ᠰᠠᠶᠢᠬᠠᠨ ᠲᠣᠭᠤᠷᠢᠭ ᠄ ᠱᠠᠨ ᠰᠢ ᠵᠦᠴᠦᠭᠡ ᠶᠢᠨ ᠲᠤᠰᠬᠠᠢ ᠲᠠᠯᠠᠪᠤᠷ ᠤᠷᠠᠨ ᠰᠠᠶᠢᠬᠠᠨ ᠤ ᠲᠣᠭᠯᠠᠯᠲᠠ ᠡᠷᠬᠢᠯᠡᠪᠡ
ᠨᠡᠶᠢᠲᠡᠯᠡᠭᠰᠡᠨ ᠴᠠᠭ᠄
2024/3/1
     ᠳᠤᠮᠳᠠᠳᠤ ᠶᠢᠨ ᠱᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠣᠯᠠᠨ ᠲᠦᠮᠡᠨ ᠤ ᠣᠶᠤᠨ ᠰᠠᠨᠠᠭᠠᠨ ᠤ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠳᠤᠮᠳᠠᠳᠤ ᠶᠢᠨ ᠱᠢᠯᠢᠳᠡᠭ ᠤᠯᠠᠮᠵᠢᠯᠠᠯᠲᠤ ᠰᠣᠶᠣᠯ ᠤᠨ ᠠᠮᠢᠵᠢᠷᠠᠯ ᠤᠨ ᠬᠦᠴᠦᠨ ᠪᠠ ᠨᠥᠯᠥᠭᠡᠯᠡᠬᠦ ᠬᠦᠴᠦᠨ ᠢ  ᠴᠢᠩᠭᠠᠳᠭᠠᠬᠤ ᠶᠢᠨ ᠲᠥᠯᠥᠭᠡ ᠂ ᠣᠶᠢᠷ᠎ᠠ ᠶᠢᠨ ᠡᠳᠦᠷ᠂ ᠰᠠᠶᠢᠬᠠᠨ ᠲᠣᠭᠤᠷᠢᠭ ᠤᠨ ᠰᠣᠶᠣᠯ ᠲᠠᠮᠢᠷ ᠵᠢᠭᠤᠯᠴᠢᠯᠠᠯ ᠷᠠᠳᠢᠣ ᠲᠧᠯᠸᠢᠰ  ᠤᠨ ᠲᠣᠪᠴᠢᠶ᠎ᠠ ᠱᠠᠨ ᠱᠢ ᠮᠤᠵᠢ ᠶᠢᠨ ᠹᠧᠩ ᠱᠠᠨ ᠵᠦᠴᠦᠭᠡ ᠶᠢᠨ ᠪᠦᠯᠬᠦᠮ ᠢ ᠤᠷᠢᠵᠤ  ᠠᠷᠠᠳ ᠳᠤ︽ᠤᠮᠠᠷᠠᠲᠤ ᠬᠢᠯᠢ ᠶᠢᠨ ᠰᠣᠶᠣᠯ ᠤᠨ ᠱᠧᠩ ᠱᠢ ᠯᠢ ᠶᠤᠸᠠᠨ︾ ᠰᠠᠶᠢᠬᠠᠨ ᠲᠣᠭᠤᠷᠢᠭ ᠤᠨ ᠱᠠᠨ ᠱᠢ ᠵᠦᠴᠦᠭᠡ ᠶᠢᠨ ᠲᠤᠰᠭᠠᠢ ᠲᠠᠯᠠᠪᠠᠢ ᠠᠷᠠᠳ ᠲᠤ ᠠᠱᠢᠭ ᠬᠦᠷᠲᠡᠭᠡᠬᠦ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠭᠤᠶᠢᠳᠠ ᠰᠠᠶᠢᠬᠠᠨ︽ᠱᠠᠨ ᠱᠢ ᠶᠢᠨ ᠰᠣᠶᠣᠯ ᠤᠨ ᠦᠪᠡᠳᠡᠭᠱᠢ ᠳᠠᠶᠢᠯᠠᠯᠭ᠎ᠠ︾ ᠶᠢ ᠠᠷᠠᠳ ᠣᠯᠠᠨ ᠤ ᠡᠭᠦᠳᠡᠨ ᠳᠤ ᠬᠦᠷᠭᠡᠪᠡ᠃
     ᠱᠠᠨ ᠰᠢ ᠵᠦᠴᠦᠭᠡ ᠳᠤ ︽ᠤᠮᠠᠷᠠᠲᠤ ᠣᠷᠣᠨ ᠤ ᠠᠷᠠᠳ ᠤᠨ ᠰᠢ ᠲᠠᠭᠤᠤᠷᠢᠯᠢᠭ ᠤᠨ ᠬᠡᠷᠡᠯᠳᠦ ᠰᠤᠪᠤᠳ︾ ᠬᠡᠮᠡᠭᠳᠡᠵᠡᠢ᠃ ᠲᠣᠭᠯᠠᠯᠲᠠ ᠶᠢᠨ ᠲᠤᠬᠠᠢ ᠶᠢᠨ ᠲᠠᠯᠠᠪᠠᠢ ᠳᠤ᠂ ᠳ᠋ᠧᠩ ᠤᠨ ᠭᠡᠷᠡᠯ ᠥᠩᠭᠡ ᠢᠯᠭᠠᠷᠠᠨ᠂ ᠲᠠᠶᠢᠰᠠᠨ ᠳᠡᠭᠡᠷ᠎ᠡ᠂ ᠢᠷᠠᠭᠤ ᠰᠠᠶᠢᠬᠠᠨ ᠠᠶ᠎ᠠ ᠳᠠᠭᠤᠤ᠂ ᠰᠦᠷ ᠵᠢᠪᠬᠤᠯᠠᠩᠲᠤ ᠳᠠᠭᠤᠤ ᠬᠥᠭᠵᠢᠮ᠂ ᠪᠣᠯᠪᠠᠰᠤᠷᠠᠩᠭᠤᠢ ᠰᠠᠶᠢᠬᠠᠨ ᠬᠥᠳᠡᠯᠦᠯ ᠪᠠᠷᠢᠯ᠂ ᠲᠣᠭᠯᠠᠯᠲᠠ ᠨᠢ ᠭᠤᠶᠢᠳᠠ ᠰᠠᠶᠢᠬᠠᠨ ᠪᠠᠶᠢᠵᠤ᠂ ᠠᠮᠢᠳᠤᠷᠠᠯ ᠤᠨ ᠬᠥᠭ ᠠᠶᠠᠰ ᠢᠶᠠᠷ ᠪᠢᠯᠬᠠᠨ᠎ᠠ︔ ᠲᠠᠶᠢᠰᠠᠨ ᠳᠣᠣᠷ᠎ᠠ᠂ ᠬᠤᠲᠠ ᠶᠢᠨ ᠠᠷᠠᠳ ᠠᠯᠠᠭ᠎ᠠ ᠲᠡᠰᠢᠯᠲᠡ ᠶᠢᠨ ᠳᠠᠭᠤᠨ  ᠨᠢᠵᠢᠭᠢᠨᠡᠵᠦ᠂ ᠪᠠᠶᠠᠷ ᠪᠠᠭ᠋ᠠᠳᠤᠯ ᠪᠢᠯᠬᠠᠵᠤ᠂ ᠪᠠᠶᠢᠨ ᠪᠠᠶᠢᠨ ᠭᠠᠷ ᠤᠲᠠᠰᠤᠨ ᠤ ᠲᠡᠮᠳᠡᠭᠯᠡᠯ ᠤᠨ ᠭᠤᠴᠣ ᠰᠠᠶᠢᠬᠠᠨ ᠭᠱᠠᠨ ᠵᠠᠭᠤᠷ᠎ᠠ ᠶᠢ ᠲᠡᠮᠳᠡᠭᠯᠡᠪᠡ᠃              ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ  ᠄ 2 ᠰᠠᠷ᠎ᠠ ᠶᠢᠨ 27 ᠤ ᠡᠳᠦᠷ ᠠᠴᠠ 3 ᠰᠠᠷ᠎ᠠ ᠶᠢᠨ 2 ᠤᠨ ᠡᠳᠦᠷ ᠪᠣᠯᠲᠠᠯ᠎ᠠ᠂ ᠰᠠᠶᠢᠬᠠᠨ ᠲᠣᠭᠤᠷᠢᠭ ᠤᠨ ᠶᠢᠨ ᠳ᠋ᠢ ᠠᠭᠤᠳᠠᠮ ᠲᠠᠯᠠᠪᠠᠶ ᠳᠤ ᠨᠡᠶᠢᠲᠡ 5 ᠡᠳᠦᠷ ᠦᠷᠭᠦᠯᠵᠢᠯᠡᠨ 5 ᠲᠠᠯᠠᠪᠤᠷ ︵ᠦᠳᠡ ᠶᠢᠨ ᠬᠤᠶᠢᠨ᠎ᠠ 14᠄ 30 - 17᠄ 00︔ ᠰᠥᠨᠢ ᠶᠢᠨ ᠲᠠᠯᠠᠪᠠᠶ 19᠄ 00 - 21᠄ 30︶ ᠭᠠᠷᠭᠠᠵᠤ᠂ ᠰᠣᠩᠭᠤᠳᠠᠭ ᠵᠦᠴᠦᠭᠡ ᠳᠠᠬᠢᠨᠲᠠ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠣᠯᠠᠨ ᠲᠦᠮᠡᠨ ᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠠᠬᠢ ᠬᠠᠶᠢᠷ᠎ᠠ ᠪᠠ ᠬᠦᠰᠡᠯ ᠡᠷᠡᠮᠡᠯᠵᠡᠯ ᠢ ᠬᠠᠩᠭᠠᠭᠰᠠᠨ ᠪᠠᠶᠢᠨ᠎ᠠ᠃
     ᠰᠠᠶᠢᠬᠠᠨ ᠲᠣᠭᠤᠷᠢᠭ ᠢᠮᠠᠭᠲᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠤᠯᠠᠨ ᠲᠦᠮᠡᠨ ᠤ ᠰᠣᠶᠣᠯ ᠤᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯᠣᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠯᠪᠡᠭ ᠪᠠᠶᠠᠯᠢᠭ ᠤᠯᠠᠨ ᠶᠠᠩᠵᠤ ᠶᠢᠨ ᠰᠣᠶᠣᠯ ᠤᠨ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠵᠤ᠂ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠵᠤ᠂ ᠤᠯᠠᠨ ᠲᠦᠮᠡᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ ᠪᠣᠯᠣᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠵᠡᠢ᠃                ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号