷ᠎ᠠ ᠶᠢᠨ 3 ᠤ ᠡᠳᠦᠷ᠂ 2024 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠬᠥᠯᠥᠨ ᠪᠤᠶᠢᠷ ᠬᠤᠳᠠ ᠳᠤ ᠶᠠᠪᠤᠭᠳᠠᠪᠠ᠃      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠭᠢᠯᠡᠭᠴᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠠᠷᠢᠭᠤᠨ ᠭᠠᠯ ᠤᠨ ᠲᠤᠯᠭ᠎ᠠ ᠶᠢ ᠨᠣᠴᠣᠭᠠᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠳᠡᠳ᠋ ᠡᠷᠭᠢᠯᠡᠭᠴᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠯᠢ ᠶᠢᠩ ᠴᠤᠸᠠᠨ ᠭᠠᠯ ᠪᠠᠮᠪᠠᠷ ᠢ ᠨᠣᠴᠣᠭᠠᠭᠰᠠᠨ ᠪᠥᠭᠡᠳ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠡᠬᠢᠯᠡᠭᠰᠡᠨ ᠢ ᠵᠠᠷᠯᠠᠪᠠ᠃      ᠲᠣᠰ ᠤᠳᠠᠭᠠᠨ ᠤ ᠭᠠᠯ ᠪᠠᠮᠪᠠᠷ ᠳᠠᠮᠵᠢᠭᠤᠯᠬᠤ ᠱᠤᠭᠤᠮ ᠤᠨ ᠪᠦᠭᠦ ᠣᠷᠳᠣ ᠨᠢ 230 ᠺᠢᠯᠣᠮᠧᠲᠷ ᠪᠠᠶᠢᠵᠤ᠂ ᠮᠠᠨᠵᠤᠤᠷ ᠤᠨ ᠤᠯᠤᠰ ᠤᠨ ᠡᠭᠦᠳᠡ ᠪᠠᠷ ᠡᠭᠢᠯᠡᠯᠲᠡ ᠶᠢᠨ ᠴᠡᠭ ᠪᠣᠯᠭᠠᠨ᠂ ᠬᠠᠭᠤᠴᠢᠨ ᠪᠠᠷᠭᠤ ᠬᠤᠰᠢᠭᠤ᠂ ᠬᠠᠶᠢᠯᠠᠷ ᠲᠣᠭᠤᠷᠢᠭ ᠢᠶᠠᠷ ᠥᠩᠭᠡᠷᠡᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠭᠤᠣᠯ ᠲᠠᠯᠠᠪᠠᠶ ᠣᠷᠳᠣᠨ ᠪᠤᠯᠬᠤ ᠥᠪᠥᠷ ᠮᠣᠩᠭᠤᠯ ᠤᠨ ᠮᠥᠰᠥᠨ ᠳᠡᠭᠡᠷᠡᠬᠢ ᠬᠥᠳᠡᠯᠭᠡᠭᠡᠨ ᠤ ᠪᠣᠯᠪᠠᠰᠤᠷᠠᠯ ᠤᠨ ᠲᠥᠪ ᠲᠤ ᠭᠠᠯ ᠬᠤᠷᠢᠶᠠᠬᠤ ᠶᠣᠰᠣᠯᠠᠯ ᠶᠠᠪᠤᠭᠤᠯᠪᠠ᠃ 65 ᠭᠠᠯ ᠪᠠᠮᠪᠠᠷᠴᠢᠨ ᠭᠦᠶᠦᠬᠦ᠂ ᠮᠠᠰᠢᠨ ᠲᠡᠷᠭᠡ ᠪᠠᠷ ᠶᠠᠪᠤᠬᠤ᠂ ᠮᠣᠷᠢ ᠤᠨᠤᠬᠤ ᠪᠤᠶᠤ ᠴᠠᠰᠤᠲᠤ ᠮᠣᠲ᠋ᠣᠷ ᠲᠡᠷᠭᠡ ᠤᠨᠤᠬᠤ ᠵᠡᠷᠭᠡ ᠭᠡᠯᠪᠡᠷᠢ ᠪᠠᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠷᠢᠭᠤᠨ ᠭᠠᠯ ᠢ ᠳᠠᠮᠵᠢᠭᠤᠯᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号