| | 2024 ᠣᠨ ᠤ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠬᠥᠬᠡᠬᠤᠲᠠ ᠶᠢᠨ ᠬᠤᠪᠢᠶᠠᠷᠢ | ᠲᠠᠯᠠᠪᠠᠶ ᠶᠢᠨ ᠠᠵᠢᠯᠯᠠᠭ᠎ᠠ ᠰᠠᠶᠢᠬᠠᠨ ᠲᠣᠭᠤᠷᠢᠭ ᠤᠨ ᠶᠦᠩ ᠲᠠᠢ ᠨᠡᠶᠢᠭᠡᠮ ᠲᠣᠭᠤᠷᠢᠭ ᠲᠤ ᠡᠬᠢᠯᠡᠪᠡ᠃ | | | | | | ᠲᠣᠰ ᠤᠳᠠᠭᠠᠨ ᠤ ᠠᠵᠢᠯᠯᠠᠭ᠎ᠠ ᠨᠢ ᠳᠥᠷᠪᠡᠨ ᠡᠳᠦᠷ ᠶᠠᠪᠤᠭᠳᠠᠵᠤ᠂ ᠲᠤᠬᠠᠢ ᠶᠢᠨ ᠲᠠᠯᠠᠪᠤᠷ ᠤᠨ ᠳᠡᠯᠭᠡᠴᠡ ᠶᠢᠨ | ᠡᠮᠦᠨ᠎ᠡ ᠡᠯ᠎ᠡ ᠵᠦᠢᠯ ᠤᠨ ᠴᠠᠭᠠᠨ ᠰᠠᠷ᠎ᠠ ᠶᠢᠨ ᠪᠠᠷᠠᠭ᠎ᠠ ᠲᠠᠸᠠᠷ ᠵᠢᠴᠢ ᠥᠪᠡᠷᠮᠢᠴᠡ ᠣᠨᠴᠠᠯᠢᠭ ᠲᠠᠢ ᠪᠣᠳᠠᠰ ᠤᠨ ᠪᠤᠰᠤ | ᠰᠣᠶᠣᠯ ᠤᠨ ᠪᠦᠲᠦᠭᠡᠭᠳᠡᠬᠦᠨ ᠢ ᠳᠡᠯᠭᠡᠵᠦ᠂ ᠲᠤᠬᠠᠢ ᠶᠢᠨ ᠲᠠᠯᠠᠪᠤᠷ ᠲᠤ ᠡᠯ᠎ᠡ ᠵᠦᠢᠯ ᠤᠨ ᠪᠠᠶᠠᠯᠢᠭ ᠰᠠᠶᠢᠬᠠᠨ | ᠲᠣᠭᠯᠠᠯᠲᠠ ᠪᠠ ᠬᠠᠷᠢᠯᠴᠠᠨ ᠦᠢᠯᠡᠳᠦᠯᠴᠡᠬᠦ ᠲᠣᠭᠯᠠᠭᠠᠮ ᠤᠳ ᠪᠠᠶᠢᠵᠤ᠂ ᠬᠤᠲᠠ ᠶᠢᠨ ᠠᠷᠠᠳ ᠤᠨ ᠪᠠᠭ᠋ᠠᠷᠬᠠᠯ ᠢ | ᠲᠠᠲᠠᠵᠠᠢ᠃ | | ︽ᠴᠠᠭᠠᠨ ᠰᠠᠷ᠎ᠠ ᠶᠢᠨ ᠪᠠᠷᠠᠭᠠᠨ ᠤ ᠪᠠᠶᠠᠷ ᠢ ᠭᠡᠷ ᠤᠨ ᠡᠭᠦᠳᠡᠨ ᠳᠤ ᠬᠢᠵᠦ ᠪᠠᠶᠢᠭ᠎ᠠ ᠨᠢ ᠪᠢᠳᠡᠨ ᠳᠤ ᠳᠥᠭᠦᠮ | ᠦᠵᠡᠭᠦᠯᠵᠡᠢ᠂ ᠴᠠᠭᠠᠨ ᠰᠠᠷ᠎ᠠ ᠶᠢᠨ ᠪᠠᠷᠠᠭ᠎ᠠ ᠶᠢ ᠬᠤᠳᠠᠯᠳᠤᠨ ᠠᠪᠬᠤ ᠦᠶ᠎ᠡ ᠳᠤ ᠳᠤᠮᠳᠠᠳᠤ ᠶᠢᠨ | ᠤᠯᠠᠮᠵᠢᠯᠠᠯᠲᠤ ᠰᠣᠶᠣᠯ ᠢ ᠣᠶᠢᠯᠠᠭᠠᠵᠤ᠂ ᠡᠨᠡ ᠤᠳᠠᠭᠠᠨ ᠤ ᠠᠵᠢᠯᠯᠠᠭ᠎ᠠ ᠮᠠᠰᠢ ᠰᠠᠶᠢᠨ ᠶᠠᠪᠤᠭᠳᠠᠵᠤ ᠪᠠᠶᠢᠨ᠎ᠠ︾ | ᠭᠡᠵᠦ ᠰᠦᠨ ᠠᠨᠢᠶ᠎ᠠ ᠲᠠᠸᠠᠷ ᠰᠣᠩᠭᠤᠬᠤ ᠶᠢᠨ ᠳᠠᠭᠠᠤ ᠰᠤᠷᠪᠤᠯᠵᠢᠯᠠᠭᠴᠢ ᠳᠤ ᠬᠡᠯᠡᠪᠡ᠃ | | | | | | ᠲᠣᠰ ᠤᠳᠠᠭᠠᠨ ᠤ ᠳᠡᠯᠭᠡᠨ ᠪᠣᠷᠣᠯᠠᠭᠤᠯᠤᠯᠲᠠ ᠶᠢᠨ ᠨᠢᠭᠡ ᠶᠡᠭᠡ ᠬᠢᠯᠠᠰ ᠴᠡᠭ ᠪᠣᠯ᠂ ᠪᠢᠴᠢᠬᠠᠨ ᠨᠠᠶᠢᠵᠠ ᠪᠠᠶᠠᠷ | ᠬᠥᠷ ᠲᠠᠢ ᠰᠢᠨ᠎ᠡ ᠵᠢᠯ ᠤᠨ ᠠᠭᠤᠷ ᠠᠮᠢᠰᠬᠤᠯ ᠳᠤ ᠰᠣᠭᠲᠣᠭᠤᠷᠠᠭᠤᠯᠤᠭᠰᠠᠨ᠃ ᠲᠤᠬᠠᠢ ᠶᠢᠨ ᠲᠠᠯᠠᠪᠤᠷ ᠲᠤ᠂ | ᠭᠤᠣᠯᠯᠠᠨ ᠡᠷᠭᠢᠯᠡᠭᠰᠡᠨ ᠲᠠᠯ᠎ᠠ ᠰᠡᠳᠦᠪ ᠬᠠᠷᠢᠭᠤᠯᠵᠤ ᠱᠠᠩᠨᠠᠯ ᠰᠤᠭᠤᠯᠬᠤ ᠪᠠ ᠲᠣᠭᠯᠠᠭᠠᠮ ᠤᠨ ᠵᠢᠵᠢᠭ ᠭᠤᠭᠴᠤᠭ᠎ᠠ | ᠲᠣᠬᠢᠷᠠᠭᠤᠯᠵᠤ ᠥᠭᠭᠦᠭᠰᠡᠨ ᠪᠠᠶᠢᠨ᠎ᠠ᠃ ᠬᠡᠦᠬᠡᠳ ᠶᠢᠨ ᠪᠠᠶᠠᠷ ᠪᠠᠶᠠᠰᠬᠤᠯᠠᠩᠲᠤ ᠢᠨᠢᠶᠡᠳᠦ ᠶᠢᠨ ᠳᠠᠭᠤᠨ ᠪᠠ | ᠭᠤᠶᠢᠳᠠ ᠰᠠᠶᠢᠬᠠᠨ ᠫᠷᠣᠭ᠍ᠷᠠᠮ ᠠᠴᠠ ᠮᠠᠨ ᠤ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠪᠠ | ᠤᠷᠠᠯᠢᠭ ᠢ ᠲᠠᠨᠢᠨ ᠣᠶᠢᠯᠠᠭᠠᠵᠤ᠂ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠪᠠ ᠪᠣᠳᠠᠰ ᠤᠨ ᠪᠤᠰᠤ | ᠰᠣᠶᠣᠯ ᠤᠨ ᠥᠪ ᠤᠨ ᠲᠦᠷᠦᠯ ᠵᠦᠢᠯ ᠤᠨ ᠲᠤᠬᠠᠢ ᠬᠡᠦᠬᠡᠳ ᠤᠨ ᠲᠠᠨᠢᠯᠲᠠ ᠶᠢ ᠳᠡᠭᠡᠭᠰᠢᠯᠡᠭᠦᠯᠦᠭᠰᠡᠨ ᠪᠠᠶᠢᠨ᠎ᠠ᠃ | | ᠲᠣᠰ ᠤᠳᠠᠭᠠᠨ ᠤ ᠳᠡᠯᠭᠡᠨ ᠪᠣᠷᠣᠯᠠᠭᠤᠯᠤᠯᠲᠠ ᠶᠢᠨ ᠴᠤᠭᠯᠠᠭᠠᠨ᠂ ᠭᠤᠶᠢᠳᠠ ᠰᠠᠶᠢᠬᠠᠨ ᠲᠣᠭᠯᠠᠯᠲᠠ ᠨᠢ | ᠰᠠᠭᠤᠭᠠᠯᠢ ᠠᠷᠠᠳ ᠤᠨ ᠲᠠᠭᠠᠰᠢᠶᠠᠯ ᠢ ᠣᠯᠣᠭᠰᠠᠨ ᠢᠶᠠᠷ ᠪᠠᠷᠠᠬᠤ ᠦᠭᠡᠢ᠂ ᠪᠣᠳᠠᠰ ᠤᠨ ᠪᠤᠰᠤ ᠰᠣᠶᠣᠯ ᠤᠨ | ᠥᠪ ᠤᠨ ᠤᠷ᠎ᠠ ᠮᠡᠷᠭᠡᠵᠢᠯ ᠢᠶᠠᠷ ᠦᠢᠯᠡᠳᠦᠭᠰᠡᠨ ᠵᠢᠮᠢᠰ ᠤᠨ ᠬᠠᠯᠢᠰᠤ᠂ ᠰᠢᠭᠦᠰᠦᠯᠡᠭᠰᠡᠨ ᠤᠰᠤᠨ ᠤ ᠳ᠋ᠧᠦᠹᠦ᠋᠂ | ᠨᠠᠢᠮᠠᠨ ᠲᠣᠮᠣ ᠠᠶᠠᠭ᠎ᠠ᠂ ᠪᠤᠳᠠᠭᠠᠨ ᠼᠤᠤ᠂ ᠬᠤᠸᠠ ᠽᠢ ᠵᠢᠭᠠᠰᠤ ᠵᠡᠷᠭᠡ ᠦᠢᠯᠡᠳᠬᠦᠨ ᠨᠢ ᠰᠠᠭᠤᠭᠠᠯᠢ ᠠᠷᠠᠳ ᠤᠨ | ᠲᠠᠭᠠᠰᠢᠶᠠᠯ ᠢ ᠣᠯᠵᠤ᠂ ᠬᠠᠮᠲᠤ ᠶᠢᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ | | | | | | | ᠲᠤᠰ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠢᠶᠠᠷ | ᠳᠠᠮᠵᠢᠭᠤᠯᠤᠨ᠂ ᠬᠠᠷᠢᠶ᠎ᠠ ᠣᠷᠣᠨ ᠤ ᠰᠠᠭᠤᠭᠠᠯᠢ ᠠᠷᠠᠳ ᠳᠥᠭᠦᠮ ᠳᠥᠲᠡ ᠪᠠ ᠪᠠᠶᠠᠷ ᠪᠠᠶᠠᠰᠤᠯ ᠢ ᠡᠳ᠋ᠯᠡᠨ | ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠨᠡᠩ ᠭᠦᠨᠵᠡᠭᠡᠢ ᠣᠶᠢᠯᠠᠭᠠᠵᠤ ᠮᠡᠳᠡᠭᠰᠡᠨ ᠪᠠᠶᠢᠨ᠎ᠠ᠃ | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |