2024 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ ᠨᠡᠶᠢᠲᠡᠯᠡᠵᠦ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠵᠠᠮ ᠱᠤᠭᠤᠮ ᠤᠨ ᠵᠢᠷᠤᠭ︾ ᠢ ᠳᠤᠷᠠᠳᠤᠨ ᠭᠠᠷᠭᠠᠪᠠ
ᠨᠡᠶᠢᠲᠡᠯᠡᠭᠰᠡᠨ ᠴᠠᠭ᠄
2024/2/5
     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠠᠷᠪᠠᠨ ᠬᠤᠶᠠᠳᠤᠭᠠᠷ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠵᠢᠯᠤᠭᠤᠳᠬᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠢ 3 ᠤ ᠡᠳᠦᠷ ᠰᠢᠨᠬᠤᠸᠠ ᠬᠤᠷᠢᠶᠠᠨ ᠤ ᠡᠷᠬᠡ ᠣᠯᠭᠤᠯᠲᠠ ᠪᠠᠷ ᠨᠡᠶᠢᠲᠡᠯᠡᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠬᠤ ︽ᠵᠠᠮ ᠱᠤᠭᠤᠮ ᠤᠨ ᠵᠢᠷᠤᠭ︾ ᠢ ᠳᠤᠷᠠᠳᠴᠠᠢ᠃          ᠡᠨᠡ ᠬᠦ ᠪᠢᠴᠢᠭ ᠮᠠᠲ᠋ᠧᠷᠢᠶᠠᠯ  ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠭᠡᠬᠦ ᠭᠠᠷᠴᠠᠭ ᠲᠠᠢ᠃ ᠪᠦᠭᠦ ᠠᠭᠤᠯᠭ᠎ᠠ ᠨᠢ ᠨᠡᠶᠢᠲᠡ ᠵᠢᠷᠭᠤᠭᠠᠨ ᠬᠡᠰᠡᠭ ᠢᠶᠠᠷ ᠪᠦᠷᠢᠯᠳᠦᠵᠡᠢ᠂ ᠡᠭᠦᠨ ᠳᠤ᠄ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠡᠪᠴᠢᠶᠡᠵᠢᠭᠰᠡᠨ ᠴᠢᠨᠠᠷᠲᠠᠢ ᠳᠠᠭᠢᠨ ᠶᠠᠳᠠᠭᠤᠷᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠠᠮ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ ᠭᠡᠬᠦ ᠵᠡᠷᠭᠡ ᠠᠭᠤᠯᠭ᠎ᠠ ᠶᠢ ᠪᠠᠭᠲᠠᠭᠠᠵᠠᠢ᠃            ᠪᠢᠴᠢᠭ ᠮᠠᠲ᠋ᠧᠷᠢᠶᠠᠯ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠬᠥᠳᠡᠭᠡ ᠠᠵᠤ ᠠᠬᠤᠢ ᠶᠢᠨ ᠰᠠᠭᠤᠷᠢ ᠶᠢ ᠴᠥᠬᠦᠷᠡᠰᠢ ᠦᠭᠡᠢ ᠪᠠᠲᠤᠳᠬᠠᠵᠤ᠂ ᠬᠥᠳᠡᠭᠡ ᠲᠣᠰᠬᠤᠨ ᠤ ᠪᠦᠭᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠬᠤ ᠬᠡᠷᠡᠭᠲᠡᠢ᠃ ︽ᠮᠢᠩᠭᠠᠨ ᠲᠦᠮᠡᠨ ᠢᠨᠵᠧᠨᠧᠷᠢᠩ︾ ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠣᠶᠢᠯᠠᠭᠠᠭᠳᠠᠬᠤᠨ᠂ ᠠᠵᠢᠯ ᠤᠨ ᠠᠷᠭ᠎ᠠ ᠪᠣᠯᠣᠨ ᠠᠬᠢᠭᠤᠯᠬᠤ ᠲᠣᠭᠲᠠᠴᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠰᠢᠨ᠎ᠡ ᠴᠠᠭ ᠦᠶ᠎ᠡ ᠶᠢᠨ ᠰᠢᠨ᠎ᠡ ᠠᠶᠠᠨ ᠵᠠᠮ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠶᠡᠷᠦᠩᠬᠡᠢ ᠭᠠᠷᠳᠠᠴᠠ ᠪᠤᠯᠭᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠬᠡᠷᠡᠭᠵᠢᠭᠦᠯᠵᠦ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠨ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠤᠯᠠᠨ ᠲᠦᠮᠡᠨ ᠳᠤ ᠮᠡᠳᠡᠷᠡᠭᠳᠡᠵᠦ ᠪᠤᠯᠬᠤ ᠪᠣᠳᠠᠲᠤ ᠶᠠᠪᠤᠳᠠᠯ ᠢ ᠪᠦᠲᠦᠭᠡᠬᠦ ᠶᠢ ᠰᠠᠶᠢᠲᠤᠷ ᠠᠳᠬᠤᠨ᠂ ᠳᠠᠰᠤᠷᠠᠯᠳᠠ ᠦᠭᠡᠢ ᠮᠥᠨ ᠴᠢᠨᠠᠷ ᠤᠨ ᠠᠬᠢᠯᠲᠠ᠂ ᠱᠠᠲᠤᠴᠢ ᠴᠢᠨᠠᠷᠲᠠᠢ ᠦᠷ᠎ᠡ ᠪᠦᠲᠦᠭᠡᠯ ᠣᠯᠬᠤ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃          ᠪᠢᠴᠢᠭ ᠮᠠᠲ᠋ᠧᠷᠢᠶᠠᠯ ᠳᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠬᠡᠪᠴᠢᠶᠡᠵᠢᠭᠰᠡᠨ ᠴᠢᠨᠠᠷᠲᠠᠢ ᠳᠠᠭᠢᠨ ᠶᠠᠳᠠᠭᠤᠷᠠᠯ ᠡᠭᠦᠰᠬᠦ ᠦᠭᠡᠢ ᠪᠠᠶᠢᠬᠤ ᠶᠢ ᠪᠠᠲᠤᠯᠠᠬᠤ ᠪᠠᠷ ᠰᠠᠭᠤᠷᠢ ᠱᠤᠭᠤᠮ ᠪᠤᠯᠭᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯᠣᠨ ᠥᠭᠡᠷᠡᠴᠢᠯᠡᠯᠲᠡ ᠶᠢᠨ ᠬᠤᠣᠰ ᠬᠦᠷᠳᠦ ᠪᠠᠷ ᠬᠥᠳᠡᠯᠭᠡᠭᠦᠷ ᠪᠤᠯᠭᠠᠬᠤ ᠶᠢ ᠴᠢᠩᠭᠠᠳᠬᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠣᠷᠣᠰᠢᠨ ᠰᠠᠭᠤᠵᠤ ᠦᠢᠯᠡᠰ ᠪᠣᠰᠬᠠᠬᠤ ᠳᠤ ᠲᠣᠬᠢᠷᠠᠮᠵᠢᠲᠠᠢ ᠡᠶ᠎ᠡ ᠵᠣᠬᠢᠴᠠᠯᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠵᠢᠷᠤᠭᠯᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠳᠤᠷᠠᠳᠴᠠᠢ᠃            ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠲᠣᠭᠲᠠᠭᠠᠵᠤ᠂ 2024 ᠣᠨ ᠤ ᠭᠤᠣᠯᠳᠠᠯᠭ᠎ᠠ ᠲᠠᠢ ᠠᠵᠢᠯ ᠢ ᠦᠨᠡᠨᠬᠦ ᠠᠳᠬᠤᠨ ᠪᠣᠳᠠᠲᠠᠢ ᠬᠢᠵᠦ ᠰᠠᠶᠢᠲᠤᠷ ᠬᠢᠵᠦ᠂ ᠲᠣᠭᠲᠠᠭᠰᠠᠨ ᠬᠠᠷᠠᠯᠲᠠ ᠡᠭᠦᠷᠭᠡ ᠪᠠᠨ ᠲᠡᠷᠡ ᠶᠣᠰᠣᠭᠠᠷ ᠨᠢ ᠰᠠᠶᠢᠲᠤᠷ ᠪᠡᠶᠡᠯᠡᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠲᠠᠰᠤᠷᠠᠯᠳᠡ ᠦᠭᠡᠢ ᠰᠢᠨ᠎ᠡ ᠠᠬᠢᠴᠠ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号