ᠤᠷᠠᠨ ᠬᠡᠯᠪᠡᠷᠢ ᠶᠢᠨ ᠬᠥᠳᠡᠯᠭᠡᠭᠡᠨ ᠢᠶᠠᠷ ᠰᠢᠨ᠎ᠡ ᠵᠢᠯ ᠢ ᠤᠭᠲᠤᠨ᠎ᠠ
ᠨᠡᠶᠢᠲᠡᠯᠡᠭᠰᠡᠨ ᠴᠠᠭ᠄
2024/2/6
     ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠠᠵᠢᠯ ᠤᠨ ᠴᠢᠯᠦᠭᠡᠨ ᠤ ᠠᠮᠢᠳᠤᠷᠠᠯ ᠢ ᠪᠠᠶᠠᠯᠢᠭᠵᠢᠭᠤᠯᠵᠤ᠂  ᠬᠥᠭᠵᠢᠶᠡᠨ ᠲᠠᠢ᠂ ᠪᠣᠯᠪᠠᠰᠤᠨ ᠨᠠᠶᠢᠷᠠᠮᠳᠠᠭᠤ ᠴᠠᠭᠠᠨ ᠰᠠᠷ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ ᠂ ᠣᠶᠢᠷ᠎ᠠ ᠳᠤ᠂ ᠵᠣᠣ ᠤᠳᠠ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠬᠥᠬᠡᠬᠤᠲᠠ ᠶᠢᠨ ᠶᠠᠩ ᠭᠤᠸᠠᠩ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ︽ ᠤᠷᠠᠨ ᠬᠡᠯᠪᠡᠷᠢ ᠶᠢᠨ ᠬᠥᠳᠡᠯᠭᠡᠭᠡᠨ ᠢᠶᠠᠷ ᠰᠢᠨ᠎ᠡ ᠵᠢᠯ ᠢ ᠤᠭᠲᠤᠨ᠎ᠠ  ︾ ᠭᠡᠬᠦ ᠭᠤᠣᠯ ᠰᠡᠳᠦᠪᠲᠦ ᠴᠠᠭᠠᠨ ᠰᠠᠷ᠎ᠠ ᠶᠢᠨ ᠨᠠᠶᠢᠷ ᠤᠨ ᠠᠵᠢᠯᠯᠠᠭ᠎ᠠ ᠶᠢ ᠥᠷᠨᠢᠭᠦᠯᠪᠡ᠃
      ᠲᠤᠬᠠᠢ ᠶᠢᠨ ᠲᠠᠯᠠᠪᠠᠢ ᠳᠤ  ᠂ ᠨᠡᠶᠢᠭᠡᠮ ᠲᠣᠭᠤᠷᠢᠭ ᠤᠨ ᠠᠵᠢᠯᠲᠠᠳ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠲᠡᠰᠪᠦᠷᠢ ᠲᠡᠪᠴᠢᠶᠡᠷᠢ ᠪᠠ ᠤᠶᠤᠨ ᠲᠠᠷᠢᠬᠢ ᠪᠠᠨ ᠰᠢᠪᠬᠠᠬᠤ ᠤᠶᠤᠨ ᠤᠬᠠᠭᠠᠨ ᠳᠤ ᠲᠤᠰᠠᠲᠠᠢ ᠬᠠᠮᠲᠤᠷᠠᠯᠴᠠᠭᠠᠨ ᠤ ᠵᠢᠵᠢᠭ ᠲᠣᠭᠯᠠᠭᠠᠮ ᠥᠷᠨᠢᠭᠦᠯᠵᠦ᠂  ᠤᠶᠤᠨ ᠤᠬᠠᠭᠠᠨ ᠳᠤ ᠲᠤᠰᠠᠲᠠᠢ  ᠲᠣᠭᠯᠠᠭᠠᠮ ᠤᠨ ᠳᠤᠮᠳᠠ ᠶᠡᠭᠡ ᠲᠠᠷᠢᠬᠢᠨ ᠤ ᠰᠣᠷᠭᠤᠭ ᠢ ᠨᠢ ᠪᠣᠯᠪᠠᠰᠤᠷᠠᠭᠤᠯᠵᠤ᠂ ᠴᠡᠭᠡᠵᠢᠯᠡᠬᠦ ᠴᠢᠳᠠᠪᠤᠷᠢ ᠶᠢᠨ ᠮᠠᠭᠤᠳᠠᠯ ᠢ ᠨᠢ ᠨᠠᠮᠳᠠᠭᠤᠯᠵᠠᠢ᠃ ᠨᠠᠰᠤᠲᠠᠨ ᠨᠢᠭᠡᠪᠦᠷᠢ ᠥᠪᠡᠷ ᠤᠨ ᠭᠠᠷ ᠢᠶᠠᠷ ᠢᠶᠠᠨ ᠴᠠᠭᠠᠰᠤᠨ ᠬᠠᠶᠢᠴᠢᠯᠠᠮᠠᠯ ᠢ ᠲᠤᠷᠰᠢᠵᠤ᠂ ᠬᠠᠶᠢᠴᠢ ᠪᠠ ᠤᠯᠠᠭᠠᠨ ᠴᠠᠭᠠᠰᠤ ᠪᠠᠷ ᠡᠯ᠎ᠡ ᠵᠦᠢᠯ ᠤᠨ ᠰᠠᠶᠢᠨ ᠰᠠᠶᠢᠬᠠᠨ ᠥᠯᠵᠡᠢ ᠪᠡᠯᠭᠡ ᠲᠠᠢ ᠵᠢᠷᠤᠭ ᠳᠦᠷᠰᠦ ᠶᠢ ᠬᠠᠶᠢᠴᠢᠯᠠᠵᠤ᠂  ᠪᠦᠭᠦᠳᠡᠭᠡᠷ ᠬᠠᠷᠢᠯᠴᠠᠨ ᠰᠣᠯᠢᠯᠴᠠᠵᠤ᠂ ᠣᠯᠣᠯᠲᠠ ᠲᠥᠷᠥᠭᠳᠡᠯ ᠢᠶᠠᠨ ᠬᠤᠪᠢᠶᠠᠯᠴᠠᠵᠤ᠂ ᠪᠠᠶᠠᠷ ᠬᠥᠷ ᠲᠠᠢ᠂ ᠡᠶ᠎ᠡ ᠨᠠᠶᠢᠷᠲᠠᠢ ᠠᠭᠤᠷ ᠠᠮᠢᠰᠬᠤᠯ ᠤᠨ ᠳᠤᠮᠳᠠ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠭᠳᠡᠭᠦᠯᠦᠨ᠎ᠡ᠃
     ᠲᠣᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ  ᠪᠠᠶᠠᠯᠢᠭᠵᠢᠭᠤᠯᠵᠤ᠂ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢᠨ ᠡᠶ᠎ᠡ ᠨᠠᠶᠢᠷᠲᠠᠢ ᠪᠠᠶᠢᠬᠤ ᠶᠢ ᠠᠬᠢᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠢᠶ᠎ᠠ ᠲᠣᠭᠤᠷᠢᠭ ᠤᠨ ᠨᠠᠰᠤᠲᠠᠶᠢᠴᠤᠳ ᠲᠤ ᠨᠡᠩ ᠰᠠᠶᠢᠬᠠᠨ᠂ ᠳᠣᠲᠣᠨᠣ ᠦᠢᠯᠡᠴᠢᠯᠡᠭᠡ ᠶᠢ ᠬᠦᠷᠲᠡᠭᠡᠵᠦ᠂ ᠨᠠᠰᠤᠲᠠᠶᠢᠴᠤᠳ ᠤᠨ ᠬᠠᠷᠢᠶᠠᠯᠠᠭᠳᠠᠬᠤ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号