ᠪᠢᠷ ᠪᠡᠬᠡᠰ ᠢᠶᠠᠷ ᠪᠢᠯᠬᠠᠵᠦ ᠴᠠᠭᠠᠨ ᠰᠠᠷ᠎ᠠ ᠶᠢ ᠤᠭᠳᠤᠪᠠ
ᠨᠡᠶᠢᠲᠡᠯᠡᠭᠰᠡᠨ ᠴᠠᠭ᠄
2024/2/6
       ᠪᠠᠶᠠᠷ ᠬᠦᠷ ᠲᠠᠢ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠂ ᠰᠠᠶᠢᠬᠠᠨ ᠲᠣᠭᠤᠷᠢᠭ ᠤᠨ ᠡᠯ᠎ᠡ ᠭᠠᠵᠠᠷ ᠣᠷᠣᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠡᠨᠡᠬᠦ ᠭᠤᠣᠯ ᠰᠢᠵᠢᠮ ᠤᠨ ᠲᠣᠭᠤᠷᠢᠨ ᠳᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠤᠯᠠᠨ ᠶᠠᠩᠵᠤ ᠶᠢᠨ ᠤᠯᠠᠮᠵᠢᠯᠠᠯᠲᠤ ᠰᠣᠶᠣᠯ ᠤᠨ ᠠᠵᠢᠯᠯᠠᠭ᠎ᠠ ᠶᠢ ᠵᠠᠯᠭᠠᠭ᠎ᠠ ᠪᠠᠷ  ᠦᠷᠨᠢᠭᠦᠯᠪᠠ᠃
ᠵᠤᠤ ᠤᠳᠠ ᠶᠢᠨ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠵᠢᠨᠴᠢᠶᠣᠣ ᠨᠡᠶᠢᠭᠡᠮ ᠲᠣᠭᠤᠷᠢᠭ          ᠵᠤᠤ ᠤᠳᠠ ᠶᠢᠨ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠵᠢᠨᠴᠢᠶᠣᠣ ᠨᠡᠶᠢᠭᠡᠮ ᠲᠣᠭᠤᠷᠢᠭ ᠤᠨ ᠤᠷᠠᠨ ᠪᠢᠴᠢᠯᠭᠡ ᠳᠤ ᠪᠠᠭ᠋ᠠᠲᠠᠢ ᠬᠥᠮᠥᠰ ᠪᠢᠷ ᠪᠡᠭᠡ ᠪᠠᠨ ᠬᠤᠷᠤᠶᠢᠯᠠᠨ ᠰᠠᠭᠤᠭᠠᠯᠢ ᠠᠷᠠᠳ ᠲᠤ ᠬᠤᠣᠰ ᠤᠶᠠᠩᠭ᠎ᠠ ᠪᠢᠴᠢᠵᠦ᠂ ᠴᠠᠭᠠᠰᠤᠨ ᠬᠠᠶᠢᠴᠢᠯᠠᠮᠠᠯ ᠳᠤ ᠪᠠᠭ᠋ᠠᠲᠠᠢ ᠬᠥᠮᠥᠰ ᠬᠠᠶᠢᠴᠢ ᠪᠠᠨ ᠤᠷᠠᠨ ᠢᠶᠠᠷ ᠬᠡᠷᠡᠭᠯᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠪᠠᠶᠠᠷ ᠬᠦᠷᠭᠡᠵᠦ᠂ ᠰᠢᠨ᠎ᠡ ᠵᠢᠯ ᠤᠨ ᠦᠨᠦᠷ ᠠᠮᠲᠠ ᠶᠢ ᠤᠯᠠᠨ ᠤ ᠳᠡᠷᠭᠡᠳᠡ ᠠᠪᠴᠢᠷᠠᠨ ᠢᠷᠦᠭᠡᠯ ᠵᠥᠩᠨᠡᠯ ᠢ ᠤᠯᠠᠨ ᠤ ᠭᠠᠷ ᠲᠤ ᠬᠦᠷᠭᠡᠵᠡᠢ᠃
ᠴᠡᠯᠡᠭᠡᠷ ᠲᠠᠯ᠎ᠠ ᠵᠠᠮ ᠤᠨ ᠵᠡᠭᠡᠯᠢ ᠭᠤᠳᠤᠮᠵᠢ          ᠴᠡᠯᠡᠭᠡᠷ ᠲᠠᠯ᠎ᠠ ᠵᠠᠮ ᠤᠨ ᠵᠡᠭᠡᠯᠢ ᠭᠤᠳᠤᠮᠵᠢ ᠶᠢᠨ ᠬᠢᠨ ᠲᠤᠰᠬᠠᠢ ᠮᠡᠷᠭᠡᠵᠢᠯ ᠤᠨ ᠪᠠᠭᠰᠢ ᠶᠢ ᠣᠨᠴᠠᠭᠠᠶᠢᠯᠠᠨ ᠤᠷᠢᠵᠤ ᠬᠠᠷᠢᠶ᠎ᠠ ᠣᠷᠣᠨ ᠤ ᠪᠠᠨ ᠡᠯ᠎ᠡ ᠦᠨᠳᠦᠰᠦᠲᠡᠨ ᠤ ᠪᠠᠭᠠᠴᠤᠳ ᠬᠡᠦᠬᠡᠳ ᠲᠤ ᠤᠷᠠᠨ ᠪᠢᠴᠢᠯᠭᠡ ᠪᠣᠯᠪᠠᠰᠤᠷᠠᠬᠤ ᠣᠯᠣᠯᠲᠠ ᠲᠥᠷᠥᠭᠳᠡᠯ ᠢᠶᠠᠨ ᠬᠤᠪᠢᠶᠠᠯᠴᠠᠭᠤᠯᠵᠤ᠂ ᠪᠡᠭᠡ ᠳᠤᠰᠤᠭᠠᠵᠤ ᠵᠢᠷᠤᠬᠤ ᠶᠢᠨ ᠬᠤᠭᠤᠷᠣᠨᠳᠤ ᠰᠢᠨ᠎ᠡ ᠵᠢᠯ ᠤᠨ ᠠᠭᠤᠷ ᠠᠮᠢᠰᠬᠤᠯ ᠪᠣᠯᠣᠨ ᠤᠷᠠᠨ ᠪᠢᠴᠢᠯᠭᠡ ᠶᠢᠨ ᠤᠷᠠᠯᠢᠭ ᠤᠨ ᠥᠪᠡᠷᠮᠢᠴᠡ ᠷᠢᠳᠢ ᠰᠢᠳᠢ ᠪᠣᠯᠤᠭᠰᠠᠨ ᠪᠠᠶᠢᠨ᠎ᠠ᠃
ᠵᠤᠤ ᠤᠳᠠ ᠶᠢᠨ ᠡᠮᠦᠨ᠎ᠡ ᠵᠠᠮ ᠤᠨ ᠵᠡᠭᠡᠯᠢ ᠭᠤᠳᠤᠮᠵᠢ         ᠵᠤᠤ ᠤᠳᠠ ᠶᠢᠨ ᠡᠮᠦᠨ᠎ᠡ ᠵᠠᠮ ᠤᠨ ᠵᠡᠭᠡᠯᠢ ᠭᠤᠳᠤᠮᠵᠢ ᠳᠤ᠂ ᠤᠷᠠᠨ ᠪᠢᠴᠢᠯᠭᠡ ᠶᠢᠨ ᠪᠠᠭᠰᠢ ᠨᠠᠷ ᠲᠤᠬᠠᠢ ᠶᠢᠨ ᠲᠠᠯᠠᠪᠠᠢ ᠳᠤ ᠪᠢᠷ ᠪᠡᠬᠡᠰ ᠢᠶᠠᠨ ᠬᠤᠷᠤᠶᠢᠯᠵᠠᠭᠤᠯᠵᠤ᠂ ᠰᠢᠨ᠎ᠡ ᠵᠢᠯ ᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢᠶᠠᠨ ᠪᠢᠷ ᠪᠡᠬᠡᠰ ᠤᠨ ᠳᠤᠮᠳᠠ ᠠᠭᠤᠰᠬᠠᠵᠤ᠂  ᠪᠠᠶᠠᠷ ᠬᠦᠷ ᠲᠠᠢ ᠠᠭᠤᠷ ᠠᠮᠢᠰᠬᠤᠯ ᠢ ᠭᠠᠶᠢᠬᠠᠭᠤᠯᠵᠤ᠂  ᠰᠢᠨ᠎ᠡ ᠵᠢᠯ ᠤᠨ ᠦᠨᠦᠷ ᠬᠠᠩᠬᠤᠯᠵᠤ ᠪᠠᠶᠢᠯ᠎ᠠ᠃
ᠪᠠᠶᠠᠨ ᠵᠡᠭᠡᠯᠢ ᠭᠤᠳᠤᠮᠵᠢ            ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠪᠠᠶᠠᠨᠵᠡᠭᠡᠯᠢ ᠭᠤᠳᠤᠮᠵᠢ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠤᠷᠠᠨ ᠪᠢᠴᠢᠯᠭᠡ ᠶᠢᠨ ᠨᠡᠶᠢᠭᠡᠮᠯᠢᠭ ᠤᠨ ᠪᠠᠭᠰᠢ ᠪᠣᠯᠣᠨ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠰᠤᠨ ᠬᠠᠶᠢᠴᠢᠯᠠᠮᠠᠯ ᠤᠨ ᠤᠯᠠᠮᠵᠢᠯᠠᠭᠴᠢ ᠶᠢ ᠤᠷᠢᠵᠤ᠂ ᠲᠣᠭᠤᠷᠢᠭ ᠲᠤ ᠰᠠᠭᠤᠭ᠎ᠠ ᠴᠡᠷᠢᠭ ᠠᠩᠭᠢ ᠳᠤ ︽ᠤᠷᠠᠨ ᠪᠢᠴᠢᠯᠭᠡ ᠶᠢᠨ ᠴᠠᠭᠠᠰᠤᠨ ᠬᠠᠶᠢᠴᠢᠯᠠᠮᠠᠯ ᠢ ᠴᠡᠷᠢᠭ ᠤᠨ ᠬᠤᠸᠠᠷᠠᠨ ᠳᠤ ᠣᠷᠣᠭᠤᠯᠵᠤ᠂ ᠰᠣᠶᠣᠯ ᠢ ᠠᠭᠤᠰᠤᠯᠴᠠᠭᠤᠯᠤᠨ ᠴᠠᠭᠠᠨ ᠰᠠᠷ᠎ᠠ ᠶᠢ ᠪᠡᠯᠭᠡᠯᠡᠬᠦ︾ ᠠᠵᠢᠯᠯᠠᠭ᠎ᠠ ᠥᠷᠨᠢᠭᠦᠯᠵᠡᠢ᠃
ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠵᠠᠮ ᠤᠨ ᠵᠡᠭᠡᠯᠢ ᠭᠤᠳᠤᠮᠵᠢ              ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶᠢᠨ ᠲᠥᠯᠥᠭᠡ᠂ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠵᠡᠭᠡᠯᠢ ᠭᠤᠳᠤᠮᠵᠢ ᠶᠢᠨ ᠦᠢᠯᠡᠰ ᠪᠣᠰᠬᠠᠬᠤ ᠨᠡᠶᠢᠭᠡᠮ ᠲᠣᠭᠤᠷᠢᠭ ᠤᠨ ᠥᠷᠭᠡᠨ ᠤᠯᠠᠨ ᠴᠠᠭᠠᠰᠤᠨ ᠬᠠᠶᠢᠴᠢᠯᠠᠮᠠᠯ ᠳᠤ ᠪᠠᠭ᠋ᠠᠲᠠᠢ ᠬᠥᠮᠥᠰ ᠨᠢᠭᠡ ᠲᠠᠩᠬᠢᠮ ᠳᠤ ᠴᠤᠭᠯᠠᠷᠠᠵᠤ᠂  ᠴᠠᠭᠠᠨ ᠰᠠᠷ᠎ᠠ ᠶᠢᠨ ᠪᠠᠶᠠᠷ ᠲᠤ ᠰᠢᠨ᠎ᠡ ᠵᠢᠯ ᠤᠨ ᠦᠨᠦᠷ ᠠᠮᠲᠠ ᠶᠢ ᠨᠡᠮᠡᠷᠢᠯᠡᠪᠡ᠃ {ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ  ᠶᠢᠨ 1 ᠤ ᠡᠳᠦᠷ ᠤᠨ ᠰᠣᠨᠢᠨ }            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号