ᠴᠠᠯᠢᠩ ᠥᠷᠢᠲᠦᠭᠰᠡᠨ 8194 ᠬᠡᠷᠡᠭ ᠢ ᠰᠢᠢᠳᠪᠦᠷᠢᠯᠡᠵᠡᠢ
ᠨᠡᠶᠢᠲᠡᠯᠡᠭᠰᠡᠨ ᠴᠠᠭ᠄
2024/2/6
     2 ᠰᠠᠷ᠎ᠠ ᠶᠢᠨ 4 ᠤ ᠡᠳᠦᠷ᠂ ᠰᠤᠷᠪᠤᠯᠵᠢᠯᠠᠬᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ︽ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠪᠠᠲᠤᠯᠠᠬᠤ ᠠᠵᠢᠯ ᠢ ᠰᠠᠶᠢᠲᠤᠷ ᠬᠢᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠤᠩᠰᠢᠨ ᠲᠠᠶᠢᠯᠪᠤᠷᠢᠯᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠳᠤ ᠮᠠᠨ ᠤ ᠣᠷᠣᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠪᠴᠠᠩ ᠤᠨ ᠴᠠᠯᠢᠩ ᠥᠷᠢᠲᠦᠭᠰᠡᠨ 8194 ᠬᠡᠷᠡᠭ ᠢ ᠰᠢᠢᠳᠪᠦᠷᠢᠯᠡᠵᠦ ᠳᠠᠭᠤᠰᠬᠠᠭᠠᠳ᠂ 6604.66 ᠲᠦᠮᠡᠨ ᠲᠥᠭᠦᠷᠢᠭ ᠤᠨ ᠴᠠᠯᠢᠩ ᠢ ᠨᠡᠬᠡᠮᠵᠢᠯᠡᠨ ᠠᠪᠴᠤ ᠲᠠᠷᠬᠠᠭᠠᠭᠰᠠᠨ ᠪᠠᠶᠢᠨ᠎ᠠ᠃      ᠪᠦᠭᠦ ᠣᠷᠣᠨ ᠤ ᠡᠯ᠎ᠡ ᠱᠠᠲᠤᠨ ᠤ ᠠᠷᠠᠳ ᠤᠨ ᠰᠢᠭᠦᠬᠦ ᠬᠤᠷᠢᠶ᠎ᠠ ᠨᠢ ᠭᠦᠳᠡᠯᠮᠦᠷᠢ ᠶᠢᠨ ᠬᠥᠯᠥᠰᠦ ᠣᠯᠭᠤᠮᠵᠢ ᠶᠢ ᠦᠯᠦ ᠥᠭᠬᠦ ᠶᠠᠯᠠᠲᠤ ᠬᠡᠷᠡᠭ ᠢ 42 ᠬᠤᠪᠢ ᠰᠢᠭᠦᠨ ᠲᠠᠰᠤᠯᠤᠬᠰᠠᠨ ᠪᠠᠶᠢᠨ᠎ᠠ᠃      ᠢᠷᠡᠯᠲᠡ᠄ ᠲᠠᠯ᠎ᠠ ᠨᠤᠲᠤᠭ ᠪᠦᠷᠢᠨ ᠵᠠᠭᠤᠴᠢᠯᠠᠭᠤᠷ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号