| | -2024 ᠣᠨ ᠤ 1 ᠳ᠋ᠦ᠋ᠭᠡᠷ ᠰᠠᠷ᠎ᠠ ᠶᠢᠨ 18 ᠤ ᠡᠳᠦᠷ ᠬᠥᠬᠡᠬᠤᠲᠠ ᠶᠢᠨ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ | ᠳᠡᠭᠡᠷ᠎ᠡ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠾᠧ ᠬᠠᠢ ᠳ᠋ᠦᠩ | | | ᠲᠥᠯᠥᠭᠡᠯᠡᠭᠴᠢᠳ ᠠ᠋᠄ | | | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ | ᠪᠣᠯᠣᠨ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | | | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ 2023 ᠣᠨ ᠪᠣᠯ ᠬᠥᠬᠡᠬᠤᠲᠠ ᠶᠢᠨ ᠬᠥᠭᠵᠢᠯᠲᠡ ᠶᠢᠨ ᠶᠠᠪᠤᠴᠠ ᠳᠠᠬᠢ | ᠲᠤᠶᠢᠯ ᠤᠨ ᠴᠢᠬᠤᠯᠠ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠰᠢᠨᠵᠢᠯᠡᠨ | ᠪᠠᠶᠢᠴᠠᠭᠠᠭᠰᠠᠨ ᠨᠢ ᠪᠢᠳᠡᠨ ᠳᠤ ᠲᠤᠶᠢᠯ ᠤᠨ ᠶᠡᠭᠡ ᠤᠯᠤᠰ ᠲᠦᠷᠦ ᠶᠢᠨ ᠬᠠᠯᠠᠮᠵᠢᠯᠠᠯ ᠪᠠ ᠡᠷᠬᠢᠮ ᠨᠠᠨᠳᠢᠨ | ᠬᠥᠭᠵᠢᠯᠲᠡ ᠶᠢᠨ ᠠᠵᠠ ᠲᠣᠬᠢᠶᠠᠯ ᠢ ᠠᠪᠴᠢᠷᠠᠵᠤ ᠥᠭᠴᠡᠢ᠃ ᠪᠦᠬᠦ ᠬᠤᠳᠠ ᠪᠠᠷ ᠢᠶᠠᠨ ︽ᠬᠤᠶᠠᠷ ᠶᠡᠭᠡ ᠶᠠᠪᠤᠳᠠᠯ︾ ᠢ | ᠰᠠᠶᠢᠲᠤᠷ ᠬᠢᠬᠦ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠤ ᠲᠥᠪ ᠬᠤᠲᠠ ᠶᠢ ︽ᠡᠮᠦᠨ᠎ᠡ ᠨᠢ ᠶᠠᠪᠤᠵᠤ᠂ ᠦᠯᠢᠬᠡᠷ | ᠳᠠᠭᠤᠷᠢᠶᠠᠯ ᠪᠣᠯᠬᠤ︾ ᠱᠠᠭᠠᠷᠳᠠᠯᠭ᠎ᠠ ᠶᠣᠰᠣᠭᠠᠷ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ ᠪᠣᠯᠣᠨ ᠲᠡᠮᠡᠴᠡᠬᠦ | ᠬᠠᠷᠠᠯᠲᠠ ᠶᠢ ᠭᠤᠶᠢᠪᠢᠰᠢ ᠦᠭᠡᠢ ᠪᠠᠷᠢᠮᠲᠠᠯᠠᠵᠤ᠂ ᠪᠦᠬᠦ ᠵᠢᠯ ᠤᠨ ᠡᠯ᠎ᠡ ᠵᠦᠢᠯ ᠤᠨ ᠡᠭᠦᠷᠭᠡ ᠬᠠᠷᠠᠯᠲᠠ ᠪᠠᠨ ᠲᠡᠭᠦᠰ | ᠠᠮᠵᠢᠯᠲᠠ ᠲᠠᠢ ᠪᠡᠶᠡᠯᠡᠭᠦᠯᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ︽ᠪᠠᠭᠲᠠᠭᠠᠮᠵᠢ ᠶᠢ ᠶᠡᠬᠡᠰᠬᠡᠬᠦ︾ ᠶᠢ ᠴᠢᠩᠭ᠎ᠠ ᠠᠩᠬᠠᠷᠴᠤ᠂ ᠠᠵᠤ | ᠠᠬᠤᠢ ᠶᠢᠨ ᠭᠤᠣᠯ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠠᠷᠪᠠᠨ ᠵᠢᠯ ᠤᠨ ᠲᠤᠷᠰᠢᠬᠢ ᠬᠠᠮᠤᠭ ᠤᠨ | ᠰᠠᠶᠢᠨ ᠬᠡᠮᠵᠢᠶᠡᠨ ᠳᠤ ᠬᠦᠷᠴᠡᠢ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 3802 | ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠨᠡᠮᠡᠭᠳᠡᠪᠡ︔ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.6% ᠨᠡᠮᠡᠭᠳᠡᠵᠦ᠂ | ᠪᠥᠬᠦ ᠣᠷᠣᠨ ᠤ ᠨᠢᠭᠡᠳᠦᠭᠡᠷ ᠲᠤ ᠣᠷᠣᠪᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 25.5% ᠨᠡᠮᠡᠭᠳᠡᠵᠦ᠂ ᠪᠥᠬᠦ ᠣᠷᠣᠨ ᠤ ᠬᠤᠶᠠᠳᠤᠭᠠᠷ ᠲᠤ ᠣᠷᠣᠪᠠ︔ ᠨᠡᠶᠢᠭᠡᠮ ᠤᠨ | ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 13. | 5% ᠨᠡᠮᠡᠭᠳᠡᠵᠦ᠂ ᠪᠥᠬᠦ ᠣᠷᠣᠨ ᠤ ᠨᠢᠭᠡᠳᠦᠭᠡᠷ ᠲᠤ ᠣᠷᠣᠪᠠ︔ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢ ᠪᠥᠬᠦ | ᠤᠯᠤᠰ ᠤᠨ ᠵᠠᠭᠤᠨ ᠬᠦᠴᠦᠷᠬᠡᠭ ᠬᠤᠲᠠ ᠶᠢᠨ ᠳᠣᠲᠣᠷᠠᠬᠢ ᠨᠡᠷᠡᠰ ᠶᠡᠭᠡ ᠬᠡᠮᠵᠢᠶ᠎ᠡ ᠪᠠᠷ ᠳᠡᠭᠡᠭᠰᠢᠯᠡᠵᠦ᠂ ᠮᠤᠵᠢ ᠶᠢᠨ | ᠲᠥᠪ ᠬᠤᠲᠠ ᠶᠢᠨ ᠳᠣᠲᠣᠷ᠎ᠠ 1 ᠨᠡᠷ᠎ᠡ ᠳᠡᠭᠡᠭᠰᠢᠯᠡᠪᠡ᠃ ᠪᠥᠬᠦ ᠵᠢᠯ ᠳᠤ 1125 ᠭᠤᠣᠯᠳᠠᠯᠭ᠎ᠠ ᠲᠠᠢ ᠲᠥᠷᠥᠯ | ᠵᠦᠢᠯ ᠢ ᠬᠡᠷᠡᠭᠵᠢᠭᠦᠯᠵᠦ᠂ 1355 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠂ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠬᠤᠳᠠᠯᠳᠤᠭᠠᠴᠢᠨ ᠤᠷᠢᠬᠤ ᠲᠥᠷᠥᠯ ᠵᠦᠢᠯ ᠢ 430 ᠰᠢᠨ᠎ᠡ ᠪᠠᠷ ᠣᠷᠣᠭᠤᠯᠤᠨ | ᠠᠪᠴᠢᠷᠠᠵᠤ᠂ 650 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠪᠠ᠂ ᠬᠤᠸᠠ ᠸᠧᠢ ᠶᠢᠨ | ᠡᠭᠦᠯᠡᠨ ᠤ ᠬᠤᠷᠢᠨᠭᠡᠷ ᠤᠨ ᠲᠤᠭ᠎ᠠ ᠪᠠᠷᠢᠮᠲᠠ ᠶᠢᠨ ᠲᠥᠪ᠂ ᠠᠲ᠋ᠧᠰ᠂ ᠰᠠᠢ ᠱᠧᠩ ᠴᠠᠬᠢᠭᠤᠷ ᠤᠨ ᠦᠢᠯᠡᠰ | ᠭᠤᠷᠪᠠᠭᠤᠯᠠ ᠶᠢᠨ 700 ᠳ᠋ᠦᠩᠰᠢᠭᠤᠷ ᠢᠯᠡᠭᠦᠦ ᠲᠥᠭᠦᠷᠢᠭ ᠤᠨ ᠪᠡᠯᠡ ᠣᠷᠣᠭᠤᠯᠤᠭᠰᠠᠨ ᠠᠵᠤ ᠦᠢᠯᠡᠰ ᠤᠨ | ᠲᠥᠷᠥᠯ ᠵᠦᠢᠯ ᠴᠥᠮ ᠲᠣᠰ ᠵᠢᠯ ᠳᠡᠭᠡᠨ ᠭᠡᠷ᠎ᠡ ᠲᠣᠭᠲᠠᠵᠤ᠂ ᠲᠣᠰ ᠵᠢᠯ ᠳᠡᠭᠡᠨ ᠠᠵᠢᠯ ᠢᠶᠠᠨ ᠡᠬᠢᠯᠡᠭᠦᠯᠪᠡ᠃ | ︽ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ ᠬᠤᠳᠠ︾ ᠪᠠᠷ ᠦᠨᠡᠯᠡᠭᠳᠡᠵᠦ᠂ ᠪᠦᠬᠦ ᠤᠯᠤᠰ ᠤᠨ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠠᠪᠰᠢᠯᠳᠠ ᠪᠠᠷ ᠬᠠᠮᠤᠭ ᠤᠨ ᠢᠯᠡᠷᠬᠡᠢ ᠮᠤᠵᠢ ᠶᠢᠨ ᠲᠥᠪ | ᠬᠤᠳᠠ ᠪᠣᠯᠪᠠ᠃ 12 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 6 | ᠲᠦᠮᠡᠨ ᠰᠠᠭᠠᠯᠢ ᠶᠢᠨ ᠦᠨᠢᠶ᠎ᠡ ᠶᠢ ᠰᠢᠨ᠎ᠡ ᠪᠠᠷ ᠨᠡᠮᠡᠭᠳᠡᠭᠦᠯᠵᠦ᠂ 8800 ᠮᠦ ᠪᠡᠯᠡᠳᠬᠡᠮᠵᠢᠲᠦ ᠲᠠᠷᠢᠶᠠᠯᠠᠩ ᠢ | ᠰᠢᠨ᠎ᠡ ᠪᠠᠷ ᠨᠡᠮᠡᠭᠳᠡᠭᠦᠯᠵᠦ᠂ ᠠᠮᠤ ᠪᠤᠳᠠᠭᠠᠨ ᠤ ᠤᠨᠠᠯᠲᠠ ᠶᠢᠨ ᠬᠡᠮᠵᠢᠶ᠎ᠡ ᠶᠢ ︽20 ᠵᠢᠯ ᠳᠠᠷᠠᠭᠠᠯᠠᠨ ᠡᠯᠪᠡᠭ | ᠬᠤᠷᠢᠶᠠᠯᠲᠠ︾ ᠳᠤ ᠬᠦᠷᠭᠡᠵᠦ᠂ ᠬᠤᠷᠢᠨᠭᠡᠷ ᠰᠢᠶᠠᠨ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠢᠶᠠᠷ ᠵᠥᠪᠰᠢᠶᠡᠷᠡᠭᠳᠡᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠪᠥᠬᠦ | ᠬᠦᠴᠦᠨ ᠢᠶᠠᠷ ᠢᠶᠠᠨ ᠪᠣᠶᠢᠵᠢᠭᠤᠯᠵᠤ᠂ ᠣᠷᠣᠨ ᠤ ᠲᠥᠪ ᠬᠤᠲᠠ ᠶᠢᠨ ᠬᠤᠶᠠᠳᠤᠭᠠᠷ ᠠᠵᠤ ᠦᠢᠯᠡᠰ ᠬᠦᠴᠦᠷᠬᠡᠭ | ᠪᠤᠰᠤ ᠪᠠᠶᠢᠭᠰᠠᠨ ᠰᠠᠨᠠᠭᠠᠴᠢᠯᠠᠭᠠᠲᠤ ᠪᠤᠰᠤ ᠪᠠᠶᠢᠳᠠᠯ ᠢ ᠬᠦᠴᠦᠲᠡᠢ ᠬᠤᠪᠢᠷᠠᠭᠤᠯᠪᠠ᠃ ᠪᠣᠬᠢᠷᠲᠤᠯ ᠦᠭᠡᠢ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠤᠨ ᠪᠥᠭᠡᠮᠨᠡᠷᠡᠯ | ᠰᠢᠨ᠎ᠡ ᠳᠡᠭᠲᠡᠷ ᠲᠤ ᠭᠠᠷᠴᠤ᠂ ᠢᠯᠢ ᠶᠢᠨ ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠶᠢᠨ ᠪᠢᠰᠢᠯᠠᠭ | ᠦᠢᠯᠡᠳᠪᠦᠷᠢᠯᠡᠬᠦ ᠲᠠᠰᠤᠭ᠂ ᠰᠦᠨ ᠲᠠᠯᠬ᠎ᠠ ᠶᠢᠨ ᠬᠤᠶᠠᠳᠤᠭᠠᠷ ᠬᠤᠭᠤᠴᠠᠭ᠎ᠠ ᠶᠢ ᠪᠠᠶᠢᠭᠤᠯᠵᠤ ᠳᠠᠭᠤᠰᠬᠠᠨ | ᠠᠰᠢᠭᠯᠠᠯᠲᠠ ᠳᠤ ᠣᠷᠣᠭᠤᠯᠵᠤ᠂ ᠮᠧᠩ ᠨᠢᠦ ᠶᠢᠨ ᠰᠦ ᠶᠢᠨ ᠠᠵᠤ ᠦᠢᠯᠡᠰ ᠤᠨ ᠬᠦᠷᠢᠶᠡᠯᠡᠩ ᠤᠨ ᠲᠧ ᠺᠠᠩ ᠷᠦᠢ | ᠳᠡᠭᠡᠳᠦ ᠲᠡᠰ ᠤᠨ ᠴᠠᠭᠠᠨ ᠢᠳᠡᠭᠡᠨ᠂ ᠨᠠᠢ ᠲᠧ ᠣᠶᠤᠨᠴᠢᠯᠠᠨ ᠲᠡᠰ ᠳᠡᠪᠰᠢᠭᠦᠯᠬᠦ ᠮᠡᠷᠭᠡᠵᠢᠯ ᠤᠨ | ᠥᠭᠡᠷᠡᠴᠢᠯᠡᠯᠲᠡ ᠶᠢᠨ ᠲᠦᠷᠦᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠰᠦ ᠶᠢᠨ | ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ 2560 ᠳ᠋ᠦᠩᠰᠢᠭᠤᠷ | ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 14% ᠠᠴᠠ ᠳᠡᠭᠡᠭᠰᠢ ᠨᠡᠮᠡᠭᠳᠡᠪᠡ︔ ᠠᠩᠬᠠᠳᠤᠭᠠᠷ | ᠬᠤᠭᠤᠴᠠᠭᠠᠨ ᠤ ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ ︽ᠳᠡᠯᠡᠬᠡᠢ ᠶᠢᠨ | ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ︾ ︽ᠳᠤᠮᠳᠠᠳᠤ ᠤᠯᠤᠰ ᠤᠨ ᠰᠦ ᠶᠢᠨ | ᠦᠢᠯᠡᠰ ᠤᠨ ᠡᠭᠦᠯᠳᠡᠷ ᠪᠣᠶᠢᠵᠢᠭᠤᠯᠬᠤ ᠬᠤᠲᠠ︾ ᠶᠢᠨ ᠢᠷᠠᠭᠤ ᠠᠯᠳᠠᠷ ᠢ ᠭᠥᠷᠳᠡᠵᠦ᠂ ᠤᠯᠤᠰ ᠤᠨ ᠰᠦ ᠶᠢᠨ | ᠦᠢᠯᠡᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ ᠢᠶᠠᠷ ᠵᠥᠪᠰᠢᠶᠡᠷᠡᠭᠳᠡᠵᠦ᠂ ᠤᠯᠤᠰ ᠤᠨ | ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠳᠤ ᠰᠣᠩᠭᠤᠭᠳᠠᠵᠤ᠂ ︽ᠳᠤᠮᠳᠠᠳᠤ ᠤᠯᠤᠰ ᠤᠨ ᠰᠦ ᠶᠢᠨ ᠬᠤᠲᠠ︾ | ᠶᠢᠨ ᠨᠡᠷ᠎ᠡ ᠶᠢᠨ ᠬᠠᠭᠤᠳᠠᠰᠤ ᠶᠢ ᠤᠯᠠᠮ ᠠᠴᠠ ᠤᠯᠠᠮ ᠭᠡᠷᠡᠯᠲᠦᠭᠦᠯᠪᠡ᠃ ᠡᠯᠧᠺᠲᠷᠣᠨ ᠮᠡᠳᠡᠭᠡ ᠵᠠᠩᠭᠢ ᠶᠢᠨ | ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠤᠨ ᠦᠢᠯᠡᠳᠦᠯ ᠪᠦᠬᠦ ᠲᠠᠯ᠎ᠠ ᠪᠠᠷ ᠪᠠᠳᠠᠷᠠᠵᠤ᠂ ᠬᠤᠸᠠ ᠸᠧᠢ ᠶᠢᠨ | ᠤᠮᠠᠷᠠᠲᠤ ᠶᠢᠨ ᠬᠠᠮᠤᠭ ᠤᠨ ᠲᠣᠮᠣ ᠪᠣᠳᠣᠯᠭ᠎ᠠ ᠶᠢᠨ ᠬᠦᠴᠦᠨ ᠤ ᠬᠦᠢᠰᠦ ᠶᠢᠨ ᠲᠥᠷᠥᠯ ᠵᠦᠢᠯ ᠪᠣᠯᠬᠤ ᠬᠤᠸᠠ | ᠸᠧᠢ ᠶᠢᠨ ᠡᠭᠦᠯᠡᠨ ᠤ ᠬᠤᠷᠢᠨᠭᠡᠷ ᠤᠨ ᠲᠤᠭ᠎ᠠ ᠪᠠᠷᠢᠮᠲᠠ ᠶᠢᠨ ᠲᠥᠪ ᠲᠤ ᠠᠮᠵᠢᠯᠲᠠ ᠲᠠᠢ ᠪᠠᠷ ᠡᠷᠦᠬᠡ ᠠᠮᠠ ᠣᠷᠣᠵᠤ᠂ | ᠬᠡᠲᠦ ᠨᠡᠶᠢᠯᠡᠯᠲᠡ ᠶᠢᠨ ᠦᠢᠯᠡᠴᠢᠯᠡᠭᠦᠷ ᠤᠨ ᠤᠮᠠᠷᠠᠲᠤ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ | ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠳᠤᠮᠳᠠᠳᠤ ᠤᠯᠤᠰ ᠤᠨ ᠪᠠᠩᠬᠢ᠂ ᠲᠠᠷᠢᠶᠠᠯᠠᠩ ᠤᠨ ᠪᠠᠩᠬᠢ ᠵᠡᠷᠭᠡ | ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠳᠠᠭᠤᠰᠴᠤ᠂ ᠳᠤᠮᠳᠠᠳᠤ | ᠤᠯᠤᠰ ᠤᠨ ᠰᠢᠯᠵᠢᠮᠡᠯ ᠬᠤᠯᠪᠣᠭᠠᠨ ᠤ ᠣᠶᠤᠨᠴᠢ ᠪᠣᠳᠣᠯᠭ᠎ᠠ ᠶᠢᠨ ᠲᠥᠪ᠂ ᠪᠢᠩ ᠰᠢᠩ ᠰᠢᠨᠵᠢᠯᠡᠬᠦ ᠤᠬᠠᠭᠠᠨ | ᠮᠡᠷᠭᠡᠵᠢᠯ ᠤᠨ ᠪᠣᠳᠣᠯᠭ᠎ᠠ ᠶᠢᠨ ᠬᠦᠴᠦᠨ ᠤ ᠰᠠᠭᠤᠷᠢᠨ ᠵᠡᠷᠭᠡ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠭᠦᠯᠵᠦ᠂ | 150 ᠲᠦᠮᠡᠨ ᠦᠢᠯᠡᠴᠢᠯᠡᠭᠦᠷ ᠤᠭᠰᠠᠷᠠᠵᠤ ᠳᠡᠶᠢᠯᠬᠦ ᠪᠣᠯᠪᠠ︔ ᠳᠤᠮᠳᠠᠳᠤ ᠤᠯᠤᠰ ᠤᠨ ᠪᠣᠬᠢᠷᠲᠤᠯ ᠦᠭᠡᠢ | ᠪᠣᠳᠣᠯᠭ᠎ᠠ ᠶᠢᠨ ᠬᠦᠴᠦᠨ ᠤ ᠶᠡᠭᠡ ᠬᠤᠷᠠᠯ ᠢ ᠠᠮᠵᠢᠯᠲᠠ ᠲᠠᠢ ᠡᠷᠬᠢᠯᠡᠨ᠂ ᠬᠤᠷᠢᠨᠭᠡᠷ ᠤᠨ ᠪᠣᠬᠢᠷᠲᠤᠯ ᠦᠭᠡᠢ | ᠪᠣᠳᠣᠯᠭ᠎ᠠ ᠶᠢᠨ ᠬᠦᠴᠦᠨ ᠤ ᠢᠯᠡᠳᠬᠡᠯ ᠲᠤᠭ᠎ᠠ ᠶᠢ ᠨᠡᠶᠢᠲᠡᠯᠡᠵᠦ᠂ ︽ᠳᠤᠮᠳᠠᠳᠤ ᠤᠯᠤᠰ ᠤᠨ ᠪᠣᠳᠣᠯᠭ᠎ᠠ ᠶᠢᠨ | ᠬᠦᠴᠦᠨ ᠤ ᠬᠤᠷᠢᠨ ᠬᠦᠴᠦᠷᠬᠡᠭ ᠬᠤᠳᠠ︾ ᠶᠢᠨ ᠨᠡᠷᠡᠰ ᠲᠤ ᠵᠢᠭᠰᠠᠭᠠᠭᠳᠠᠵᠤ᠂ 15 ᠳ᠋ᠤᠭᠠᠷ ᠲᠤ ᠣᠷᠣᠪᠠ᠃ ᠰᠢᠨ᠎ᠡ | ᠮᠠᠲ᠋ᠧᠷᠢᠶᠠᠯ ᠪᠣᠯᠣᠨ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠥᠭᠡᠮᠨᠡᠷᠡᠯ ᠤᠨ | ᠳᠠᠭᠠᠭᠤᠯᠤᠭᠴᠢ ᠳᠠᠶᠢᠴᠢᠯᠠᠬᠤ ᠦᠢᠯᠡᠳᠦᠯ ᠢᠯᠡᠷᠬᠡᠢ ᠪᠠᠶᠢᠵᠤ᠂ ᠶᠦᠸᠠᠨ ᠵᠢᠩ ᠣᠶᠤᠨᠲᠤ ᠦᠢᠯᠡᠳᠬᠦ ᠠᠵᠤ | ᠦᠢᠯᠡᠰ ᠤᠨ ᠬᠦᠷᠢᠶᠡᠯᠡᠩ᠂ ᠬᠤᠸᠠ ᠶᠣᠣ ᠬᠡᠷᠡᠯ ᠴᠠᠬᠢᠯᠭᠠᠨ ᠤ 12GW ᠲᠠᠩ ᠲᠠᠯᠠᠰᠲᠤ ᠴᠠᠬᠢᠭᠤᠷ ᠤᠨ ᠢᠯᠲᠠᠰᠤ᠂ | ᠰᠢᠨ ᠬᠤᠸᠠᠨ ᠤ 10 ᠲᠦᠮᠡᠨ ᠲᠣᠨ ᠤ ᠮᠥᠬᠦᠯᠢᠭᠲᠦ ᠴᠠᠬᠢᠭᠤᠷ ᠵᠡᠷᠭᠡ ᠲᠥᠷᠥᠯ ᠵᠦᠢᠯ ᠢ ᠪᠠᠶᠢᠭᠤᠯᠵᠤ | ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠰᠢᠨ ᠬᠤᠸᠠ ᠶᠢᠨ 1 ᠲᠦᠮᠡᠨ ᠲᠣᠨ ᠤ ᠡᠯᠧᠺᠲᠷᠣᠨ ᠲᠠᠰ ᠤᠨ | ᠣᠯᠠᠨ ᠲᠠᠯᠠᠰᠲᠤ ᠴᠠᠬᠢᠭᠤᠷ᠂ ᠵᠦᠩ ᠯᠢ ᠶᠢᠨ ᠭᠤᠷᠪᠠᠳᠤᠭᠠᠷ ᠬᠤᠭᠤᠴᠠᠭ᠎ᠠ᠂ ᠱᠧᠩ ᠹᠠᠨ ᠤ ᠳᠥᠷᠪᠡᠳᠦᠭᠡᠷ | ᠬᠤᠭᠤᠴᠠᠭ᠎ᠠ ᠵᠡᠷᠭᠡ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠳᠠᠭᠤᠰᠴᠤ᠂ ᠠᠲ᠋ᠧᠰ ᠬᠡᠷᠡᠯ ᠸᠣᠯᠲ ᠤᠨ | ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ᠂ ᠱᠤᠸᠠᠩ ᠵᠢᠶᠧ ᠴᠠᠬᠢᠯᠭᠠᠨ ᠬᠦᠴᠦᠨ ᠤ ᠲᠣᠨᠣᠭᠯᠠᠯ | ᠦᠢᠯᠡᠳᠬᠦ᠂ ᠭᠠᠨ ᠹᠧᠩ ᠯᠢᠲ᠋ᠢ ᠶᠢᠨ ᠴᠠᠬᠢᠯᠭᠠᠨ᠂ ᠭᠦᠸᠧ ᠵᠢᠶᠠ ᠨᠠᠨᠤ᠋ ᠪᠢᠯᠢᠭ ᠲᠤᠶᠢᠯ ᠤᠨ ᠮᠠᠲ᠋ᠧᠷᠢᠶᠠᠯ ᠤᠨ | ᠨᠢᠭᠡᠳᠦᠭᠡᠷ ᠬᠤᠭᠤᠴᠠᠭ᠎ᠠ᠂ ᠹᠦ᠋ ᠮᠢᠩ ᠣᠶᠤᠨᠴᠢ ᠦᠢᠯᠡᠳᠬᠦ ᠨᠢᠭᠡᠳᠦᠭᠡᠷ ᠬᠤᠭᠤᠴᠠᠭ᠎ᠠ ᠵᠡᠷᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ | ᠪᠥᠭᠡᠮᠨᠡᠷᠡᠯ ᠤᠨ ︽ᠳᠡᠭᠡᠳᠦ ᠨᠠᠷᠢᠯᠢᠭ ᠦᠵᠦᠭᠦᠷ︾ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠵᠦ᠂ | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠲᠡᠳᠬᠦᠬᠦ 10 ᠵᠤᠷᠪᠤᠰ ᠲᠥᠷᠥ ᠶᠢᠨ ᠪᠣᠳᠣᠯᠭ᠎ᠠ ᠶᠢ | ᠨᠡᠶᠢᠲᠡᠯᠡᠨ ᠬᠡᠷᠡᠭᠵᠢᠭᠦᠯᠵᠦ᠂ ᠳ᠋ᠠ ᠲᠠᠩ ᠡᠮ ᠤᠨ ᠦᠢᠯᠡᠰ ᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠴᠠᠩ ᠱᠧᠦ ᠡᠮ ᠤᠨ ᠦᠢᠯᠡᠰ ᠵᠡᠷᠭᠡ ᠲᠥᠷᠥᠯ ᠵᠦᠢᠯ ᠢ | ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠢ ᠳ᠋ᠥᠸᠧ ᠯᠢ ᠠᠮᠢᠳᠤ ᠪᠣᠳᠠᠰ ᠤᠨ ᠢᠰᠬᠡᠭᠦᠷ ᠤᠨ | ᠨᠠᠶᠢᠷᠠᠯᠲᠠ ᠵᠡᠷᠭᠡ ᠲᠥᠷᠥᠯ ᠵᠦᠢᠯ ᠤᠨ ᠭᠤᠣᠯ ᠴᠣᠭᠴᠠ ᠶᠢ ᠪᠠᠶᠢᠭᠤᠯᠤᠨ ᠳᠠᠭᠤᠰᠬᠠᠵᠤ᠂ ᠪᠥᠬᠦ ᠳᠡᠯᠡᠬᠡᠢ ᠶᠢᠨ | ᠬᠠᠮᠤᠭ ᠤᠨ ᠲᠣᠮᠣ ᠰᠢᠯᠦᠬᠡᠢ ᠡᠪᠡᠳᠴᠢᠨ ᠤ ᠸᠠᠺᠼᠢᠨ᠂ ᠳᠠᠭᠠᠯᠲᠠ ᠢᠰᠬᠡᠭᠦᠷ Q10᠂ ᠥᠨᠳᠥᠷ ᠦᠷ᠎ᠡ | ᠠᠰᠢᠭ ᠲᠠᠢ ᠶᠢᠨ ᠮᠧᠶ ᠰᠦ ᠦᠢᠯᠡᠳᠪᠦᠷᠢᠯᠡᠬᠦ ᠰᠠᠭᠤᠷᠢᠨ ᠭᠠᠵᠠᠷ ᠢ ᠪᠠᠶᠢᠭᠤᠯᠵᠤ ᠳᠠᠭᠤᠰᠬᠠᠪᠠ᠃ ᠴᠡᠪᠡᠷ ᠡᠨᠧᠷᠭᠢ ᠶᠢᠨ | ᠰᠤᠷᠪᠤᠯᠵᠢ ᠶᠢᠨ ᠠᠵᠤ ᠦᠢᠯᠡᠰ ᠤᠨ ᠪᠥᠭᠡᠮᠨᠡᠷᠡᠯ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠰᠢᠨ᠎ᠡ ᠵᠠᠮ ᠢᠶᠠᠷ | ᠵᠠᠮᠨᠠᠵᠤ᠂ ᠶᠢᠨ ᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭ᠎ᠠ᠂ ᠲᠢᠶᠠᠨ ᠨᠧᠩ ᠬᠦᠨᠳᠦ ᠠᠵᠤ | ᠦᠢᠯᠡᠳᠪᠦᠷᠢ᠂ ᠳ᠋ᠠ ᠳᠠᠩ ᠴᠢᠩ ᠱᠦᠢ ᠾᠧ ᠶᠢᠨ ᠸᠠᠨ ᠵᠢᠶᠠ ᠵᠠᠢ ᠵᠡᠷᠭᠡ ᠲᠥᠷᠥᠯ ᠵᠦᠢᠯ ᠠᠰᠢᠭᠯᠠᠯᠲᠠ ᠳᠤ | ᠣᠷᠣᠵᠤ᠂ ᠲᠣᠭᠲᠠᠬᠤ ᠴᠢᠩ ᠱᠦᠢ ᠾᠧ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠣᠬᠢᠷᠲᠤᠯ | ᠦᠭᠡᠢ ᠴᠠᠬᠢᠯᠭᠠᠨ ᠬᠠᠩᠭᠠᠬᠤ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠡᠨᠧᠷᠭᠢ ᠬᠠᠳᠠᠭᠠᠯᠠᠬᠤ ᠺᠣᠮᠫᠠᠨᠢ ᠶᠢᠨ | ᠬᠠᠮᠲᠤᠪᠠᠷ ᠡᠳ᠋ᠯᠡᠬᠦ ᠡᠨᠧᠷᠭᠢ ᠬᠠᠳᠠᠭᠠᠯᠠᠬᠤ ᠲᠤᠰᠠᠭᠠᠷ ᠴᠠᠬᠢᠯᠭᠠᠨ ᠥᠷᠲᠡᠭᠡ᠂ ᠬᠤᠸᠠ ᠳ᠋ᠢᠶᠠᠨ ᠤ ᠳᠡᠭᠡᠳᠦ ᠲᠠᠰ ᠤᠨ | ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢ ᠡᠬᠢᠯᠡᠨ | ᠪᠠᠶᠢᠭᠤᠯᠵᠤ᠂ ᠡᠨᠧᠷᠭᠢ ᠶᠢᠨ ᠡᠬᠢ ᠪᠠᠶᠠᠯᠢᠭ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠪᠠ ᠪᠣᠬᠢᠷᠲᠤᠯ ᠦᠭᠡᠢ | ᠴᠠᠬᠢᠯᠭᠠᠨ ᠢ ᠰᠢᠩᠭᠡᠬᠡᠨ ᠠᠰᠢᠭᠯᠠᠬᠤ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠥᠬᠦ | ᠣᠷᠣᠨ ᠳᠤ ᠬᠠᠮᠤᠭ ᠤᠷᠢᠳᠠᠪᠠᠷ ᠲᠦᠯᠬᠢᠨ ᠠᠬᠢᠭᠤᠯᠵᠤ᠂ ︽ᠨᠣᠭᠤᠭᠠᠨ ᠦᠨᠡᠮᠯᠡᠯ︾ ᠤᠨ ᠠᠷᠠᠯᠵᠢᠶ᠎ᠠ ᠦᠭᠡᠢ | ᠪᠠᠶᠢᠭᠰᠠᠨ ᠢ ᠪᠠᠶᠢᠳᠠᠯ ᠢ ᠲᠦᠷᠦᠭᠦᠯᠡᠨ ᠰᠢᠪᠲᠤᠯᠪᠠ︔ ︽1+2+N︾ ᠰᠢᠨ᠎ᠡ ᠡᠨᠧᠷᠭᠢ ᠶᠢᠨ ᠠᠵᠤ ᠦᠢᠯᠡᠰ ᠤᠨ | ᠬᠡᠯᠬᠢᠶ᠎ᠡ ᠶᠢᠨ ᠠᠮᠢ ᠠᠬᠤᠢ ᠶᠢᠨ ᠬᠤᠯᠪᠣᠭ᠎ᠠ ᠶᠢ ᠲᠦᠷᠦᠭᠦᠯᠡᠨ ᠪᠠᠶᠢᠭᠤᠯᠵᠤ᠂ ᠪᠦᠯᠬᠦᠮᠳᠡᠨ ᠬᠥᠭᠵᠢᠵᠦ᠂ ᠬᠠᠷᠢᠯᠴᠠᠨ | ᠬᠠᠷᠠᠭᠠᠯᠠᠵᠤ ᠬᠠᠮᠲᠤᠪᠠᠷ ᠠᠰᠢᠭ ᠬᠦᠷᠲᠡᠪᠡ᠃ ᠣᠲᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠪᠥᠭᠡᠮᠨᠡᠷᠡᠯ ᠣᠯᠠᠨ ᠬᠡᠯᠬᠢᠶ᠎ᠡ ᠪᠠᠷ ᠠᠭᠤᠰᠤᠯᠴᠠᠨ ᠬᠥᠭᠵᠢᠵᠦ᠂ ᠵᠢᠦ ᠲᠠᠢ ᠡᠲ᠋ᠢᠯ ᠬᠤᠶᠠᠷᠴᠢ ᠠᠯᠺᠣᠣᠯ᠂ | ᠰᠢᠦᠢ ᠶᠠᠩ ᠬᠡᠦᠷᠰᠢᠭᠦᠯᠬᠦ ᠵᠡᠷᠭᠡ ᠲᠥᠷᠥᠯ ᠵᠦᠢᠯ ᠦᠢᠯᠡᠳᠪᠦᠷᠢᠯᠡᠯ ᠢᠶᠠᠨ ᠪᠡᠶᠡᠯᠡᠭᠦᠯᠦᠨ ᠦᠷ᠎ᠡ ᠠᠰᠢᠭ ᠣᠯᠵᠤ᠂ ᠰᠠᠨ | ᠯᠢᠶᠠᠨ ᠬᠢᠮᠢ ᠶᠢᠨ ᠠᠵᠤ ᠦᠢᠯᠡᠳᠪᠦᠷᠢ ᠶᠢ ᠨᠡᠭᠦᠯᠭᠡᠬᠦ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠳᠠᠭᠤᠰᠴᠤ᠂ | ᠵᠢᠦ ᠲᠠᠢ ᠶᠢᠨ 30 ᠲᠦᠮᠡᠨ ᠲᠣᠨ ᠤ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠶᠢ ᠨᠢᠭᠡ | ᠴᠣᠭᠴᠠᠵᠢᠭᠤᠯᠬᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠣᠮᠫᠠᠨᠢ ᠶᠢᠨ ᠬᠥᠬᠡᠬᠤᠲᠠ ᠶᠢᠨ ᠴᠢᠯᠠᠭᠤᠨ | ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠪᠥᠭᠡᠭᠡᠨᠡᠷᠡᠯ ᠮᠧᠲ᠋ᠠᠨᠠᠯ ᠤᠨ ᠲᠠᠰ ᠳᠡᠪᠰᠢᠭᠦᠯᠦᠨ ᠥᠭᠡᠷᠡᠴᠢᠯᠡᠬᠦ | ᠵᠡᠷᠭᠡ ᠲᠥᠷᠥᠯ ᠵᠦᠢᠯ ᠤᠨ ᠠᠬᠢᠴᠠ ᠤᠷᠤᠭᠰᠢᠲᠠᠢ ᠶᠠᠪᠤᠭᠳᠠᠪᠠ᠃ ︽ᠵᠢᠷᠭᠤᠭᠠᠨ ᠶᠡᠭᠡ ᠠᠵᠤ ᠦᠢᠯᠡᠰ ᠤᠨ | ᠪᠥᠭᠡᠮᠨᠡᠷᠡᠯ︾ ᠤᠨ ᠦᠢᠯᠡᠳᠬᠦᠨ ᠤ ᠥᠷᠲᠡᠭ 2430 ᠳ᠋ᠦᠩᠰᠢᠭᠤᠷ ᠲᠥᠭᠦᠷᠢᠭ ᠬᠦᠷᠴᠦ᠂ ᠪᠥᠬᠦ ᠬᠤᠲᠠ ᠶᠢᠨ ᠠᠵᠤ | ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠲᠤ ᠡᠵᠡᠯᠡᠬᠦ ᠬᠤᠪᠢ ᠶᠢᠨ ᠵᠢᠩ 90% ᠶᠢ ᠳᠠᠪᠠᠪᠠ︔ | ᠪᠥᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠰᠢᠨ᠎ᠡ ᠪᠠᠷ 41 | ᠨᠡᠮᠡᠭᠳᠡᠵᠦ᠂ ᠶᠡᠷᠦᠩᠬᠡᠢ ᠲᠤᠭ᠎ᠠ ᠨᠢ 322 ᠬᠦᠷᠴᠦ᠂ ᠣᠷᠣᠨ ᠤ ᠲᠥᠪ ᠬᠤᠲᠠ ᠶᠢᠨ ᠠᠵᠤ ᠦᠢᠯᠡᠳᠪᠦᠷᠢ ᠶᠢᠨ | ᠲᠤᠭ᠎ᠠ ᠬᠡᠮᠵᠢᠶ᠎ᠡ ᠲᠣᠭᠲᠠᠭᠤᠨ ᠨᠡᠮᠡᠭᠳᠡᠵᠦ ᠶᠠᠰᠤ ᠴᠢᠨᠠᠷ ᠪᠦᠲᠦᠮᠵᠢᠲᠡᠶ ᠳᠡᠭᠡᠭᠰᠢᠯᠡᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ︽ᠲᠠᠪᠤᠨ ᠣᠷᠣᠨ ᠪᠦᠰᠡ ᠶᠢᠨ ᠲᠥᠪ︾ ᠢ ᠪᠥᠬᠦ ᠬᠦᠴᠦᠨ ᠢᠶᠠᠷ ᠢᠶᠠᠨ | ᠡᠭᠦᠳᠴᠦ᠂ ᠣᠷᠣᠨ ᠤ ᠲᠥᠪ ᠬᠤᠲᠠ ᠶᠢᠨ ᠬᠤᠲᠠ ᠶᠢᠨ ᠴᠠᠭᠠᠷᠢᠭ ᠤᠨ ᠨᠥᠯᠥᠭᠡᠯᠡᠬᠦ ᠴᠢᠳᠠᠪᠤᠷᠢ ᠤᠯᠠᠮ ᠨᠢᠭᠡ | ᠠᠯᠬᠤᠮ ᠲᠣᠮᠣᠷᠠᠪᠠ᠃ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠢ ᠪᠠᠶᠢᠭᠤᠯᠬᠤ ᠳᠤ | ᠰᠠᠭᠤᠷᠢᠯᠠᠨ᠂ ᠪᠥᠬᠦ ᠨᠡᠶᠢᠭᠡᠮ ᠢᠶᠠᠷ ᠢᠶᠠᠨ 63.8 ᠳ᠋ᠦᠩᠰᠢᠭᠤᠷ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ | ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 21% ᠨᠡᠮᠡᠭᠳᠡᠪᠡ︔ ᠪᠥᠬᠦ ᠤᠯᠤᠰ ᠤᠨ ᠴᠣᠷ ᠤᠨ ᠭᠠᠭᠴᠠ | ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠳᠠᠲᠤ ᠴᠣᠭᠴᠠᠵᠢᠭᠰᠠᠨ | ᠡᠵᠡᠩᠨᠡᠯᠲᠡ ᠪᠠᠨ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠪᠡᠰᠦᠨ ᠦᠷ᠎ᠡ ᠶᠢᠨ ᠦᠢᠯᠡᠰ᠂ ᠠᠮᠢᠲᠠᠨ ᠤ | ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠠᠮᠵᠢᠯᠲᠠ ᠲᠠᠢ ᠪᠠᠷ ᠵᠥᠪᠰᠢᠶᠡᠷᠡᠭᠳᠡᠪᠡ︔ 120 ᠶᠡᠭᠡ | ᠳᠡᠭᠡᠳᠦ ᠰᠤᠷᠭᠠᠭᠤᠯᠢ ᠶᠢᠨ ᠬᠦᠷᠢᠶᠡᠯᠡᠩ ᠭᠠᠵᠠᠷ ᠲᠠᠢ ᠬᠠᠮᠲᠤᠷᠠᠯᠴᠠᠭ᠎ᠠ ᠥᠷᠨᠢᠭᠦᠯᠵᠦ᠂ ᠠᠺᠠᠳᠧᠮᠢᠴᠢ ᠲᠤᠰᠬᠠᠢ | ᠮᠡᠷᠭᠡᠵᠢᠯᠲᠡᠨ ᠤ ᠠᠵᠢᠯ ᠤᠨ ᠦᠷᠳᠡᠭᠡ ᠶᠢ ᠰᠢᠨ᠎ᠡ ᠪᠠᠷ 5 ᠨᠡᠮᠡᠨ᠂ ᠠᠺᠠᠳᠧᠮᠢᠴᠢ 15᠂ ᠳᠡᠭᠡᠳᠦ ᠲᠡᠰ | ᠳᠠᠪᠬᠤᠷᠭ᠎ᠠ ᠶᠢᠨ ᠪᠦᠯᠬᠦᠮ 125 ᠶᠢ ᠤᠷᠢᠵᠤ ᠢᠷᠡᠪᠡ︔ 44 ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠢ | ᠰᠢᠪᠲᠤᠯᠵᠤ᠂ 218 ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠪᠠ︔ | ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 533᠂ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 649 ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠤᠰ ᠲᠤᠰ | 15%᠂ 57% ᠨᠡᠮᠡᠭᠳᠡᠨ᠂ ᠰᠢᠨ᠎ᠡ ᠶᠢ ᠡᠭᠦᠳᠬᠦ ᠴᠢᠳᠠᠪᠤᠷᠢ ᠶᠢᠨ ᠢᠯᠡᠳᠬᠡᠯ ᠲᠤᠭ᠎ᠠ ᠳᠡᠭᠡᠭᠰᠢᠯᠡᠭᠡᠳ ᠪᠦᠬᠦ | ᠤᠯᠤᠰ ᠤᠨ 30 ᠳ᠋ᠤᠭᠠᠷ ᠲᠤ ᠣᠷᠣᠪᠠ᠃ ︽ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠲᠥᠪ︾ ᠢ | ᠪᠠᠶᠢᠭᠤᠯᠬᠤ ᠳᠤ ᠰᠠᠭᠤᠷᠢᠯᠠᠨ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠭᠤᠣᠯ ᠴᠣᠭᠴᠠ ᠶᠢ | ᠪᠠᠶᠢᠭᠤᠯᠵᠤ ᠳᠠᠭᠤᠰᠬᠠᠨ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ᠂ ᠭᠠᠯᠲᠤ ᠲᠡᠷᠭᠡᠨ ᠤ ᠵᠡᠭᠦᠨ | ᠥᠷᠲᠡᠭᠡ ᠶᠢᠨ ᠬᠤᠶᠢᠲᠤ ᠠᠭᠤᠳᠠᠮ ᠲᠠᠯᠠᠪᠠᠶ ᠶᠢ ᠠᠰᠢᠭᠯᠠᠯᠲᠠ ᠳᠤ ᠣᠷᠣᠭᠤᠯᠵᠤ᠂ ᠣᠷᠣᠨ ᠤ ᠲᠥᠪ ᠬᠤᠲᠠ ᠠᠴᠠ | ᠨᠡᠶᠢᠰᠯᠡᠯ ᠬᠦᠷᠬᠦ ᠲᠦᠷᠭᠡᠨ ᠤ ᠭᠠᠯᠲᠤ ᠲᠡᠷᠭᠡ ᠶᠢᠨ ᠠᠶᠠᠯᠠᠬᠤ ᠴᠠᠭ 2 ᠴᠠᠭ ᠤᠨ ᠳᠣᠲᠣᠷ᠎ᠠ ᠪᠣᠯᠣᠨ ᠪᠣᠭᠤᠨᠢᠰᠴᠤ᠂ | ᠲᠦᠷᠭᠡᠨ ᠤ ᠭᠠᠯᠲᠤ ᠲᠡᠷᠭᠡ ᠬᠤᠷᠳᠤᠨ ᠤ ᠭᠠᠯᠲᠤ ᠲᠡᠷᠭᠡ ᠶᠢᠨ ᠶᠠᠪᠤᠬᠤ ᠳᠠᠪᠲᠠᠮᠵᠢ ᠬᠠᠮᠤᠭ ᠣᠯᠠᠨ ᠳᠠᠭᠠᠨ ᠡᠳᠦᠷ | ᠪᠦᠷᠢ 55 ᠬᠦᠷᠪᠡ︔ ᠢ ᠱᠦᠨ᠂ ᠶᠤᠸᠠᠨ ᠲᠦᠩ᠂ ᠵᠢᠦ ᠵᠧᠦ ᠲᠦᠩ᠂ ᠱᠢ ᠮᠧᠩ ᠬᠠᠩᠭᠠᠯᠭ᠎ᠠ ᠶᠢᠨ ᠬᠡᠯᠬᠢᠶ᠎ᠡ ᠵᠡᠷᠭᠡ | ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠵᠤ᠂ ᠴᠢᠩ ᠽᠢ ᠬᠦᠢᠲᠡᠨ ᠬᠡᠯᠬᠢᠶ᠎ᠡ᠂ ᠮᠢᠩ ᠫᠢᠨ ᠹᠦ᠋ ᠪᠠᠷᠠᠭᠠᠨ ᠤ ᠭᠦᠢᠯᠭᠡᠭᠡ ᠵᠡᠷᠭᠡ ᠲᠥᠷᠥᠯ ᠵᠦᠢᠯ ᠢ | ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠪᠠ︔ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ 50 | ᠤᠳᠠᠭ᠎ᠠ ᠠᠶᠠᠯᠠᠭᠤᠯᠵᠤ᠂ ᠠᠩᠬ᠎ᠠ ᠤᠳᠠᠭ᠎ᠠ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ ᠨᠠᠪᠲᠠᠷᠡᠭᠦᠯᠵᠦ᠂ | ᠬᠥᠬᠡᠬᠤᠲᠠ ᠶᠢᠨ ᠤᠯᠠᠨ ᠤᠯᠤᠰ ᠤᠨ ᠡᠬᠡ ᠬᠠᠭᠤᠷᠠᠢ ᠶᠢᠨ ᠭᠠᠷᠠᠮ ᠤᠨ ᠡᠯᠡᠰᠦᠨ ᠳᠠᠪᠠᠭ᠎ᠠ᠂ ᠲᠢᠶᠧ ᠲᠦᠩ | ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠠᠵᠢᠯ ᠤᠨ ᠲᠠᠯᠠᠪᠤᠷ ᠢ ᠵᠢᠩᠬᠢᠨᠢ ᠪᠠᠷ ᠡᠬᠢᠯᠡᠭᠦᠯᠵᠦ᠂ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠤ ᠭᠠᠳᠠᠭᠠᠳᠤ ᠳᠤ ᠭᠠᠷᠭᠠᠵᠤ ᠭᠠᠳᠠᠭᠠᠳᠤ ᠠᠴᠠ ᠣᠷᠣᠭᠤᠯᠤᠭᠰᠠᠨ ᠶᠡᠷᠦᠩᠬᠡᠢ ᠬᠡᠮᠵᠢᠶ᠎ᠡ | 65 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 58.5% ᠨᠡᠮᠡᠭᠳᠡᠵᠦ᠂ ︽ᠡᠬᠡ | ᠬᠠᠭᠤᠷᠠᠢ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ︾ ᠪᠠ ︽ᠤᠯᠤᠰ ᠤᠨ | ᠤᠳᠤ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠤᠭᠴᠢ ᠴᠡᠭ ᠤᠨ ᠬᠤᠳᠠ︾ ᠪᠠᠷ | ᠵᠥᠪᠰᠢᠶᠡᠷᠡᠭᠳᠡᠪᠡ᠃ ︽ᠰᠡᠯᠡᠭᠦᠴᠡᠯ ᠠᠮᠠᠷᠠᠯᠲᠠ ᠶᠢᠨ ᠲᠥᠪ︾ ᠢ ᠪᠠᠶᠢᠭᠤᠯᠬᠤ ᠳᠤ ᠰᠠᠭᠤᠷᠢᠯᠠᠨ᠂ ᠡᠯ᠎ᠡ ᠲᠦᠷᠦᠯ ᠤᠨ | ᠪᠠᠶᠠᠷ ᠳᠤᠷᠠᠰᠬᠠᠯ ᠤᠨ ᠠᠵᠢᠯᠯᠠᠭ᠎ᠠ ᠶᠢ 400 ᠭᠠᠷᠤᠢ ᠤᠳᠠᠭ᠎ᠠ ᠡᠷᠬᠢᠯᠡᠵᠦ᠂ ᠵᠧᠦ ᠵᠢᠶᠧ ᠯᠦᠨ ᠤ ᠳᠠᠭᠤᠨ ᠤ | ᠲᠣᠭᠯᠠᠯᠲᠠ ᠶᠢᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠨᠢ ᠬᠥᠬᠡᠬᠤᠲᠠ ᠳᠤ ᠮᠠᠰᠢ ᠣᠯᠠᠨ ᠰᠠᠶᠢᠨ | ᠦᠨᠡᠯᠡᠯᠲᠡ ᠶᠢ ᠣᠯᠵᠤ᠂ 165 ᠲᠦᠮᠡᠨ ᠬᠥᠮᠥᠨ ᠣᠷᠣᠯᠴᠠᠭᠰᠠᠨ ᠰᠢᠨ᠎ᠡ ᠣᠨ ᠢᠶᠠᠨ ᠤᠭᠲᠤᠬᠤ ᠠᠵᠢᠯᠯᠠᠭ᠎ᠠ ᠨᠢ | ᠠᠷᠠᠳ ᠤᠯᠠᠨ ᠤ ᠤᠷᠮ᠎ᠠ ᠰᠡᠳᠬᠢᠯ ᠢ ᠬᠥᠭᠵᠢᠭᠡᠪᠡ︔ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠤᠷᠤᠯᠳᠤᠭᠠᠨ ᠤ ᠲᠤᠷᠤᠨ᠎ᠠ ᠶᠢᠨ ᠰᠠᠯᠬᠢᠨ ᠢᠶᠠᠷ ᠳᠡᠯ | ᠠᠭᠤᠯᠠ ᠶᠢᠨ ᠴᠡᠨᠡᠯᠡᠯᠲᠡ ᠶᠢᠨ ᠲᠠᠯᠠᠪᠠᠢ᠂ ᠵᠡᠭᠦᠨ ᠭᠤᠣᠯ ᠤᠨ ᠮᠥᠰᠥ ᠴᠠᠰᠤᠨ ᠤ ᠲᠠᠯᠠᠪᠠᠢ ᠨᠢ ᠣᠷᠣᠨ ᠤ ᠳᠣᠲᠣᠨ᠎ᠠ | ᠭᠠᠳᠠᠨᠠᠬᠢ ᠵᠢᠭᠤᠯᠴᠢᠯᠠᠭᠴᠢᠳ ᠤᠨ ᠮᠥᠰᠥ ᠴᠠᠰᠤᠨ ᠤ ᠵᠤᠭᠠᠴᠠᠯ᠂ ᠲᠠᠮᠢᠷ ᠤᠨ ᠬᠥᠳᠡᠯᠭᠡᠭᠡᠨ ᠤ ᠰᠢᠨ᠎ᠡ ᠲᠠᠯᠠᠪᠤᠷ | ᠪᠣᠯᠵᠤ᠂ ᠬᠠᠷ᠎ᠠ ᠤᠰᠤ ᠶᠢᠨ ᠡᠪᠦᠯ ᠤᠨ ᠵᠢᠭᠠᠰᠤ ᠠᠩᠨᠠᠬᠤ ᠪᠠᠶᠠᠷ ᠨᠢ ᠬᠥᠮᠥᠰ ᠲᠤ ︽ᠴᠠᠰᠤ ᠭᠢᠰᠬᠢᠨ ᠵᠢᠭᠠᠰᠤ ᠡᠷᠢᠬᠦ︾ | ᠪᠠᠶᠠᠷ ᠪᠠᠶᠠᠰᠤᠯ ᠢ ᠡᠳ᠋ᠯᠡᠭᠦᠯᠪᠡ︔ ᠴᠡᠯᠡᠭᠡᠷ ᠲᠠᠯ᠎ᠠ ᠶᠢᠨ ᠲᠦᠮᠡᠨ ᠮᠦ ᠲᠠᠯ᠎ᠠ ᠨᠤᠲᠤᠭ᠂ ᠶᠡᠭᠡ ᠲᠦᠷᠭᠡᠨ ᠭᠤᠣᠯ ᠤᠨ | ᠮᠢᠩᠭᠠᠨ ᠮᠦ ᠴᠡᠴᠡᠭ ᠤᠨ ᠳᠠᠯᠠᠢ ᠨᠢ ᠬᠤᠲᠠ ᠶᠢᠨ ᠠᠷᠠᠳ ᠤᠨ ᠵᠠᠪᠠᠯ ᠬᠦᠷᠴᠦ ᠨᠡᠷ᠎ᠡ ᠪᠠᠨ ᠪᠦᠷᠢᠳᠬᠡᠬᠦ ︽ᠰᠢᠨ᠎ᠡ | ᠰᠣᠩᠭᠤᠯᠲᠠ︾ ᠪᠣᠯᠪᠠ︔ ᠳᠤᠮᠳᠠᠳᠤ ᠤᠯᠤᠰ ᠤᠨ ᠰᠣᠶᠣᠯ ᠤᠨ ᠠᠭᠤᠯᠬᠤᠨ ᠪᠠ ᠤᠯᠠᠨ ᠤᠯᠤᠰ ᠤᠨ ᠬᠠᠷᠠᠭ᠎ᠠ ᠶᠢ | ᠬᠠᠷᠠᠭᠤᠯᠤᠭᠰᠠᠨ ᠱᠤᠭᠤᠮᠠᠯ ᠤᠨ ᠤᠷᠠᠯᠢᠭ ᠤᠨ ᠣᠷᠳᠣᠨ᠂ ᠤᠯᠠᠨ ᠤᠯᠤᠰ ᠤᠨ ᠱᠤᠭᠤᠮᠠᠯ ᠤᠨ ᠬᠦᠷᠢᠶᠡᠯᠡᠩ ᠢ | ᠦᠪᠡᠳᠡᠭᠰᠢ ᠨᠡᠭᠡᠭᠡᠵᠦ᠂ ᠠᠩᠬᠠᠳᠤᠭᠠᠷ ᠬᠤᠭᠤᠴᠠᠭᠠᠨ ᠤ ᠬᠥᠬᠡᠬᠤᠲᠠ ᠶᠢᠨ ᠤᠯᠠᠨ ᠤᠯᠤᠰ ᠤᠨ ᠱᠤᠭᠤᠮᠠᠯ ᠤᠨ | ᠤᠷᠠᠯᠢᠭ ᠤᠨ ᠦᠵᠡᠰᠬᠦᠯᠡᠩ ᠢ ᠠᠮᠵᠢᠯᠲᠠ ᠲᠠᠢ ᠡᠷᠬᠢᠯᠡᠪᠡ᠃ ︽ᠣᠲᠣ ᠦᠶ᠎ᠡ ᠶᠢᠨ ᠬᠡᠷᠡᠭᠯᠡᠭᠡᠨ ᠤ ᠲᠥᠪ︾ ᠢ | ᠪᠠᠶᠢᠭᠤᠯᠬᠤ ᠳᠤ ᠰᠠᠭᠤᠷᠢᠯᠠᠨ᠂ ᠵᠠᠰᠠᠭ ᠪᠠᠩᠬᠢ ᠠᠵᠤ ᠠᠬᠤᠶᠢᠯᠠᠯ ᠤᠨ ᠬᠡᠷᠡᠭᠯᠡᠭᠡᠨ ᠤ ᠲᠡᠮᠳᠡᠭᠲᠦ ᠶᠢ 1.3 | ᠳ᠋ᠦᠩᠰᠢᠭᠤᠷ ᠲᠥᠭᠦᠷᠢᠭ ᠲᠠᠷᠬᠠᠭᠠᠵᠤ᠂ ᠣᠯᠠᠨ ᠲᠦᠮᠡᠨ ᠤ ᠬᠡᠷᠡᠭᠯᠡᠭᠡ ᠶᠢ 60 ᠳ᠋ᠦᠩᠰᠢᠭᠤᠷ ᠢᠯᠡᠭᠦᠦ ᠲᠥᠭᠦᠷᠢᠭ | ᠬᠥᠲᠥᠯᠥᠨ ᠳᠠᠭᠠᠭᠤᠯᠪᠠ᠃ ᠰᠢᠨᠬᠤᠸᠠ Mall᠂ ᠵᠦᠩ ᠱᠠᠩ · ᠱᠢ ᠵᠢᠶᠧ ᠯᠢ᠂ ᠲᠢᠶᠠᠨ ᠶᠤᠸᠠᠨ ᠪᠥᠬᠦ | ᠪᠥᠮᠪᠥᠷᠴᠡᠭ ᠤᠨ ᠲᠠᠸᠠᠷ ᠤᠨ ᠳᠡᠯᠭᠡᠨ ᠦᠵᠡᠭᠦᠯᠦᠯᠭᠡ ᠶᠢᠨ ᠠᠷᠠᠯᠵᠢᠶᠠᠨ ᠤ ᠲᠥᠪ ᠡᠵᠡᠩᠨᠡᠯᠲᠡ ᠪᠠᠨ ᠡᠬᠢᠯᠡᠭᠦᠯᠵᠦ᠂ | ᠵᠦᠩ ᠱᠠᠨ ᠵᠠᠮ ᠤᠨ ᠵᠦᠸᠠᠨ ᠵᠢᠶᠣᠣ ᠰᠢᠶᠠᠩ᠂ ᠺᠤᠸᠠᠨ ᠰᠢᠶᠠᠩ ᠽᠢ᠂ ᠪᠣᠭᠤᠮᠲᠠ ᠶᠢᠨ ᠬᠠᠭᠤᠴᠢᠨ ᠵᠡᠭᠡᠯᠢ ᠵᠡᠷᠭᠡ | ᠣᠨᠴᠠᠯᠢᠭᠲᠤ ᠵᠡᠭᠡᠯᠢ ᠲᠣᠭᠤᠷᠢᠭ ᠴᠣ᠋ ᠰᠢᠨ᠎ᠡ ᠳᠦᠷᠢ ᠪᠠᠷ ᠣᠯᠠᠨ ᠲᠠᠢ ᠵᠣᠯᠭᠠᠵᠤ᠂ ᠸᠧᠢ ᠯᠠᠢ᠂ ᠰᠢ ᠴᠠ ᠵᠡᠷᠭᠡ 46 | ᠲᠦᠷᠦᠯ ᠲᠡᠮᠳᠡᠭᠲᠦ ᠶᠢᠨ ᠠᠩᠬᠠᠨ ᠤ ᠳᠡᠯᠭᠡᠭᠦᠷ ᠪᠠ ᠬᠤᠰᠢᠭᠤᠴᠢ ᠳᠡᠯᠭᠡᠭᠦᠷ ᠣᠮᠤᠭ ᠲᠠᠢ ᠰᠠᠭᠤᠷᠢᠰᠢᠵᠤ᠂ ᠪᠦᠬᠦ | ᠤᠯᠤᠰ ᠤᠨ ᠠᠩᠬᠠᠳᠠᠭᠴᠢ ︽ᠮᠣᠩᠭᠤᠯ ᠬᠤᠭᠤᠯᠠᠨ ᠤ ᠭᠠᠵᠠᠷ ᠣᠷᠣᠨ ᠤ ᠢᠯᠡᠷᠬᠡᠶᠢᠯᠡᠯᠲᠦ ᠠᠮᠲᠠᠲᠤ ᠢᠳᠡᠭᠡᠨ ᠤ | ᠬᠤᠳᠠ︾ ᠪᠠᠷ ᠦᠨᠡᠯᠡᠭᠳᠡᠵᠦ᠂ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ | ᠬᠤᠳᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠪᠦᠬᠦ ᠤᠯᠤᠰ ᠤᠨ ︽ᠣᠨ ᠤ ᠬᠡᠷᠡᠭᠯᠡᠭᠡᠨ ᠤ ᠬᠠᠯᠠᠮᠰᠢᠯ ᠬᠤᠳᠠ︾ | ᠪᠠᠷ ᠰᠣᠩᠭᠤᠭᠳᠠᠪᠠ᠃ ︽ᠰᠤᠷᠭᠠᠨ ᠬᠥᠮᠦᠵᠢᠯ ᠡᠮᠴᠢᠯᠡᠭᠡᠨ ᠤ ᠲᠥᠪ︾ ᠢ ᠪᠠᠶᠢᠭᠤᠯᠬᠤ ᠳᠤ ᠰᠠᠭᠤᠷᠢᠯᠠᠨ᠂ ᠪᠦᠯᠦᠭᠯᠡᠯ | ᠮᠠᠶ᠋ᠢᠭ ᠢᠶᠠᠷ ᠰᠤᠷᠭᠠᠭᠤᠯᠢ ᠡᠷᠭᠢᠯᠡᠬᠦ ᠶᠢ ᠭᠦᠨᠵᠡᠭᠡᠢ ᠠᠬᠢᠭᠤᠯᠵᠤ᠂ ᠪᠡᠭᠡᠵᠢᠩ ᠶᠡᠭᠡ ᠰᠤᠷᠭᠠᠭᠤᠯᠢ᠂ ᠪᠡᠭᠡᠵᠢᠩ ᠤᠨ | ᠪᠠᠭᠰᠢ ᠶᠢᠨ ᠶᠡᠭᠡ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠨᠠᠷᠠᠲᠤ ᠶᠡᠭᠡ | ᠰᠤᠷᠭᠠᠭᠤᠯᠢ ᠲᠠᠢ ᠭᠦᠨᠵᠡᠭᠡᠢ ᠬᠠᠮᠲᠤᠷᠠᠯᠴᠠᠵᠤ᠂ ︽ᠨᠠᠷᠠᠲᠤ ᠰᠤᠷᠭᠠᠭᠤᠯᠢ +︾ ᠰᠤᠷᠭᠠᠨ ᠬᠥᠮᠦᠵᠢᠯ ᠤᠨ ᠪᠦᠯᠦᠭᠯᠡᠯ ᠢ | 86 ᠪᠠᠶᠢᠭᠤᠯᠪᠠ︔ 2 ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠵᠥᠪᠰᠢᠶᠡᠷᠡᠭᠦᠯᠦᠨ᠂ 5 | ᠤᠯᠤᠰ ᠤᠨ ᠲᠠᠰ ᠤᠨ ᠠᠨᠠᠭᠠᠬᠤ ᠤᠬᠠᠭᠠᠨ ᠤ ᠲᠥᠪ ᠤᠨ ᠬᠤᠪᠢᠶᠠᠷᠢ ᠲᠥᠪ ᠢ ᠪᠠᠶᠢᠭᠤᠯᠤᠨ ᠡᠵᠡᠩᠨᠡᠵᠦ᠂ 6 ᠢᠨᠲ᠋ᠧᠷ | ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠪᠠᠶᠢᠭᠤᠯᠵᠤ᠂ ᠬᠤᠲᠠ ᠶᠢᠨ ᠠᠮᠠᠨ ᠬᠥᠨᠳᠡᠢ ᠶᠢᠨ ᠡᠮᠨᠡᠯᠭᠡ ᠶᠢᠨ | ᠬᠤᠷᠢᠶ᠎ᠠ ᠳᠤ ᠥᠪᠥᠷ ᠮᠣᠩᠭᠤᠯ ᠤᠨ ᠠᠮᠠᠨ ᠬᠥᠨᠳᠡᠢ ᠶᠢᠨ ᠡᠮᠨᠡᠯᠭᠡ ᠶᠢᠨ ᠬᠤᠷᠢᠶ᠎ᠠ ᠶᠢᠨ ᠫᠠᠶᠢᠰᠠ ᠶᠢ ᠡᠯᠭᠦᠵᠦ᠂ | ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠪᠦᠯᠦᠭᠯᠡᠯ ᠬᠢᠭᠡᠳ ᠰᠠᠶᠢᠬᠠᠨ ᠲᠣᠭᠤᠷᠢᠭ ᠤᠨ ᠬᠠᠮᠲᠤᠷᠠᠨ ᠪᠠᠶᠢᠭᠤᠯᠤᠭᠰᠠᠨ | ᠥᠪᠥᠷ ᠮᠣᠩᠭᠤᠯ ᠤᠨ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠮᠨᠡᠯᠭᠡ ᠶᠢᠨ ᠬᠤᠷᠢᠶ᠎ᠠ ᠡᠬᠢᠯᠡᠨ ᠠᠵᠢᠯᠯᠠᠵᠤ᠂ | ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠡᠮᠨᠡᠯᠭᠡ ᠶᠢᠨ ᠬᠤᠷᠢᠶᠠᠨ ᠳᠤ ᠣᠷᠣᠬᠤ ᠠᠴᠠ ᠡᠮᠦᠨᠡᠬᠢ ᠲᠦᠷᠭᠡᠨ | ᠠᠪᠤᠷᠠᠯᠲᠠ ᠶᠢ ᠨᠢᠭᠡ ᠴᠣᠭᠴᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ︽ᠲᠠᠪᠤᠨ ᠲᠣᠬᠢᠷᠠᠮᠵᠢᠲᠠᠢ ᠬᠤᠲᠠ︾ ᠶᠢ ᠪᠥᠬᠦ ᠬᠦᠴᠦᠨ ᠢᠶᠠᠷ ᠢᠶᠠᠨ | ᠪᠦᠲᠦᠭᠡᠨ ᠪᠠᠶᠢᠭᠤᠯᠵᠤ᠂ ᠣᠷᠣᠨ ᠤ ᠲᠥᠪ ᠬᠤᠲᠠ ᠶᠢᠨ ᠬᠥᠮᠥᠨ ᠠᠮᠠ ᠶᠢᠨ ᠭᠤᠤᠷᠰᠤᠨ ᠰᠣᠷᠣᠭᠤᠯ ᠤᠨ ᠴᠢᠳᠠᠪᠤᠷᠢ | ᠤᠯᠠᠮ ᠨᠢᠭᠡ ᠠᠯᠬᠤᠮ ᠴᠢᠩᠭᠠᠷᠠᠪᠠ᠃ ︽ᠰᠠᠭᠤᠷᠢᠰᠢᠬᠤ ᠳᠤ ᠲᠣᠬᠢᠷᠠᠮᠵᠢᠲᠠᠢ︾ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠲᠣᠭᠤᠷᠢᠨ ᠳᠤ᠂ 309 ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠵᠤ᠂ 7 ᠪᠣᠷᠣ | ᠰᠠᠭᠤᠷᠢᠰᠢᠯ ᠢ ᠥᠭᠡᠷᠡᠴᠢᠯᠡᠨ ᠵᠠᠰᠠᠵᠤ᠂ 139 ᠺᠢᠯᠣᠮᠧᠲᠷ ᠬᠠᠭᠤᠴᠢᠨ ᠰᠢᠲᠠᠮᠠᠬᠠᠢ ᠬᠡᠢ ᠶᠢᠨ ᠬᠤᠭᠤᠯᠠᠢ ᠶᠢᠨ | ᠲᠣᠣᠷ ᠢ ᠥᠭᠡᠷᠡᠴᠢᠯᠡᠨ ᠵᠠᠰᠠᠵᠤ᠂ ᠪᠥᠬᠦ ᠤᠯᠤᠰ ᠤᠨ 80 ᠲᠣᠮᠣ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ | ᠲᠥᠷᠥᠯ ᠬᠤᠪᠢᠶᠠᠭᠰᠠᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠳᠤ 10 ᠳ᠋ᠤᠭᠠᠷ ᠲᠤ ᠵᠢᠭᠰᠠᠪᠠ︔ ᠣᠷᠣᠨ ᠤ | ᠲᠥᠪ ᠬᠤᠲᠠ ᠶᠢᠨ ᠳᠤᠯᠠᠭᠠᠯᠠᠭ᠎ᠠ ᠬᠠᠩᠭᠠᠬᠤ ᠪᠠᠶᠢᠷᠢᠰᠢᠯ ᠢ ᠬᠤᠪᠢᠷᠠᠭᠤᠯᠤᠭᠰᠠᠨ ᠪᠡᠯᠭᠡ ᠲᠡᠮᠳᠡᠭ ᠤᠨ ᠴᠢᠨᠠᠷᠲᠠᠢ | ᠲᠥᠷᠥᠯ ᠵᠦᠢᠯ ᠪᠣᠯᠬᠤ ᠳ᠋ᠠ ᠲᠠᠩ ᠤᠨ ᠴᠠᠬᠢᠯᠭᠠᠨ ᠦᠢᠯᠡᠳᠪᠦᠷᠢ ᠶᠢᠨ ᠢᠯᠴᠢ ᠶᠢ ᠬᠥᠬᠡᠬᠤᠲᠠ ᠳᠤ ᠲᠠᠲᠠᠬᠤ | ᠢᠨᠵᠧᠨᠧᠷᠢᠩ ᠢ ᠲᠣᠰ ᠵᠢᠯ ᠳᠤ ᠡᠬᠢᠯᠡᠭᠦᠯᠦᠨ᠂ ᠲᠣᠰ ᠵᠢᠯ ᠳᠤ ᠠᠰᠢᠭᠯᠠᠯᠲᠠ ᠳᠤ ᠣᠷᠣᠭᠤᠯᠵᠤ᠂ ᠢᠯᠴᠢ ᠬᠠᠩᠭᠠᠬᠤ | ᠴᠢᠳᠠᠪᠤᠷᠢ ᠶᠢ 2000 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠡᠨᠡ ᠵᠢᠯ ᠪᠠᠰᠠ 3300 | ᠲᠦᠮᠡᠨ ᠲᠡᠭᠰᠢ ᠳᠥᠷᠪᠡᠯᠵᠢᠨ ᠮᠧᠲᠷ ᠨᠡᠮᠡᠭᠳᠡᠭᠦᠯᠦᠨ᠎ᠡ︔ ᠵᠢᠨᠱᠠᠨ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ | ᠬᠤᠭᠤᠴᠠᠭᠠᠨ ᠤ ᠢᠯᠴᠢ ᠬᠠᠩᠭᠠᠬᠤ ᠲᠥᠷᠥᠯ ᠵᠦᠢᠯ ᠤᠨ ᠢᠯᠴᠢ ᠬᠠᠩᠭᠠᠬᠤ ᠴᠢᠳᠠᠪᠤᠷᠢ ᠶᠢ 2000 ᠲᠦᠮᠡᠨ | ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠬᠤᠳᠠ ᠶᠢᠨ ᠲᠣᠭᠤᠷᠢᠭ ᠤᠨ ᠴᠡᠪᠡᠷ ᠳᠤᠯᠠᠭᠠᠯᠭ᠎ᠠ ᠶᠢᠨ | ᠨᠤᠷᠮ᠎ᠠ ᠶᠢ 93% ᠬᠦᠷᠭᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ | ᠬᠥᠳᠡᠭᠡ ᠲᠣᠰᠬᠤᠨ ᠤ ︽ᠳᠤᠯᠤᠭ᠎ᠠ ᠶᠢ ᠢᠵᠢ ᠪᠦᠷᠢᠳᠦᠭᠦᠯᠬᠦ︾ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠵᠦ᠂ ᠰᠢᠨ᠎ᠡ ᠬᠤᠲᠠ ᠲᠣᠭᠤᠷᠢᠭ ᠪᠦᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠤᠨ | ᠭᠤᠣᠯᠳᠠᠯᠭ᠎ᠠ ᠲᠠᠢ ᠰᠢᠶᠠᠨ ᠢᠶᠠᠷ ᠦᠨᠡᠯᠡᠭᠳᠡᠵᠦ᠂ ᠬᠤᠷᠢᠨᠭᠡᠷ ᠰᠢᠶᠠᠨ ᠢ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ ᠪᠣᠯᠭᠠᠨ ᠡᠭᠦᠳᠦᠨ ᠪᠠᠶᠢᠭᠤᠯᠵᠤ᠂ ᠴᠢᠩ ᠱᠦᠢ ᠾᠧ | ᠰᠢᠶᠠᠨ ᠢ ᠤᠯᠤᠰ ᠤᠨ ᠳᠡᠰ ᠤᠨ ︽ᠳᠦᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ | ᠰᠢᠶᠠᠨ ᠪᠣᠯᠭᠠᠨ ᠡᠭᠦᠳᠦᠨ ᠪᠠᠶᠢᠭᠤᠯᠪᠠ᠃ ︽ᠦᠢᠯᠡᠰ ᠪᠣᠰᠬᠠᠬᠤ ᠳᠤ ᠲᠣᠬᠢᠷᠠᠮᠵᠢᠲᠠᠢ︾ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠲᠣᠭᠤᠷᠢᠨ ᠳᠤ᠂ ᠤᠯᠤᠰ ᠤᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠡᠭᠦᠯᠡᠨ ᠬᠥᠨᠳᠡᠢ ᠶᠢᠨ ᠲᠣᠭᠠᠴᠢᠯᠠᠭᠰᠠᠨ ᠬᠥᠮᠥᠨ ᠤ | ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ᠂ ᠣᠶᠤᠲᠠᠳ ᠤᠨ ᠠᠳᠠᠯ | ᠦᠢᠯᠡᠰ ᠴᠣᠭᠴᠠᠯᠠᠵᠤ ᠠᠵᠢᠯ ᠣᠯᠭᠤᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠡᠬᠢᠯᠡᠨ ᠠᠵᠢᠯᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ | ᠦᠢᠯᠡᠰ ᠤᠨ ᠬᠦᠷᠢᠶᠡᠯᠡᠩ ᠢᠶᠠᠷ ᠠᠮᠵᠢᠯᠲᠠ ᠲᠠᠢ ᠵᠥᠪᠰᠢᠶᠡᠷᠡᠭᠳᠡᠪᠡ︔ ︽ᠬᠥᠮᠥᠨ ᠢ ᠲᠠᠲᠠᠵᠤ ᠬᠥᠮᠥᠨ ᠢ ᠦᠯᠡᠳᠡᠭᠡᠬᠦ | 18 ᠵᠤᠷᠪᠤᠰ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ︽ᠭᠤᠷᠪᠠᠨ ᠵᠢᠯ ᠳᠤ ᠠᠷᠪᠠᠨ ᠲᠦᠮᠡᠨ ᠣᠶᠤᠲᠠᠨ ᠢ | ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠨᠢ ᠬᠤᠶᠠᠷ ᠵᠢᠯ ᠳᠤ 8.4 ᠲᠦᠮᠡᠨ ᠬᠥᠮᠥᠨ ᠢ ᠦᠯᠡᠳᠡᠭᠡᠪᠡ︔ ᠡᠯ᠎ᠡ | ᠵᠦᠢᠯ ᠤᠨ ᠠᠵᠢᠯᠲᠠᠨ ᠡᠯᠰᠡᠬᠦ ᠠᠵᠢᠯᠯᠠᠭ᠎ᠠ ᠶᠢ 230 ᠲᠠᠯᠠᠪᠠᠢ ᠡᠷᠭᠢᠯᠡᠵᠦ᠂ ᠬᠤᠲᠠ ᠪᠠᠯᠭᠠᠰᠤ ᠶᠢᠨ 6.1 ᠲᠦᠮᠡᠨ | ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠪᠥᠬᠦ ᠣᠷᠣᠨ ᠤ 31. 8% ᠶᠢ ᠡᠵᠡᠯᠡᠨ᠂ ᠬᠥᠳᠡᠭᠡ ᠲᠣᠰᠬᠤᠨ ᠤ | 37.6 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠪᠠ᠃ ︽ᠰᠤᠷᠤᠯᠴᠠᠬᠤ ᠳᠤ | ᠲᠣᠬᠢᠷᠠᠮᠵᠢᠲᠠᠢ︾ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠰᠤᠷᠭᠠᠨ ᠬᠥᠮᠦᠵᠢᠯ ᠤᠨ | ᠬᠥᠭᠵᠢᠯᠲᠡ ᠶᠢ ᠳᠡᠮᠵᠢᠬᠦ 10 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠨᠡᠶᠢᠲᠡᠯᠡᠪᠡ︔ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠢ 14 ᠪᠠᠶᠢᠭᠤᠯᠤᠨ ᠠᠰᠢᠭᠯᠠᠯᠲᠠ ᠳᠤ ᠣᠷᠣᠭᠤᠯᠤᠨ᠂ 7680 ᠰᠤᠷᠤᠭᠴᠢ ᠶᠢᠨ ᠣᠷᠣᠨ | ᠲᠤᠭ᠎ᠠ ᠶᠢ ᠰᠢᠨ᠎ᠡ ᠨᠡᠮᠡᠪᠡ︔ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢᠨ | ᠣᠷᠣᠨ ᠪᠦᠰᠡ ᠶᠢ 4 ᠪᠠᠶᠢᠭᠤᠯᠤᠨ᠂ 2014 ᠰᠢᠯᠢᠳᠡᠭ ᠪᠠᠭᠰᠢ ᠶᠢ ᠤᠷᠢᠵᠤ᠂ ᠳᠤᠮᠳᠠ ᠳᠡᠭᠡᠳᠦ ᠵᠡᠷᠭᠡ ᠶᠢᠨ | ᠮᠡᠷᠭᠡᠵᠢᠯ ᠤᠨ ᠴᠣᠯᠠ ᠶᠢᠨ ᠠᠵᠢᠯ ᠤᠨ ᠪᠠᠶᠢᠷᠢ ᠶᠢ 3747 ᠨᠡᠮᠡᠪᠡ︔ ᠪᠥᠬᠦ ᠬᠤᠲᠠ ᠶᠢᠨ ᠳᠤᠮᠳᠠᠳᠤ ᠪᠠᠭ᠎ᠠ | ᠰᠤᠷᠭᠠᠭᠤᠯᠢ ᠶᠢᠨ ᠠᠳᠠᠯᠢ ᠳᠠᠪᠲᠠᠮᠵᠢ ᠶᠢᠨ ᠬᠠᠷᠢᠯᠴᠠᠨ ᠦᠢᠯᠡᠳᠦᠯᠴᠡᠬᠦ ᠬᠢᠴᠢᠶᠡᠯ ᠤᠨ ᠭᠡᠷ ᠤᠨ ᠪᠦᠷᠬᠦᠴᠡ 100% | 100ᠬᠦᠷᠪᠡ︔ 5 ᠬᠤᠲᠠ ᠶᠢᠨ ᠲᠡᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠤᠷᠭᠠᠭᠤᠯᠢ᠂ | 1 ᠥᠪᠡᠷᠲᠡᠭᠡᠨ ᠵᠠᠰᠠᠬᠤ ᠣᠷᠣᠨ ᠤ ᠰᠠᠭᠤᠷᠢᠨ ᠭᠠᠵᠠᠷ ᠤᠨ ᠰᠤᠷᠭᠠᠭᠤᠯᠢ ᠶᠢ ᠪᠠᠶᠢᠭᠤᠯᠪᠠ᠃ ︽ᠰᠤᠪᠢᠯᠠᠬᠤ ᠳᠤ | ᠲᠣᠬᠢᠷᠠᠮᠵᠢᠲᠠᠢ︾ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠤᠯᠤᠰ ᠤᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢ | ᠠᠮᠵᠢᠯᠲᠠ ᠲᠠᠢ ᠪᠠᠷ ᠭᠤᠷᠪᠠᠳᠤᠭᠠᠷ ᠲᠡᠰ ᠤᠨ ᠬᠥᠬᠡ ᠵᠡᠷᠭᠡᠯᠡᠯ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ | ᠪᠣᠯᠭᠠᠨ ᠡᠭᠦᠳᠦᠨ ᠪᠠᠶᠢᠭᠤᠯᠵᠤ᠂ ᠬᠤᠲᠠ ᠶᠢᠨ ᠡᠮᠴᠢᠯᠡᠭᠡᠨ ᠤ ᠪᠦᠯᠦᠭᠯᠡᠯ ᠢ 3 ᠵᠣᠬᠢᠶᠠᠨ ᠪᠠᠶᠢᠭᠤᠯᠵᠤ᠂ ᠰᠢᠶᠠᠨ ᠤ | ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢ 5 ᠪᠠᠶᠢᠭᠤᠯᠪᠠ︔ ︽ᠭᠤᠷᠪᠠᠨ ᠵᠦᠢᠯ ᠤᠨ ᠡᠮᠴᠢᠯᠡᠭᠡᠨ︾ ᠤ | ᠬᠤᠯᠪᠤᠭᠠᠯᠠᠨ ᠬᠥᠳᠡᠯᠦᠯᠴᠡᠵᠦ ᠬᠠᠮᠵᠢᠯᠴᠠᠬᠤ ᠥᠭᠡᠷᠡᠴᠢᠯᠡᠯᠲᠡ ᠡᠯᠪᠡᠭ ᠦᠷ᠎ᠡ ᠪᠦᠲᠦᠭᠡᠯ ᠣᠯᠵᠤ᠂ ᠲᠥᠪᠯᠡᠷᠡᠭᠦᠯᠦᠨ | ᠪᠥᠭᠡᠮ ᠢᠶᠠᠷ ᠬᠤᠳᠠᠯᠳᠤᠨ ᠠᠪᠤᠭᠰᠠᠨ ᠡᠮ ᠤᠨ ᠦᠨ᠎ᠡ ᠳᠤᠮᠳᠠᠴᠢ ᠪᠠᠷ 50% ᠠᠴᠠ ᠳᠡᠭᠡᠭᠰᠢ ᠪᠠᠭᠤᠷᠠᠪᠠ︔ ᠵᠡᠭᠡᠯᠢ | ᠭᠤᠳᠤᠮᠵᠢ ᠶᠢᠨ ᠭᠡᠷ ᠪᠦᠯᠢ ᠶᠢᠨ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠪ ᠤᠨ | ᠪᠦᠷᠬᠦᠴᠡ 100% ᠬᠦᠷᠪᠡ︔ ᠤᠯᠤᠰ ᠤᠨ ᠠᠮᠤᠷ ᠲᠠᠶᠢᠪᠤᠩ ᠰᠤᠪᠢᠯᠠᠯᠲᠠ ᠶᠢᠨ ᠲᠤᠷᠰᠢᠯᠲᠠ ᠶᠢᠨ ᠬᠤᠲᠠ ᠪᠠᠷ | ᠠᠮᠵᠢᠯᠲᠠ ᠲᠠᠢ ᠰᠣᠩᠭᠤᠭᠳᠠᠪᠠ᠃ ︽ᠵᠢᠭᠤᠯᠴᠢᠯᠠᠬᠤ ᠳᠤ ᠲᠣᠬᠢᠷᠠᠮᠵᠢᠲᠠᠢ︾ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠲᠣᠭᠤᠷᠢᠨ ᠳᠤ᠂ ᠢᠯᠢ ᠶᠢᠨ ᠲᠠᠯ᠎ᠠ ᠨᠤᠲᠤᠭ ᠤᠨ ᠰᠦ ᠶᠢᠨ ᠰᠣᠶᠣᠯ ᠵᠢᠭᠤᠯᠴᠢᠯᠠᠯ ᠤᠨ | ᠦᠵᠡᠮᠵᠢ ᠶᠢᠨ ᠣᠷᠣᠨ ᠨᠢ ᠤᠯᠤᠰ ᠤᠨ ︽5G + ᠣᠶᠤᠨᠴᠢ ᠵᠢᠭᠤᠯᠴᠢᠯᠠᠯ︾ ᠤᠨ ᠲᠤᠷᠰᠢᠯᠲᠠ ᠶᠢᠨ ᠴᠡᠭ ᠢᠶᠠᠷ | ᠦᠨᠡᠯᠡᠭᠳᠡᠵᠦ᠂ ᠮᠧᠩ ᠨᠢᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠤᠯᠤᠰ ᠤᠨ | ᠳᠡᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠭᠳᠡᠵᠦ᠂ ᠰᠢᠨ᠎ᠡ ᠬᠤᠲᠠ ᠲᠣᠭᠤᠷᠢᠭ | ᠨᠢ ᠤᠯᠤᠰ ᠤᠨ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ | ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠨᠢᠭᠡᠴᠢ ᠪᠠᠷ ᠰᠣᠩᠭᠤᠭᠳᠠᠵᠤ᠂ ᠳᠠᠯᠠᠨ | ᠬᠠᠷ᠎ᠠ ᠠᠭᠤᠯᠠ ᠶᠢᠨ ᠬᠤᠪᠢᠰᠬᠠᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠦᠴᠦᠸᠠᠨ ᠤ ᠲᠠᠯ᠎ᠠ ᠨᠤᠲᠤᠭ ᠤᠨ | ᠡᠭᠦᠳᠡ 4A ᠳᠡᠰ ᠤᠨ ᠦᠵᠡᠮᠵᠢ ᠶᠢᠨ ᠣᠷᠣᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠦᠨᠡᠨ ᠠᠬᠤᠢ | ᠮᠠᠶ᠋ᠢᠭ ᠤᠨ ᠵᠡᠭᠡᠯᠢ ᠭᠤᠳᠤᠮᠵᠢ ᠶᠢᠨ ᠪᠥᠵᠢᠭᠲᠦ ᠵᠦᠴᠦᠭᠡ ︽ᠵᠤᠤ ᠵᠢᠶᠦ᠋ᠨ ᠤ ᠡᠪᠰᠡᠯ ᠤᠷᠤᠭ︾ ᠢ ᠲᠠᠨᠢᠯᠴᠠᠭᠤᠯᠤᠨ | ᠲᠣᠭᠯᠠᠵᠤ᠂ ᠦᠨᠳᠦᠰᠦᠲᠡᠨ ᠤ ᠠᠭᠤᠰᠤᠯᠴᠠᠯ ᠰᠣᠯᠢᠯᠴᠠᠭ᠎ᠠ ᠶᠢ ᠠᠬᠢᠭᠤᠯᠬᠤ 4 ᠣᠨᠴᠠᠯᠢᠭᠲᠤ ᠵᠢᠭᠤᠯᠴᠢᠯᠠᠯ ᠤᠨ | ᠱᠤᠭᠤᠮ ᠢ ᠴᠣᠭᠴᠠᠯᠠᠨ ᠪᠠᠶᠢᠭᠤᠯᠪᠠ︔ ᠪᠥᠬᠦ ᠵᠢᠯ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 5058. | 1 ᠲᠦᠮᠡᠨ ᠬᠥᠮᠥᠨ ᠤᠳᠠᠭ᠎ᠠ ᠬᠦᠯᠢᠶᠡᠨ ᠵᠣᠴᠢᠯᠠᠵᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ | 773 773ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 261.6%᠂ | 390.6% ᠪᠠᠷ ᠨᠡᠮᠡᠭᠳᠡᠨ᠂ ᠪᠥᠬᠦ ᠤᠯᠤᠰ ᠤᠨ ᠵᠢᠭᠤᠯᠴᠢᠯᠠᠯ ᠤᠨ ᠪᠦᠯᠦᠭᠯᠡᠯ ᠤᠨ ᠰᠢᠯᠢᠳᠡᠭ ᠪᠡᠯᠡ | ᠣᠷᠣᠭᠤᠯᠤᠯᠲᠠ ᠶᠢᠨ ᠠᠷᠪᠠᠨ ᠬᠦᠴᠦᠷᠬᠡᠭ ᠬᠤᠲᠠ᠂ ᠳᠤᠮᠳᠠᠳᠤ ᠤᠯᠤᠰ ᠤᠨ ᠡᠷᠡᠭᠦᠯᠵᠢᠯ ᠰᠤᠪᠢᠯᠠᠯᠲᠠ ᠶᠢᠨ | ᠵᠢᠭᠤᠯᠴᠢᠯᠠᠯ ᠤᠨ ᠬᠤᠲᠠ ᠪᠠᠷ ᠦᠨᠡᠯᠡᠭᠳᠡᠪᠡ᠃ | ᠥᠩᠭᠡᠷᠡᠭᠰᠡᠨ ᠨᠢᠭᠡ ᠵᠢᠯ ᠳᠤ᠂ ᠪᠢᠳᠡ ᠪᠥᠬᠦ ᠬᠦᠴᠦᠨ ᠢᠶᠠᠷ ᠢᠶᠠᠨ ᠳᠤᠲᠠᠭᠳᠠᠯ ᠢᠶᠠᠨ ᠨᠥᠬᠦᠨ᠂ ᠰᠠᠭᠤᠷᠢ ᠪᠠᠨ | ᠪᠠᠲᠤᠳᠬᠠᠵᠤ᠂ ᠣᠷᠣᠨ ᠤ ᠲᠥᠪ ᠬᠤᠲᠠ ᠶᠢᠨ ᠣᠷᠣᠨ ᠪᠦᠰᠡ ᠶᠢᠨ ᠲᠥᠪ ᠬᠤᠲᠠ ᠶᠢᠨ ᠦᠢᠯᠡᠳᠦᠯ ᠤᠯᠠᠮ ᠨᠢᠭᠡ | ᠠᠯᠬᠤᠮ ᠲᠣᠪᠣᠶᠢᠮ᠎ᠠ ᠪᠣᠯᠪᠠ᠃ ᠣᠷᠣᠨ ᠤ ᠲᠥᠪ ᠬᠤᠳᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ᠶᠢᠨ ᠵᠥᠪᠯᠡᠯ ᠢ ᠪᠠᠶᠢᠭᠤᠯᠪᠠ᠃ G5901 ᠢᠯᠢ ᠶᠢᠨ ᠣᠲᠣ ᠦᠶ᠎ᠡ ᠶᠢᠨ ᠣᠶᠤᠨᠲᠤ ᠡᠷᠡᠭᠦᠯ | ᠮᠡᠨᠳᠦ ᠶᠢᠨ ᠬᠥᠨᠳᠡᠢ ᠶᠢᠨ ᠬᠠᠷᠢᠯᠴᠠᠨ ᠨᠡᠪᠲᠡᠷᠡᠬᠦ ᠵᠠᠮ᠂ G6 ᠲᠦᠷᠭᠡᠨ ᠤ ᠵᠠᠮ ᠬᠢᠭᠡᠳ ᠵᠡᠭᠦᠨ ᠬᠤᠶᠠᠳᠤᠭᠠᠷ | ᠲᠣᠭᠤᠷᠢᠯ ᠵᠠᠮ ᠶᠢᠨ ᠬᠠᠷᠢᠯᠴᠠᠨ ᠨᠡᠪᠲᠡᠷᠡᠬᠦ ᠵᠠᠮ᠂ ᠳᠡᠯ ᠠᠭᠤᠯᠠ ᠶᠢᠨ ᠴᠡᠨᠡᠯᠡᠯᠲᠡ ᠶᠢᠨ ᠲᠠᠯᠠᠪᠠᠶ ᠶᠢᠨ | ᠵᠢᠭᠤᠯᠴᠢᠯᠠᠯ ᠤᠨ ᠲᠤᠰᠬᠠᠢ ᠱᠤᠭᠤᠮ ᠵᠡᠷᠭᠡ ᠪᠠᠷᠢᠯᠭ᠎ᠠ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ | S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ S29 ᠬᠥᠬᠡᠬᠤᠲᠠ ᠠᠴᠠ ᠯᠢᠶᠡᠩᠴᠧᠩ ᠬᠦᠷᠬᠦ ᠲᠦᠷᠭᠡᠨ ᠤ | ᠵᠠᠮ᠂ S311 ᠦᠴᠦᠸᠠᠨ ᠠᠴᠠ ᠶᠠᠩ ᠱᠤ᠋ ᠪᠠ ᠬᠦᠷᠬᠦ ᠵᠠᠰᠠᠮᠠᠯ ᠵᠠᠮ ᠵᠡᠷᠭᠡ ᠲᠥᠷᠥᠯ ᠵᠦᠢᠯ ᠤᠨ ᠵᠠᠮ ᠤᠨ ᠰᠠᠭᠤᠷᠢ᠂ | ᠬᠥᠭᠦᠷᠭᠡ ᠶᠢᠨ ᠭᠤᠣᠯ ᠴᠣᠭᠴᠠ ᠶᠢᠨ ᠪᠠᠷᠢᠯᠭ᠎ᠠ ᠶᠢ ᠪᠦᠬᠦᠨ ᠢ ᠳᠠᠭᠤᠰᠬᠠᠵᠤ᠂ G59 ᠬᠥᠬᠡᠬᠤᠲᠠ ᠠᠴᠠ ᠪᠧᠢ ᠬᠠᠢ | ᠬᠦᠷᠬᠦ ᠲᠦᠷᠭᠡᠨ ᠤ ᠵᠠᠮ ᠬᠢᠭᠡᠳ 209 ᠤᠯᠤᠰ ᠤᠨ ᠵᠠᠮ ᠢ ᠬᠤᠯᠪᠣᠬᠤ ᠱᠤᠭᠤᠮ ᠤᠨ ᠪᠠᠷᠢᠯᠭ᠎ᠠ ᠶᠢ ᠡᠬᠢᠯᠡᠭᠦᠯᠦᠨ | ᠪᠦᠲᠦᠭᠡᠨ ᠪᠠᠶᠢᠭᠤᠯᠪᠠ᠃ ᠪᠥᠬᠦ ᠣᠷᠳᠣ ᠨᠢ 87.8 ᠺᠢᠯᠣᠮᠧᠲᠷ ᠤᠨ ᠭᠤᠷᠪᠠᠳᠤᠭᠠᠷ ᠲᠣᠭᠤᠷᠢᠯ ᠵᠠᠮ ᠤᠨ ᠪᠥᠬᠦ | ᠱᠤᠭᠤᠮ ᠢᠶᠠᠷ ᠲᠡᠷᠭᠡ ᠨᠡᠪᠲᠡᠷᠡᠵᠦ᠂ ᠶᠢᠨ ᠬᠠᠢ ᠵᠠᠮ ᠤᠨ ᠵᠡᠭᠦᠨᠰᠢ ᠪᠠᠷᠠᠭᠤᠨᠰᠢ ᠰᠤᠨᠤᠭᠰᠠᠨ ᠬᠡᠰᠡᠭ᠂ ᠪᠠᠶᠠᠨᠨᠠᠭᠤᠷ | ᠥᠨᠳᠥᠷ ᠵᠠᠮ ᠤᠨ ᠬᠤᠶᠢᠲᠤ ᠬᠡᠰᠡᠭ᠂ ᠶᠦᠨ ᠵᠥᠩ ᠵᠠᠮ ᠬᠢᠭᠡᠳ ᠰᠢᠨ᠎ᠡ ᠨᠢᠰᠬᠡᠯ ᠤᠨ ᠪᠠᠭᠤᠳᠠᠯ ᠢ ᠬᠤᠯᠪᠣᠬᠤ | ᠱᠤᠭᠤᠮ᠂ ᠭᠠᠯᠲᠤ ᠲᠡᠷᠭᠡᠨ ᠤ ᠵᠡᠭᠦᠨ ᠥᠷᠲᠡᠭᠡᠨ ᠤ ᠬᠤᠶᠢᠲᠤ ᠠᠭᠤᠳᠠᠮ ᠲᠠᠯᠠᠪᠠᠶ ᠶᠢᠨ ᠥᠷᠲᠡᠭᠡᠨ ᠤ ᠡᠮᠦᠨᠡᠬᠢ | ᠥᠨᠳᠥᠷ ᠵᠠᠮ᠂ ᠲᠧᠩ ᠹᠧᠢ ᠵᠠᠮ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠳᠣᠣᠭᠤᠷ ᠥᠩᠭᠡᠷᠡᠬᠦ ᠵᠡᠷᠭᠡ | ᠵᠠᠮ ᠤᠨ ᠲᠣᠣᠷ ᠤᠨ ᠪᠠᠷᠢᠯᠭ᠎ᠠ ᠶᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠪᠡ᠃ 53 ᠬᠤᠲᠠ ᠶᠢᠨ | ᠶᠠᠪᠤᠳᠠᠯ ᠤᠨ ᠵᠠᠮ ᠢ ᠰᠢᠨ᠎ᠡ ᠪᠠᠷ ᠪᠠᠶᠢᠭᠤᠯᠤᠭᠰᠠᠨ ᠪᠤᠶᠤ ᠦᠷᠭᠦᠯᠵᠢᠯᠡᠨ ᠪᠠᠶᠢᠭᠤᠯᠵᠤ᠂ 32 ᠬᠤᠲᠠ ᠶᠢᠨ | ᠲᠣᠭᠤᠷᠢᠭ ᠤᠨ ︽ᠮᠤᠬᠤᠷ ᠵᠠᠮ︾ ᠢ ᠨᠠᠪᠲᠠᠷᠡᠭᠦᠯᠵᠦ᠂ 140 ᠵᠡᠭᠡᠯᠢ ᠶᠢᠨ ᠠᠷᠤ ᠭᠤᠳᠤᠮᠵᠢ ᠶᠢ ᠥᠭᠡᠷᠡᠴᠢᠯᠡᠨ ᠵᠠᠰᠠᠵᠤ᠂ | 77.6 ᠺᠢᠯᠤᠮᠥᠲᠷ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠬᠤᠯᠪᠣᠯᠳᠤᠨ | ᠨᠡᠪᠲᠡᠷᠡᠯᠴᠡᠬᠦ ᠪᠠᠷᠢᠯᠭ᠎ᠠ ᠶᠢ ᠪᠡᠶᠡᠯᠡᠭᠦᠯᠵᠦ᠂ 285 ᠲᠡᠷᠭᠡᠨ ᠵᠣᠭᠰᠣᠭᠠᠯ᠂ 6.9 ᠲᠦᠮᠡᠨ ᠲᠡᠷᠭᠡ ᠵᠣᠭᠰᠣᠬᠤ | ᠪᠠᠶᠢᠷᠢ ᠶᠢ ᠰᠢᠨ᠎ᠡ ᠪᠠᠷ ᠨᠡᠮᠡᠭᠳᠡᠭᠦᠯᠵᠦ᠂ ᠤᠯᠤᠰ ᠤᠨ ᠪᠣᠬᠢᠷᠲᠤᠯ ᠦᠭᠡᠢ ᠠᠶᠠᠯᠠᠯ ᠤᠨ ᠪᠦᠲᠦᠭᠡᠨ ᠪᠠᠶᠢᠭᠤᠯᠤᠯᠲᠠ ᠶᠢᠨ | ᠬᠢᠨᠠᠨ ᠰᠢᠯᠭᠠᠯᠲᠠ ᠦᠨᠡᠯᠡᠯᠲᠡ ᠳᠤ ᠬᠢᠷᠢ ᠲᠡᠩᠴᠡᠭᠰᠡᠨ ᠬᠤᠲᠠ ᠪᠠᠷ ᠦᠨᠡᠯᠡᠭᠳᠡᠪᠡ᠃ 305 ᠴᠡᠴᠡᠷᠯᠢᠭ ᠪᠠ ᠪᠠᠭ᠎ᠠ | ᠬᠡᠯᠪᠡᠷᠢ ᠶᠢᠨ ᠴᠡᠴᠡᠷᠯᠢᠭ᠂ ᠬᠤᠲᠠ ᠶᠢᠨ ᠨᠣᠭᠤᠭᠠᠨ ᠵᠠᠮ ᠪᠠ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ 235 | ᠺᠢᠯᠣᠮᠧᠲᠷ ᠰᠢᠨ᠎ᠡ ᠪᠠᠷ ᠪᠠᠶᠢᠭᠤᠯᠵᠤ᠂ ᠶᠡᠷᠦᠩᠬᠡᠢ ᠲᠤᠭ᠎ᠠ ᠪᠠ ᠶᠡᠷᠦᠩᠬᠡᠢ ᠤᠷᠲᠤ ᠨᠢ ᠲᠣᠰ ᠲᠣᠰ 912 ᠪᠠ 638 | ᠺᠢᠯᠣᠮᠧᠲᠷ ᠬᠦᠷᠪᠡ᠃ ︽12345︾ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠵᠢᠯᠣᠭᠤᠳᠤᠨ | ᠲᠣᠬᠢᠷᠠᠭᠤᠯᠬᠤ ᠲᠥᠪ ᠨᠢ ᠪᠦᠬᠦ ᠤᠯᠤᠰ ᠤᠨ ︽ᠠᠷᠪᠠᠨ ᠰᠢᠯᠢᠳᠡᠭ ᠵᠠᠰᠠᠯᠲᠠ ᠶᠢᠨ ᠦᠯᠢᠭᠡᠷ ᠵᠢᠱᠢᠶ᠎ᠡ︾ ᠪᠠ | ︽ᠲᠤᠰᠬᠠᠢ ᠮᠡᠷᠭᠡᠵᠢᠯ ᠤᠨ ᠴᠠᠭᠠᠷᠠᠭᠰᠠᠨ ᠦᠯᠢᠭᠡᠷ ᠵᠢᠱᠢᠶ᠎ᠡ︾ ᠬᠤᠶᠠᠷ ᠵᠦᠢᠯ ᠤᠨ ᠶᠡᠭᠡ ᠱᠠᠩᠨᠠᠯ ᠢ ᠢᠷᠠᠭᠤ | ᠠᠯᠳᠠᠷᠲᠠᠢ ᠪᠠᠷ ᠬᠦᠷᠳᠡᠪᠡ᠃ ︽ᠠᠢ ᠴᠢᠩ ᠴᠧᠩ︾ App ᠤᠨ ᠳᠠᠩᠰᠠᠯᠠᠭᠤᠯᠤᠭᠰᠠᠨ ᠬᠡᠷᠡᠭᠯᠡᠭᠴᠢ 150 ᠲᠦᠮᠡ ᠶᠢ | ᠳᠠᠪᠠᠵᠤ᠂ ᠰᠦᠯᠵᠢᠶᠡᠨ ᠳᠡᠭᠡᠷ᠎ᠡ ᠨᠡᠶᠢᠲᠡ 13 ᠳ᠋ᠦᠩᠰᠢᠭᠤᠷ ᠤᠳᠠᠭ᠎ᠠ ᠶᠢᠨ ᠦᠢᠯᠡᠴᠢᠯᠡᠭᠡ ᠬᠠᠩᠭᠠᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠬᠥᠬᠡᠬᠤᠲᠠ ᠶᠢᠨ ︽ | ᠨᠣᠭᠤᠭᠠᠨ ᠳᠡᠪᠢᠰᠬᠡᠷ ᠥᠩᠭᠡ︾ ᠶᠢ ᠤᠯᠠᠮ ᠨᠢᠭᠡ ᠠᠯᠬᠤᠮ ᠪᠠᠬᠢᠵᠢᠭᠦᠯᠪᠡ᠃ ᠤᠯᠤᠰ ᠤᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠭᠦᠨᠵᠡᠭᠡᠶᠢᠷᠡᠭᠦᠯᠵᠦ᠂ ᠬᠠᠲᠤᠨ ᠭᠤᠣᠯ ᠤᠨ ᠲᠠᠩ ᠭᠠᠵᠠᠷ ᠤᠨ ᠰᠠᠭᠤᠭᠠᠯᠢ ᠠᠷᠠᠳ ᠢ ᠨᠡᠭᠦᠯᠭᠡᠨ ᠪᠠᠶᠢᠭᠤᠯᠬᠤ | ᠡᠭᠦᠷᠭᠡ ᠶᠢ ᠤᠷᠢᠳᠴᠢᠯᠠᠨ ᠪᠡᠶᠡᠯᠡᠭᠦᠯᠵᠦ᠂ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ︽ᠠᠮᠢ ᠠᠬᠤᠢ ᠶᠢᠨ | ᠨᠣᠭᠤᠭᠠᠨ ᠪᠦᠰᠡ︾ ᠵᠡᠷᠭᠡ ᠵᠠᠰᠠᠯᠲᠠ ᠶᠢᠨ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠬᠠᠪᠠ︔ 40.3 | ᠲᠦᠮᠡᠨ ᠮᠦ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ | ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ᠂ ᠤᠮᠠᠷᠠᠲᠤ | ᠬᠡᠰᠡᠭ ᠤᠨ ᠭᠠᠵᠠᠷ ᠣᠷᠣᠨ ᠤ ᠣᠶ ᠰᠢᠭᠤᠢ ᠶᠢᠨ ᠭᠠᠯ ᠤᠨ ᠭᠠᠮᠰᠢᠭ ᠤᠨ ᠲᠦᠭᠰᠢᠭᠦᠷᠢ ᠶᠡᠬᠡᠲᠡᠢ ᠣᠷᠣᠨ ᠢ | ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠪᠡ᠃ 5.96 ᠲᠦᠮᠡᠨ ᠡᠷᠦᠬᠡ ᠶᠢᠨ | ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠵᠤ᠂ ᠲᠦᠯᠡᠰᠢᠨ ᠨᠡᠭᠦᠷᠡᠰᠦ ᠪᠠᠷ ᠢᠯᠴᠢ | ᠬᠠᠩᠭᠠᠬᠤ 28 ᠭᠦᠸᠧᠯᠦ ᠶᠢ ᠰᠢᠭᠰᠢᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠣᠷᠮ᠎ᠠ ᠶᠢ ᠥᠪᠡᠷᠲᠡᠭᠡᠨ | ᠵᠠᠰᠠᠬᠤ ᠣᠷᠣᠨ ᠤ ᠣᠨ ᠤ ᠰᠢᠯᠭᠠᠨ ᠬᠢᠨᠠᠬᠤ ᠬᠠᠷᠠᠯᠲᠠ ᠠᠴᠠ ᠥᠨᠳᠥᠷ ᠪᠣᠯᠭᠠᠪᠠ᠃ ᠭᠦᠩᠵᠦ ᠶᠢᠨ ᠣᠷᠳᠣᠨ ᠤ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠵᠢᠨᠴᠢᠶᠣᠣ ᠶᠢᠨ | ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠰᠢᠨ᠎ᠡ ᠨᠢᠰᠬᠡᠯ ᠤᠨ ᠪᠠᠭᠤᠳᠠᠯ ᠤᠨ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ᠂ ᠬᠠᠳᠤᠨ ᠭᠤᠣᠯ ᠤᠨ | ᠭᠤᠣᠯ ᠤᠷᠤᠰᠬᠠᠯ᠂ ᠭᠤᠣᠯ ᠰᠠᠯᠪᠤᠷᠢ ᠤᠷᠤᠰᠬᠠᠯ ᠤᠨ ᠮᠠᠭᠤ V ᠲᠦᠷᠦᠯ ᠤᠨ ᠤᠰᠤᠨ ᠴᠣᠭᠴᠠ ᠶᠢ ᠪᠦᠬᠦᠨ ᠢ | ᠠᠷᠢᠯᠭᠠᠵᠤ᠂ ᠤᠯᠤᠰ ᠤᠨ ᠣᠷᠣᠨ ᠪᠦᠰᠡ ᠶᠢᠨ ᠳᠠᠬᠢᠯᠲᠠ ᠤᠰᠤ ᠶᠢ ᠣᠷᠴᠢᠯᠳᠤᠭᠤᠯᠤᠨ ᠠᠰᠢᠭᠯᠠᠬᠤ | ᠲᠤᠷᠰᠢᠯᠲᠠ ᠶᠢᠨ ᠬᠤᠳᠠ ᠪᠠᠷ ᠠᠮᠵᠢᠯᠲᠠ ᠲᠠᠢ ᠰᠣᠩᠭᠤᠭᠳᠠᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠯᠢ ᠤᠯᠠᠨ ᠬᠦᠴᠢᠷ ᠠᠰᠠᠭᠤᠳᠠᠯ ᠢ | ᠰᠢᠢᠳᠪᠦᠷᠢᠯᠡᠪᠡ᠃ ᠲᠤᠨᠤᠮᠠᠯ ᠪᠡᠯᠡ ᠮᠥᠩᠭᠦ ᠶᠢ ᠲᠤᠶᠢᠯᠪᠤᠷᠢᠲᠠᠢ ᠪᠠᠶᠢᠴᠠᠭᠠᠵᠤ᠂ ᠨᠡᠶᠢᠲᠡ 6.3 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠶᠢ ᠬᠤᠷᠢᠶᠠᠨ ᠠᠪᠴᠢᠷᠠᠪᠠ᠃ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ | ᠲᠤᠶᠢᠯᠪᠤᠷᠢᠲᠠᠢ ᠪᠠᠶᠢᠴᠠᠭᠠᠵᠤ᠂ ᠵᠥᠪᠰᠢᠶᠡᠷᠡᠭᠦᠯᠬᠦ ᠪᠠᠷ ᠪᠠᠶᠢᠭ᠎ᠠ 545 ᠲᠥᠷᠥᠯ ᠵᠦᠢᠯ ᠤᠨ ᠵᠥᠪᠰᠢᠶᠡᠷᠡᠬᠦ | ᠶᠣᠰᠣᠲᠠᠢ ᠶᠢ ᠪᠦᠬᠦᠨ ᠢ ᠵᠥᠪᠰᠢᠶᠡᠷᠡᠪᠡ᠃ ᠰᠤᠯᠠ ᠪᠠᠶᠢᠭ᠎ᠠ ᠭᠠᠵᠠᠷ ᠰᠢᠷᠣᠢ ᠶᠢ ᠲᠤᠶᠢᠯᠪᠤᠷᠢᠲᠠᠢ ᠪᠠᠶᠢᠴᠠᠭᠠᠵᠤ᠂ | ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢ ᠨᠡᠶᠢᠲᠡ 3.7 ᠲᠦᠮᠡᠨ ᠮᠦ ᠰᠢᠩᠭᠡᠭᠡᠵᠦ᠂ ᠰᠤᠯᠠ | ᠪᠠᠶᠢᠭ᠎ᠠ ᠭᠠᠵᠠᠷ ᠰᠢᠷᠣᠢ ᠶᠢ 1.1 ᠲᠦᠮᠡᠨ ᠮᠦ ᠰᠢᠢᠳᠪᠦᠷᠢᠯᠡᠵᠦ᠂ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ | ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠬᠦᠴᠦᠨ ᠵᠦᠢᠯ ᠢ ᠲᠤᠶᠢᠯᠪᠤᠷᠢᠲᠠᠢ | ᠪᠠᠶᠢᠴᠠᠭᠠᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠶᠢᠨ ᠲᠥᠪᠯᠡᠷᠡᠯ ᠤᠨ ᠬᠡᠮᠵᠢᠶ᠎ᠡ ᠶᠢ 86% | ᠬᠦᠷᠭᠡᠵᠦ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠢ 126 ᠲᠦᠮᠡᠨ ᠲᠥᠭᠦᠷᠢᠭ ᠬᠦᠷᠭᠡᠪᠡ᠃ | ︽ᠬᠠᠭᠠᠰ ᠳᠤᠲᠠᠭᠤ ᠣᠷᠬᠢᠭᠰᠠᠨ︾ ᠪᠠᠷᠢᠯᠭ᠎ᠠ ᠶᠢ ᠲᠤᠶᠢᠯᠪᠤᠷᠢᠲᠠᠢ ᠪᠠᠶᠢᠴᠠᠭᠠᠵᠤ᠂ 20 ︽ᠬᠠᠭᠠᠰ ᠳᠤᠲᠠᠭᠤ | ᠣᠷᠬᠢᠭᠰᠠᠨ︾ ᠪᠠᠷᠢᠯᠭ᠎ᠠ ᠶᠢ ᠪᠦᠬᠦᠨ ᠢ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠲᠥᠪ᠂ ᠳᠤᠮᠳᠠᠳᠤ ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ | ᠭᠠᠵᠠᠷ᠂ ᠬᠥᠳᠡᠭᠡ ᠲᠣᠰᠬᠤᠨ ᠤ ᠦᠵᠡᠰᠬᠦᠯᠡᠩ ᠤᠨ ᠬᠦᠷᠢᠶᠡᠯᠡᠩ ᠵᠡᠷᠭᠡ ᠲᠥᠷᠥᠯ ᠵᠦᠢᠯ ᠢ ᠠᠮᠢᠯᠠᠭᠤᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ | ᠬᠦᠴᠦᠨ ᠢᠶᠠᠷ ᠢᠶᠠᠨ ᠭᠦᠨᠵᠡᠭᠡᠶᠢᠷᠡᠭᠦᠯᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠰᠢᠯᠭᠠᠯᠲᠠ ᠳᠤ A ᠲᠠᠰ ᠢᠶᠠᠷ | ᠦᠨᠡᠯᠡᠭᠳᠡᠵᠦ᠂ 21 ᠡᠯ᠎ᠡ ᠱᠠᠲᠤᠨ ᠤ ᠬᠤᠪᠢᠶᠠᠷᠢ ᠠᠵᠤ ᠠᠬᠤᠶᠢᠯᠠᠯ ᠢ ᠰᠠᠯᠭᠠᠨ ᠢᠯᠭᠠᠷᠠᠭᠤᠯᠵᠤ᠂ ᠠᠵᠤ | ᠠᠬᠤᠶᠢᠯᠠᠯ ᠤᠨ ᠳᠣᠲᠣᠭᠠᠳᠤ ᠪᠠᠶᠢᠭᠤᠯᠤᠮᠵᠢ ᠶᠢ 11.7% ᠪᠠᠷ ᠪᠠᠭᠠᠰᠬᠠᠨ᠂ ᠳᠤᠮᠳᠠ ᠳᠠᠪᠬᠤᠷᠭ᠎ᠠ ᠶᠢᠨ | ᠬᠠᠮᠢᠶᠠᠷᠤᠯᠲᠠ ᠶᠢᠨ ᠠᠵᠢᠯᠲᠠᠨ ᠢ 13.9% ᠪᠠᠷ ᠪᠠᠭᠠᠰᠬᠠᠵᠤ᠂ ᠡᠵᠡᠩᠨᠡᠯᠲᠡ ᠶᠢᠨ ᠶᠡᠷᠦᠩᠬᠡᠢ ᠣᠷᠣᠯᠭ᠎ᠠ ᠪᠠ ᠡᠳ᠋ | ᠬᠥᠷᠥᠩᠭᠡ ᠶᠢᠨ ᠶᠡᠷᠦᠩᠬᠡᠢ ᠬᠡᠮᠵᠢᠶ᠎ᠡ ᠨᠢ ᠲᠣᠰ ᠲᠣᠰ 62.4 ᠳ᠋ᠦᠩᠰᠢᠭᠤᠷ ᠲᠥᠭᠦᠷᠢᠭ᠂ 2166.8 ᠳ᠋ᠦᠩᠰᠢᠭᠤᠷ | ᠲᠥᠭᠦᠷᠢᠭ ᠬᠦᠷᠴᠦ᠂ ᠠᠰᠢᠭ ᠣᠷᠣᠯᠭ᠎ᠠ ᠨᠢ 9 ᠳ᠋ᠦᠩᠰᠢᠭᠤᠷ ᠲᠥᠭᠦᠷᠢᠭ ᠢ ᠳᠠᠪᠠᠵᠤ᠂ 10 ᠵᠢᠯ ᠤᠨ ᠲᠤᠷᠰᠢᠬᠢ | ᠬᠠᠮᠤᠭ ᠤᠨ ᠰᠠᠶᠢᠨ ᠬᠢᠷᠢ ᠲᠦᠪᠰᠢᠨ ᠳᠤ ᠬᠦᠷᠪᠡ᠃ ᠨᠡᠭᠡᠭᠡᠯᠲᠡ ᠶᠢᠨ ᠲᠣᠭᠤᠷᠢᠭ ᠤᠨ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠦᠷᠢᠶᠡᠯᠡᠩ ᠲᠣᠭᠤᠷᠢᠭ ᠬᠢᠭᠡᠳ ᠬᠤᠰᠢᠭᠤ ᠰᠢᠶᠠᠨ ᠲᠣᠭᠤᠷᠢᠭ ᠤᠨ | ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ 917 ᠵᠦᠢᠯ ᠤᠨ ᠬᠢᠨᠠᠨ ᠵᠥᠪᠰᠢᠶᠡᠷᠡᠬᠦ | ᠵᠦᠢᠯᠡᠰ ᠲᠤ ︽ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠢ ᠬᠦᠷᠢᠶᠡᠯᠡᠩ ᠲᠣᠭᠤᠷᠢᠭ ᠲᠤ ᠭᠦᠢᠴᠡᠳᠬᠡᠬᠦ︾ ᠶᠢ | ᠪᠡᠶᠡᠯᠡᠭᠦᠯᠪᠡ︔ ᠣᠷᠣᠨ ᠤ ᠲᠥᠪ ᠬᠤᠲᠠ ᠶᠢᠨ ᠢᠷᠡᠭᠡᠳᠦᠢ ᠶᠢᠨ ᠠᠵᠤ ᠦᠢᠯᠡᠰ᠂ ᠳᠡᠭᠡᠳᠦ ᠰᠢᠨᠵᠢᠯᠡᠬᠦ ᠤᠬᠠᠭᠠᠨ | ᠮᠡᠷᠭᠡᠵᠢᠯ ᠤᠨ ᠠᠵᠤ ᠦᠢᠯᠡᠰ ᠢ ᠠᠴᠢᠶᠠᠯᠠᠭᠰᠠᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ | ᠵᠥᠪᠰᠢᠶᠡᠷᠡᠭᠳᠡᠵᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠢᠯᠡᠳᠬᠦᠨ ᠤ | ᠥᠷᠲᠡᠭ 2330 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 11% ᠨᠡᠮᠡᠭᠳᠡᠪᠡ᠃ | ᠦᠨᠳᠦᠰᠦᠨ ᠱᠠᠲᠤᠨ ᠤ ᠵᠠᠰᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ | ᠵᠠᠰᠠᠯᠲᠠ ᠶᠢᠨ ᠰᠢᠰᠲ᠋ᠧᠮᠵᠢ ᠶᠢ ᠲᠠᠬᠢᠨ ᠪᠠᠶᠢᠭᠤᠯᠬᠤ ᠶᠢ ᠲᠦᠷᠭᠡᠳᠬᠡᠬᠦ ᠶᠢᠨ ᠲᠣᠭᠤᠷᠢᠨ ᠳᠤ᠂ ︽ᠶᠡᠭᠡ ᠶᠢ ᠰᠠᠯᠭᠠᠵᠤ | ᠪᠠᠭ᠎ᠠ ᠶᠢ ᠨᠡᠶᠢᠯᠡᠭᠦᠯᠬᠦ︾ ᠲᠠᠢ ᠤᠶᠠᠯᠳᠤᠭᠤᠯᠤᠨ ᠲᠣᠣᠷᠴᠢᠯᠠᠯ ᠤᠨ ᠪᠠᠶᠢᠷᠢᠰᠢᠯ ᠢ ᠰᠢᠯᠢᠳᠡᠭᠵᠢᠭᠦᠯᠵᠦ᠂ ᠨᠡᠶᠢᠭᠡᠮ | ᠲᠣᠭᠤᠷᠢᠭ ᠤᠨ ᠠᠵᠢᠯᠲᠠᠨ ᠪᠠ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ ᠤ ᠬᠠᠷᠠᠭᠠᠯᠵᠠᠯ ᠢ ᠪᠠᠲᠤᠯᠠᠬᠤ᠂ | ᠠᠵᠢᠯ ᠲᠥᠷᠥᠯ ᠳᠡᠭᠡᠨ ᠵᠡᠷᠭᠡ ᠳᠡᠪᠰᠢᠬᠦ ᠵᠡᠷᠭᠡ ᠲᠣᠭᠲᠠᠴᠠ ᠶᠢ ᠲᠡᠭᠦᠯᠳᠡᠷᠵᠢᠭᠦᠯᠦᠨ᠂ ᠵᠡᠭᠡᠯᠢ ᠭᠤᠳᠤᠮᠵᠢ ᠶᠢᠨ | ᠡᠭᠦᠷᠭᠡᠯᠡᠬᠦ ᠲᠤᠰᠢᠶᠠᠯ ᠬᠠᠷᠢᠭᠤᠴᠠᠯᠭ᠎ᠠ ᠶᠢ 222 ᠵᠦᠢᠯ ᠪᠠᠶᠢᠭᠰᠠᠨ ᠠᠴᠠ 101 ᠵᠦᠢᠯ ᠪᠣᠯᠭᠠᠨ ᠪᠠᠭᠠᠰᠬᠠᠵᠤ᠂ | ᠨᠡᠶᠢᠭᠡᠮ ᠲᠣᠭᠤᠷᠢᠭ ᠤᠨ ᠡᠭᠦᠷᠭᠡᠯᠡᠬᠦ ᠠᠵᠢᠯ ᠢ 140 140ᠵᠦᠢᠯ ᠪᠠᠶᠢᠭᠰᠠᠨ ᠠᠴᠠ 79 ᠵᠦᠢᠯ ᠪᠣᠯᠭᠠᠨ | ᠪᠠᠭᠠᠰᠬᠠᠵᠤ᠂ ︽ᠪᠦᠬᠦ ᠤᠯᠤᠰ ᠤᠨ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠬᠢᠷᠢ ᠲᠡᠩᠴᠡᠭᠰᠡᠨ ᠬᠤᠳᠠ︾ ᠪᠠᠷ ᠦᠨᠡᠯᠡᠭᠳᠡᠪᠡ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ | ᠪᠦᠬᠦ ᠲᠠᠯ᠎ᠠ ᠪᠠᠷ ᠴᠢᠯᠦᠭᠡᠲᠡᠢ ᠪᠣᠯᠭᠠᠵᠤ᠂ ᠬᠡᠪᠴᠢᠶᠡᠵᠢᠯ ᠠᠴᠠ ᠳᠡᠭᠡᠭᠰᠢᠬᠢ ᠠᠷᠠᠳ ᠤᠨ ᠡᠵᠡᠩᠨᠡᠯᠲᠡ ᠶᠢᠨ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 18.8% ᠨᠡᠮᠡᠭᠳᠡᠵᠦ᠂ ᠨᠡᠶᠢᠭᠡᠮ ᠤᠨ | ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 11. | 5% ᠨᠡᠮᠡᠭᠳᠡᠪᠡ︔ ᠵᠠᠬ᠎ᠠ ᠳᠡᠯᠭᠡᠭᠦᠷ ᠤᠨ ᠭᠤᠣᠯ ᠴᠣᠭᠴᠠ 83364 ᠰᠢᠨ᠎ᠡ ᠨᠡᠮᠡᠭᠳᠡᠵᠦ᠂ ᠠᠳᠠᠯᠢ ᠬᠤᠭᠤᠴᠠᠭᠠᠨ ᠤ | ᠬᠢ ᠠᠴᠠ 75% ᠪᠠᠷ ᠨᠡᠮᠡᠭᠳᠡᠨ᠂ ᠪᠥᠬᠦ ᠣᠷᠣᠨ ᠤ ᠨᠡᠮᠡᠭᠳᠡᠯ ᠤᠨ ᠬᠡᠮᠵᠢᠶ᠎ᠡ ᠶᠢᠨ 18% ᠰᠢᠬᠠᠮ ᠢ ᠡᠵᠡᠯᠡᠪᠡ᠃ | ᠪᠤᠰᠤᠳ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠥᠬᠡᠬᠤᠲᠠ ᠪᠤᠭᠤᠲᠤ ᠶᠢᠨ ︽ᠨᠢᠭᠡ | ᠬᠤᠲᠠᠴᠢᠯᠠᠭᠰᠠᠨ︾ ᠬᠥᠭᠵᠢᠯᠲᠡ ᠶᠢ ᠲᠦᠷᠦᠭᠦᠯᠡᠨ ᠠᠬᠢᠭᠤᠯᠵᠤ᠂ 14 ᠲᠠᠯ᠎ᠠ ᠶᠢᠨ᠂ 60 ᠵᠦᠢᠯ ᠤᠨ | ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ︔ 3 ᠭᠤᠣᠯ ᠤᠷᠤᠰᠬᠠᠯ ᠵᠠᠭᠤᠴᠢᠯᠠᠭᠤᠷ ᠢ ᠪᠦᠬᠦ ᠣᠷᠣᠨ ᠤ | ᠥᠭᠡᠷᠡᠴᠢᠯᠡᠯᠲᠡ ᠶᠢᠨ ᠵᠢᠱᠢᠶ᠎ᠡ ᠪᠣᠯᠭᠠᠨ ᠨᠡᠶᠢᠳᠬᠡᠨ ᠥᠭᠡᠷᠡᠴᠢᠯᠡᠪᠡ︔ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠢᠯᠢ ᠪᠦᠯᠦᠭᠯᠡᠯ ᠤᠨ ᠵᠡᠪᠰᠡᠭᠲᠦ | ᠬᠦᠴᠦᠨ ᠤ ᠬᠡᠯᠲᠡᠰ ᠨᠢ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠠᠩᠬᠠᠳᠠᠭᠴᠢ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠶᠢᠯᠠᠯ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠡᠯ᠎ᠡ ᠲᠦᠷᠦᠯ ᠤᠨ ᠵᠥᠷᠢᠴᠡᠯ ᠠᠰᠠᠭᠤᠳᠠᠯ ᠢ ᠪᠦᠬᠦ | ᠬᠦᠴᠦᠨ ᠢᠶᠠᠷ ᠢᠶᠠᠨ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠪᠠ᠃ ᠵᠠᠰᠠᠭ ᠤᠨ ᠣᠷᠳᠣᠨ ᠤ ᠣᠨ ᠤ ᠳᠠᠯᠳᠠ ᠥᠭᠴᠡᠭᠡ ᠶᠢ | ᠠᠷᠢᠯᠭᠠᠬᠤ ᠡᠭᠦᠷᠭᠡ ᠶᠢ ᠤᠷᠢᠳ ᠢᠶᠠᠷ ᠪᠡᠶᠡᠯᠡᠭᠦᠯᠪᠡ᠃ 29880 ᠢᠵᠢ ︽ᠠᠰᠠᠷ ᠲᠤᠰᠢᠶᠠᠬᠤ ᠶᠢ ᠪᠠᠲᠤᠯᠠᠬᠤ︾ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ 5 ᠵᠢᠯ ᠰᠤᠯᠠ ᠲᠠᠯᠪᠢᠭᠰᠠᠨ ᠰᠢᠨᠬᠤᠸᠠ ᠲᠠᠯᠠᠪᠠᠢ᠂ ᠵᠡᠭᠦᠨ | ᠠᠶᠠᠨᠴᠢᠳ ᠤᠨ ᠦᠷᠳᠡᠭᠡ ᠶᠢᠨ ᠡᠮᠦᠨ᠎ᠡ ᠲᠠᠯᠠᠪᠠᠢ ᠶᠢᠨ ᠭᠠᠵᠠᠷ ᠳᠣᠣᠷᠠᠬᠢ ᠬᠤᠳᠠᠯᠳᠤᠭ᠎ᠠ ᠪᠣᠯᠣᠨ ᠡᠷᠬᠢᠨ | ᠲᠣᠭᠤᠷᠢᠨ ᠤ ᠠᠰᠠᠷ ᠪᠠᠶᠢᠰᠢᠩ ᠢ ᠠᠮᠢᠯᠠᠭᠤᠯᠪᠠ᠃ 15 ᠵᠢᠯ ᠥᠩᠭᠡᠷᠡᠭᠰᠡᠨ 11 ᠳᠠᠷᠤᠭᠳᠠᠭᠰᠠᠨ ᠠᠮᠢᠨ ᠬᠡᠷᠡᠭ ᠢ | ᠠᠮᠵᠢᠯᠲᠠ ᠲᠠᠢ ᠪᠠᠷ ᠳᠡᠩᠨᠡᠨ ᠢᠯᠡᠷᠡᠭᠦᠯᠵᠦ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠬᠡᠷᠡᠭ ᠤᠨ ᠬᠡᠷᠡᠭ | ᠭᠠᠷᠤᠭᠰᠠᠨ ᠬᠡᠮᠵᠢᠶ᠎ᠡ 5.1% ᠪᠠᠷ ᠪᠠᠭᠤᠷᠠᠪᠠ᠃ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ ᠳᠦᠷᠢᠮ ᠢ | ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠴᠡᠪᠡᠷ ᠬᠡᠷᠡᠭ ᠢ ᠰᠢᠢᠳᠪᠦᠷᠢᠯᠡᠬᠦ ᠨᠤᠷᠮ᠎ᠠ ᠶᠢ | 66% ᠪᠠᠶᠢᠭᠰᠠᠨ ᠠᠴᠠ 92% ᠪᠣᠯᠲᠠᠯ᠎ᠠ ᠳᠡᠭᠡᠭᠰᠢᠯᠡᠭᠦᠯᠪᠡ᠃ ᠠᠶᠤᠯᠭᠦᠢ ᠦᠢᠯᠡᠳᠪᠦᠷᠢᠯᠡᠯ ᠢ ᠶᠡᠬᠡᠪᠡᠷ ᠵᠢᠭᠰᠠᠭᠠᠨ | ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠶᠤᠯᠭᠦᠢ | ᠦᠢᠯᠡᠳᠪᠦᠷᠢᠯᠡᠯ ᠤᠨ ᠬᠦᠨᠳᠦ ᠶᠡᠭᠡ ᠠᠳᠡᠯ ᠭᠠᠷᠤᠭᠰᠠᠨ ᠦᠭᠡᠢ᠃ ᠤᠯᠤᠰ ᠤᠨ ᠢᠳᠡᠭᠡᠨ ᠤ ᠠᠮᠤᠷ ᠲᠦᠪᠰᠢᠨ ᠤ | ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠪᠡ᠃ ︽ᠤᠯᠤᠰ ᠤᠨ ᠡᠷᠡᠭᠦᠯ ᠬᠠᠮᠠᠭᠠᠯᠠᠯ ᠤᠨ ᠬᠤᠳᠠ︾ ᠶᠢᠨ ᠲᠠᠬᠢᠨ | ᠬᠢᠨᠠᠯᠲᠠ ᠶᠢ ᠤᠷᠤᠭᠰᠢᠲᠠᠢ ᠥᠩᠭᠡᠷᠡᠭᠡᠪᠡ᠃ ︽2023 ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯᠲᠤ | ᠲᠥᠷᠥᠭᠳᠡᠯ ᠲᠠᠢ ᠬᠤᠲᠠ︾ ᠶᠢᠨ ᠢᠷᠠᠭᠤ ᠠᠯᠳᠠᠷ ᠢ ᠣᠯᠪᠠ᠃ | ᠥᠩᠭᠡᠷᠡᠭᠰᠡᠨ ᠨᠢᠭᠡ ᠵᠢᠯ ᠳᠤ᠂ ᠪᠢᠳᠡ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ | ᠴᠢᠩᠭᠠᠳᠬᠠᠵᠤ᠂ ᠵᠠᠰᠠᠭ ᠤᠨ ᠣᠷᠳᠣᠨ ᠤ ᠬᠡᠷᠡᠭᠵᠢᠭᠦᠯᠦᠯᠲᠡ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ | ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ ︽ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ | ᠰᠤᠷᠤᠯᠴᠠᠬᠤ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠬᠤ ᠪᠠᠷ ᠰᠤᠷᠲᠠᠯ ᠢ ᠲᠥᠪ ᠪᠣᠯᠭᠠᠬᠤ᠂ | ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ︾ ᠶᠢ ᠪᠠᠷᠢᠮᠲᠠᠯᠠᠵᠤ᠂ ᠬᠤᠶᠠᠳᠤᠭᠠᠷ ᠪᠦᠯᠦᠭ ᠤᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠰᠢᠢᠳᠪᠦᠷᠢᠯᠡᠵᠦ ᠬᠠᠷᠢᠭᠤᠯᠤᠭᠰᠠᠨ ᠨᠤᠷᠮ᠎ᠠ ᠴᠥᠮ 100% ᠬᠦᠷᠪᠡ᠃ ︽ᠪᠥᠬᠦ | ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ︾ ᠶᠢᠨ ᠢᠷᠠᠭᠤ | ᠠᠯᠳᠠᠷ ᠢ ᠭᠥᠷᠳᠡᠪᠡ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠬᠡᠷᠡᠭᠵᠢᠭᠦᠯᠵᠦ᠂ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ | ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠳᠡᠭᠡᠭᠰᠢᠯᠡᠭᠦᠯᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠤ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ᠂ ᠤᠯᠠᠨ ᠨᠡᠶᠢᠲᠡ ᠶᠢ | ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠴᠢᠩᠭᠠᠷᠠᠪᠠ᠃ | ᠲᠥᠯᠥᠭᠡᠯᠡᠭᠴᠢᠳ︕ ᠥᠩᠭᠡᠷᠡᠭᠰᠡᠨ ᠨᠢᠭᠡ ᠵᠢᠯ ᠳᠤ᠂ ᠪᠢᠳᠡ ᠤᠳᠠᠭ᠎ᠠ ᠳᠠᠷᠠᠭᠠᠯᠠᠨ ᠪᠠᠶᠢᠯᠳᠤᠵᠤ᠂ ᠤᠳᠠᠭ᠎ᠠ | ᠳᠠᠷᠠᠭᠠᠯᠠᠨ ᠰᠢᠪᠲᠤᠯᠵᠤ᠂ ᠤᠷᠢᠳ ᠡᠮᠦᠨ᠎ᠡ ᠪᠠᠶᠢᠭ᠎ᠠ ᠦᠭᠡᠢ ᠰᠢᠯᠭᠠᠯᠲᠠ ᠶᠢ ᠳᠠᠭᠠᠭᠠᠵᠤ᠂ ᠲᠤᠶᠢᠯ ᠤᠨ ᠬᠤᠪᠣᠷ | ᠨᠠᠨᠳᠢᠨ ᠠᠮᠵᠢᠯᠲᠠ ᠣᠯᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠮᠵᠢ ᠢᠯᠡᠳᠲᠡ ᠪᠠᠶᠢᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ | ᠦᠵᠡᠭᠦᠯᠬᠦ ᠬᠤᠳᠠ ᠪᠠᠷ ᠦᠨᠡᠯᠡᠭᠳᠡᠪᠡ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢ ᠨᠢᠭᠲᠠᠷᠠᠭᠤᠯᠤᠨ ᠰᠦᠭ | ᠰᠦᠨᠡᠰᠦ ᠶᠢ ᠱᠤᠭᠤᠵᠤ᠂ ᠰᠢᠨᠵᠢᠯᠡᠬᠦ ᠤᠬᠠᠭᠠᠨᠴᠢ ᠪᠠᠷ ᠵᠢᠭᠠᠨ ᠵᠢᠯᠣᠭᠤᠳᠤᠭᠰᠠᠨ ᠤ ᠦᠷ᠎ᠡ ᠳ᠋ᠦᠩ ᠮᠥᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ | ᠬᠤᠷᠢᠶ᠎ᠠ ᠶᠢᠨ ᠲᠥᠪ ᠴᠢᠩᠭ᠎ᠠ ᠤᠳᠤᠷᠢᠳᠤᠯᠭ᠎ᠠ᠂ ᠵᠥᠪ ᠣᠨᠣᠪᠴᠢᠲᠠᠢ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ | ᠦᠷ᠎ᠡ ᠳ᠋ᠦᠩ ᠮᠥᠨ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ | ᠲᠦᠷᠦ ᠶᠢᠨ ᠵᠥᠪᠯᠡᠯᠭᠡᠨ ᠤ ᠬᠦᠴᠦᠲᠡᠢ ᠬᠢᠨᠠᠯᠲᠠ ᠲᠠᠯᠪᠢᠵᠤ᠂ ᠬᠦᠴᠦᠯᠡᠨ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ | ᠬᠤᠳᠠ ᠶᠢᠨ ᠠᠷᠠᠳ ᠲᠦᠮᠡᠨ ᠬᠠᠮᠲᠤᠪᠠᠷ ᠴᠢᠷᠮᠠᠶᠢᠵᠤ᠂ ᠬᠠᠮᠲᠤᠪᠠᠷ ᠠᠵᠢᠯᠯᠠᠵᠤ᠂ ᠬᠠᠮᠲᠤᠪᠠᠷ ᠲᠡᠮᠡᠴᠡᠵᠦ ᠪᠠᠶᠢᠭᠠᠳ | ᠣᠯᠣᠭᠰᠠᠨ ᠶᠤᠮ︕ ᠠᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ | ᠬᠤᠳᠠ ᠶᠢᠨ ᠥᠷᠭᠡᠨ ᠤᠯᠠᠨ ᠺᠠᠳ᠋ᠷ ᠤᠯᠠᠨ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠦᠯᠬᠦᠮ ᠵᠢᠴᠢ ᠡᠯ᠎ᠡ ᠡᠲᠡᠭᠡᠳ ᠤᠨ ᠬᠥᠮᠥᠰ ᠲᠤ ᠡᠷᠬᠢᠮ ᠳᠡᠭᠡᠳᠦ | ᠬᠦᠨᠳᠦᠳᠬᠡᠯ ᠳᠡᠪᠰᠢᠭᠦᠯᠦᠶ᠎ᠡ︕ ᠬᠥᠬᠡᠬᠤᠲᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ | ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠦᠶ᠎ᠡ︕ | ᠥᠩᠭᠡᠷᠡᠭᠰᠡᠨ ᠨᠢᠭᠡ ᠵᠢᠯ ᠤᠨ ᠠᠵᠢᠯ ᠢᠶᠠᠨ ᠡᠷᠭᠢᠴᠡᠭᠦᠯᠵᠦ᠂ ᠮᠠᠨ ᠤ ᠬᠥᠭᠵᠢᠯᠲᠡ ᠶᠢ ᠵᠦᠢᠴᠢᠯᠡᠨ | ᠵᠠᠳᠠᠯᠬᠤ ᠳᠤ ᠪᠠᠰᠠ ᠵᠠᠷᠢᠮ ︽ᠲᠣᠭᠤᠷᠢᠵᠤ ᠭᠠᠷᠴᠤ ᠳᠡᠶᠢᠯᠬᠦ ᠦᠭᠡᠢ᠂ ᠰᠢᠯᠵᠢᠭᠦᠯᠵᠦ ᠳᠡᠶᠢᠯᠬᠦ ᠦᠭᠡᠢ︾ ᠠᠰᠠᠭᠤᠳᠠᠯ | ᠣᠷᠣᠰᠢᠵᠤ ᠪᠠᠶᠢᠨ᠎ᠠ᠃ ᠨᠢᠭᠡ ᠳᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠳᠠᠶᠢᠴᠢᠯᠠᠬᠤ ᠬᠦᠴᠦᠨ | ᠴᠢᠩᠭ᠎ᠠ ᠪᠢᠰᠢ᠂ ᠠᠵᠤ ᠦᠢᠯᠡᠰ ᠤᠨ ᠰᠠᠭᠤᠷᠢ ᠪᠠᠰᠠ ᠯᠠᠪᠳᠠᠭᠤᠨ ᠪᠠᠲᠤᠲᠠᠢ ᠪᠢᠰᠢ᠂ ᠣᠷᠣᠨ ᠪᠦᠰᠡ ᠶᠢᠨ ᠲᠥᠪ | ᠬᠤᠳᠠ ᠶᠢᠨ ᠲᠠᠲᠠᠬᠤ ᠬᠦᠴᠦᠨ᠂ ᠳᠠᠭᠠᠭᠠᠴᠠ᠂ ᠭᠤᠣᠯᠯᠠᠬᠤ ᠥᠷᠢᠰᠦᠯᠳᠦᠬᠦ ᠬᠦᠴᠦᠨ ᠬᠦᠷᠦᠯᠴᠡᠬᠦ ᠦᠭᠡᠢ ᠪᠠᠶᠢᠨ᠎ᠠ︔ | ᠬᠤᠶᠠᠷ ᠲᠤ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠦᠢᠯᠡᠴᠢᠯᠡᠬᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠪᠠᠯ ᠰᠠᠨᠠᠭᠠᠴᠢᠯᠠᠭᠠᠲᠤ ᠴᠢᠨᠠᠷ ᠪᠣᠯᠣᠨ ᠨᠠᠷᠢᠯᠢᠭ | ᠣᠨᠣᠪᠴᠢ ᠶᠢᠨ ᠬᠡᠮᠵᠢᠶ᠎ᠡ ᠭᠦᠢᠴᠡᠳ ᠪᠤᠰᠤ ᠪᠠᠶᠢᠨ᠎ᠠ︔ ᠭᠤᠷᠪᠠ ᠳᠤ ᠬᠤᠳᠠ ᠶᠢᠨ ᠬᠥᠭᠵᠢᠯᠲᠡ ᠶᠢᠨ ᠳᠤᠮᠳᠠᠬᠢ | ᠬᠠᠭᠤᠴᠢᠨ ᠬᠤᠷᠢᠶᠠᠯᠠᠯ᠂ ᠬᠤᠳᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ᠂ ᠣᠷᠣᠰᠢᠨ ᠰᠠᠭᠤᠬᠤ ᠳᠤ | ᠲᠣᠬᠢᠷᠠᠮᠵᠢᠲᠠᠢ ᠣᠷᠴᠢᠨ ᠲᠣᠭᠤᠷᠢᠨ ᠢ ᠪᠤᠢ ᠪᠣᠯᠭᠠᠬᠤ ᠵᠢᠴᠢ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠵᠡᠷᠭᠡ ᠳᠤ ᠪᠠᠰᠠ ᠴᠥᠭᠡᠨ ᠪᠤᠰᠤ ᠳᠤᠲᠠᠭᠳᠠᠯ ᠣᠷᠣᠰᠢᠵᠤ ᠪᠠᠶᠢᠨ᠎ᠠ︔ ᠳᠥᠷᠪᠡ ᠳᠤ ᠠᠷᠠᠳ | ᠲᠦᠮᠡᠨ ᠤ ᠠᠩᠬᠠᠷᠴᠤ ᠪᠠᠶᠢᠭ᠎ᠠ ᠰᠤᠷᠭᠠᠭᠤᠯᠢ ᠳᠤ ᠣᠷᠣᠬᠤ᠂ ᠡᠪᠡᠳᠴᠢᠨ ᠦᠵᠡᠭᠦᠯᠬᠦ᠂ ᠨᠠᠰᠤᠵᠢᠯ ᠤᠨ ᠠᠰᠠᠷᠠᠮᠵᠢ᠂ | ᠬᠡᠦᠬᠡᠳ ᠰᠠᠭᠠᠲᠠᠭᠤᠯᠬᠤ ᠵᠡᠷᠭᠡ ︽ᠨᠢᠭᠡ ᠨᠠᠰᠤᠲᠠᠨ ᠨᠢᠭᠡ ᠨᠢᠯᠬ᠎ᠠ︾ ᠶᠢᠨ ᠪᠠᠴᠢᠮᠳᠠᠵᠤ ᠬᠦᠴᠢᠷᠳᠡᠵᠦ ᠵᠣᠪᠠᠵᠤ | ᠬᠦᠰᠡᠵᠦ ᠰᠠᠨᠠᠭᠰᠠᠨ ᠠᠰᠠᠭᠤᠳᠠᠯ ᠵᠢᠴᠢ ᠵᠠᠷᠢᠮ ᠭᠠᠵᠠᠷ ᠣᠷᠣᠨ ᠤ ᠤᠰᠤ ᠢᠳᠡᠬᠦ ᠳᠤ ᠬᠦᠴᠢᠷ᠂ ᠳᠤᠯᠠᠭᠠᠯᠠᠭ᠎ᠠ | ᠬᠠᠩᠭᠠᠬᠤ ᠪᠠᠷ ᠠᠨᠠᠢ ᠪᠠᠶᠢᠬᠤ ᠵᠡᠷᠭᠡ ᠤᠯᠠᠨ ᠲᠦᠮᠡᠨ ᠤ ᠳᠡᠷᠭᠡᠳᠡᠬᠢ ᠤᠴᠢᠷ ᠨᠢ ᠬᠥᠮᠥᠨ ᠤ ᠰᠠᠨᠠᠭᠠᠨ ᠳᠤ ᠬᠦᠷᠬᠦ | ᠦᠭᠡᠢ ᠪᠠᠶᠢᠨ᠎ᠠ︔ ᠲᠠᠪᠤ ᠳᠤ ᠪᠠᠰᠠ ᠵᠠᠷᠢᠮ ᠺᠠᠳ᠋ᠷᠴᠤᠳ ᠤᠨ ᠦᠵᠡᠯ ᠰᠠᠨᠠᠭ᠎ᠠ ᠣᠶᠢᠯᠠᠭᠠᠭᠳᠠᠬᠤᠨ ᠨᠢ ᠲᠦᠭᠵᠢᠷᠡᠮᠡᠯ | ᠬᠡᠪᠰᠢᠮᠡᠯ ᠪᠠᠶᠢᠵᠤ᠂ ᠭᠠᠪᠰᠢᠭᠠᠶᠢᠯᠠᠨ ᠠᠵᠢᠯᠯᠠᠬᠤ ᠡᠷᠴᠢ ᠵᠣᠷᠢᠭ ᠨᠢ ᠬᠦᠷᠦᠯᠴᠡᠬᠦ ᠦᠭᠡᠢ᠂ ᠣᠪᠣᠷ ᠰᠤᠷᠲᠠᠯ ᠨᠢ ︽ | ᠤᠳᠠᠭᠠᠨ ᠤᠳᠠᠭᠠᠰᠢᠷᠠᠭᠤᠯᠬᠤ ᠬᠡᠶᠢᠰᠪᠦᠷᠢ︾ ᠪᠠᠶᠢᠵᠤ᠂ ᠬᠥᠭᠵᠢᠯᠲᠡ ᠶᠢᠨ ᠱᠠᠭᠠᠷᠳᠠᠯᠭ᠎ᠠ ᠶᠢ ᠲᠠᠭᠠᠵᠤ ᠠᠮᠵᠢᠬᠤ ᠦᠭᠡᠢ | ᠪᠠᠶᠢᠨ᠎ᠠ᠃ ᠡᠳᠡᠭᠡᠷ ᠠᠰᠠᠭᠤᠳᠠᠯ ᠢ ᠡᠷᠬᠡᠪᠰᠢ ᠨᠢᠭᠡ ᠨᠢᠭᠡ ᠪᠠᠷ ᠮᠥᠷᠳᠡᠵᠦ᠂ ᠨᠢᠭᠡ ᠨᠢᠭᠡ ᠪᠠᠷ ᠥᠭᠡᠷᠡᠴᠢᠯᠡᠵᠦ᠂ | ᠲᠦᠷᠭᠡᠯᠡᠵᠦ ᠪᠣᠯᠬᠤ ᠶᠢ ᠨᠢ ᠲᠦᠷᠭᠡᠯᠡᠵᠦ᠂ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠲᠡᠯᠡ ᠤᠷᠲᠤ | ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠪᠠᠶᠢᠨ᠎ᠠ᠃ | | | | | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠵᠢᠷᠭᠤᠭᠠᠨ | ᠢᠨᠵᠧᠨᠧᠷᠢᠩ᠂ ᠲᠤᠯᠤᠭᠠᠨ ᠡᠭᠦᠷᠭᠡ ᠶᠢ ᠪᠠᠶᠢᠷᠢᠯᠠᠭᠤᠯᠪᠠ︔ ᠬᠤᠳᠠ ᠶᠢᠨ ᠨᠠᠮ ᠤᠨ ᠬᠤᠷᠢᠶᠠᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ | ᠠᠵᠢᠯ ᠤᠨ ᠬᠤᠷᠠᠯ ᠠᠴᠠ ᠠᠳᠬᠤᠬᠤ ᠴᠢᠬᠤᠯᠠᠲᠠᠢ ᠲᠠᠪᠤᠨ ᠵᠠᠩᠭᠢᠯᠠᠭ᠎ᠠ ᠶᠢ ᠲᠣᠳᠣᠷᠬᠠᠶᠢᠯᠠᠵᠤ᠂ ᠶᠢᠰᠦᠨ | ᠭᠤᠣᠯᠳᠠᠯᠭ᠎ᠠ ᠲᠠᠢ ᠠᠵᠢᠯ ᠢ ᠲᠣᠬᠢᠷᠠᠭᠤᠯᠪᠠ᠃ ᠡᠳᠡᠭᠡᠷ ᠪᠣᠯ ᠴᠥᠮ ᠴᠢᠩᠭ᠎ᠠ ᠠᠳᠬᠤᠬᠤ ᠶᠡᠭᠡ ᠤᠴᠢᠷ᠂ | ᠰᠢᠪᠲᠤᠯᠤᠯᠲᠠ ᠬᠢᠬᠦ ᠴᠢᠬᠤᠯᠠ ᠤᠴᠢᠷ ᠮᠥᠨ᠂ ᠮᠥᠨ ᠴᠦ ᠡᠷᠬᠡᠪᠰᠢ ᠠᠬᠢᠭᠤᠯᠬᠤ ᠪᠣᠳᠠᠲᠤ ᠤᠴᠢᠷ᠂ ᠵᠠᠪᠠᠯ | ᠪᠦᠲᠦᠭᠡᠬᠦ ᠰᠠᠶᠢᠨ ᠤᠴᠢᠷ ᠮᠥᠨ᠂ ᠪᠢᠳᠡ ᠡᠳᠡᠭᠡᠷ ᠵᠠᠩᠭᠢᠯᠠᠭ᠎ᠠ ᠪᠣᠯᠣᠨ ᠭᠤᠣᠯᠳᠠᠯᠭ᠎ᠠ ᠶᠢ ᠴᠢᠩᠭ᠎ᠠ ᠠᠳᠬᠤᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ | ᠰᠢᠵᠢᠮ ᠢ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠠᠵᠢᠯ ᠳᠤᠮᠳᠠ ᠲᠤᠭᠤᠰᠢᠯᠠᠭᠤᠯᠵᠤ᠂ ︽ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ︾ ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠲᠦᠷᠦ ᠶᠢᠨ | ᠪᠣᠳᠣᠯᠭ᠎ᠠ ᠶᠢ ᠨᠡᠪᠲᠡᠷᠬᠡᠢ ᠣᠶᠢᠯᠠᠭᠠᠵᠤ᠂ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠲᠦᠷᠦ ᠶᠢᠨ | ᠪᠣᠳᠣᠯᠭ᠎ᠠ ᠶᠢ ᠦᠨᠡᠨᠬᠦ ︽ᠴᠠᠭᠠᠰᠤᠨ ᠳᠡᠭᠡᠷ᠎ᠡ︾ ᠠᠴᠠ ︽ᠭᠠᠵᠠᠷ ᠳᠡᠭᠡᠷ᠎ᠡ︾ ᠨᠠᠶᠢᠳᠠᠪᠤᠷᠢᠵᠢᠭᠤᠯᠵᠤ᠂ ᠲᠥᠪ | ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠲᠡᠷᠡ | ᠶᠣᠰᠣᠭᠠᠷ ᠨᠢ ᠰᠠᠶᠢᠲᠤᠷ ᠬᠡᠷᠡᠭᠵᠢᠭᠦᠯᠵᠦ᠂ ᠰᠠᠶᠢᠲᠤᠷ ᠨᠠᠶᠢᠳᠠᠪᠤᠷᠢᠵᠢᠭᠤᠯᠤᠨ᠎ᠠ᠃ | ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ 8% 8ᠣᠷᠴᠢᠮ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠳᠡᠭ 16% 16ᠣᠷᠴᠢᠮ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ 18% ᠠᠴᠠ ᠳᠡᠭᠡᠭᠰᠢ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠲᠤᠭ᠎ᠠ 10% 10ᠨᠡᠮᠡᠭᠳᠡᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ | ᠣᠷᠣᠯᠭ᠎ᠠ 6% ᠣᠷᠴᠢᠮ ᠨᠡᠮᠡᠭᠳᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠶᠡᠷᠦᠩᠬᠡᠢ ᠲᠤᠭ᠎ᠠ 13% ᠣᠷᠴᠢᠮ ᠨᠡᠮᠡᠭᠳᠡᠵᠦ᠂ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ 6.5% ᠣᠷᠴᠢᠮ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ | ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠪᠡᠶᠡᠯᠡᠭᠦᠯᠦᠨ᠎ᠡ᠃ ᠠᠵᠤ | ᠠᠬᠤᠢ ᠶᠢᠨ ᠭᠤᠣᠯ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠪᠦᠬᠦ ᠣᠷᠣᠨ ᠤ ᠡᠮᠦᠨ᠎ᠡ | ᠪᠠᠶᠢᠷᠢᠨ ᠳᠤ ᠪᠠᠲᠤᠯᠠᠵᠤ᠂ ᠮᠤᠵᠢ ᠶᠢᠨ ᠲᠥᠪ ᠬᠤᠳᠠ ᠶᠢᠨ ᠡᠮᠦᠨ᠎ᠡ ᠡᠩᠨᠡᠭᠡᠨ ᠳᠤ ᠪᠠᠲᠤᠯᠠᠵᠤ᠂ ᠠᠵᠤ ᠠᠬᠤᠢ ᠶᠢᠨ | ᠶᠡᠷᠦᠩᠬᠡᠢ ᠬᠡᠮᠵᠢᠶ᠎ᠡ ᠪᠦᠬᠦ ᠤᠯᠤᠰ ᠤᠨ ᠵᠠᠭᠤᠨ ᠬᠦᠴᠦᠷᠬᠡᠭ ᠬᠤᠳᠠ ᠳᠣᠲᠣᠷ᠎ᠠ ᠤᠯᠠᠮ ᠨᠢᠭᠡ ᠠᠯᠬᠤᠮ ᠳᠡᠭᠡᠭᠰᠢᠯᠡᠨ᠎ᠡ᠃ | | ᠳᠡᠭᠡᠷᠡᠬᠢ ᠭᠦᠢᠴᠡᠳᠬᠡᠯ ᠲᠤᠭ᠎ᠠ ᠶᠢᠨ ᠲᠣᠬᠢᠷᠠᠭᠤᠯᠤᠯᠲᠠ ᠨᠢ ᠴᠥᠮ ᠥᠪᠡᠷᠲᠡᠭᠡᠨ ᠵᠠᠰᠠᠬᠤ ᠣᠷᠣᠨ ᠤ | ᠳᠤᠮᠳᠠᠴᠢ ᠬᠢᠷᠢ ᠲᠦᠪᠰᠢᠨ ᠠᠴᠠ ᠳᠠᠪᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠭᠰᠠᠨ ᠮᠥᠷᠲᠡᠭᠡᠨ ᠪᠠᠰᠠ | ︽ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ᠂ ᠣᠷᠣᠨ ᠳᠡᠪᠰᠢᠬᠦ ᠪᠠᠷ ᠴᠢᠷᠮᠠᠶᠢᠬᠤ᠂ ᠬᠤᠪᠢ ᠨᠡᠮᠡᠷᠢ ᠦᠵᠡᠭᠦᠯᠬᠦ︾ | ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠦᠭᠰᠡᠨ ᠪᠠᠶᠢᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ | ᠠᠰᠢᠭᠲᠠᠢ ᠲᠦᠷᠦ ᠶᠢᠨ ᠪᠣᠳᠣᠯᠭ᠎ᠠ ᠶᠢᠨ ᠳᠡᠮᠵᠢᠯᠭᠡ᠂ ᠬᠥᠭᠵᠢᠯᠲᠡ ᠶᠢᠨ ᠰᠠᠭᠤᠷᠢ ᠲᠠᠢ ᠲᠤᠯᠭᠠᠭᠤᠷᠢᠯᠠᠯ᠂ ᠣᠷᠣᠨ | ᠲᠠᠪᠰᠢᠨ ᠭᠦᠢᠴᠡᠵᠦ ᠳᠠᠪᠠᠭᠤ ᠱᠠᠭᠠᠷᠳᠠᠯᠭ᠎ᠠ᠂ ᠪᠠᠰᠠ ᠬᠤᠶᠠᠷ ᠵᠢᠯ ᠤᠨ 13 ᠤᠳᠠᠭ᠎ᠠ ᠶᠢᠨ ᠴᠢᠨᠠᠷ ᠰᠠᠶᠢᠲᠠᠢ | ᠬᠥᠭᠵᠢᠯᠲᠡ ᠶᠢᠨ ᠠᠬᠤᠢ ᠲᠠᠯᠠᠪᠠᠢ ᠶᠢᠨ ᠬᠤᠷᠠᠯ ᠢᠶᠠᠷ ᠨᠢᠭᠲᠠᠷᠠᠭᠤᠯᠤᠭᠰᠠᠨ ᠬᠦᠴᠦᠷᠬᠡᠭ ᠶᠡᠭᠡ ᠠᠵᠢᠯ ᠬᠢᠵᠦ ᠦᠢᠯᠡᠰ | ᠪᠣᠰᠬᠠᠬᠤ ᠲᠡᠮᠡᠴᠡᠯ ᠤᠨ ᠵᠣᠷᠢᠭ ᠪᠠᠶᠢᠬᠤ ᠬᠡᠷᠡᠭᠲᠡᠢ᠃ ᠪᠢᠳᠡ ᠳᠡᠭᠡᠷ᠎ᠡ ᠳᠣᠣᠷ᠎ᠠ ᠱᠠᠲᠤ ᠪᠠᠷ ᠢᠶᠠᠨ ᠰᠡᠳᠬᠢᠯ ᠨᠢᠭᠡᠳᠦᠨ | ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠠᠵᠢᠯᠯᠠᠨ᠂ ︽ᠪᠢ ᠬᠥᠮᠥᠨ ᠢ ᠬᠦᠷᠬᠦ ᠦᠭᠡᠢ︾ ᠭᠡᠰᠡᠨ ᠪᠤᠳᠤᠯ ᠢᠶᠠᠨ | ᠲᠠᠶᠠᠭᠳᠠᠵᠤ᠂ ︽ᠬᠤᠷᠳᠤᠨ ᠪᠠᠶᠢᠵᠤ ᠴᠢᠳᠠᠬᠤ ᠳᠤ ᠤᠳᠠᠭᠠᠨ ᠪᠠᠶᠢᠵᠤ ᠪᠣᠯᠬᠤ ᠦᠭᠡᠢ︾ ᠭᠡᠰᠡᠨ ᠡᠷᠴᠢ ᠵᠣᠷᠢᠭ ᠢ | ᠭᠠᠷᠭᠠᠳᠠᠭ ᠯᠠ ᠶᠤᠮ ᠪᠣᠯ ᠵᠢᠱᠢᠭᠰᠡᠨ ᠬᠠᠷᠠᠯᠲᠠ ᠪᠠᠨ ᠯᠠᠪᠲᠠᠢ ᠪᠡᠶᠡᠯᠡᠭᠦᠯᠵᠦ ᠴᠢᠳᠠᠬᠤ ᠶᠤᠮ᠃ | 8 ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠪᠣᠳᠠᠲᠠᠢ ᠰᠠᠶᠢᠲᠤᠷ ᠠᠳᠬᠤᠨ᠎ᠠ᠃ | ︵ᠨᠢᠭᠡ︶ ᠬᠥᠭᠵᠢᠯᠲᠡ ᠶᠢ ᠥᠴᠥᠬᠡᠨ ᠴᠦ ᠰᠤᠯᠠᠷᠠᠭᠤᠯᠤᠯ ᠦᠭᠡᠢ ᠠᠳᠬᠤᠬᠤ ᠶᠢ ᠲᠡᠷᠢᠭᠦᠨ ᠴᠢᠬᠤᠯᠠ | ᠡᠭᠦᠷᠭᠡ ᠪᠣᠯᠭᠠᠨ᠎ᠠ | ᠡᠩ ᠲᠡᠷᠢᠭᠦᠨ ᠳᠤ ᠡᠷᠴᠢ ᠵᠣᠷᠢᠭ ᠢᠶᠠᠨ ᠬᠥᠪᠴᠢᠯᠡᠨ ᠲᠦᠷᠦᠯ ᠵᠦᠢᠯ ᠢ ᠠᠳᠬᠤᠨ᠎ᠠ᠃ ᠴᠢᠬᠤᠯᠠ ᠶᠡᠭᠡ | ᠲᠥᠷᠥᠯ ᠵᠦᠢᠯ ᠤᠨ ︽ᠬᠤᠣᠰ ᠨᠢᠭᠡ ᠮᠢᠩᠭ᠎ᠠ︾ ᠶᠢᠨ ᠢᠨᠵᠧᠨᠧᠷᠢᠩ ᠢᠶᠠᠷ ᠭᠠᠷᠳᠠᠴᠠ ᠪᠣᠯᠭᠠᠵᠤ᠂ ᠭᠤᠣᠯᠳᠠᠯᠭ᠎ᠠ ᠲᠠᠢ | ᠲᠥᠷᠥᠯ ᠵᠦᠢᠯ ᠢ 1100 ᠠᠴᠠ ᠳᠡᠭᠡᠭᠰᠢ ᠬᠡᠷᠡᠭᠵᠢᠭᠦᠯᠵᠦ᠂ ᠪᠡᠯᠡ ᠣᠷᠣᠭᠤᠯᠤᠯᠲᠠ ᠶᠢ 1500 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ︔ ︽ᠵᠢᠯ ᠤᠨ ᠡᠬᠢᠨ ᠳᠤ ᠶᠡᠭᠡ ᠪᠠᠷ ᠳᠠᠶᠢᠴᠢᠯᠠᠵᠤ᠂ ᠵᠢᠯ ᠤᠨ ᠳᠤᠮᠳᠠᠴᠢ ᠪᠠᠷ | ᠶᠡᠭᠡ ᠪᠠᠷ ᠮᠥᠷᠥᠶᠢᠴᠡᠵᠦ᠂ ᠵᠢᠯ ᠤᠨ ᠡᠴᠦᠰ ᠲᠤ ᠶᠡᠭᠡ ᠪᠠᠷ ᠬᠢᠨᠠᠨ ᠰᠢᠯᠭᠠᠬᠤ︾ ᠠᠵᠢᠯᠯᠠᠭ᠎ᠠ ᠶᠢ ᠥᠷᠨᠢᠭᠦᠯᠵᠦ᠂ ᠪᠥᠬᠦ | ᠲᠥᠷᠥᠯ ᠵᠦᠢᠯ ᠢ ᠳᠡᠭᠡᠷ᠎ᠡ ᠬᠠᠭᠠᠰ ᠵᠢᠯ ᠳᠤ ᠪᠦᠬᠦᠨ ᠢ ᠡᠬᠢᠯᠡᠭᠦᠯᠬᠦ ᠪᠠᠷ ᠴᠢᠷᠮᠠᠶᠢᠨ᠎ᠠ᠃ ᠪᠡᠭᠡᠵᠢᠩ ᠲᠢᠶᠠᠨᠵᠢᠨ | ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ | ᠰᠢᠶᠠᠩᠭᠠᠩ ᠣᠣᠮᠧᠨ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠣᠷᠣᠨ ᠪᠦᠰᠡ ᠳᠤ ᠠᠩᠬᠠᠷᠤᠯ ᠢᠶᠠᠨ | ᠲᠥᠪᠯᠡᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠪᠣᠳᠠᠲᠤ ᠬᠦᠴᠦᠨ ᠲᠠᠢ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠨᠡᠷᠡᠳᠤ ᠭᠠᠳᠠᠭᠠᠳᠤ ᠶᠢᠨ ᠠᠵᠤ ᠠᠬᠤᠶᠢᠯᠠᠯ ᠢ ᠴᠢᠩᠭ᠎ᠠ ᠠᠩᠬᠠᠷᠴᠤ᠂ | ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ᠂ ᠲᠣᠯᠣᠭᠠᠶᠢᠯᠠᠭᠴᠢ ᠠᠵᠤ ᠠᠬᠤᠶᠢᠯᠠᠯ ᠤᠨ | ᠬᠤᠳᠠᠯᠳᠤᠭᠠᠴᠢᠨ ᠤᠷᠢᠬᠤ᠂ ᠰᠠᠯᠪᠤᠷᠢ ᠪᠠᠭ᠎ᠠ ᠠᠩᠭᠢ ᠶᠢᠨ ᠬᠤᠳᠠᠯᠳᠤᠭᠠᠴᠢᠨ ᠤᠷᠢᠬᠤ᠂ ᠵᠠᠰᠠᠭ ᠠᠵᠤ ᠠᠬᠤᠶᠢᠯᠠᠯ | ᠬᠠᠮᠵᠢᠯᠴᠠᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠳ ᠤᠨ ᠨᠡᠶᠢᠭᠡᠮᠯᠢᠭ ᠤᠨ ᠬᠤᠳᠠᠯᠳᠤᠭᠠᠴᠢᠨ ᠤᠷᠢᠬᠤ ᠶᠢ | ᠴᠢᠩᠭᠠᠳᠬᠠᠨ᠎ᠠ᠃ ᠡᠭᠦᠨ ᠤ ᠬᠠᠮᠲᠤ᠂ ᠬᠤᠳᠠᠯᠳᠤᠭᠠᠴᠢᠨ ᠢ ᠣᠨᠣᠪᠴᠢᠲᠠᠢ ᠤᠷᠢᠬᠤ ᠶᠢ ᠨᠡᠩ ᠴᠢᠬᠤᠯᠠᠴᠢᠯᠠᠵᠤ᠂ | ᠬᠤᠳᠠᠯᠳᠤᠭᠠᠴᠢᠨ ᠤᠷᠢᠬᠤ ᠦᠷ᠎ᠡ ᠪᠦᠲᠦᠮᠵᠢ ᠶᠢ ᠨᠡᠩ ᠴᠢᠬᠤᠯᠠᠴᠢᠯᠠᠨ᠎ᠠ᠃ | ᠶᠡᠭᠡ ᠬᠦᠴᠦ ᠣᠷᠣᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ | ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠯᠴᠢ ᠳᠤᠮᠳᠠᠳᠤ ᠤᠯᠤᠰ︾ ᠤᠨ | ᠲᠤᠷᠰᠢᠯᠲᠠ ᠶᠢᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃ ︽ᠲᠠᠪᠤᠨ ᠶᠡᠭᠡ ᠲᠥᠪ︾ ᠢ | ᠬᠦᠴᠦᠯᠡᠨ ᠪᠣᠶᠢᠵᠢᠭᠤᠯᠤᠨ ᠪᠦᠲᠦᠭᠡᠨ ᠪᠠᠶᠢᠭᠤᠯᠵᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠴᠢᠨᠠᠷ ᠰᠠᠶᠢᠲᠠᠢ ᠠᠵᠢᠯᠯᠠᠭᠤᠯᠤᠨ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠠᠬᠢᠭᠤᠯᠵᠤ᠂ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠶᠢ ᠠᠬᠢᠭᠤᠯᠤᠨ᠎ᠠ︔ ᠤᠯᠤᠰ ᠤᠨ ᠡᠪᠡᠰᠦᠨ ᠤ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠡᠪᠡᠰᠦᠨ ᠦᠷ᠎ᠡ᠂ | ᠠᠮᠢ ᠠᠬᠤᠢ ᠶᠢ ᠰᠡᠷᠭᠦᠭᠡᠬᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ | ᠠᠬᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠲᠡᠷᠢᠭᠦᠨ ᠤ ᠬᠠᠭᠠᠰ ᠳᠠᠮᠵᠢᠭᠤᠯᠤᠭᠴᠢ | ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠶᠢ ᠪᠦᠬᠦ | ᠬᠦᠴᠦᠨ ᠢᠶᠠᠷ ᠢᠶᠠᠨ ᠬᠥᠮᠥᠵᠢᠭᠦᠯᠦᠨ᠎ᠡ︔ ᠠᠰᠢᠭᠲᠤ ᠪᠠᠺᠲ᠋ᠧᠷᠢ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠰᠤᠳᠤᠯᠤᠨ | ᠨᠡᠭᠡᠭᠡᠬᠦ ᠲᠥᠪ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ | ︽ᠬᠤᠶᠠᠷ ᠳᠠᠬᠢᠨ ᠢᠶᠠᠷ ᠨᠡᠮᠡᠭᠳᠡᠭᠦᠯᠬᠦ᠂ ᠬᠤᠶᠠᠷ ᠢ ᠳᠡᠭᠡᠭᠰᠢᠯᠡᠭᠦᠯᠬᠦ︾᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ | ︽ᠭᠤᠷᠪᠠ ᠶᠢ ᠦᠭᠡᠶᠢᠰᠬᠡᠬᠦ ᠪᠠ ᠪᠦᠬᠦᠨ ᠢ ᠪᠦᠷᠬᠦᠭᠦᠯᠬᠦ︾᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠲᠥᠷᠥᠯ ᠵᠦᠢᠯ ᠤᠨ ︽ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ︾ 3 ᠶᠡᠭᠡ ᠠᠵᠢᠯᠯᠠᠭ᠎ᠠ ᠶᠢ ᠪᠥᠬᠦ ᠲᠠᠯ᠎ᠠ ᠪᠠᠷ | ᠥᠷᠨᠢᠭᠦᠯᠦᠨ᠂ 45 ᠣᠷᠴᠢᠮ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ 200 ᠣᠷᠴᠢᠮ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ᠎ᠠ᠃ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠲᠥᠯᠥᠪᠯᠡᠭᠡ ᠶᠢ ᠬᠡᠷᠡᠭᠵᠢᠭᠦᠯᠵᠦ᠂ ᠳᠡᠭᠡᠳᠦ ᠲᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠴᠢᠳᠠᠪᠤᠷᠢᠲᠠᠨ ᠢ | 100 ᠠᠴᠠ ᠳᠡᠭᠡᠭᠰᠢ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠳᠤ ︽ᠡᠷᠳᠡᠮ | ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ︾ ᠲᠠᠪᠴᠠᠩ ᠢ ᠰᠠᠶᠢᠲᠤᠷ ᠪᠠᠶᠢᠭᠤᠯᠵᠤ ᠥᠭᠬᠦ ᠪᠠᠷ ᠪᠠᠷᠠᠬᠤ ᠦᠭᠡᠢ ᠪᠠᠰᠠ | ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠬᠦ ︽ᠬᠠᠶᠢᠷᠠᠯᠠᠨ ᠬᠠᠯᠠᠮᠵᠢᠯᠠᠬᠤ ᠢᠵᠢ ᠦᠢᠯᠡᠴᠢᠯᠡᠭᠡ︾ ᠶᠢ ᠰᠠᠶᠢᠲᠤᠷ | ᠬᠠᠩᠭᠠᠨ᠎ᠠ᠃ | ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠵᠣᠷᠢᠭᠲᠠᠢ ᠰᠡᠳᠬᠢᠵᠦ ᠵᠣᠷᠢᠭᠲᠠᠢ ᠬᠢᠨ᠎ᠡ᠃ ︽ | ᠳᠣᠲᠣᠭᠠᠳᠤ ᠶᠢᠨ ᠲᠠᠯᠳᠠ ᠬᠦᠴᠦᠨ ᠢ ᠠᠭᠤᠳᠠᠯᠵᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ | ᠨᠡᠮᠡᠭᠳᠡᠭᠦᠯᠬᠦ︾ ᠠᠵᠢᠯᠯᠠᠭ᠎ᠠ ᠶᠢ ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠰᠢᠭ ᠣᠯᠬᠤ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ︔ ᠬᠥᠭᠵᠢᠯᠲᠡ ᠶᠢᠨ ᠲᠠᠯᠳᠠ ᠬᠦᠴᠦᠨ ᠪᠠ ᠥᠷᠢᠰᠦᠯᠳᠦᠭᠡᠨ ᠤ | ᠳᠠᠪᠠᠭᠤᠯᠢᠭ ᠢᠶᠠᠷ ᠳᠤᠲᠠᠮᠠᠭ ᠭᠤᠣᠯ ᠠᠵᠢᠯ ᠲᠦᠷᠦᠯ ᠤᠨ ᠪᠤᠰᠤ ᠲᠤᠬᠠᠶᠢᠯᠠᠭᠰᠠᠨ ᠠᠵᠢᠯ ᠢ ᠴᠡᠪᠡᠷᠯᠡᠵᠦ᠂ | ᠬᠠᠮᠲᠤᠷᠠᠯᠴᠠᠬᠤ᠂ ᠬᠤᠪᠢ ᠣᠷᠣᠭᠤᠯᠬᠤ᠂ ᠪᠡᠯᠡ ᠣᠷᠣᠭᠤᠯᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ | ᠭᠠᠳᠠᠭᠰᠢ ᠭᠠᠷᠴᠤ ᠵᠠᠬ᠎ᠠ ᠳᠡᠯᠭᠡᠭᠦᠷ ᠢ ᠥᠷᠭᠡᠳᠬᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠤᠵᠠᠭᠠᠶᠢᠷᠠᠨ | ᠬᠦᠴᠦᠷᠬᠡᠭᠵᠢᠬᠦ ᠶᠢ ᠲᠦᠯᠬᠢᠨ ᠠᠬᠢᠭᠤᠯᠤᠨ᠎ᠠ︔ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢ ᠲᠤᠶᠢᠯᠪᠤᠷᠢᠲᠠᠢ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠬᠡᠷᠡᠭᠴᠡᠭᠡ ᠲᠠᠢ ᠡᠳ᠋ ᠬᠥᠷᠥᠩᠭᠡ ᠶᠢ | ᠠᠮᠢᠯᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠯᠡᠵᠦ᠂ ᠳᠠᠷᠤᠯᠲᠠ ᠦᠭᠡᠢ | ᠠᠵᠢᠯᠯᠠᠭᠤᠯᠤᠨ᠎ᠠ︔ ︽ᠲᠠᠪᠤᠨ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠯᠢᠳᠡᠭ ᠢ ᠨᠢ ᠱᠠᠩᠨᠠᠵᠤ ᠮᠠᠭᠤ ᠶᠢ ᠨᠢ | ᠲᠣᠷᠭᠠᠬᠤ᠂ ᠳᠠᠪᠰᠢᠵᠤ ᠪᠠᠭᠤᠵᠤ ᠪᠦᠷ ᠪᠣᠯᠬᠤ ᠳᠦᠷᠢᠮ ᠤᠨ ᠰᠢᠰᠲ᠋ᠧᠮᠵᠢ ᠶᠢ ᠪᠠᠶᠢᠭᠤᠯᠵᠤ᠂ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠳᠣᠲᠣᠭᠠᠳᠤ ᠬᠥᠳᠡᠯᠭᠡᠬᠦ ᠬᠦᠴᠦᠨ ᠢ ᠦᠨᠡᠨ ᠬᠦ ᠬᠥᠭᠵᠢᠭᠡᠨ᠎ᠡ᠃ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ︾ ᠢ ᠬᠡᠷᠡᠭᠵᠢᠭᠦᠯᠵᠦ᠂ ᠪᠦᠬᠦ ᠤᠯᠤᠰ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ | ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠠᠮᠠᠯᠠᠭᠰᠠᠨ ᠳᠠᠭᠠᠨ ᠬᠦᠷᠴᠦ᠂ ᠬᠡᠯᠡᠪᠡᠯ ᠳᠠᠷᠤᠢ | ᠪᠡᠶᠡᠯᠡᠭᠦᠯᠵᠦ᠂ ᠶᠠᠭᠠᠬᠢᠭᠰᠠᠨ ᠴᠤ ᠠᠮᠠᠨ ᠲᠠᠪᠠ ᠪᠠᠷ ᠢᠶᠠᠨ ᠶᠠᠷᠢᠬᠤ ᠦᠭᠡᠢ᠂ ᠥᠷᠭᠡᠨ ᠤᠯᠠᠨ ᠬᠤᠳᠠᠯᠳᠤᠭᠠᠴᠢᠨ ᠤ | ᠰᠠᠨᠠᠭ᠎ᠠ ᠶᠢ ᠠᠮᠠᠷᠠᠭᠠᠵᠤ᠂ ᠬᠥᠭᠵᠢᠯᠲᠡ ᠳᠤ ᠰᠡᠳᠬᠢᠯ ᠵᠣᠪᠠᠭᠤ ᠦᠭᠡᠢ ᠪᠣᠯᠭᠠᠨ᠎ᠠ︔ ︽ᠨᠢᠭᠡ ᠶᠠᠪᠤᠳᠠᠯ ᠢ ᠥᠨᠳᠥᠷ | ᠪᠦᠲᠦᠮᠵᠢᠲᠡᠢ ᠪᠦᠲᠦᠭᠡᠬᠦ︾ ᠶᠢᠨ ᠲᠣᠭᠤᠷᠢᠨ ᠳᠤ᠂ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ | ᠬᠦᠷᠲᠡᠭᠡᠬᠦ ᠨᠠᠩ ᠣᠯᠠᠨ ᠦᠢᠯᠡᠴᠢᠯᠡᠭᠡ ᠭᠠᠷᠭᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠴᠢᠳᠠᠪᠤᠷᠢ ᠶᠢ | ᠲᠠᠰᠤᠷᠠᠯᠲᠠ ᠦᠭᠡᠢ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠳᠥᠭᠦᠮ ᠳᠥᠲᠡ᠂ ᠨᠠᠩ | ᠥᠨᠳᠥᠷ ᠪᠦᠲᠦᠮᠵᠢᠲᠡᠶ ᠪᠣᠯᠭᠠᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠲᠦᠷᠭᠡᠳᠬᠡᠵᠦ᠂ ᠬᠤᠲᠠ ᠶᠢᠨ ᠲᠣᠰ ᠱᠠᠲᠤᠨ ᠤ ᠪᠠ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠢᠯᠭᠠᠷᠠᠭᠤᠯᠤᠨ᠎ᠠ᠃ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠭᠠᠭᠠᠴᠢᠯᠠᠯᠲᠠ ᠦᠨᠡᠯᠡᠬᠦ ᠲᠠᠯᠠᠪᠤᠷ ᠭᠠᠵᠠᠷ᠂ | ᠴᠤᠪᠤᠷᠠᠯ᠂ ᠮᠡᠷᠭᠡᠵᠢᠯ ᠤᠨ ᠬᠠᠮᠢᠶᠠᠷᠤᠯᠲᠠ ᠶᠢᠨ ᠪᠠᠷᠢᠮᠵᠢᠶᠠᠵᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠩ ᠤᠨ | ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ | ᠨᠡᠭᠡᠭᠡᠯᠲᠡ ᠶᠢᠨ ︽ᠬᠠᠭᠠᠯᠭ᠎ᠠ︾ ᠶᠢ ᠤᠯᠠᠮ ᠠᠴᠠ ᠤᠯᠠᠮ ᠶᠡᠭᠡ ᠨᠡᠭᠡᠭᠡᠨ᠎ᠡ᠃ ︽ᠴᠢᠯᠦᠭᠡᠲᠦ ᠠᠷᠠᠯᠵᠢᠶᠠᠨ ᠤ | ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ ᠢ ᠨᠠᠶᠢᠳᠠᠪᠤᠷᠢᠵᠢᠭᠤᠯᠤᠨ᠂ ᠳᠤᠮᠳᠠᠳᠤ ᠤᠯᠤᠰ ︵ᠥᠪᠥᠷ ᠮᠣᠩᠭᠤᠯ︶ | ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠥᠬᠡᠬᠤᠲᠠ ᠶᠢᠨ ᠭᠤᠣᠯ ᠣᠷᠣᠨ ᠢ ᠪᠠᠶᠢᠭᠤᠯᠬᠤ ᠶᠢ | ᠭᠤᠶᠤᠴᠢᠯᠠᠵᠤ᠂ ᠳᠦᠷᠢᠮ ᠤᠨ ᠬᠡᠯᠪᠡᠷᠢ ᠶᠢᠨ ᠨᠡᠭᠡᠭᠡᠯᠲᠡ ᠶᠢᠨ ᠬᠥᠲᠥᠯᠥᠨ ᠳᠠᠭᠠᠭᠤᠯᠬᠤ ᠣᠷᠣᠨ ᠢ ᠡᠭᠦᠳᠦᠨ | ᠪᠠᠶᠢᠭᠤᠯᠵᠤ᠂ ᠣᠷᠣᠰ ᠮᠣᠩᠭᠤᠯ ᠳᠤ ᠬᠠᠨᠳᠤᠭᠤᠯᠤᠭᠰᠠᠨ ᠪᠥᠬᠦ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ | ᠲᠠᠪᠴᠠᠩ ᠢ ᠪᠠᠶᠢᠭᠤᠯᠤᠨ᠎ᠠ᠃ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠵᠦ | ᠲᠠᠷᠬᠠᠭᠠᠬᠤ ᠲᠥᠪ ᠢ ᠬᠤᠷᠳᠤᠯᠠᠨ ᠪᠠᠶᠢᠭᠤᠯᠵᠤ᠂ ᠳᠤᠮᠳᠠᠳᠤ ᠡᠸᠦ᠋ᠷᠦᠫᠡ᠂ ᠳᠤᠮᠳᠠᠳᠤ ᠠᠽᠢᠶ᠎ᠠ ᠶᠢᠨ ᠵᠢᠰᠢᠶᠠᠨ ᠤ | ᠭᠠᠯᠲᠤ ᠲᠡᠷᠭᠡ ᠶᠢ 100 ᠬᠦᠷᠭᠡᠬᠦ ᠪᠠᠷ ᠴᠢᠷᠮᠠᠶᠢᠨ᠎ᠠ︔ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠤᠨ ᠬᠢᠯᠢ ᠪᠠᠷ | ᠣᠷᠣᠭᠤᠯᠬᠤ ᠬᠥᠯᠳᠡᠭᠦᠦ ᠰᠣᠷᠭᠤᠭ ᠤᠰᠤᠨ ᠭᠠᠷᠤᠯᠲᠠ ᠶᠢᠨ ᠲᠣᠭᠲᠠᠭᠰᠠᠨ ᠬᠢᠨᠠᠨ ᠬᠠᠮᠢᠶᠠᠷᠬᠤ ᠲᠠᠯᠠᠪᠤᠷ ᠢ ᠰᠢᠯᠭᠠᠨ | ᠠᠪᠴᠤ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠶᠢ 100 ᠳ᠋ᠦᠩᠰᠢᠭᠤᠷ | ᠲᠥᠭᠦᠷᠢᠭ ᠬᠦᠷᠭᠡᠬᠦ ᠪᠠᠷ ᠴᠢᠷᠮᠠᠶᠢᠨ᠎ᠠ᠃ ᠬᠥᠬᠡᠬᠤᠲᠠ ᠪᠤᠭᠤᠲᠤ ᠶᠢ ︽ᠨᠢᠭᠡ ᠬᠤᠲᠠᠴᠢᠯᠠᠬᠤ︾ ᠶᠢ ᠮᠥᠨ ᠴᠢᠨᠠᠷ ᠤᠨ | ᠠᠬᠢᠴᠠ ᠲᠠᠢ ᠪᠣᠯᠭᠠᠵᠤ᠂ ᠨᠠᠩ ᠣᠯᠠᠨ ᠣᠯᠠᠨ ᠲᠦᠮᠡᠨ ᠳᠤ ︽ᠬᠤᠶᠠᠷ ᠬᠤᠲᠠ ᠳᠤ ᠲᠥᠬᠦᠮ︾ ᠲᠥᠷᠥᠭᠳᠡᠯ | ᠣᠯᠭᠤᠵᠤ᠂ ︽ᠬᠤᠶᠠᠷ ᠬᠤᠲᠠ ᠶᠢᠨ ᠪᠣᠳᠠᠲᠤ ᠠᠰᠢᠭ︾ ᠢ ᠬᠦᠷᠲᠡᠭᠡᠵᠦ᠂ ︽1+1>2︾ ᠤᠨ ᠦᠷ᠎ᠡ ᠪᠦᠲᠦᠮᠵᠢ ᠶᠢ | ᠦᠨᠡᠨᠬᠦ ᠪᠡᠶᠡᠯᠡᠭᠦᠯᠦᠨ᠎ᠡ᠃ ᠳᠡᠯᠡᠬᠡᠢ ᠶᠢᠨ ᠡᠪᠡᠰᠦᠨ ᠤ ᠦᠢᠯᠡᠰ ᠤᠨ ᠶᠡᠭᠡ ᠬᠤᠷᠠᠯ᠂ ᠳᠡᠯᠡᠬᠡᠢ ᠶᠢᠨ ᠠᠮᠢᠲᠠᠨ ᠤ | ᠸᠠᠺᠼᠢᠨ ᠤ ᠠᠵᠤ ᠦᠢᠯᠡᠰ ᠤᠨ ᠶᠡᠭᠡ ᠬᠤᠷᠠᠯ᠂ ᠣᠯᠠᠨ ᠤᠯᠤᠰ ᠤᠨ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠬᠤᠯᠪᠣᠭ᠎ᠠ ᠶᠢᠨ ᠳᠡᠯᠡᠬᠡᠢ ᠶᠢᠨ ᠰᠦ ᠶᠢᠨ ᠦᠢᠯᠡᠰ ᠤᠨ ᠲᠦᠷᠦᠭᠦᠴᠦᠳ ᠤᠨ ᠬᠤᠷᠠᠯ᠂ ᠳᠤᠮᠳᠠᠳᠤ ᠤᠯᠤᠰ ᠤᠨ | ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠶᠡᠭᠡ ᠬᠤᠷᠠᠯ ᠢ ᠡᠷᠬᠢᠯᠡᠨ᠎ᠡ᠃ ᠮᠣᠩᠭᠤᠯ ᠤᠯᠤᠰ᠂ ᠣᠷᠣᠰ ᠵᠢᠴᠢ | ᠠᠮᠧᠷᠢᠺᠠ ᠵᠡᠷᠭᠡ ᠤᠯᠤᠰ ᠤᠨ ᠨᠥᠬᠦᠷᠰᠡᠭ ᠬᠤᠲᠠ ᠯᠤᠭ᠎ᠠ ᠶᠢᠨ ᠶᠠᠪᠤᠯᠴᠠᠭ᠎ᠠ ᠰᠣᠯᠢᠯᠴᠠᠭ᠎ᠠ ᠶᠢ ᠴᠢᠩᠭᠠᠳᠬᠠᠨ᠎ᠠ᠃ | | ︵ᠬᠤᠶᠠᠷ︶ ᠰᠢᠳᠤ ᠪᠠᠨ ᠵᠠᠭᠤᠵᠤ᠂ ᠠᠵᠤ ᠦᠢᠯᠡᠳᠪᠦᠷᠢ ᠶᠢᠨ ᠲᠤᠯᠭᠠᠭᠤᠷᠢ ᠶᠢ ᠤᠷᠳᠤ ᠬᠤᠭᠤᠴᠠᠭ᠎ᠠ ᠪᠠᠷ | ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ | ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ | ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠢ 600 ᠳ᠋ᠦᠩᠰᠢᠭᠤᠷ ᠲᠥᠭᠦᠷᠢᠭ ᠬᠦᠷᠭᠡᠨ᠎ᠡ᠃ ᠢᠯᠢ ᠶᠢᠨ | ᠤᠳᠤ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠳᠤ ᠶᠧᠦ ᠷᠠᠨ ᠮᠠᠯ ᠠᠵᠤ ᠠᠬᠤᠢ ᠶᠢᠨ ᠶᠡᠷᠦᠩᠬᠡᠢ | ᠬᠡᠯᠲᠡᠰ᠂ ᠪᠢᠰᠢᠯᠠᠭ ᠤᠨ ᠬᠤᠶᠠᠳᠤᠭᠠᠷ ᠬᠤᠭᠤᠴᠠᠭ᠎ᠠ᠂ ᠳᠡᠭᠡᠳᠦ ᠲᠡᠰ ᠤᠨ ᠰᠢᠷᠠᠰᠤ ᠶᠢᠨ ᠳᠠᠪᠤᠰᠤ ᠦᠭᠡᠶᠢᠳᠡᠭᠦᠯᠦᠭᠰᠡᠨ | ᠲᠠᠯᠬ᠎ᠠ ᠶᠢᠨ ᠣᠶᠤᠨᠴᠢᠯᠠᠭᠰᠠᠨ ᠦᠢᠯᠡᠳᠪᠦᠷᠢᠯᠡᠯ ᠤᠨ ᠲᠦᠷᠦᠯ ᠵᠦᠢᠯ ᠢ ᠡᠬᠢᠯᠡᠨ ᠪᠠᠶᠢᠭᠤᠯᠤᠨ᠎ᠠ︔ ᠮᠧᠩ ᠨᠢᠦ | ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠳᠤ 5G ᠲᠣᠭᠠᠴᠢᠯᠠᠭᠰᠠᠨ ᠰᠦᠨ ᠲᠠᠯᠬ᠎ᠠ ᠶᠢᠨ | ᠦᠢᠯᠡᠳᠪᠦᠷᠢ᠂ ᠡᠳᠦᠷ ᠤᠨ ᠭᠠᠷᠤᠯᠲᠠ 500 ᠲᠣᠨ ᠤ ᠳᠣᠣᠷ᠎ᠠ ᠳᠤᠯᠠᠭᠠᠨ ᠤ ᠰᠦ ᠶᠢᠨ ᠪᠦᠲᠦᠭᠡᠭᠳᠡᠬᠦᠨ | ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ᠃ ︽ᠨᠢᠭᠡ ᠰᠢᠷᠬᠡᠭ | ᠡᠪᠡᠰᠦ ᠠᠴᠠ ᠨᠢᠭᠡ ᠴᠣᠮᠣ ᠰᠦ ᠬᠦᠷᠲᠡᠯ᠎ᠡ᠂ ᠴᠢᠨᠠᠭᠰᠢ ᠨᠢᠭᠡ ᠬᠡᠰᠡᠭ ᠪᠢᠰᠢᠯᠠᠭ ᠬᠦᠷᠲᠡᠯ᠎ᠡ︾ ᠪᠥᠬᠦ ᠠᠵᠤ | ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠪᠥᠬᠦ ᠤᠯᠤᠰ ᠤᠨ ᠰᠦ ᠶᠢᠨ ᠦᠢᠯᠡᠰ ᠤᠨ ᠠᠷᠠᠯᠵᠢᠶᠠᠨ ᠤ ᠲᠥᠪ ᠢ | ᠬᠤᠷᠳᠤᠯᠠᠨ ᠪᠠᠶᠢᠭᠤᠯᠵᠤ᠂ ᠰᠦ ᠶᠢᠨ ᠪᠦᠲᠦᠭᠡᠭᠳᠡᠬᠦᠨ ᠤ ᠳᠡᠯᠡᠬᠡᠢ ᠶᠢᠨ ᠲᠡᠷᠢᠭᠦᠨ ᠤ ᠦᠢᠯᠡᠳᠬᠦ ᠦᠢᠯᠡᠰ ᠤᠨ | ᠪᠥᠭᠡᠮᠨᠡᠷᠡᠯ ᠢ ᠪᠣᠶᠢᠵᠢᠭᠤᠯᠤᠨ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢ ᠨᠠᠩ ᠶᠡᠭᠡ ᠨᠥᠯᠥᠭᠡᠯᠡᠬᠦ | ᠬᠦᠴᠦᠨ ᠲᠠᠢ ᠪᠣᠯᠭᠠᠨ᠎ᠠ᠃ ᠦᠴᠦᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ᠂ ᠴᠢᠩ ᠱᠦᠢ ᠾᠧ ᠰᠢᠶᠠᠨ ᠤ ᠴᠢᠨᠠᠷ ᠰᠠᠶᠢᠲᠠᠢ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠧᠩ ᠳ᠋ᠡ ᠢᠳᠡᠭᠡᠨ ᠤ ᠭᠤᠷᠪᠠᠳᠤᠭᠠᠷ ᠬᠤᠭᠤᠴᠠᠭᠠᠨ ᠤ ᠲᠥᠷᠥᠯ | ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠰᠢ ᠪᠧᠢ ᠵᠢᠶᠠ ᠭᠦᠸᠧ ᠯᠦᠩ ᠺᠦᠩᠹᠦ᠋ ᠢᠳᠡᠰᠢᠨ | ᠨᠣᠭᠤᠭ᠎ᠠ ᠶᠢᠨ ᠬᠡᠲᠦ ᠲᠥᠪ ᠤᠨ ᠲᠣᠭᠤᠭᠠᠨ ᠭᠡᠷ ᠤᠨ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ | ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠤᠨ ᠡᠵᠡᠩᠨᠡᠯᠲᠡ ᠶᠢᠨ | ᠣᠷᠣᠯᠭ᠎ᠠ ᠶᠢ 500 ᠳ᠋ᠦᠩᠰᠢᠭᠤᠷ ᠲᠥᠭᠦᠷᠢᠭ ᠬᠦᠷᠭᠡᠨ᠎ᠡ᠃ ᠳᠤᠮᠳᠠᠳᠤ ᠤᠯᠤᠰ ᠤᠨ ᠪᠠᠩᠬᠢ ᠶᠢᠨ ᠲᠤᠭ᠎ᠠ | ᠪᠠᠷᠢᠮᠲᠠ ᠶᠢᠨ ᠲᠥᠪ᠂ ᠲᠠᠷᠢᠶᠠᠯᠠᠩ ᠤᠨ ᠪᠠᠩᠬᠢ ᠶᠢᠨ ᠲᠤᠭ᠎ᠠ ᠪᠠᠷᠢᠮᠲᠠ ᠶᠢᠨ ᠲᠥᠪ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠲᠤᠰᠬᠠᠢ ᠰᠦᠯᠵᠢᠶ᠎ᠡ᠂ ᠬᠤᠷᠢᠨᠭᠡᠷ ᠰᠢᠨ᠎ᠡ ᠲᠣᠭᠤᠷᠢᠭ ᠤᠨ ᠪᠣᠳᠣᠯᠭ᠎ᠠ ᠶᠢᠨ ᠬᠦᠴᠦᠨ ᠤ ᠡᠬᠢ | ᠪᠠᠶᠠᠯᠢᠭ ᠢ ᠬᠢᠨᠠᠨ ᠬᠡᠮᠵᠢᠬᠦ ᠪᠠ ᠲᠣᠬᠢᠷᠠᠭᠤᠯᠬᠤ ᠲᠤᠷᠰᠢᠯᠲᠠ ᠶᠢᠨ ᠲᠠᠪᠴᠠᠩ᠂ ᠥᠪᠡᠷᠲᠡᠭᠡᠨ ᠵᠠᠰᠠᠬᠤ ᠣᠷᠣᠨ ᠤ | ᠲᠤᠭ᠎ᠠ ᠪᠠᠷᠢᠮᠲᠠ ᠶᠢᠨ ᠠᠷᠠᠯᠵᠢᠶᠠᠨ ᠤ ᠲᠥᠪ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠤᠨ᠎ᠠ︔ ᠬᠤᠸᠠ ᠸᠧᠢ ᠡᠭᠦᠯᠡᠨ ᠤ ᠬᠤᠷᠢᠨᠭᠡᠷ ᠤᠨ ᠲᠤᠭ᠎ᠠ ᠪᠠᠷᠢᠮᠲᠠ ᠶᠢᠨ ᠲᠥᠪ᠂ ᠳᠤᠮᠳᠠᠳᠤ ᠤᠯᠤᠰ ᠤᠨ | ᠰᠢᠯᠵᠢᠮᠡᠯ ᠬᠤᠯᠪᠣᠭᠠᠨ ᠤ ᠣᠶᠤᠨᠴᠢ ᠪᠣᠳᠣᠯᠭ᠎ᠠ ᠶᠢᠨ ᠲᠥᠪ᠂ ᠵᠡᠷᠭᠡᠴᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠪᠣᠳᠣᠯᠭ᠎ᠠ ᠶᠢᠨ ᠬᠦᠴᠦᠨ ᠤ ᠰᠠᠭᠤᠷᠢᠨ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠎ᠡ︔ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ᠂ ᠵᠠᠮ ᠬᠠᠷᠢᠯᠴᠠᠭᠠᠨ ᠤ ᠪᠠᠩᠬᠢ᠂ ᠠᠷᠠᠳ ᠤᠨ ᠳᠠᠭᠠᠳᠬᠠᠯ ᠤᠨ | ᠪᠦᠯᠦᠭᠯᠡᠯ ᠵᠡᠷᠭᠡ ᠲᠤᠭ᠎ᠠ ᠪᠠᠷᠢᠮᠲᠠ ᠶᠢᠨ ᠲᠥᠪ ᠤᠨ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠪᠧᠢ | ᠵᠢᠶᠠᠩ ᠲᠤᠭ᠎ᠠ ᠪᠠᠷᠢᠮᠲᠠ ᠶᠢᠨ ᠬᠥᠨᠳᠡᠢ ᠶᠢᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ᠂ | ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠠᠮᠠᠯ ᠴᠠᠬᠢᠯᠭᠠᠨ ᠬᠡᠯᠬᠢᠶ᠎ᠡ ᠶᠢᠨ ᠠᠵᠤ ᠦᠢᠯᠡᠰ ᠤᠨ | ᠬᠦᠷᠢᠶᠡᠯᠡᠩ ᠵᠢᠴᠢ ᠯᠧ ᠰᠢᠶᠦ᠋ᠨ ᠦᠢᠯᠡᠴᠢᠯᠡᠭᠦᠷ ᠦᠢᠯᠡᠳᠬᠦ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠨ᠎ᠠ︔ | ᠪᠠᠢ ᠳ᠋ᠦ᠋᠂ ᠲᠢᠺ ᠲᠣᠺ ᠵᠡᠷᠭᠡ ᠲᠤᠭ᠎ᠠ ᠪᠠᠷᠢᠮᠲᠠ ᠳᠤ ᠵᠡᠭᠦᠯᠲᠡ ᠬᠠᠳᠠᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ ᠶᠢ ᠪᠥᠬᠦ ᠬᠦᠴᠦᠨ ᠢᠶᠠᠷ ᠢᠶᠠᠨ | ᠴᠣᠭᠴᠠᠯᠠᠨ᠎ᠠ᠃ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ | ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠢ 800 ᠳ᠋ᠦᠩᠰᠢᠭᠤᠷ ᠲᠥᠭᠦᠷᠢᠭ ᠬᠦᠷᠭᠡᠨ᠎ᠡ᠃ ᠠᠲ᠋ᠧᠰ | ᠬᠡᠷᠡᠯ ᠴᠡᠨᠡᠭ ᠤᠨ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭ᠎ᠠ᠂ ᠱᠤᠸᠠᠩ ᠵᠢᠶᠧ ᠴᠠᠬᠢᠯᠭᠠᠨ | ᠬᠦᠴᠦᠨ ᠤ ᠲᠣᠨᠤᠭ ᠲᠥᠬᠦᠭᠡᠷᠦᠮᠵᠢ ᠦᠢᠯᠡᠳᠬᠦ᠂ ᠲᠢᠶᠠᠨ ᠬᠤᠸ ᠶᠢᠨ 60 ᠲᠦᠮᠡᠨ ᠲᠣᠨ ᠤ ᠰᠢᠯᠤᠨ ᠰᠢᠷᠬᠡᠭ ᠤᠨ | ᠨᠢᠭᠡᠳᠦᠭᠡᠷ ᠬᠤᠭᠤᠴᠠᠭ᠎ᠠ᠂ ᠰᠢᠨ ᠬᠤᠸᠠ ᠶᠢᠨ 1 ᠲᠦᠮᠡᠨ ᠲᠣᠨ ᠡᠯᠧᠺᠲᠷᠣᠨ ᠲᠠᠰ ᠤᠨ ᠣᠯᠠᠨ ᠲᠠᠯᠠᠰᠲᠤ ᠴᠠᠬᠢᠭᠤᠷ᠂ | ᠵᠦᠩ ᠯᠢ ᠶᠢᠨ ᠭᠤᠷᠪᠠᠳᠤᠭᠠᠷ ᠬᠤᠭᠤᠴᠠᠭ᠎ᠠ᠂ ᠱᠧᠩ ᠹᠠᠨ ᠤ ᠳᠥᠷᠪᠡᠳᠦᠭᠡᠷ ᠬᠤᠭᠤᠴᠠᠭ᠎ᠠ᠂ ᠭᠦᠸᠧ ᠵᠢᠶᠠ ᠶᠢᠨ ᠨᠠᠨᠤ᠋ | ᠪᠢᠯᠢᠭ ᠲᠤᠶᠢᠯ ᠤᠨ ᠮᠠᠲ᠋ᠧᠷᠢᠶᠠᠯ ᠤᠨ ᠨᠢᠭᠡᠳᠦᠭᠡᠷ ᠬᠤᠭᠤᠴᠠᠭ᠎ᠠ᠂ ᠹᠦ᠋ ᠮᠢᠩ ᠣᠶᠤᠨᠴᠢ ᠦᠢᠯᠡᠳᠬᠦ ᠨᠢᠭᠡᠳᠦᠭᠡᠷ | ᠬᠤᠭᠤᠴᠠᠭ᠎ᠠ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ︔ ᠰᠠᠢ ᠱᠧᠩ ᠣᠨ ᠤ | ᠭᠠᠷᠤᠯᠲᠠ 800 ᠲᠣᠨ ᠤ ᠡᠯᠧᠺᠲᠷᠣᠨ ᠲᠠᠰ ᠤᠨ ᠨᠡᠭᠦᠷᠡᠰᠦᠲᠥ᠋ᠷᠥᠭᠴᠢᠲᠦ ᠴᠠᠬᠢᠭᠤᠷ ᠵᠢᠴᠢ ᠴᠠᠬᠢᠭᠤᠷ ᠤᠨ | ᠮᠠᠲ᠋ᠧᠷᠢᠶᠠᠯ ᠦᠢᠯᠡᠳᠪᠦᠷᠢᠯᠡᠬᠦ ᠪᠥᠬᠦ ᠠᠵᠤ ᠦᠢᠯᠡᠰ ᠤᠨ ᠬᠡᠯᠬᠢᠶ᠎ᠡ᠂ ᠭᠠᠨ ᠹᠧᠩ ᠯᠢᠲ᠋ᠢ ᠳ᠋ᠢᠶᠠᠨ ᡂᠢ᠂ ᠶᠤᠸᠠᠨ ᠰᠦ᠋ | ᠮᠧᠩ ᠲᠠᠢ ᠣᠶᠤᠨᠲᠤ ᠤᠰᠤᠲᠥ᠋ᠷᠥᠭᠴᠢ ᠴᠠᠬᠢᠯᠭᠠᠨ ᠤ ᠬᠤᠳᠠᠯᠳᠤᠭᠠᠨ ᠳᠤ ᠬᠡᠷᠡᠭᠯᠡᠬᠦ ᠲᠡᠷᠭᠡ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠠᠲ᠋ᠧᠰ ᠬᠡᠷᠡᠯ ᠴᠡᠨᠡᠭ ᠤᠨ ᠠᠵᠤ ᠦᠢᠯᠡᠰ ᠤᠨ | ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠵᠦᠩ ᠬᠤᠸᠠᠨ ᠤ 20GW ᠬᠡᠷᠡᠯ ᠴᠡᠨᠡᠭ ᠤᠨ ᠳᠠᠪᠬᠤᠴᠠᠮᠠᠯ | ᠲᠣᠨᠣᠭᠯᠠᠭᠠᠰᠤ᠂ ᠬᠤᠸᠠ ᠶᠣᠣ ᠶᠢᠨ 10GW ᠬᠡᠷᠡᠯ ᠴᠡᠨᠡᠭ ᠤᠨ N ᠬᠡᠯᠪᠡᠷᠢ ᠶᠢᠨ ᠳ᠋ᠢᠶᠠᠨ ᡂᠢ ᠶᠢᠨ ᠢᠯᠲᠠᠰᠤ᠂ | ᠵᠦᠩ ᠺᠧ ᠱᠢ ᠵᠢᠢ ᠯᠢᠶᠠᠨ ᠯᠢᠦᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠵᠥᠩ ᠰᠢᠨ ᠹᠦ᠋ | ᠱᠧᠩ ᠬᠠᠭᠠᠰ ᠳᠠᠮᠵᠢᠭᠤᠯᠤᠭᠴᠢ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠢ ᠡᠬᠢᠯᠡᠭᠦᠯᠦᠨ | ᠪᠦᠲᠦᠭᠡᠨ ᠪᠠᠶᠢᠭᠤᠯᠵᠤ᠂ ᠴᠠᠬᠢᠭᠤᠷ ᠤᠨ ᠮᠠᠲ᠋ᠧᠷᠢᠶᠠᠯ ᠢ ᠬᠡᠷᠴᠢᠬᠦ᠂ ᠤᠬᠢᠶᠠᠵᠤ ᠴᠡᠪᠡᠷᠯᠡᠬᠦ᠂ ᠴᠢᠫ ᠦᠢᠯᠡᠳᠬᠦ ᠵᠡᠷᠭᠡ | ᠳᠡᠭᠡᠳᠦ ᠳᠣᠣᠷᠠᠳᠤ ᠤᠷᠤᠰᠬᠠᠯ ᠲᠡᠶᠢᠰᠢ ᠤᠷᠲᠤᠳᠬᠠᠨ᠎ᠠ᠃ | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠢ | 200 ᠳ᠋ᠦᠩᠰᠢᠭᠤᠷ ᠲᠥᠭᠦᠷᠢᠭ ᠬᠦᠷᠭᠡᠨ᠎ᠡ᠃ ᠢ ᠳ᠋ᠥᠸᠧ ᠯᠢ ᠠᠮᠢᠳᠤ ᠪᠣᠳᠠᠰ ᠤᠨ ᠢᠰᠬᠡᠭᠦᠷ ᠤᠨ ᠨᠠᠶᠢᠷᠠᠯᠭ᠎ᠠ᠂ ᠤᠤ | ᠫᠦ᠋ ᠰᠠᠢ ᠠᠮᠢᠲᠠᠨ ᠤ ᠴᠢᠰᠤᠨ ᠤ ᠴᠠᠶᠢᠪᠠᠩ ᠢ ᠪᠣᠶᠢᠵᠢᠭᠤᠯᠵᠤ ᠰᠤᠳᠤᠯᠤᠨ ᠨᠡᠭᠡᠭᠡᠬᠦ ᠵᠡᠷᠭᠡ ᠲᠦᠷᠦᠯ ᠵᠦᠢᠯ ᠢ | ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ︔ ᠴᠠᠩ ᠱᠧᠩ ᠳᠡᠭᠡᠳᠦ ᠲᠠᠰ ᠤᠨ ᠨᠠᠶᠢᠷᠠᠯᠲᠠ᠂ ᠶᠢᠨ ᠳ᠋ᠠ ᠸᠧᠢ ᠶᠢᠨ | ᠭᠤᠷᠪᠠᠳᠤᠭᠠᠷ ᠬᠤᠭᠤᠴᠠᠭ᠎ᠠ᠂ ᠱᠤᠸᠠᠩ ᠴᠢ ᠡᠮ ᠤᠨ ᠦᠢᠯᠡᠰ ᠤᠨ ᠠᠮᠢᠳᠤ ᠪᠣᠳᠠᠰ ᠤᠨ ᠣᠶᠤᠨᠴᠢ ᠦᠢᠯᠡᠳᠬᠦ ᠠᠵᠤ | ᠦᠢᠯᠡᠰ ᠤᠨ ᠬᠦᠷᠢᠶᠡᠯᠡᠩ᠂ ᠫᠦ᠋ ᠽᠧ ᠠᠮᠢᠳᠤ ᠪᠣᠳᠠᠰ ᠤᠨ ᠠᠰᠢᠭᠲᠤ ᠪᠠᠺᠲ᠋ᠧᠷᠢ ᠶᠢᠨ ᠠᠵᠤ ᠦᠢᠯᠡᠰ ᠤᠨ | ᠬᠦᠷᠢᠶᠡᠯᠡᠩ᠂ ᠰᠢᠨ ᠾᠧ ᠰᠢᠨ ᠠᠮᠢᠳᠤ ᠪᠣᠳᠠᠰ ᠤᠨ ᠠᠵᠤ ᠦᠢᠯᠡᠰ ᠤᠨ ᠰᠠᠭᠤᠷᠢᠨ ᠭᠠᠵᠠᠷ᠂ ᠬᠤᠸᠠ ᠷᠦᠨ ᠱᠤᠸᠠᠩ | ᠾᠧ ᠠᠮᠢᠳᠤ ᠪᠣᠳᠠᠰ ᠤᠨ ᠠᠵᠤ ᠦᠢᠯᠡᠰ ᠤᠨ ᠰᠠᠭᠤᠷᠢᠨ ᠭᠠᠵᠠᠷ᠂ ᠨᠥᠸᠧ ᠪᠠᠩ ᠠᠮᠢᠳᠤ ᠪᠣᠳᠠᠰ ᠤᠨ ᠰᠢᠨᠵᠢᠯᠡᠬᠦ | ᠤᠬᠠᠭᠠᠨ ᠮᠡᠷᠭᠡᠵᠢᠯ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠺᠧ ᠲᠦᠸᠧ ᠢᠳᠡᠭᠡᠨ ᠤ | ᠠᠰᠢᠭᠲᠤ ᠪᠠᠺᠲ᠋ᠧᠷᠢ᠂ ᠶᠢᠨ ᠢᠦᠢ ᠠᠮᠢᠳᠤ ᠪᠣᠳᠠᠰ ᠤᠨ mRNA ᠸᠠᠺᠼᠢᠨ ᠵᠢᠴᠢ ᠪᠥᠭᠡᠮ ᠬᠦᠴᠢᠯ ᠤᠨ ᠡᠮ ᠢ | ᠣᠶᠤᠨᠴᠢᠯᠠᠨ ᠦᠢᠯᠡᠳᠬᠦ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠠᠮᠢᠳᠤ ᠪᠣᠳᠠᠰ ᠤᠨ ᠡᠮ | ᠡᠮᠨᠡᠯᠭᠡ ᠶᠢᠨ ᠠᠵᠤ ᠦᠢᠯᠡᠰ ᠤᠨ ᠥᠨᠳᠥᠷ ᠨᠡᠮᠡᠯᠲᠡ ᠥᠷᠲᠡᠭᠲᠦ ᠪᠡᠯᠡᠨ ᠡᠮ᠂ ᠨᠠᠶᠢᠷᠠᠯᠲᠠ᠂ ᠶᠡᠭᠡ ᠡᠷᠡᠭᠦᠯ ᠮᠡᠨᠳᠦ | ᠲᠡᠶᠢᠰᠢ ᠥᠷᠭᠡᠳᠬᠦ ᠶᠢ ᠲᠦᠷᠭᠡᠳᠬᠡᠨ᠎ᠡ᠃ | ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠢ | 700 ᠳ᠋ᠦᠩᠰᠢᠭᠤᠷ ᠲᠥᠭᠦᠷᠢᠭ ᠬᠦᠷᠭᠡᠨ᠎ᠡ᠃ ᠬᠤᠷᠢᠨᠭᠡᠷ ᠤᠨ ᠲᠤᠭ᠎ᠠ ᠪᠠᠷᠢᠮᠲᠠ ᠶᠢᠨ ᠲᠥᠪ ᠤᠨ ᠪᠥᠭᠡᠮᠨᠡᠷᠡᠯ ᠤᠨ | ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢᠨ ᠵᠢᠱᠢᠶ᠎ᠡ ᠦᠵᠡᠭᠦᠯᠬᠦ ᠢᠨᠵᠧᠨᠧᠷᠢᠩ᠂ ᠳᠤᠮᠳᠠᠳᠤ ᠤᠯᠤᠰ ᠤᠨ | ᠴᠠᠬᠢᠯᠭᠠᠨ ᠬᠦᠴᠦᠨ ᠤ ᠡᠨᠧᠷᠬᠢ ᠬᠠᠳᠠᠭᠠᠯᠠᠬᠤ ᠺᠣᠮᠫᠠᠨᠢ ᠶᠢᠨ ᠬᠠᠮᠲᠤ ᠪᠠᠷ ᠡᠳ᠋ᠯᠡᠬᠦ ᠡᠨᠧᠷᠭᠢ ᠬᠠᠳᠠᠭᠠᠯᠠᠬᠤ ᠲᠤᠰᠠᠭᠠᠷ | ᠴᠠᠬᠢᠯᠭᠠᠨ ᠥᠷᠲᠡᠭᠡ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ︔ ᠵᠢᠨᠱᠠᠨ | ᠴᠠᠬᠢᠯᠭᠠᠨ ᠤ ᠦᠢᠯᠡᠳᠪᠦᠷᠢ ᠶᠢᠨ ᠭᠤᠷᠪᠠᠳᠤᠭᠠᠷ ᠬᠤᠭᠤᠴᠠᠭ᠎ᠠ ᠶᠢ ᠲᠦᠷᠭᠡᠳᠬᠡᠨ ᠪᠠᠶᠢᠭᠤᠯᠤᠨ᠎ᠠ︔ ᠬᠥᠬᠡᠬᠤᠲᠠ ᠶᠢᠨ | ᠤᠰᠤ ᠲᠠᠲᠠᠵᠤ ᠡᠨᠧᠷᠭᠢ ᠬᠠᠳᠠᠭᠠᠯᠠᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠵᠢᠯ ᠢ ᠡᠬᠢᠯᠡᠭᠦᠯᠦᠨ᠎ᠡ︔ | ᠵᠥᠩ ᠬᠤᠸᠠᠨ ᠠᠵᠤ ᠦᠢᠯᠡᠰ ᠤᠨ ᠬᠤᠲᠠ ᠶᠢᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠰᠢᠨ᠎ᠡ ᠡᠨᠧᠷᠭᠢ ᠪᠠᠷ | ᠴᠠᠬᠢᠯᠭᠠᠨ ᠭᠠᠷᠭᠠᠬᠤ᠂ ᠳ᠋ᠠ ᠲᠠᠩ ᠬᠥᠬᠡᠬᠤᠲᠠ ᠶᠢᠨ ᠬᠥᠩᠭᠡᠨᠴᠠᠭᠠᠨ ᠴᠠᠬᠢᠯᠭᠠᠨ ᠲᠦᠯᠡᠰᠢᠨ ᠨᠡᠭᠦᠷᠡᠰᠦ ᠶᠢᠨ | ᠥᠪᠡᠷᠲᠡᠭᠡᠨ ᠬᠡᠷᠡᠭᠯᠡᠬᠦ ᠴᠠᠬᠢᠯᠭᠠᠨ ᠤ ᠦᠢᠯᠡᠳᠪᠦᠷᠢ ᠶᠢᠨ ᠳᠠᠬᠢᠨ ᠡᠭᠦᠰᠴᠦ ᠪᠣᠯᠬᠤ ᠡᠨᠧᠷᠭᠢ ᠪᠠᠷ ᠣᠷᠣᠯᠠᠭᠤᠯᠬᠤ | ᠪᠠᠷᠢᠯᠭ᠎ᠠ᠂ ᠦᠴᠦᠸᠠᠨ ᠤ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ᠂ ᠬᠤᠸᠠ ᠱᠥᠸᠧ ᠡᠨᠧᠷᠭᠢ ᠶᠢ ᠬᠠᠲᠠᠭᠤ | ᠲᠥᠯᠥᠪᠲᠦ ᠤᠰᠤᠲᠥ᠋ᠷᠥᠭᠴᠢ ᠪᠣᠯᠭᠠᠨ ᠬᠠᠳᠠᠭᠠᠯᠠᠬᠤ ᠵᠡᠷᠭᠡ ᠲᠥᠷᠥᠯ ᠵᠦᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ | ᠂ ᠪᠣᠬᠢᠷᠲᠤᠯ ᠦᠭᠡᠢ ᠴᠠᠬᠢᠯᠭᠠᠨ ᠢ ᠰᠢᠩᠭᠡᠬᠡᠨ ᠠᠪᠴᠤ ᠠᠰᠢᠭᠯᠠᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ᠃ | ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ ᠤᠨ ᠦᠢᠯᠡᠳᠬᠦᠨ ᠤ ᠥᠷᠲᠡᠭ ᠢ | 500 ᠳ᠋ᠦᠩᠰᠢᠭᠤᠷ ᠲᠥᠭᠦᠷᠢᠭ ᠬᠦᠷᠭᠡᠨ᠎ᠡ᠃ ᠰᠠᠨ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠴᠠᠬᠢᠯᠠᠭᠤᠷ | ᠴᠢᠯᠠᠭᠤᠨ ᠵᠤᠤᠬ᠎ᠠ ᠶᠢ ᠨᠡᠭᠦᠯᠭᠡᠬᠦ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ︔ ᠳᠤᠮᠳᠠᠳᠤ | ᠤᠯᠤᠰ ᠤᠨ ᠣᠩᠭᠤᠴᠠᠨ ᠤ ᠣᠨᠴᠠ ᠲᠥᠷᠥᠯ ᠤᠨ ᠬᠡᠢ ᠪᠡᠶᠡᠲᠦ᠂ ᠵᠢᠦ ᠲᠠᠢ ᠶᠢᠨ 30 ᠲᠦᠮᠡᠨ ᠲᠣᠨ ᠤ ᠬᠡᠯᠬᠢᠶ᠎ᠡ ᠶᠢ | ᠤᠷᠲᠤᠳᠬᠠᠵᠤ ᠬᠡᠯᠬᠢᠶ᠎ᠡ ᠶᠢ ᠨᠥᠬᠦᠪᠦᠷᠢᠯᠡᠬᠦ ᠶᠢ ᠨᠢᠭᠡ ᠴᠣᠭᠴᠠᠵᠢᠭᠤᠯᠬᠤ᠂ ᠰᠢᠦᠢ ᠶᠠᠩ ᠤᠨ ᠨᠡᠭᠦᠷᠡᠰᠦᠲᠥ᠋ᠷᠥᠭᠴᠢ ᠪᠠᠷ | ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠬᠤ᠂ | ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠥᠬᠡᠬᠤᠲᠠ ᠶᠢᠨ ᠴᠢᠯᠠᠭᠤᠨ ᠲᠣᠰᠣᠨ ᠤ ᠬᠢᠮᠢ ᠶᠢᠨ ᠠᠵᠤ | ᠦᠢᠯᠡᠳᠪᠦᠷᠢ ᠶᠢᠨ ᠪᠥᠭᠡᠭᠡᠨᠡᠷᠡᠯ ᠮᠧᠲ᠋ᠠᠨᠠᠯ ᠢ ᠲᠠᠰ ᠳᠡᠪᠰᠢᠭᠦᠯᠦᠨ ᠥᠭᠡᠷᠡᠴᠢᠯᠡᠬᠦ ᠵᠡᠷᠭᠡ ᠲᠥᠷᠥᠯ ᠵᠦᠢᠯ ᠢ | ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠢᠷᠡᠭᠡᠳᠦᠢ ᠶᠢᠨ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ | ᠢᠳᠡᠪᠬᠢᠲᠡᠢ ᠡᠵᠡᠯᠡᠨ ᠠᠪᠤᠨ᠎ᠠ᠃ ︽ᠲᠠᠪᠤᠨ ᠶᠡᠭᠡ ᠬᠦᠷᠢᠶ᠎ᠡ ᠴᠠᠷᠠᠭ᠎ᠠ︾ ᠶᠢᠨ ᠰᠢᠪᠲᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠦᠨ᠎ᠡ᠃ ᠢᠷᠡᠭᠡᠳᠦᠢ ᠶᠢᠨ ᠮᠡᠳᠡᠭᠡ ᠵᠠᠩᠭᠢ ᠶᠢᠨ ᠠᠵᠤ ᠦᠢᠯᠡᠰ ᠲᠤ ᠵᠣᠬᠢᠶᠠᠮᠠᠯ ᠤᠶᠤᠨ᠂ ᠬᠥᠮᠥᠨ | ᠳᠦᠷᠰᠦ ᠲᠠᠢ ᠮᠠᠰᠢᠨ ᠬᠥᠮᠥᠨ᠂ ᠴᠣᠮ ᠣᠷᠴᠢᠯᠠᠩ ᠵᠡᠷᠭᠡ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠲᠦᠷᠭᠡᠳᠬᠡᠵᠦ᠂ ᠭᠤᠸᠠᠩ ᠬᠤᠸᠠᠨ ᠰᠢᠨ᠎ᠡ ᠰᠦᠯᠵᠢᠶ᠎ᠡ᠂ ᠳᠤᠮᠳᠠᠳᠤ ᠤᠯᠤᠰ ᠤᠨ ᠴᠢᠮᠡᠭᠡ ᠬᠤᠯᠪᠣᠭᠠᠨ ᠤ | ᠦᠢᠯᠡᠴᠢᠯᠡᠭᠡᠨ ᠤ ᠲᠣᠭᠠᠴᠢᠯᠠᠭᠰᠠᠨ ᠢᠬᠡᠷ᠎ᠡ᠂ ᠳ᠋ᠦᠩ ᠹᠠᠩ ᠭᠡᠳᠤ ᠪᠣᠳᠣᠯᠭ᠎ᠠ ᠶᠢᠨ AI ᠪᠣᠳᠣᠯᠭ᠎ᠠ ᠶᠢᠨ ᠬᠦᠴᠦᠨ | ᠵᠡᠷᠭᠡ ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠢᠷᠡᠭᠡᠳᠦᠢ ᠶᠢᠨ ᠣᠭᠲᠠᠷᠭᠤᠢ ᠶᠢᠨ ᠠᠵᠤ | ᠦᠢᠯᠡᠰ ᠲᠤ ᠤᠯᠤᠰ ᠤᠨ ᠲᠡᠰ ᠤᠨ ᠰᠠᠨᠰᠠᠷ ᠤᠨ ᠠᠶᠠᠯᠠᠯ ᠤᠨ ᠨᠡᠭᠡᠭᠡᠯᠲᠡ ᠶᠢᠨ ᠲᠣᠭᠤᠷᠢᠭ ᠢ ᠢᠳᠡᠪᠬᠢᠲᠡᠢ | ᠭᠤᠶᠤᠴᠢᠯᠠᠨ ᠮᠡᠳᠡᠭᠦᠯᠵᠦ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ ᠠᠵᠤ ᠠᠬᠤᠢ᠂ | ᠲᠣᠭᠠᠴᠢᠯᠠᠭᠰᠠᠨ ᠳᠣᠣᠷ᠎ᠠ ᠠᠭᠠᠷ᠂ ᠠᠭᠠᠷ ᠤᠨ ᠠᠶᠠᠯᠠᠯ ᠤᠨ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠭᠥᠸᠧ ᠳ᠋ᠢᠶᠠᠨ ᠭᠤᠤ ᠺᠧ᠂ ᠵᠦᠩ ᠺᠧ ᠰᠢᠩ ᠲᠤ᠂ ᠱᠧᠩ ᠾᠧ ᠰᠢᠨ᠂ ᠲᠢᠶᠠᠨ ᠵᠢᠢ ᠪᠧᠢ ᠳ᠋ᠧᠦ | ᠵᠡᠷᠭᠡ ᠬᠡᠷᠡᠭᠯᠡᠯᠲᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠸᠧᠢ ᠵᠢᠶᠠ ᠵᠢᠯᠣᠭᠤᠴᠢ ᠦᠭᠡᠢ | ᠨᠢᠰᠬᠡᠯ ᠤᠨ ᠣᠶᠤᠨᠴᠢ ᠦᠢᠯᠡᠳᠬᠦ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠤᠯᠤᠰ ᠤᠨ | ᠲᠡᠰ ᠤᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ | ᠰᠠᠭᠤᠷᠢᠨ ᠢ ᠪᠠᠶᠢᠭᠤᠯᠤᠨ᠎ᠠ᠃ ᠢᠷᠡᠭᠡᠳᠦᠢ ᠶᠢᠨ ᠮᠠᠲ᠋ᠧᠷᠢᠶᠠᠯ ᠤᠨ ᠠᠵᠤ ᠦᠢᠯᠡᠰ ᠲᠤ ᠰᠢᠨ᠎ᠡ ᠨᠢᠭᠡ ᠦᠶ᠎ᠡ ᠶᠢᠨ | ᠬᠠᠭᠠᠰ ᠳᠠᠮᠵᠢᠭᠤᠯᠤᠭᠴᠢ ᠮᠠᠲ᠋ᠧᠷᠢᠶᠠᠯ᠂ ᠰᠢᠨ᠎ᠡ ᠡᠨᠧᠷᠭᠢ ᠶᠢᠨ ᠮᠠᠲ᠋ᠧᠷᠢᠶᠠᠯ᠂ ᠪᠠᠯ ᠴᠢᠯᠠᠭᠤᠨ ᠠᠯᠺᠧᠨ ᠤ ᠮᠠᠲ᠋ᠧᠷᠢᠶᠠᠯ | ᠵᠡᠷᠭᠡ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ︽3060︾ ᠬᠡᠲᠦ ᠲᠠᠰ ᠤᠨ ᠴᠠᠬᠢᠯᠭᠠᠨ ᠪᠠᠭᠲᠠᠮᠵᠢ ᠵᠢᠴᠢ | ᠵᠥᠭᠡᠯᠡᠨ ᠨᠡᠭᠦᠷᠡᠰᠦᠲᠥ᠋ᠷᠥᠭᠴᠢ ᠶᠢᠨ ᠮᠠᠲ᠋ᠧᠷᠢᠶᠠᠯ᠂ ᠰᠢᠶᠠᠮᠧᠨ ᠤ ᠭᠤᠸᠠᠩ ᠫᠦ᠋ ᠰᠢᠨ᠎ᠡ ᠬᠡᠯᠪᠡᠷᠢ ᠶᠢᠨ ᠲᠣᠮᠣ | ᠮᠣᠯᠧᠺᠦ᠋ᠯᠲᠦ ᠲᠡᠮᠦᠷᠯᠢᠭ ᠤᠨ ᠨᠡᠶᠢᠯᠡᠮᠡᠯ ᠮᠠᠲ᠋ᠧᠷᠢᠶᠠᠯ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ᠃ | ᠢᠷᠡᠭᠡᠳᠦᠢ ᠶᠢᠨ ᠡᠷᠡᠭᠦᠯ ᠮᠡᠨᠳᠦ ᠶᠢᠨ ᠠᠵᠤ ᠦᠢᠯᠡᠰ ᠲᠤ ᠠᠮᠢᠳᠤ ᠪᠣᠳᠠᠰ ᠤᠨ ᠢᠨᠵᠧᠨᠧᠷᠢᠩ᠂ ᠠᠮᠢᠳᠤ ᠪᠣᠳᠠᠰ ᠤᠨ | ᠸᠠᠺᠼᠢᠨ ᠤ ᠳᠡᠭᠡᠳᠦ ᠲᠠᠰ ᠤᠨ ᠬᠥᠭᠵᠢᠯᠲᠡ ᠶᠢ ᠶᠡᠭᠡ ᠪᠠᠷ ᠲᠦᠯᠬᠢᠨ ᠠᠬᠢᠭᠤᠯᠵᠤ᠂ ᠬᠠᠢ ᠲᠢᠶᠠᠨ ᠲᠠᠷᠢᠬᠢ ᠮᠠᠰᠢᠨ ᠤ | ᠵᠠᠯᠭᠠᠭᠤᠷ᠂ ᠬᠤᠸᠠ ᠢᠦᠢ ᠰᠤᠷᠪᠤᠯᠵᠢᠲᠤ ᠡᠰ ᠤᠨ ᠠᠮᠢᠳᠤ ᠪᠣᠳᠠᠰ ᠤᠨ ᠮᠡᠷᠭᠡᠵᠢᠯ ᠵᠡᠷᠭᠡ ᠲᠥᠷᠥᠯ ᠵᠦᠢᠯ ᠢ | ᠭᠤᠣᠯᠳᠠᠯᠭ᠎ᠠ ᠲᠠᠢ ᠬᠡᠷᠡᠭᠵᠢᠭᠦᠯᠦᠨ᠎ᠡ᠃ ᠢᠷᠡᠭᠡᠳᠦᠢ ᠶᠢᠨ ᠡᠨᠧᠷᠭᠢ ᠶᠢᠨ ᠠᠵᠤ ᠦᠢᠯᠡᠰ ᠲᠤ ᠤᠰᠤᠲᠥ᠋ᠷᠥᠭᠴᠢ | ᠡᠨᠧᠷᠭᠢ ᠶᠢᠨ ᠬᠡᠷᠡᠭᠯᠡᠭᠡᠨ ᠤ ᠵᠢᠱᠢᠶ᠎ᠡ ᠦᠵᠡᠭᠦᠯᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ | ᠠᠬᠢᠭᠤᠯᠵᠤ᠂ ᠸᠠᠨ ᠬᠠᠢ ᠵᠦᠩ ᠴᠦᠨ ᠮᠠᠰᠢᠨ ᠲᠡᠷᠭᠡᠨ ᠳᠤ ᠬᠡᠷᠡᠭᠯᠡᠬᠦ ᠠᠯᠺᠤᠤᠯ ᠤᠨ ᠲᠦᠯᠡᠰᠢ᠂ ᠶᠧᠦ ᠰᠠᠢ ᠠᠭᠠᠷ ᠢ | ᠠᠪᠴᠢᠭᠤᠯᠵᠤ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠵᠡᠷᠭᠡ ᠲᠦᠷᠦᠯ ᠵᠦᠢᠯ ᠢ ᠬᠡᠷᠡᠭᠵᠢᠭᠦᠯᠦᠨ᠎ᠡ᠃ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠭᠤᠷᠠᠢ ᠶᠢ ᠨᠥᠬᠦᠪᠦᠷᠢᠯᠡᠨ᠎ᠡ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠭᠤᠷᠪᠠᠨ ᠠᠵᠢᠯᠯᠠᠭ᠎ᠠ︾ ᠶᠢ ᠥᠷᠨᠢᠭᠦᠯᠵᠦ᠂ ᠳᠠᠭᠠᠭᠠᠬᠤ | ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠬᠦᠷᠢᠶᠡᠯᠡᠩ ᠲᠣᠭᠤᠷᠢᠭ ᠤᠨ ᠡᠬᠢ | ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ᠂ ᠣᠯᠠᠨ ᠲᠦᠮᠡᠨ ᠳᠤ ᠦᠢᠯᠡᠴᠢᠯᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ︔ ᠢᠵᠢ ᠪᠦᠷᠢᠳᠦᠭᠦᠯᠬᠦ ᠠᠵᠤ ᠦᠢᠯᠡᠰ ᠢ ᠶᠡᠬᠡᠪᠡᠷ ᠣᠷᠣᠭᠤᠯᠤᠨ ᠠᠪᠴᠢᠷᠠᠬᠤ | ᠠᠵᠢᠯᠯᠠᠭ᠎ᠠ ᠶᠢ ᠬᠡᠷᠡᠭᠵᠢᠭᠦᠯᠵᠦ᠂ ᠨᠢᠭᠡ ᠪᠦᠯᠦᠭ ᠪᠠᠷᠢᠮᠵᠢᠶ᠎ᠠ ᠦᠢᠯᠡᠳᠪᠦᠷᠢ ᠶᠢᠨ ᠭᠡᠷ ᠪᠠᠶᠢᠰᠢᠩ᠂ ᠰᠤᠳᠤᠯᠤᠨ ᠨᠡᠭᠡᠭᠡᠬᠦ | ᠠᠰᠠᠷ ᠢ ᠰᠢᠨ᠎ᠡ ᠪᠠᠷ ᠪᠠᠶᠢᠭᠤᠯᠵᠤ᠂ ᠨᠡᠩ ᠤᠯᠠᠨ ᠢᠵᠢ ᠪᠦᠷᠢᠳᠦᠭᠦᠯᠬᠦ ᠠᠵᠤ ᠦᠢᠯᠡᠰ ᠢ ᠬᠦᠷᠢᠶᠡᠯᠡᠩ ᠳᠤ ᠲᠠᠲᠠᠨ᠂ | ᠳᠤᠮᠳᠠ ᠵᠢᠵᠢᠭ ᠠᠵᠤ ᠠᠬᠤᠶᠢᠯᠠᠯ ᠢ ᠰᠠᠭᠤᠷᠢᠰᠢᠭᠤᠯᠤᠨ᠎ᠠ︔ ᠠᠵᠤ ᠠᠬᠤᠶᠢᠯᠠᠯ ᠢ ᠶᠡᠭᠡ ᠪᠠᠷ ᠬᠠᠪᠰᠤᠷᠤᠨ ᠲᠡᠳᠬᠦᠵᠦ | ᠬᠦᠴᠦᠨ ᠨᠡᠮᠡᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠬᠦᠷᠢᠶᠡᠯᠡᠩ | ᠲᠣᠭᠤᠷᠢᠭ ᠲᠤ ᠣᠷᠣᠭᠤᠯᠬᠤ︾ ᠶᠢ ᠠᠬᠢᠭᠤᠯᠤᠨ᠂ ᠬᠢᠨᠠᠨ ᠵᠥᠪᠰᠢᠶᠡᠷᠡᠬᠦ ᠡᠷᠬᠡ ᠮᠡᠳᠡᠯ ᠢ ᠬᠦᠷᠢᠶᠡᠯᠡᠩ ᠲᠣᠭᠤᠷᠢᠭ ᠲᠤ | ︽ᠪᠠᠭᠤᠯᠭᠠᠵᠤ ᠪᠣᠯᠬᠤ ᠶᠢ ᠪᠦᠬᠦᠨ ᠢ ᠪᠠᠭᠤᠯᠭᠠᠬᠤ︾ ᠶᠢ ᠠᠬᠢᠭᠤᠯᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ | ᠦᠢᠯᠡᠰ ᠤᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠪᠠ ᠲᠥᠷᠥᠯ ᠵᠦᠢᠯ ᠤᠨ | ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠵᠤ᠂ ᠠᠵᠤ | ᠠᠬᠤᠶᠢᠯᠠᠯ ᠢ ᠬᠠᠪᠰᠤᠷᠤᠨ ︽ᠪᠡᠯᠡ ᠮᠥᠩᠭᠦ ᠡᠷᠢᠵᠦ᠂ ᠲᠦᠭᠦᠬᠡᠢ ᠮᠠᠲ᠋ᠧᠷᠢᠶᠠᠯ ᠡᠷᠢᠵᠦ᠂ ᠬᠡᠷᠡᠭᠯᠡᠬᠦ ᠠᠵᠢᠯᠴᠢᠨ ᠡᠷᠢᠵᠦ᠂ | ᠵᠠᠬ᠎ᠠ ᠳᠡᠯᠭᠡᠭᠦᠷ ᠡᠷᠢᠨ᠎ᠡ︾᠃ | ︵ᠭᠤᠷᠪᠠ︶ ᠤᠳᠤ ᠦᠶ᠎ᠡ ᠶᠢᠨ ᠬᠡᠷᠡᠭᠯᠡᠭᠡᠨ ᠤ ᠲᠥᠪ᠂ ᠰᠡᠯᠡᠭᠦᠴᠡᠯ ᠠᠮᠠᠷᠠᠯᠲᠠ ᠶᠢᠨ ᠲᠥᠪ ᠢ ᠪᠠᠶᠢᠭᠤᠯᠬᠤ ᠶᠢᠨ | ᠲᠣᠭᠤᠷᠢᠨ ᠳᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠡᠨᠡ ᠬᠦ ᠥᠷᠨᠢᠩᠭᠦᠢ ᠠᠵᠤ ᠦᠢᠯᠡᠰ ᠢ ︽ᠬᠥᠮᠥᠨ ᠢ | ᠲᠠᠲᠠᠵᠤ ᠳᠡᠶᠢᠯᠬᠦ᠂ ᠡᠳ᠋ ᠮᠥᠩᠭᠦ ᠶᠢ ᠦᠯᠡᠳᠡᠭᠡᠵᠦ ᠴᠢᠳᠠᠬᠤ︾ ᠪᠣᠯᠭᠠᠨ᠎ᠠ ᠬᠡᠷᠡᠭᠯᠡᠭᠡᠨ ᠤ ︽ᠰᠢᠨ᠎ᠡ ᠱᠠᠭᠠᠷᠳᠠᠯᠭ᠎ᠠ︾ | ᠶᠢ ᠬᠠᠩᠭᠠᠨ᠎ᠠ᠃ ᠬᠤᠸᠠ ᠷᠦᠨ ᠸᠠᠨ ᠰᠢᠶᠠᠩ ᠬᠤᠲᠠ᠂ ᠶᠢᠨ ᠹᠧᠢ ᠯᠢ ᠲᠠᠯᠠᠪᠠᠢ ᠵᠡᠷᠭᠡ ᠬᠤᠳᠠᠯᠳᠤᠭᠠᠨ ᠤ | ᠶᠡᠷᠦᠩᠬᠡᠶᠢᠯᠡᠭᠰᠡᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠵᠥᠩ ᠱᠠᠨ ᠵᠠᠮ᠂ ᠰᠢᠯᠢ ᠶᠢᠨ | ᠭᠤᠣᠯ ᠡᠮᠦᠨ᠎ᠡ ᠵᠠᠮ᠂ ᠵᠡᠭᠦᠨ ᠸᠠᠨ ᠳ᠋ᠠ᠂ ᠮᠣᠶᠢᠯ ᠬᠤᠲᠠ᠂ ᠠᠶᠠᠨᠴᠢᠳ ᠤᠨ ᠵᠡᠭᠦᠨ ᠥᠷᠲᠡᠭᠡ ᠵᠡᠷᠭᠡ | ᠭᠤᠣᠯᠳᠠᠯᠭ᠎ᠠ ᠲᠠᠢ ᠬᠤᠳᠠᠯᠳᠤᠭᠠᠨ ᠤ ᠲᠣᠭᠤᠷᠢᠭ ᠪᠠ ᠣᠨᠴᠠᠯᠢᠭᠲᠤ ᠵᠡᠭᠡᠯᠢ ᠲᠣᠭᠤᠷᠢᠭ ᠤᠨ ᠦᠢᠯᠡᠴᠢᠯᠡᠭᠡᠨ ᠤ | ᠴᠢᠳᠠᠮᠵᠢ ᠶᠢ ᠳᠡᠭᠡᠭᠰᠢᠯᠡᠭᠦᠯᠦᠨ᠎ᠡ︔ ᠪᠡᠭᠡᠵᠢᠩ ᠤᠨ ᠬᠤᠸᠠ ᠯᠢᠶᠠᠨ ᠰᠣᠳᠣᠨ ᠪᠦᠲᠦᠭᠡᠭᠳᠡᠬᠦᠨ ᠤ ᠬᠡᠲᠦ ᠳᠡᠯᠭᠡᠭᠦᠷ᠂ | ᠾᠧ ᠮᠠ ᠰᠣᠷᠭᠤᠭ ᠲᠦᠭᠦᠬᠡᠢ᠂ ᠮᠠᠢ ᠳ᠋ᠧ ᠯᠦᠩ ᠵᠡᠷᠭᠡ ᠨᠠᠷᠠᠲᠤ ᠲᠡᠮᠳᠡᠭᠲᠦ ᠶᠢᠨ ᠬᠡᠯᠬᠢᠶᠡᠨ ᠬᠡᠲᠦ ᠳᠡᠯᠭᠡᠭᠦᠷ ᠢ | ᠣᠷᠣᠭᠤᠯᠤᠨ ᠠᠪᠴᠢᠷᠠᠵᠤ᠂ ᠨᠠᠷᠠᠲᠤ ᠲᠡᠮᠳᠡᠭᠲᠦ ᠶᠢᠨ ᠠᠩᠬᠠᠨ ᠤ ᠳᠡᠯᠭᠡᠭᠦᠷ᠂ ᠬᠤᠰᠢᠭᠤᠴᠢ ᠳᠡᠯᠭᠡᠭᠦᠷ ᠢ 30 | ᠣᠷᠣᠭᠤᠯᠤᠨ᠎ᠠ︔ ᠬᠡᠯᠬᠢᠶ᠎ᠡ ᠳᠥᠭᠦᠮ ᠳᠡᠯᠭᠡᠭᠦᠷ ᠪᠠ ᠰᠤᠯᠠ ᠢᠳᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠤᠨ ᠳᠡᠯᠭᠡᠭᠦᠷ ᠢ 200᠂ ᠬᠥᠬᠡ ᠬᠤᠲᠠ ᠠᠷᠠᠳ ᠲᠤ ᠠᠰᠢᠭ ᠬᠦᠷᠲᠡᠭᠡᠬᠦ ᠢᠳᠡᠰᠢᠨ ᠨᠣᠭᠤᠭᠠᠨ ᠤ | ᠳᠡᠯᠭᠡᠭᠦᠷ ᠢ 60 ᠰᠢᠨ᠎ᠡ ᠨᠡᠮᠡᠨ᠎ᠡ︔ 10 ︽ᠠᠷᠠᠳ ᠲᠤ ᠲᠥᠬᠦᠮ ᠦᠵᠡᠭᠦᠯᠬᠦ ᠨᠢᠭᠡ ᠮᠥᠴᠡ ᠶᠢᠨ ᠠᠮᠢᠳᠤᠷᠠᠯ ᠤᠨ | ᠲᠣᠭᠤᠷᠢᠭ︾ ᠢ ᠥᠭᠡᠷᠡᠴᠢᠯᠡᠨ ᠰᠠᠶᠢᠵᠢᠷᠠᠭᠤᠯᠤᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡ᠂ ᠪᠣᠬᠢᠷᠲᠤᠯ ᠦᠭᠡᠢ | ᠣᠶᠤᠨᠲᠤ ᠭᠡᠷ ᠤᠨ ᠴᠠᠬᠢᠯᠭᠠᠨ ᠬᠡᠷᠡᠭᠰᠡᠯ᠂ ᠤᠯᠤᠰ ᠤᠨ ᠪᠠᠷᠠᠭᠠᠨ ᠤ ︽ᠤᠷᠤᠰᠬᠠᠯ ᠲᠡᠮᠳᠡᠭᠲᠦ︾᠂ ᠤᠷᠤᠰᠬᠠᠯ ᠤᠨ | ᠠᠵᠤ ᠠᠬᠤᠢ ᠵᠡᠷᠭᠡ ᠰᠢᠨ᠎ᠡ ᠬᠡᠷᠡᠭᠯᠡᠭᠡᠨ ᠤ ᠬᠠᠯᠠᠮᠰᠢᠯ ᠴᠡᠭ ᠢ ᠪᠣᠶᠢᠵᠢᠭᠤᠯᠤᠨ᠎ᠠ︔ ᠤᠯᠠᠮᠵᠢᠯᠠᠯᠲᠤ ᠵᠢᠵᠢᠭᠯᠡᠨ | ᠬᠤᠳᠠᠯᠳᠤᠬᠤ ᠦᠢᠯᠡᠰ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠬᠡᠷᠡᠭᠯᠡᠭᠡ ᠶᠢᠨ ᠠᠭᠤᠰᠤᠯᠴᠠᠯ ᠢ | ᠰᠠᠶᠢᠲᠤᠷ ᠬᠢᠵᠦ᠂ ︽ᠰᠠᠨᠠᠭᠠᠨ ᠳᠤ ᠲᠠᠭᠠᠷᠠᠭᠰᠠᠨ ᠢᠶᠠᠨ ᠬᠥᠬᠡᠬᠤᠲᠠ ᠠᠴᠠ ᠠᠪᠬᠤ︾ ᠵᠡᠷᠭᠡ ᠬᠡᠷᠡᠭᠯᠡᠭᠡ ᠶᠢ ᠠᠬᠢᠭᠤᠯᠬᠤ | ᠠᠵᠢᠯᠯᠠᠭ᠎ᠠ ᠶᠢ 300 ᠠᠴᠠ ᠳᠡᠭᠡᠭᠰᠢ ᠲᠠᠯᠠᠪᠤᠷ ᠤᠳᠠᠭ᠎ᠠ ᠡᠷᠬᠢᠯᠡᠨ᠎ᠡ᠃ | ᠰᠣᠶᠣᠯ ᠤᠨ ︽ᠰᠢᠨ᠎ᠡ ᠢᠮ ᠲᠠᠮᠠᠭ᠎ᠠ︾ ᠶᠢ ᠪᠦᠲᠦᠭᠡᠨ᠎ᠡ᠃ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ | ᠲᠡᠮᠳᠡᠭᠲᠦ ᠶᠢ ᠡᠭᠦᠳᠦᠨ ᠪᠠᠶᠢᠭᠤᠯᠬᠤ ᠶᠢᠨ ᠲᠣᠭᠤᠷᠢᠨ ᠳᠤ᠂ ᠮᠦᠽᠧᠢ ᠶᠢᠨ ᠬᠤᠲᠠ᠂ ᠱᠤᠭᠤᠮᠠᠯ ᠤᠨ ᠬᠤᠲᠠ᠂ | ᠤᠷᠠᠯᠢᠭ ᠤᠨ ᠬᠤᠲᠠ᠂ ᠣᠲᠣ ᠦᠶ᠎ᠡ ᠶᠢᠨ ᠪᠣᠯᠪᠠᠰᠤᠨ ᠤ ᠬᠤᠲᠠ ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ︔ | ᠬᠥᠬᠡᠬᠤᠲᠠ ᠶᠢᠨ ᠮᠦᠽᠧᠢ᠂ ᠳ᠋ᠠ ᠱᠧᠩ ᠺᠦᠢ ᠮᠦᠽᠧᠢ ᠶᠢᠨ ᠪᠥᠭᠡᠮᠨᠡᠷᠡᠯ ᠵᠡᠷᠭᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠲᠡᠰ ᠳᠡᠪᠰᠢᠭᠦᠯᠵᠦ᠂ ︽5·18 ᠤ ᠤᠯᠠᠨ ᠤᠯᠤᠰ ᠤᠨ ᠮᠦᠽᠧᠢ ᠶᠢᠨ ᠡᠳᠦᠷ︾᠂ ︽ᠤᠮᠠᠷᠠᠲᠤ | ᠬᠢᠯᠢ ᠶᠢᠨ ᠮᠢᠩᠭᠠᠨ ᠣᠨ ᠤ ᠲᠦᠮᠡᠨ ᠪᠣᠳᠠᠰ︾ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠎ᠡ︔ ︽ᠬᠥᠬᠡ | ᠬᠤᠲᠠ ᠶᠢᠨ ᠬᠤᠪᠢᠷᠠᠯᠲᠠ︾ ︽ᠤᠮᠠᠷᠠᠲᠤ ᠬᠢᠯᠢ ᠶᠢ ᠰᠠᠬᠢᠨ ᠪᠠᠷᠠᠯᠠᠬᠤ︾ ᠵᠡᠷᠭᠡ ᠤᠷᠠᠨ ᠵᠣᠬᠢᠶᠠᠯ ᠤᠨ ᠪᠦᠲᠦᠭᠡᠯ ᠢ | ᠭᠠᠷᠭᠠᠵᠤ᠂ ︽ᠮᠢᠩᠭᠠᠨ ᠣᠨ ᠤ ᠬᠥᠬᠡ ᠬᠤᠲᠠ︾ ︽ᠴᠡᠯᠡᠭᠡᠷ ᠲᠠᠯ᠎ᠠ ᠶᠢᠨ ᠳᠠᠭᠤᠯᠠᠯ︾ ᠵᠡᠷᠭᠡ ᠲᠣᠭᠯᠠᠯᠲᠠ ᠶᠢᠨ | ᠤᠷᠠᠯᠢᠭ ᠤᠨ ᠪᠦᠲᠦᠭᠡᠯ ᠢ ᠪᠦᠲᠦᠭᠡᠵᠦ᠂ ᠪᠥᠬᠦ ᠤᠯᠤᠰ ᠤᠨ ᠤᠯᠠᠭᠠᠨᠮᠥ᠋ᠴᠢᠷ ᠤᠨ ᠦᠵᠡᠭᠦᠯᠦᠯᠭᠡ ᠶᠢᠨ ᠲᠣᠭᠯᠠᠯᠲᠠ | ᠭᠠᠷᠭᠠᠵᠤ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 700 ᠠᠴᠠ ᠳᠡᠭᠡᠭᠰᠢ ᠲᠠᠯᠠᠪᠠᠶ ᠥᠷᠨᠢᠭᠦᠯᠦᠨ᠎ᠡ︔ ᠪᠥᠬᠦ | ᠤᠯᠤᠰ ᠤᠨ ᠪᠣᠯᠪᠠᠰᠤᠨ ᠬᠤᠲᠠ ᠪᠣᠯᠭᠠᠨ ᠡᠭᠦᠳᠦᠨ ᠪᠠᠶᠢᠭᠤᠯᠵᠤ᠂ ᠣᠯᠠᠨ ᠲᠦᠮᠡᠨ ᠤ ᠣᠷᠣᠨ ᠤ ᠲᠥᠪ | ᠬᠤᠲᠠ ᠳᠠᠬᠢ ᠡᠨᠡᠭᠰᠢᠯ ᠪᠠ ᠲᠠᠭᠠᠰᠢᠶᠠᠯ ᠤᠨ ᠬᠡᠮᠵᠢᠶ᠎ᠡ ᠶᠢ ᠨᠡᠮᠡᠭᠳᠡᠭᠦᠯᠦᠨ᠂ ᠪᠥᠬᠦ ᠠᠷᠠᠳ ᠤᠨ ᠪᠣᠯᠪᠠᠰᠤᠨ ᠤ ᠬᠡᠪ | ᠴᠢᠨᠠᠷ ᠪᠠ ᠪᠥᠬᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠰᠣᠶᠣᠯ ᠵᠢᠭᠤᠯᠴᠢᠯᠠᠯ ᠠᠭᠤᠰᠤᠯᠴᠠᠭᠰᠠᠨ ︽ᠰᠢᠨ᠎ᠡ ᠠᠬᠤᠢ ᠪᠠᠶᠢᠳᠠᠯ︾ ᠢ ᠪᠤᠢ ᠪᠣᠯᠭᠠᠨ᠎ᠠ᠃ ᠤᠯᠠᠮᠵᠢᠯᠠᠯᠲᠤ | ᠵᠢᠭᠤᠯᠴᠢᠯᠠᠯ ᠤᠨ ︽ᠪᠥᠬᠦ ᠤᠯᠠᠷᠢᠯ ᠤᠨ ᠵᠢᠭᠤᠯᠴᠢᠯᠠᠯ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠪᠥᠬᠦ | ᠦᠵᠡᠮᠵᠢ ᠶᠢᠨ ᠵᠢᠭᠤᠯᠴᠢᠯᠠᠯ︾ ᠲᠡᠶᠢᠰᠢ ᠠᠭᠤᠰᠤᠯᠳᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠤᠮᠠᠷᠠᠲᠤ ᠬᠡᠰᠡᠭ ᠲᠤ ᠳᠠᠯᠠᠨ ᠬᠠᠷ᠎ᠠ ᠠᠭᠤᠯᠠ ᠶᠢᠨ ᠦᠵᠡᠮᠵᠢ ᠶᠢᠨ ᠵᠢᠭᠤᠯᠴᠢᠯᠠᠯ ᠢ ᠡᠮᠬᠢ ᠵᠢᠷᠤᠮ ᠲᠠᠢ ᠨᠡᠭᠡᠭᠡᠵᠦ᠂ | ᠬᠠᠳᠠᠲᠤ ᠬᠠᠭᠠᠯᠭ᠎ᠠ᠂ ᠨᠠᠭᠤᠷ ᠤᠨ ᠨᠢᠷᠤᠭᠤ᠂ ᠱᠧᠩ ᠱᠦᠢ ᠯᠢᠶᠠᠩ ᠵᠡᠷᠭᠡ ᠦᠵᠡᠮᠵᠢ ᠶᠢᠨ ᠣᠷᠣᠨ ᠤ ᠴᠢᠳᠠᠪᠤᠷᠢ ᠶᠢ | ᠳᠡᠭᠡᠭᠰᠢᠯᠡᠭᠦᠯᠵᠦ᠂ ︽ᠠᠭᠤᠯᠠ ᠶᠢᠨ ᠠᠷᠤ ᠥᠪᠥᠷ ᠢ ᠨᠢᠭᠡ ᠴᠣᠭᠴᠠᠵᠢᠭᠤᠯᠤᠭᠰᠠᠨ︾ ᠠᠭᠤᠯᠠ ᠶᠢᠨ ᠲᠠᠯ᠎ᠠ ᠨᠤᠲᠤᠭ ᠤᠨ | ᠵᠢᠭᠤᠯᠴᠢᠯᠠᠯ ᠤᠨ ᠣᠷᠣᠨ ᠢ ᠪᠠᠶᠢᠭᠤᠯᠤᠨ᠎ᠠ︔ ᠤᠰᠤᠲᠤ ᠲᠣᠰᠬᠤᠨ᠂ ᠬᠤᠭᠤᠯᠠᠢ ᠶᠢᠨ ᠭᠤᠤ ᠲᠣᠰᠬᠤᠨ ᠳᠤ ︽ᠠᠮᠢ | ᠠᠬᠤᠢ + ᠰᠣᠶᠣᠯ ᠵᠢᠭᠤᠯᠴᠢᠯᠠᠯ + ᠡᠷᠡᠭᠦᠯ ᠮᠡᠨᠳᠤ ᠶᠢᠨ ᠰᠤᠪᠢᠯᠠᠯᠲᠠ︾ ᠶᠢ ᠠᠭᠤᠰᠤᠯᠴᠠᠭᠤᠯᠤᠭᠰᠠᠨ ᠰᠣᠳᠣᠨ | ᠠᠶᠢᠯ ᠪᠠᠭᠤᠴᠠ ᠪᠠ ᠵᠢᠭᠤᠯᠴᠢᠯᠠᠯ ᠤᠨ ᠪᠠᠭᠤᠳᠠᠯ ᠢ ᠶᠠᠰᠤ ᠴᠢᠨᠠᠷ ᠢ ᠳᠡᠭᠡᠭᠰᠢᠯᠡᠭᠦᠯᠦᠨ ᠪᠦᠲᠦᠭᠡᠨ ᠪᠠᠶᠢᠭᠤᠯᠤᠨ᠎ᠠ︔ | ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ ᠤᠨ ᠡᠷᠬᠢᠨ ᠲᠣᠭᠤᠷᠢᠨ ᠤ ᠵᠢᠭᠤᠯᠴᠢᠯᠠᠯ ᠤᠨ | ᠦᠢᠯᠡᠰ ᠤᠨ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠵᠤ᠂ ᠤᠮᠠᠷᠠᠲᠤ ᠬᠡᠰᠡᠭ ᠤᠨ ᠵᠤᠭᠠᠴᠠᠨ ᠨᠠᠭᠠᠳᠬᠤ | ᠱᠤᠭᠤᠮ ᠢ ᠪᠦᠷᠢᠯᠳᠦᠭᠦᠯᠦᠨ᠎ᠡ᠃ ᠡᠮᠦᠨᠡᠲᠦ ᠬᠡᠰᠡᠭ ᠲᠤ ᠶᠦᠨ ᠵᠦᠩ ᠱᠧᠩ ᠯᠧ ᠠᠮᠠᠷᠠᠯᠲᠠ ᠶᠢᠨ ᠣᠷᠣᠨ᠂ | ᠬᠤᠲᠤᠭᠲᠤ ᠭᠤᠣᠯ ᠤᠨ ᠵᠢᠭᠤᠯᠴᠢᠯᠠᠯ ᠤᠨ ᠭᠤᠣᠯ ᠰᠡᠳᠦᠪᠲᠦ ᠴᠡᠴᠡᠷᠯᠢᠭ᠂ ᠲᠣᠭᠲᠠᠬᠤ ᠰᠢᠶᠠᠨ ᠤ ᠭᠤᠣᠯ ᠤᠨ | ᠠᠮᠠ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠵᠡᠷᠭᠡ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ | ᠯᠣᠣ ᠨᠢᠦ ᠸᠠᠨ ᠤ ᠬᠠᠳᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ᠂ ᠶᠡᠭᠡ ᠲᠦᠷᠭᠡᠨ ᠭᠤᠣᠯ ᠤᠨ | ᠲᠡᠭᠦᠷᠭᠡ ᠶᠢᠨ ᠴᠡᠴᠡᠭ ᠤᠨ ᠪᠦᠰᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠤᠷᠳᠤ ᠴᠠᠭᠠᠨ ᠬᠡᠷᠡᠮ ᠤᠨ ᠤᠯᠤᠰ ᠤᠨ | ᠰᠣᠶᠣᠯ ᠤᠨ ᠴᠡᠴᠡᠷᠯᠢᠭ ᠢ ᠪᠠᠶᠢᠭᠤᠯᠤᠨ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ︽ᠰᠤᠪᠤᠳ ᠤᠨ ᠬᠡᠯᠬᠢᠶ᠎ᠡ | ᠰᠢᠭ ᠦᠵᠦᠭᠦᠷ ᠦᠭᠡᠢ ᠰᠠᠶᠢᠬᠠᠨ ᠥᠩᠭᠡ ᠦᠵᠡᠮᠵᠢ ᠲᠠᠢ︾ ᠬᠠᠳᠤᠨ ᠭᠤᠣᠯ ᠳᠠᠭᠠᠤ ᠶᠢᠨ ᠵᠢᠭᠤᠯᠴᠢᠯᠠᠯ ᠤᠨ | ᠦᠵᠡᠮᠵᠢ ᠶᠢᠨ ᠪᠦᠰᠡ ᠶᠢ ᠪᠠᠶᠢᠭᠤᠯᠤᠨ᠎ᠠ᠃ ᠵᠡᠭᠦᠨ ᠬᠡᠰᠡᠭ ᠤᠨ ᠭᠠᠵᠠᠷ ᠣᠷᠣᠨ ᠳᠤ ᠳᠡᠯ ᠠᠭᠤᠯᠠ ᠶᠢᠨ | ᠠᠮᠠᠷᠠᠯᠲᠠ ᠶᠢᠨ ᠣᠷᠣᠨ ᠢ ᠤᠯᠤᠰ ᠤᠨ ᠳᠡᠰ ᠤᠨ ᠴᠡᠨᠡᠯᠡᠯᠲᠡ ᠶᠢᠨ ᠵᠢᠭᠤᠯᠴᠢᠯᠠᠯ ᠤᠨ ᠠᠮᠠᠷᠠᠯᠲᠠ ᠶᠢᠨ ᠭᠠᠵᠠᠷ | ᠪᠣᠯᠭᠠᠨ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ ᠮᠥᠰᠥ ᠴᠠᠰᠤᠨ ᠤ ᠠᠵᠤ ᠦᠢᠯᠡᠰ ᠢ ᠬᠥᠭᠵᠢᠭᠦᠯᠵᠦ᠂ | ︽ᠬᠦᠢᠲᠡᠨ ᠡᠬᠢ ᠪᠠᠶᠠᠯᠢᠭ︾ ᠤᠨ ︽ᠢᠯᠴᠢ ᠶᠢᠨ ᠨᠥᠯᠥᠭᠡ︾ ᠶᠢ ᠦᠷᠭᠦᠯᠵᠢᠯᠡᠨ ᠪᠠᠳᠠᠷᠠᠭᠤᠯᠤᠨ᠎ᠠ᠃ ᠪᠠᠷᠠᠭᠤᠨ | ᠬᠡᠰᠡᠭ ᠲᠤ ᠢᠯᠢ ᠶᠢᠨ ᠲᠠᠯ᠎ᠠ ᠨᠤᠲᠤᠭ ᠤᠨ ᠰᠦᠨ ᠤ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤ 5A | ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠵᠤ᠂ ᠬᠠᠷ᠎ᠠ ᠤᠰᠤ ᠶᠢᠨ | ᠵᠢᠭᠤᠯᠴᠢᠯᠠᠯ ᠤᠨ ᠣᠷᠣᠨ ᠤ ᠴᠢᠳᠠᠮᠵᠢ ᠶᠢ ᠲᠡᠭᠦᠯᠳᠡᠷᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ᠂ ᠰᠡᠯᠡᠭᠦᠴᠡᠨ | ᠠᠮᠠᠷᠠᠬᠤ ᠰᠢᠨ᠎ᠡ ᠬᠠᠪᠲᠠᠭᠠᠢ ᠶᠢ ᠪᠣᠶ ᠪᠣᠯᠭᠠᠨ᠎ᠠ᠃ ᠴᠠᠭᠠᠨ ᠰᠠᠷ᠎ᠠ᠂ ᠲᠠᠪᠤᠨ ᠰᠠᠷ᠎ᠠ ᠶᠢᠨ ᠨᠢᠭᠡᠨ᠂ ᠤᠯᠤᠰ ᠤᠨ ᠪᠠᠶᠠᠷ | ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠶᠢ ᠰᠠᠶᠢᠬᠠᠨ ᠲᠥᠰᠥᠪᠯᠡᠵᠦ᠂ ᠵᠤᠤ ᠵᠢᠶᠦ᠋ᠨ ᠤ ᠰᠣᠶᠣᠯ ᠤᠨ ᠨᠠᠶᠢᠷ᠂ | ᠮᠠᠷᠠᠽᠤᠨ᠂ ᠮᠥᠰᠥ ᠴᠠᠰᠤᠨ ᠤ ᠪᠠᠶᠠᠷ ᠵᠡᠷᠭᠡ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ | ᠤᠷᠤᠰᠬᠠᠯᠲᠤ ᠤᠳᠤᠨ᠂ ᠨᠠᠷᠠᠲᠠᠢ ᠬᠠᠮᠲᠤᠯᠢᠭ ᠵᠡᠷᠭᠡ ᠶᠢᠨ ᠲᠣᠭᠯᠠᠯᠲᠠ ᠶᠢ ᠵᠠᠬ᠎ᠠ ᠳᠡᠯᠭᠡᠭᠦᠷᠴᠢᠯᠡᠨ ᠡᠷᠬᠢᠯᠡᠵᠦ᠂ ︽ | ᠭᠠᠷᠠᠭ ᠪᠣᠯᠭᠠᠨ ᠬᠥᠳᠡᠯᠭᠡᠭᠡᠨ ᠲᠠᠢ᠂ ᠰᠠᠷ᠎ᠠ ᠪᠣᠯᠭᠠᠨ ᠣᠨᠴᠠᠯᠢᠭ ᠲᠠᠢ᠂ ᠪᠦᠬᠦ ᠵᠢᠯ ᠳᠤ ᠡᠭᠦᠳᠡ ᠪᠠᠨ ᠬᠠᠭᠠᠬᠤ | ᠦᠭᠡᠢ︾ ᠪᠠᠶᠢᠬᠤ ᠶᠢ ᠪᠠᠲᠤᠯᠠᠨ᠎ᠠ᠃ | ᠶᠡᠷᠦᠩᠬᠡᠢ ᠬᠡᠯᠲᠡᠰ ᠤᠨ ᠠᠵᠤ ᠠᠬᠤᠢ᠂ ᠬᠦᠢᠰᠦ ᠶᠢᠨ ᠠᠵᠤ ᠠᠬᠤᠢ ᠶᠢᠨ ︽ᠰᠢᠨ᠎ᠡ ᠳᠠᠪᠠᠭᠤᠯᠢᠭ︾ ᠢ | ᠪᠣᠶᠢᠵᠢᠭᠤᠯᠤᠨ᠎ᠠ᠃ ᠬᠤᠸᠠ ᠸᠧᠢ ᠶᠢᠨ ᠥᠪᠥᠷ ᠮᠣᠩᠭᠤᠯ ᠤᠨ ᠣᠷᠣᠨ ᠪᠦᠰᠡ ᠶᠢᠨ ᠲᠥᠪ᠂ ᠰᠠᠨᠰᠠᠷ ᠤᠨ ᠠᠶᠠᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ ᠶᠡᠷᠦᠩᠬᠡᠢ | ᠬᠡᠯᠲᠡᠰ ᠤᠨ ᠰᠠᠭᠤᠷᠢᠨ ᠭᠠᠵᠠᠷ᠂ ᠽᠢ ᠭᠤᠸᠠᠩ ᠰᠢᠨᠬᠤᠸᠠ ᠭᠤᠷᠪᠠᠨ ᠣᠷᠣᠨ ᠪᠦᠰᠡ ᠶᠢᠨ ᠶᠡᠷᠦᠩᠬᠡᠢ ᠬᠡᠯᠲᠡᠰ᠂ | ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠣᠷᠣᠨ ᠪᠦᠰᠡ ᠶᠢᠨ ᠶᠡᠷᠦᠩᠬᠡᠢ ᠬᠡᠯᠲᠡᠰ ᠤᠨ | ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠰᠠᠨ ᠰᠢᠶᠠ᠂ | ᠶᠤᠸᠠᠨ ᠵᠢᠩ ᠵᠡᠷᠭᠡ ᠶᠡᠷᠦᠩᠬᠡᠢ ᠬᠡᠯᠲᠡᠰ ᠤᠨ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ | ᠠᠬᠢᠭᠤᠯᠵᠤ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ᠂ ᠳᠤᠮᠳᠠᠳᠤ ᠤᠯᠤᠰ ᠤᠨ | ᠨᠡᠭᠦᠷᠡᠰᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠵᠡᠷᠭᠡ ᠲᠣᠯᠣᠭᠠᠢ ᠶᠢᠨ ᠬᠡᠰᠡᠭ ᠤᠨ ᠠᠵᠤ | ᠠᠬᠤᠶᠢᠯᠠᠯ ᠢ ᠮᠠᠨ ᠤ ᠬᠤᠲᠠ ᠳᠤ ᠣᠷᠣᠨ ᠪᠦᠰᠡ ᠶᠢᠨ ᠶᠡᠷᠦᠩᠬᠡᠢ ᠬᠡᠯᠲᠡᠰ ᠪᠠᠶᠢᠭᠤᠯᠬᠤ ᠪᠠᠷ ᠴᠢᠷᠮᠠᠶᠢᠨ᠎ᠠ᠃ ᠬᠤᠸᠠ | ᠴᠢᠶᠠᠩ ᠤᠨ ᠲᠤᠭ᠎ᠠ ᠣᠶᠣᠨ᠂ ᠴᠤᠤ ᠫᠠᠢ ᠰᠢᠨ᠎ᠡ ᠮᠠᠲ᠋ᠧᠷᠢᠶᠠᠯ᠂ ᠲᠠᠯ᠎ᠠ ᠨᠤᠲᠤᠭ ᠤᠨ ᠤᠯᠠᠭᠠᠨ ᠨᠠᠷᠠ᠂ ᠰᠢᠶᠠᠨ ᠬᠤᠩ | ᠰᠢᠨᠵᠢᠯᠡᠬᠦ ᠤᠬᠠᠭᠠᠨ ᠮᠡᠷᠭᠡᠵᠢᠯ᠂ ᠵᠥᠩ ᠬᠤᠸᠠᠨ ᠠᠵᠤ ᠦᠢᠯᠡᠳᠪᠦᠷᠢ ᠠᠷᠠᠯᠵᠢᠶ᠎ᠠ ᠵᠡᠷᠭᠡ ᠠᠵᠤ ᠠᠬᠤᠶᠢᠯᠠᠯ ᠢ | ᠬᠥᠮᠥᠵᠢᠭᠦᠯᠦᠨ ᠫᠠᠶᠢᠰᠠ ᠡᠯᠭᠦᠨ ᠵᠠᠬ᠎ᠠ ᠳᠡᠯᠭᠡᠭᠦᠷ ᠲᠤ ᠭᠠᠷᠭᠠᠨ᠎ᠠ᠃ ᠬᠤᠷᠢᠨᠭᠡᠷ ᠤᠨ ᠮᠥᠩᠭᠦᠨ ᠭᠦᠢᠯᠭᠡᠭᠡᠨ ᠤ ᠲᠤᠭ᠎ᠠ | ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠲᠤᠭ᠎ᠠ | ᠪᠠᠷᠢᠮᠲᠠ ᠶᠢᠨ ᠮᠥᠩᠭᠦᠨ ᠭᠦᠢᠯᠭᠡᠭᠡᠨ ᠤ ᠲᠥᠪ ᠢ ᠪᠠᠶᠢᠭᠤᠯᠤᠨ᠎ᠠ᠃ ᠱᠧᠨ ᠲᠦᠩ ᠣᠶᠤᠨᠲᠤ ᠡᠯᠧᠺᠲᠷᠣᠨ | ᠬᠤᠳᠠᠯᠳᠤᠭᠠᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠶᠦᠨ ᠳ᠋ᠡ ᠲᠦᠷᠭᠡᠨ ᠬᠦᠷᠭᠡᠯᠲᠡ ᠶᠢᠨ ᠥᠪᠥᠷ | ᠮᠣᠩᠭᠤᠯ ᠤᠨ ᠡᠯᠧᠺᠲᠷᠣᠨ ᠬᠤᠳᠠᠯᠳᠤᠭᠠᠨ ᠤ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ | ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠮᠢᠩ ᠫᠢᠨ ᠹᠦ᠋᠂ ᠵᠦᠩ ᠨᠦᠩ ᠯᠢᠶᠠᠨ᠂ ᠴᠢᠩ ᠴᠧᠩ ᠬᠥᠷᠥᠩᠭᠡ ᠶᠢᠨ | ᠬᠦᠢᠲᠡᠨ ᠬᠡᠯᠬᠢᠶ᠎ᠡ᠂ ᠤᠯᠤᠰ ᠤᠨ ᠠᠮᠤ ᠪᠤᠳᠠᠭ᠎ᠠ ᠲᠣᠰᠣ ᠨᠥᠭᠡᠴᠡᠯᠡᠬᠦ ᠺᠣᠮᠫᠠᠨᠢ ᠶᠢᠨ ᠠᠮᠢᠳᠤᠷᠠᠯ ᠤᠨ ᠡᠳ᠋ ᠪᠣᠳᠠᠰ ᠤᠨ | ᠪᠠᠲᠤᠯᠠᠭ᠎ᠠ ᠶᠢᠨ ᠲᠥᠪ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠨ᠎ᠡ᠃ | ︵ᠳᠥᠷᠪᠡ︶ ᠣᠷᠣᠨ ᠤ ᠲᠥᠪ ᠬᠤᠲᠠ ᠶᠢᠨ ᠣᠨᠴᠠᠯᠢᠭ ᠲᠠᠢ ᠣᠲᠣ ᠦᠶ᠎ᠡ ᠶᠢᠨ ᠲᠠᠷᠢᠶᠠᠯᠠᠩ ᠢ ᠰᠡᠳᠬᠢᠯ | ᠲᠠᠯᠪᠢᠨ ᠴᠣᠭᠴᠠᠯᠠᠨ᠎ᠠ | ᠬᠤᠳᠠ ᠶᠢᠨ ᠲᠠᠷᠢᠶᠠᠯᠠᠩ ᠢ ᠭᠤᠣᠯᠳᠠᠯᠭ᠎ᠠ ᠲᠠᠢ ᠬᠥᠭᠵᠢᠭᠦᠯᠦᠨ᠎ᠡ᠃ ︽ᠨᠢᠭᠡ ᠴᠠᠭᠠᠷᠢᠭ ᠨᠢᠭᠡ ᠲᠣᠭᠤᠷᠢᠭ | ᠬᠤᠶᠠᠷ ᠵᠢᠭᠦᠷ ᠳᠥᠷᠪᠡᠨ ᠬᠠᠪᠲᠠᠭᠠᠢ︾ ᠶᠢᠨ ᠲᠠᠷᠢᠶᠠᠯᠠᠩ ᠤᠨ ᠶᠡᠷᠦᠩᠬᠡᠢ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠥᠪᠥᠷ ᠮᠣᠩᠭᠤᠯ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠬᠦ | ᠣᠷᠣᠨ ᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠬᠤᠩ ᠹᠦ᠋ ᠵᠡᠷᠭᠡ 17 | ᠲᠠᠷᠢᠶᠠᠯᠠᠩ ᠤᠨ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 2 ᠲᠣᠮᠣ ᠪᠡᠯᠡᠳᠭᠡᠮᠵᠢᠳᠤ ᠲᠠᠷᠢᠶᠠᠯᠠᠩ ᠤᠨ | ᠬᠥᠭᠵᠢᠯᠲᠡ ᠶᠢᠨ ᠭᠤᠣᠯ ᠣᠷᠣᠨ᠂ 5 ᠪᠡᠯᠡᠳᠭᠡᠮᠵᠢᠳᠤ ᠲᠠᠷᠢᠶᠠᠯᠠᠩ ᠤᠨ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ᠂ 10 ᠪᠡᠯᠡᠳᠭᠡᠮᠵᠢᠳᠤ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ | ᠪᠠᠶᠢᠭᠤᠯᠵᠤ᠂ 1 ᠲᠦᠮᠡᠨ ᠮᠦ ᠪᠡᠯᠡᠳᠭᠡᠮᠵᠢᠳᠤ ᠲᠠᠷᠢᠶᠠᠯᠠᠩ ᠢ ᠰᠢᠨ᠎ᠡ ᠪᠠᠷ ᠨᠡᠮᠡᠭᠳᠡᠭᠦᠯᠦᠨ᠂ 5000 ᠮᠦ ᠶᠢ | ᠥᠭᠡᠷᠡᠴᠢᠯᠡᠨ ᠳᠡᠭᠡᠭᠰᠢᠯᠡᠭᠦᠯᠦᠨ᠎ᠡ᠃ ᠲᠦᠮᠡᠳ ᠵᠡᠭᠦᠨ ᠬᠤᠰᠢᠭᠤ᠂ ᠦᠴᠦᠸᠠᠨ ᠰᠢᠶᠠᠨ ᠤ ᠤᠯᠤᠰ ᠤᠨ ᠲᠠᠰ ᠤᠨ | ᠲᠠᠷᠢᠶᠠᠯᠠᠩ ᠠᠵᠤ ᠠᠬᠤᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ | ᠳᠠᠷᠢᠵᠤ ᠲᠡᠵᠢᠭᠡᠨ ᠦᠷᠡᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠢᠳᠡᠰᠢᠨ ᠨᠣᠭᠤᠭ᠎ᠠ ᠪᠠ | ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ︽ᠬᠤᠯᠢᠰᠢᠨ | ᠨᠣᠭᠤᠭ᠎ᠠ︾ ᠶᠢᠨ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠵᠠᠳᠠᠭᠠᠢ ᠭᠠᠵᠠᠷ ᠤᠨ ᠢᠳᠡᠰᠢᠨ | ᠨᠣᠭᠤᠭ᠎ᠠ ᠳᠠᠷᠢᠬᠤ ᠲᠠᠯᠠᠪᠠᠢ ᠶᠢ 5000 ᠮᠦ ᠰᠢᠨ᠎ᠡ ᠪᠠᠷ ᠨᠡᠮᠡᠭᠳᠡᠭᠦᠯᠦᠨ᠎ᠡ︔ ᠡᠷᠳᠡᠨᠢ ᠰᠢᠰᠢ ᠶᠢᠨ ᠥᠨᠳᠥᠷ | ᠤᠨᠠᠯᠲᠠ ᠲᠠᠢ ᠲᠣᠭᠲᠠᠭᠤᠨ ᠤᠨᠠᠯᠲᠠ ᠲᠠᠢ ᠴᠢᠳᠠᠪᠤᠷᠢ ᠶᠢᠨ ᠣᠷᠣᠨ ᠢ 370 ᠲᠦᠮᠡᠨ ᠮᠦ ᠲᠥᠪᠯᠡᠷᠡᠭᠦᠯᠦᠨ | ᠪᠦᠲᠦᠭᠡᠨ ᠪᠠᠶᠢᠭᠤᠯᠵᠤ᠂ 14.5 ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ | ᠪᠠᠶᠢᠭᠤᠯᠤᠨ᠂ 13 ᠲᠦᠮᠡᠨ ᠮᠦ ᠶᠢ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠵᠦ᠂ 50 ᠲᠦᠮᠡᠨ ᠮᠦ | ᠬᠤᠵᠢᠷᠯᠢᠭ ᠭᠠᠵᠠᠷ ᠢ ᠰᠠᠶᠢᠵᠢᠷᠠᠭᠤᠯᠤᠨ ᠠᠰᠢᠭᠯᠠᠨ᠎ᠠ᠃ ᠡᠪᠡᠰᠦ ᠪᠣᠷᠳᠤᠭ᠎ᠠ ᠶᠢᠨ ᠰᠠᠭᠤᠷᠢᠨ ᠭᠠᠵᠠᠷ ᠪᠠ ᠰᠠᠭᠠᠯᠢ ᠶᠢᠨ | ᠦᠨᠢᠶ᠎ᠡ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠪᠠᠲᠤᠯᠠᠵᠤ᠂ ᠬᠡᠪᠴᠢᠶᠡᠵᠢᠭᠦᠯᠦᠭᠰᠡᠨ | ᠴᠠᠷᠭᠠᠰᠤ ᠶᠢᠨ ᠲᠠᠷᠢᠮᠠᠯ ᠤᠨ ᠰᠠᠭᠤᠷᠢᠨ ᠭᠠᠵᠠᠷ ᠢ 12᠂ ᠬᠡᠪᠴᠢᠶᠡᠵᠢᠭᠦᠯᠦᠭᠰᠡᠨ ᠨᠣᠬᠠᠢ ᠶᠢᠨ ᠬᠤᠰᠢᠭᠤ ᠳᠠᠷᠢᠬᠤ | ᠰᠠᠭᠤᠷᠢᠨ ᠭᠠᠵᠠᠷ ᠢ 10 ᠪᠠᠶᠢᠭᠤᠯᠵᠤ᠂ ᠡᠪᠡᠰᠦ ᠪᠣᠷᠳᠤᠭ᠎ᠠ ᠶᠢᠨ ᠲᠠᠷᠢᠮᠠᠯ ᠤᠨ ᠶᠡᠷᠦᠩᠬᠡᠢ ᠲᠠᠯᠠᠪᠠᠶ ᠶᠢ 160 | ᠲᠦᠮᠡᠨ ᠮᠦ ᠠᠴᠠ ᠳᠠᠪᠠᠭᠤᠯᠤᠨ᠎ᠠ︔ 4 ᠲᠦᠮᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠢ ᠠᠰᠢᠭᠯᠠᠯᠲᠠ ᠳᠤ ᠣᠷᠣᠭᠤᠯᠵᠤ᠂ ᠶᠧᠦ ᠷᠠᠨ ᠮᠠᠯ ᠠᠵᠤ ᠠᠬᠤᠢ ᠶᠢᠨ ᠰᠠᠶᠢᠷᠲᠤ ᠠᠶᠢᠯ ᠤᠨ ᠲᠡᠵᠢᠭᠡᠨ | ᠦᠷᠡᠵᠢᠭᠦᠯᠬᠦ ᠬᠦᠷᠢᠶᠡᠯᠡᠩ ᠲᠣᠭᠤᠷᠢᠭ᠂ ᠲᠣᠭᠲᠠᠬᠤ ᠰᠢᠶᠠᠨ ᠤ 18 ᠲᠦᠮᠡᠨ ᠰᠠᠭᠠᠯᠢ ᠶᠢᠨ ᠦᠨᠢᠶ᠎ᠡ ᠶᠢᠨ ᠪᠣᠬᠢᠷᠲᠤᠯ | ᠦᠭᠡᠢ ᠣᠶᠤᠨᠴᠢ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠠᠶᠢᠭᠤᠯᠤᠯᠲᠠ ᠶᠢ | ᠲᠦᠷᠭᠡᠳᠬᠡᠵᠦ᠂ 6 ᠲᠦᠮᠡᠨ ᠰᠠᠭᠠᠯᠢ ᠶᠢᠨ ᠦᠨᠢᠶ᠎ᠡ ᠶᠢ ᠰᠢᠨ᠎ᠡ ᠪᠠᠷ ᠨᠡᠮᠡᠭᠳᠡᠭᠦᠯᠦᠨ᠎ᠡ᠃ | ᠬᠥᠳᠡᠭᠡ ᠲᠣᠰᠬᠤᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠲᠠᠷᠢᠶᠠᠯᠠᠩ ᠠᠵᠤ | ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠵᠦ᠂ ᠵᠢᠱᠢᠶ᠎ᠡ ᠦᠵᠡᠭᠦᠯᠬᠦ ᠬᠤᠷᠰᠢᠶ᠎ᠠ ᠶᠢ 40 ᠠᠴᠠ ᠳᠡᠭᠡᠭᠰᠢ᠂ | ᠵᠢᠱᠢᠶ᠎ᠡ ᠦᠵᠡᠭᠦᠯᠬᠦ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢ 30 ᠠᠴᠠ ᠳᠡᠭᠡᠭᠰᠢ ᠡᠭᠦᠳᠦᠨ | ᠪᠠᠶᠢᠭᠤᠯᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ 66 | ᠪᠣᠶᠢᠵᠢᠭᠤᠯᠤᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠤᠯᠤᠰ ᠤᠨ ᠲᠠᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ | ᠦᠵᠡᠭᠦᠯᠬᠦ ᠰᠢᠶᠠᠨ ᠢ 2 ᠡᠭᠦᠳᠦᠨ ᠪᠠᠶᠢᠭᠤᠯᠤᠨ᠎ᠠ᠃ ᠬᠤᠪᠢ ᠬᠤᠷᠠᠮᠳᠤᠭᠤᠯᠬᠤ ᠳᠦᠷᠢᠮ᠂ ᠶᠣᠰᠣ ᠰᠤᠷᠲᠠᠬᠤᠨ ᠤ | ᠦᠨᠡᠯᠡᠯᠲᠡ ᠶᠢᠨ ᠬᠤᠷᠠᠯ᠂ ᠲᠣᠰᠬᠤᠨ ᠤ ᠳᠦᠷᠢᠮ ᠠᠷᠠᠳ ᠤᠨ ᠭᠡᠷ᠎ᠡ ᠵᠡᠷᠭᠡ ᠶᠢᠨ ᠦᠢᠯᠡᠳᠦᠯ ᠢ ᠪᠠᠳᠠᠷᠠᠭᠤᠯᠵᠤ᠂ | ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠥᠳᠡᠭᠡ | ᠲᠣᠰᠬᠤᠨ ᠤ ᠪᠣᠳᠠᠰ ᠤᠨ ᠪᠣᠯᠪᠠᠰᠤᠨ ᠢ ᠰᠠᠶᠢᠲᠤᠷ ᠪᠠᠶᠢᠭᠤᠯᠬᠤ ᠪᠠᠷ ᠪᠠᠷᠠᠬᠤ ᠦᠭᠡᠢ ᠨᠡᠩ ᠴᠤ ᠤᠶᠤᠨ ᠤ | ᠪᠣᠯᠪᠠᠰᠤᠨ ᠢ ᠰᠠᠶᠢᠲᠤᠷ ᠪᠠᠶᠢᠭᠤᠯᠤᠨ᠎ᠠ᠃ | ︵ᠲᠠᠪᠤ︶ ᠴᠢᠨᠠᠷ ᠰᠠᠶᠢᠲᠠᠢ ᠬᠤᠲᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠪᠠᠷ | ᠳᠡᠮᠵᠢᠨ᠂ ᠣᠷᠣᠨ ᠤ ᠲᠥᠪ ᠬᠤᠲᠠ ᠶᠢ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠪᠣᠯᠭᠠᠨ ᠪᠦᠲᠦᠭᠡᠨ | ᠪᠠᠶᠢᠭᠤᠯᠬᠤ ᠪᠠᠷ ᠴᠢᠷᠮᠠᠶᠢᠨ᠎ᠠ | ᠬᠤᠳᠠ ᠶᠢᠨ ᠵᠠᠮ ᠤᠨ ᠲᠣᠣᠷ ᠢ ᠰᠠᠭᠠᠳ ᠦᠭᠡᠢ ᠨᠡᠪᠲᠡᠷᠡᠭᠦᠯᠦᠨ᠎ᠡ᠃ ᠬᠥᠬᠡᠬᠤᠲᠠ ᠶᠢᠨ ᠰᠢᠨ᠎ᠡ ᠨᠢᠰᠬᠡᠯ ᠤᠨ | ᠪᠠᠭᠤᠳᠠᠯ ᠵᠢᠴᠢ ᠢᠵᠢ ᠪᠦᠷᠢᠳᠦᠭᠦᠯᠬᠦ ᠪᠠᠷᠢᠯᠭ᠎ᠠ ᠶᠢᠨ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠶᠢ ᠠᠬᠢᠭᠤᠯᠵᠤ᠂ | ᠯᠣᠸ ᠨᠢᠦ ᠸᠠᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ | ᠣᠷᠣᠭᠤᠯᠵᠤ᠂ ᠬᠥᠬᠡᠬᠤᠲᠠ ᠠᠴᠠ ᠣᠷᠳᠣᠰ ᠬᠦᠷᠬᠦ ᠲᠦᠷᠭᠡᠨ ᠤ ᠲᠡᠮᠦᠷ ᠵᠠᠮ ᠤᠨ ᠡᠮᠦᠨᠡᠬᠢ ᠬᠤᠭᠤᠴᠠᠭᠠᠨ ᠤ | ᠠᠵᠢᠯ ᠢ ᠡᠬᠢᠯᠡᠭᠦᠯᠵᠦ᠂ ᠬᠥᠬᠡᠬᠤᠲᠠ ᠠᠴᠠ ᠪᠤᠭᠤᠲᠤ ᠬᠦᠷᠬᠦ ᠲᠦᠷᠭᠡᠨ ᠤ ᠲᠡᠮᠦᠷ ᠵᠠᠮ ᠵᠢᠴᠢ ᠰᠤᠨᠤᠭᠰᠠᠨ ᠱᠤᠭᠤᠮ ᠢ | ᠤᠯᠤᠰ ᠤᠨ ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ S43 ᠨᠢᠰᠬᠡᠯ ᠤᠨ ᠪᠠᠭᠤᠳᠠᠯ ᠤᠨ ᠲᠦᠷᠭᠡᠨ ᠤ | ᠵᠠᠮ᠂ S29 ᠬᠥᠬᠡᠬᠤᠲᠠ ᠠᠴᠠ ᠯᠢᠶᠡᠩᠴᠧᠩ ᠬᠦᠷᠬᠦ ᠲᠦᠷᠭᠡᠨ ᠤ ᠵᠠᠮ᠂ S311 ᠦᠴᠦᠸᠠᠨ ᠠᠴᠠ ᠶᠠᠩ ᠱᠤ᠋ ᠪᠠ | ᠬᠦᠷᠬᠦ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ G59 ᠬᠥᠬᠡᠬᠤᠲᠠ ᠠᠴᠠ ᠪᠧᠢ ᠬᠠᠢ | ᠬᠦᠷᠬᠦ ᠲᠦᠷᠭᠡᠨ ᠤ ᠵᠠᠮ ᠬᠢᠭᠡᠳ 209 ᠤᠯᠤᠰ ᠤᠨ ᠵᠠᠮ ᠢ ᠬᠤᠯᠪᠣᠬᠤ ᠱᠤᠭᠤᠮ ᠢ ᠵᠢᠯ ᠤᠨ ᠳᠣᠲᠣᠷ᠎ᠠ ᠲᠡᠷᠭᠡ | ᠨᠡᠪᠲᠡᠷᠡᠭᠦᠯᠬᠦ ᠪᠠᠷ ᠴᠢᠷᠮᠠᠶᠢᠵᠤ᠂ S27 ᠬᠥᠬᠡᠬᠤᠲᠠ ᠠᠴᠠ ᠣᠷᠳᠣᠰ ᠬᠦᠷᠬᠦ ᠲᠦᠷᠭᠡᠨ ᠤ ᠵᠠᠮ ᠤᠨ ᠡᠮᠦᠨᠡᠬᠢ | ᠬᠤᠭᠤᠴᠠᠭᠠᠨ ᠤ ᠠᠵᠢᠯ ᠢ ᠲᠦᠷᠭᠡᠳᠬᠡᠨ᠎ᠡ᠃ ᠤᠯᠠᠨ ᠲᠦᠮᠡᠨ ᠤ ᠶᠠᠪᠤᠵᠤ ᠰᠠᠭᠤᠬᠤ ᠶᠢ ᠬᠦᠨᠳᠦ ᠨᠣᠴᠢᠲᠠᠢ | ᠨᠥᠯᠥᠭᠡᠯᠡᠭᠰᠡᠨ ᠨᠢᠭᠡ ᠪᠦᠯᠦᠭ ︽ᠮᠤᠬᠤᠷ ᠵᠠᠮ︾ ᠢ ᠨᠠᠪᠲᠠᠷᠡᠭᠦᠯᠵᠦ᠂ ᠨᠢᠭᠡ ᠪᠦᠯᠦᠭ ᠵᠡᠭᠡᠯᠢ ᠶᠢᠨ ᠠᠷᠤ ᠭᠤᠳᠤᠮᠵᠢ ᠶᠢ | ᠥᠭᠡᠷᠡᠴᠢᠯᠡᠨ ᠰᠠᠶᠢᠵᠢᠷᠠᠭᠤᠯᠵᠤ᠂ 108 ᠲᠡᠷᠭᠡᠨ ᠵᠣᠭᠰᠣᠭᠠᠯ ᠢ ᠥᠭᠡᠷᠡᠴᠢᠯᠡᠨ ᠥᠷᠭᠡᠳᠬᠡᠨ ᠪᠠᠶᠢᠭᠤᠯᠵᠤ᠂ ᠲᠡᠷᠭᠡ | ᠵᠣᠭᠰᠣᠬᠤ ᠪᠠᠶᠢᠷᠢ ᠶᠢ 4.4 ᠲᠦᠮᠡ ᠰᠢᠨ᠎ᠡ ᠪᠠᠷ ᠨᠡᠮᠡᠭᠳᠡᠭᠦᠯᠦᠨ᠎ᠡ᠃ | ᠬᠤᠳᠠ ᠬᠥᠬᠡᠬᠤᠲᠠ ᠶᠢᠨ 2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯᠬᠤᠳᠠ ᠶᠢᠨ | ᠰᠢᠨᠡᠴᠢᠯᠡᠯᠲᠡ ᠬᠢᠨ᠎ᠡ᠃ ︽ᠪᠠᠴᠢᠮ ᠪᠤᠰᠤ ᠪᠣᠯ ᠬᠡᠷᠡᠭᠵᠢᠭᠦᠯᠬᠦ ᠦᠭᠡᠢ᠂ ᠠᠷᠠᠳ ᠤᠨ ᠠᠮᠢᠳᠤᠷᠠᠯ ᠤᠨ ᠪᠤᠰᠤ ᠪᠣᠯ | ᠪᠦᠲᠦᠭᠡᠨ ᠪᠠᠶᠢᠭᠤᠯᠬᠤ ᠦᠭᠡᠢ︾ ᠪᠠᠶᠢᠬᠤ ᠵᠠᠷᠴᠢᠮ ᠢ ᠪᠠᠷᠢᠮᠲᠠᠯᠠᠨ᠂ ᠬᠤᠲᠠ ᠶᠢᠨ ᠵᠡᠭᠦᠨ ᠲᠠᠯ᠎ᠠ ᠶᠢᠨ ᠴᠠᠭᠠᠨ | ᠰᠤᠪᠤᠷᠭ᠎ᠠ ᠨᠢᠰᠬᠡᠯ ᠤᠨ ᠪᠠᠭᠤᠳᠠᠯ ᠵᠢᠴᠢ ᠡᠷᠬᠢᠨ ᠲᠣᠭᠤᠷᠢᠨ ᠤ ᠭᠠᠵᠠᠷ ᠤᠨ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠠᠵᠤ ᠠᠬᠤᠶᠢᠯᠠᠯ ᠤᠨ ᠶᠡᠷᠦᠩᠬᠡᠢ ᠬᠡᠯᠲᠡᠰ᠂ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠳᠡᠭᠡᠳᠦ ᠲᠠᠰ ᠤᠨ ᠠᠵᠤ ᠦᠢᠯᠡᠰ᠂ ᠣᠲᠣ ᠦᠶ᠎ᠡ ᠶᠢᠨ ᠠᠮᠢᠳᠤᠷᠠᠯ ᠤᠨ | ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠤᠨ᠎ᠠ᠃ ᠬᠤᠲᠠ ᠶᠢᠨ ᠪᠠᠷᠠᠭᠤᠨ ᠲᠠᠯ᠎ᠠ ᠳᠤ | ᠶᠠᠰᠤ ᠴᠢᠨᠠᠷ ᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠠᠵᠢᠯᠯᠠᠭ᠎ᠠ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠰᠠᠭᠤᠷᠢ | ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠵᠡᠷᠭᠡ ᠡᠬᠢ ᠪᠠᠶᠠᠯᠢᠭ ᠤᠨ ᠬᠦᠴᠦᠨ ᠵᠦᠢᠯ ᠢ ᠢᠦᠢ ᠴᠢᠤᠸᠠᠨ | ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ | ᠲᠡᠶᠢᠰᠢ ᠬᠡᠯᠪᠡᠶᠢᠯᠭᠡᠵᠦ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠬᠤᠲᠠ ᠶᠢᠨ ᠨᠢᠭᠡ | ᠴᠣᠭᠴᠠᠵᠢᠭᠤᠯᠤᠭᠰᠠᠨ ᠬᠠᠮᠢᠶᠠᠷᠤᠯᠲᠠ ᠳᠤ ᠣᠷᠣᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ | ᠪᠣᠰᠬᠠᠬᠤ ᠳᠤ ᠲᠣᠬᠢᠷᠠᠮᠵᠢᠲᠠᠢ᠂ ᠰᠡᠳᠬᠢᠯ ᠰᠠᠨᠠᠭᠠᠨ ᠳᠤ ᠲᠠᠭᠠᠯᠠᠮᠵᠢᠲᠠᠢ ᠰᠢᠨ᠎ᠡ ᠣᠷᠣᠨ ᠲᠣᠭᠤᠷᠢᠭ ᠪᠣᠯᠭᠠᠨ᠎ᠠ᠃ | 229 ᠬᠠᠭᠤᠴᠢᠨ ᠬᠤᠷᠢᠶᠠᠯᠠᠯ ᠢ ᠥᠭᠡᠷᠡᠴᠢᠯᠡᠵᠦ᠂ 3000 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ | ᠣᠷᠣᠨ ᠰᠠᠭᠤᠴᠠ ᠶᠢ ᠴᠤᠭᠯᠠᠭᠤᠯᠵᠤ᠂ 496 ᠬᠤᠷᠢᠶᠠᠯᠠᠯ ᠤᠨ ︽ᠤᠰᠤ ᠢᠳᠡᠬᠦ ᠳᠤ ᠬᠦᠴᠢᠷᠲᠡᠢ︾ ᠠᠰᠠᠭᠤᠳᠠᠯ ᠢ | ᠰᠢᠢᠳᠪᠦᠷᠢᠯᠡᠨ᠎ᠡ᠃ ᠤᠯᠤᠰ ᠠᠴᠠ ᠬᠤᠲᠠ ᠶᠢᠨ ᠳᠤᠮᠳᠠᠬᠢ ᠲᠣᠰᠬᠤᠨ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠬᠦ | ᠠᠵᠠ ᠲᠣᠬᠢᠶᠠᠯ ᠢ ᠠᠮᠵᠢᠵᠤ᠂ ᠪᠦᠦ ᠴᠢᠤᠸᠠᠨ ᠵᠤᠸᠠᠩ᠂ ᠱᠤᠸᠠᠢ ᠵᠢᠶᠠ ᠶᠢᠩ᠂ ᠹᠠᠨ ᠵᠢᠶᠠ ᠶᠢᠩ ᠵᠡᠷᠭᠡ ᠣᠷᠣᠨ | ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠬᠤᠳᠠ ᠶᠢᠨ ᠬᠡᠰᠡᠭ ᠪᠤᠰᠠᠭ ᠣᠷᠣᠨ ᠵᠠᠢ ᠶᠢ ᠵᠠᠰᠠᠨ | ᠲᠡᠭᠦᠯᠳᠡᠷᠵᠢᠭᠦᠯᠵᠦ᠂ ᠤᠯᠠᠨ ᠲᠦᠮᠡᠨ ᠤ ᠭᠡᠷ ᠤᠨ ᠡᠭᠦᠳᠡᠨ ᠳᠠᠬᠢ ᠴᠡᠴᠡᠷᠯᠢᠭ ᠵᠤᠭᠠᠴᠠᠯ ᠤᠨ ᠬᠦᠷᠢᠶᠡᠯᠡᠩ 200᠂ | ᠬᠤᠳᠠ ᠶᠢᠨ ᠨᠣᠭᠤᠭᠠᠨ ᠵᠠᠮ 200 ᠺᠢᠯᠣᠮᠧᠲᠷ᠂ ᠨᠣᠭᠤᠭᠠᠷᠠᠭᠤᠯᠤᠯᠲᠠ ᠶᠢᠨ ᠴᠡᠭ 1000 ᠶᠢ ᠨᠡᠭᠡᠭᠡᠨ ᠶᠠᠰᠤ | ᠴᠢᠨᠠᠷ ᠢ ᠳᠡᠭᠡᠭᠰᠢᠯᠡᠭᠦᠯᠵᠦ᠂ ᠠᠷᠠᠳ ᠤᠯᠠᠨ ︽ᠴᠣᠩᠬᠤ ᠪᠠᠨ ᠨᠡᠭᠡᠭᠡᠪᠡᠯ ᠨᠣᠭᠤᠭᠠᠨ ᠢ ᠬᠠᠷᠠᠵᠤ᠂ ᠡᠭᠦᠳᠡ ᠪᠠᠷ ᠭᠠᠷᠪᠠᠯ | ᠴᠡᠴᠡᠷᠯᠢᠭ ᠲᠤ ᠣᠷᠣᠬᠤ︾ ᠪᠣᠯᠭᠠᠨ᠎ᠠ᠃ | ᠬᠤᠳᠠ ᠶᠢᠨ ᠬᠠᠮᠢᠶᠠᠷᠤᠯᠲᠠ ᠶᠢ ᠨᠠᠷᠢᠯᠢᠭ ᠬᠢᠨ᠎ᠡ᠃ ᠬᠤᠲᠠ ᠶᠢᠨ ᠳᠦᠷᠰᠦ ᠪᠠᠶᠢᠳᠠᠯ᠂ ᠪᠣᠯᠪᠠᠰᠤᠨ ᠵᠠᠮ | ᠬᠠᠷᠢᠯᠴᠠᠭ᠎ᠠ᠂ ᠠᠳᠠᠯ ᠠᠬᠤᠢ ᠶᠢᠨ ᠦᠢᠯᠡᠴᠢᠯᠡᠭᠡ ᠵᠡᠷᠭᠡ ᠶᠢ ᠳᠠᠬᠢᠨ ᠴᠡᠭᠴᠡᠯᠡᠨ ᠵᠠᠰᠠᠵᠤ᠂ ᠶᠠᠰᠤ ᠴᠢᠨᠠᠷ ᠢ ᠳᠠᠬᠢᠨ | ᠳᠡᠭᠡᠭᠰᠢᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ | ᠬᠤᠳᠠ ᠶᠢᠨ ᠬᠠᠮᠢᠶᠠᠷᠤᠯᠲᠠ ᠶᠢ ᠲᠣᠭᠠᠴᠢᠯᠠᠭᠰᠠᠨ ᠬᠡᠯᠪᠡᠷᠢ ᠵᠦᠭ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠢ | ᠲᠦᠯᠬᠢᠨ ᠠᠬᠢᠭᠤᠯᠵᠤ᠂ ᠣᠶᠤᠨᠲᠤ ᠵᠠᠮ ᠬᠠᠷᠢᠯᠴᠠᠭ᠎ᠠ᠂ ᠣᠶᠤᠨᠲᠤ ᠬᠤᠳᠠ ᠶᠢᠨ ᠬᠠᠮᠢᠶᠠᠷᠤᠯᠲᠠ᠂ ᠣᠶᠤᠨᠲᠤ ᠬᠢᠨᠠᠨ | ᠵᠥᠪᠰᠢᠶᠡᠷᠡᠯ᠂ ᠨᠡᠶᠢᠲᠡ ᠶᠢᠨ ᠳᠤᠭᠤᠢ ᠲᠡᠷᠭᠡ ᠶᠢᠨ ᠣᠶᠤᠨᠲᠤ ᠬᠢᠨᠠᠯᠲᠠ ᠬᠠᠮᠢᠶᠠᠷᠤᠯᠲᠠ ᠵᠡᠷᠭᠡ ᠲᠠᠪᠴᠠᠩ ᠤᠨ | ᠲᠦᠷᠦᠯ ᠵᠦᠢᠯ ᠢ ᠭᠦᠨᠵᠡᠭᠡᠢ ᠬᠡᠷᠡᠭᠵᠢᠭᠦᠯᠵᠦ᠂ 110 ᠰᠠᠯᠠᠭ᠎ᠠ ᠮᠥᠴᠢᠷ ᠤᠨ ᠰᠢᠰᠲ᠋ᠧᠮ ᠤᠨ ᠲᠤᠭ᠎ᠠ ᠪᠠᠷᠢᠮᠲᠠ ᠶᠢ | ᠬᠤᠳᠠ ᠶᠢᠨ ᠶᠡᠭᠡ ᠲᠠᠷᠢᠬᠢᠨ ᠳᠤ ︽ᠵᠠᠯᠭᠠᠵᠤ ᠪᠣᠯᠬᠤ ᠶᠢ ᠪᠦᠬᠦᠨ ᠢ ᠵᠠᠯᠭᠠᠵᠤ᠂ ᠬᠤᠷᠢᠶᠠᠩᠭᠤᠶᠢᠯᠠᠵᠤ ᠪᠣᠯᠬᠤ ᠶᠢ | ᠪᠦᠬᠦᠨ ᠢ ᠬᠤᠷᠢᠶᠠᠩᠭᠤᠶᠢᠯᠠᠵᠤ᠂ ᠬᠡᠷᠡᠭᠯᠡᠵᠦ ᠪᠣᠯᠬᠤ ᠶᠢ ᠪᠦᠬᠦᠨ ᠢ ᠬᠡᠷᠡᠭᠯᠡᠵᠦ︾᠂ ︽ᠳᠡᠯᠭᠡᠴᠡ ᠠᠴᠠ ᠪᠦᠬᠦ ᠬᠤᠳᠠ ᠶᠢ | ᠬᠠᠷᠠᠵᠤ᠂ ᠲᠤᠭ᠎ᠠ ᠪᠠᠷᠢᠮᠲᠠ ᠪᠦᠬᠦ ᠣᠷᠣᠨ ᠪᠦᠰᠡ ᠳᠤ ᠨᠡᠪᠲᠡᠷᠡᠬᠦ︾ ᠶᠢ ᠲᠦᠷᠭᠡᠨ ᠪᠡᠶᠡᠯᠡᠭᠦᠯᠦᠨ᠎ᠡ᠃ | | | ︵ᠵᠢᠷᠭᠤᠭ᠎ᠠ︶ ᠠᠮᠢ ᠠᠬᠤᠢ ᠶᠢᠨ ᠬᠠᠮᠠᠭᠠᠯᠠᠯᠲᠠ ᠶᠢ ᠴᠠᠭ ᠢᠮᠠᠭᠲᠠ ᠡᠮᠦᠨ᠎ᠡ ᠪᠠᠨ ᠪᠠᠷᠢᠵᠤ᠂ ᠪᠣᠬᠢᠷᠲᠤᠯ ᠦᠭᠡᠢ | ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠨ᠎ᠠ | ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠪᠦᠬᠦ ᠬᠦᠴᠦ ᠪᠠᠷ ᠢᠶᠠᠨ | ᠠᠳᠬᠤᠨ᠎ᠠ᠃ ᠤᠯᠤᠰ ᠤᠨ ᠠᠭᠤᠷ ᠠᠮᠢᠰᠬᠤᠯ ᠵᠣᠬᠢᠴᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠬᠤᠲᠠ ᠶᠢ ᠭᠤᠶᠤᠴᠢᠯᠠᠨ ᠮᠡᠳᠡᠭᠦᠯᠵᠦ᠂ ᠦᠯᠡᠳᠡᠭᠰᠡᠨ 5.56 ᠲᠦᠮᠡᠨ ᠡᠷᠦᠬᠡ ᠶᠢᠨ ᠲᠦᠯᠡᠰᠢᠨ | ᠨᠡᠭᠦᠷᠡᠰᠦ ᠶᠢ ᠰᠤᠯᠠ ᠰᠢᠲᠠᠭᠠᠬᠤ ᠶᠡᠷᠦᠩᠬᠡᠶᠢᠯᠡᠭᠰᠡᠨ ᠵᠠᠰᠠᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠣᠷᠣᠨ ᠤ ᠲᠥᠪ | ᠬᠤᠲᠠ ᠶᠢᠨ ᠠᠭᠤᠷ ᠠᠮᠢᠰᠬᠤᠯ ᠢ ᠨᠠᠩ ᠰᠢᠨ᠎ᠡ ᠰᠣᠷᠭᠤᠭ ᠪᠣᠯᠭᠠᠨ᠎ᠠ᠃ ᠣᠷᠣᠨ ᠤ ᠲᠥᠪ ᠬᠤᠲᠠ ᠶᠢᠨ ᠠᠯᠤᠰ | ᠢᠷᠡᠭᠡᠳᠦᠢ ᠶᠢᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠬᠤ ᠬᠠᠲᠤᠨ ᠭᠤᠣᠯ ᠤᠨ ᠤᠰᠤ ᠶᠢ ᠬᠥᠬᠡᠬᠤᠲᠠ ᠳᠤ | ᠲᠠᠲᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ︔ ᠬᠤᠲᠠ ᠶᠢᠨ | ᠲᠠᠰ ᠤᠨ ᠤᠰᠤᠨ ᠤ ᠲᠣᠣᠷ ᠢ ᠲᠦᠷᠭᠡᠳᠬᠡᠨ ᠪᠠᠶᠢᠭᠤᠯᠤᠨ ᠲᠡᠭᠦᠯᠳᠡᠷᠵᠢᠭᠦᠯᠵᠦ᠂ ᠨᠠᠩ ᠣᠯᠠᠨ ᠲᠥᠷᠥᠯ ᠵᠦᠢᠯ ᠢ | ᠤᠯᠤᠰ᠂ ᠥᠪᠡᠷᠲᠡᠭᠡᠨ ᠵᠠᠰᠠᠬᠤ ᠣᠷᠣᠨ ᠤ ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ︔ ᠲᠣᠭᠲᠠᠬᠤ ᠴᠢᠩ | ᠱᠦᠢ ᠾᠧ ᠶᠢᠨ ᠬᠦᠷᠢᠶᠡᠯᠡᠩ ᠲᠣᠭᠤᠷᠢᠭ ᠤᠨ ᠳᠠᠬᠢᠯᠲᠠ ᠤᠰᠤ ᠶᠢ ᠬᠤᠯᠠ ᠳᠠᠮᠵᠢᠭᠤᠯᠬᠤ ᠬᠤᠭᠤᠯᠠᠢ ᠶᠢᠨ | ᠲᠣᠣᠷ ᠤᠨ ᠪᠠᠷᠢᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠳᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ | ᠰᠢᠰᠢ ᠶᠢᠨ ᠪᠠᠶᠢᠰᠢᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠦᠯᠡᠳᠡᠭᠳᠡᠯ ᠤᠰᠤ ᠶᠢ ᠨᠤᠭᠤ | ᠭᠠᠵᠠᠷ ᠢᠶᠠᠷ ᠴᠡᠪᠡᠷᠰᠢᠭᠦᠯᠬᠦ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠣᠷᠣᠨ ᠤ ᠲᠥᠪ | ᠬᠤᠲᠠ ᠶᠢᠨ ᠬᠡᠷᠡᠭᠯᠡᠬᠦ ᠤᠰᠤ ᠶᠢ ᠨᠡᠩ ᠪᠠᠲᠤᠯᠠᠭ᠎ᠠ ᠲᠠᠢ ᠪᠣᠯᠭᠠᠨ᠎ᠠ᠃ ︽ᠬᠠᠶᠠᠭᠳᠠᠮᠠᠯ ᠪᠣᠳᠠᠰ ᠦᠭᠡᠢ ᠬᠤᠲᠠ︾ ᠶᠢᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 15 ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠦᠨ᠂ 42 ︽ᠬᠠᠶᠠᠭᠳᠠᠮᠠᠯ ᠦᠭᠡᠢ ᠡᠰ︾ ᠢ ᠡᠭᠦᠳᠦᠨ | ᠪᠠᠶᠢᠭᠤᠯᠵᠤ᠂ 49 ᠬᠦᠳᠡᠷ ᠤᠨ ᠰᠢᠭᠠᠷᠤ ᠶᠢᠨ ᠬᠥᠮᠥᠷᠭᠡ ᠶᠢᠨ ᠵᠠᠰᠠᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ︔ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ | ᠪᠣᠬᠢᠷᠲᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠣᠬᠢᠷᠲᠤᠭᠰᠠᠨ ᠭᠠᠵᠠᠷ ᠪᠠ | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠠᠮᠤᠷ ᠲᠦᠪᠰᠢᠨ ᠠᠰᠢᠭᠯᠠᠯᠲᠠ ᠶᠢᠨ | ᠨᠣᠷᠮ᠎ᠠ ᠶᠢ 100% ᠳᠡᠭᠡᠷ᠎ᠡ ᠪᠠᠲᠤᠯᠠᠨ᠎ᠠ᠃ | ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠤᠯᠤᠰ ᠤᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠦᠵᠡᠰᠬᠦᠯᠡᠩᠲᠦ | ᠰᠠᠶᠢᠬᠠᠨ ᠬᠤᠲᠠ ᠪᠠᠯᠭᠠᠰᠤ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠡᠭᠦᠳᠦᠨ | ᠪᠠᠶᠢᠭᠤᠯᠬᠤ ᠠᠵᠢᠯ ᠢ ᠥᠷᠨᠢᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠵᠠᠭᠪᠤᠷ ᠢ ᠪᠤᠢ ᠪᠣᠯᠭᠠᠨ᠎ᠠ︔ ᠠᠮᠢᠳᠤ ᠪᠣᠳᠠᠰ ᠤᠨ ᠤᠯᠠᠨ ᠶᠠᠩᠵᠤᠲᠤ | ᠴᠢᠨᠠᠷ ᠤᠨ ᠬᠠᠮᠠᠭᠠᠯᠠᠯᠲᠠ ᠶᠢ ᠭᠦᠨᠵᠡᠭᠡᠶᠢᠷᠡᠭᠦᠯᠵᠦ᠂ ᠤᠳᠤᠮᠰᠢᠯ ᠤᠨ ᠡᠬᠢ ᠪᠠᠶᠠᠯᠢᠭ ᠤᠨ ᠬᠥᠮᠥᠷᠭᠡ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ︔ ᠴᠢᠩ ᠱᠦᠢ ᠾᠧ ᠰᠢᠶᠠᠨ ᠤ ᠤᠯᠠᠭᠠᠨᠮᠥ᠋ᠷᠡᠨ ᠤᠯᠤᠰ ᠤᠨ ᠨᠤᠭᠤ ᠭᠠᠵᠠᠷ ᠤᠨ | ᠴᠡᠴᠡᠷᠯᠢᠭ ᠤᠨ ᠲᠤᠷᠰᠢᠯᠲᠠ ᠶᠢᠨ ᠴᠡᠭ᠂ ᠤᠮᠠᠷᠠᠲᠤ ᠬᠡᠰᠡᠭ ᠤᠨ ᠭᠠᠵᠠᠷ ᠣᠷᠣᠨ ᠤ ᠣᠶ ᠰᠢᠭᠤᠢ ᠶᠢᠨ ᠭᠠᠯ ᠤᠨ | ᠭᠠᠮᠰᠢᠭ ᠤᠨ ᠲᠦᠭᠰᠢᠭᠦᠷᠢ ᠶᠡᠬᠡᠲᠡᠢ ᠣᠷᠣᠨ ᠢ ᠶᠡᠷᠦᠩᠬᠡᠶᠢᠯᠡᠨ ᠵᠠᠰᠠᠬᠤ ᠵᠡᠷᠭᠡ ᠲᠥᠷᠥᠯ ᠵᠦᠢᠯ ᠢ ᠪᠠᠶᠢᠭᠤᠯᠤᠨ | ᠪᠦᠲᠦᠭᠡᠨ᠎ᠡ︔ ᠬᠠᠷ᠎ᠠ ᠤᠰᠤ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠢᠨᠠᠨ ᠬᠡᠮᠵᠢᠵᠦ ᠬᠠᠮᠠᠭᠠᠯᠠᠬᠤ᠂ ᠮᠤᠨᠠ | ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ | ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 48 ᠲᠦᠮᠡᠨ ᠮᠦ ᠠᠴᠠ | ᠳᠡᠭᠡᠭᠰᠢ ᠪᠡᠶᠡᠯᠡᠭᠦᠯᠦᠨ᠎ᠡ᠃ ᠳᠠᠯᠠᠨ ᠬᠠᠷ᠎ᠠ ᠠᠭᠤᠯᠠ ᠶᠢᠨ ᠤᠯᠤᠰ ᠤᠨ ᠴᠡᠴᠡᠷᠯᠢᠭ ᠢ ᠡᠭᠦᠳᠦᠨ ᠪᠠᠶᠢᠭᠤᠯᠤᠨ᠎ᠠ᠃ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠪᠦᠬᠦ ᠣᠷᠣᠨ | ᠪᠦᠰᠡ ᠳᠤ ᠲᠦᠯᠬᠢᠨ ᠠᠬᠢᠭᠤᠯᠤᠨ᠎ᠠ᠃ ᠪᠣᠬᠢᠷᠲᠤᠯ ᠦᠭᠡᠢ ᠦᠢᠯᠡᠳᠪᠦᠷᠢ ᠶᠢ 10 ᠣᠷᠴᠢᠮ ᠰᠢᠨ᠎ᠡ ᠪᠠᠷ | ᠨᠡᠮᠡᠭᠳᠡᠭᠦᠯᠵᠦ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠦ ᠶᠢᠨ | ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠤᠯᠤᠰ ᠤᠨ ᠲᠠᠰ ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ | ᠪᠣᠯᠭᠠᠨ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ 10000 ᠴᠠᠬᠢᠯᠭᠠᠨ ᠴᠡᠨᠡᠭᠯᠡᠬᠦ ᠪᠠᠭᠠᠨ᠎ᠠ ᠶᠢ ᠰᠢᠨ᠎ᠡ ᠪᠠᠷ | ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠬᠡᠷᠡᠭᠴᠡᠭᠡ ᠶᠢ ᠠᠯᠬᠤᠮ ᠠᠯᠬᠤᠮ ᠢᠶᠠᠷ | ᠬᠠᠩᠭᠠᠨ᠎ᠠ᠃ 45 ᠲᠦᠮᠡᠨ ᠮᠦ ᠣᠶ ᠰᠢᠭᠤᠢ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠨᠡᠭᠡᠭᠡᠨ | ᠬᠥᠭᠵᠢᠭᠦᠯᠵᠦ ᠨᠥᠭᠡᠴᠡᠯᠡᠬᠦ ᠲᠥᠷᠥᠯ ᠵᠦᠢᠯ ᠢ ᠪᠡᠶᠡᠯᠡᠭᠦᠯᠵᠦ᠂ ᠬᠥᠬᠡᠬᠤᠲᠠ ᠶᠢᠨ ᠣᠶ ᠰᠢᠭᠤᠢ ᠶᠢᠨ ᠦᠢᠯᠡᠰ ᠤᠨ | ᠨᠡᠭᠦᠷᠡᠰᠦᠲᠥ᠋ᠷᠥᠭᠴᠢ ᠰᠢᠩᠭᠡᠭᠡᠬᠦ ᠠᠷᠠᠯᠵᠢᠶᠠᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠠᠬᠢᠭᠤᠯᠤᠨ᠎ᠠ᠃ | | ︵ᠳᠣᠯᠤᠭ᠎ᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠠᠭ᠎ᠠ ᠪᠠᠭ᠎ᠠ ᠪᠠᠷ ᠰᠠᠶᠢᠲᠤᠷ ᠬᠢᠵᠦ᠂ | ᠬᠠᠮᠤᠭ ᠤᠨ ᠵᠣᠯ ᠵᠢᠷᠭᠠᠯᠲᠤ ᠲᠥᠷᠥᠭᠳᠡᠯ ᠲᠠᠢ ᠬᠤᠲᠠ ᠶᠢ ᠨᠡᠷ᠎ᠡ ᠨᠢᠳᠡᠷ ᠲᠤᠨᠢ ᠬᠦᠷᠭᠡᠨ᠎ᠡ | ᠬᠠᠯᠠᠭᠤᠨ ᠳᠤᠯᠠᠭᠠᠨ ᠢᠨᠵᠧᠨᠧᠷᠢᠩ ᠢ ᠡᠨᠡ ᠵᠢᠯ ᠤᠨ ᠠᠷᠠᠳ ᠤᠨ ᠠᠮᠢᠳᠤᠷᠠᠯ ᠤᠨ ︽ᠨᠢᠭᠡᠳᠦᠭᠡᠷ | ᠢᠨᠵᠧᠨᠧᠷᠢᠩ︾ ᠪᠣᠯᠭᠠᠨ᠎ᠠ᠃ ᠬᠤᠳᠠ ᠶᠢᠨ ᠭᠤᠣᠯ ᠲᠣᠭᠤᠷᠢᠭ ᠲᠤ ︽ᠴᠠᠭᠠᠷᠢᠭ ᠬᠡᠯᠪᠡᠷᠢ ᠶᠢᠨ ᠢᠯᠴᠢ ᠬᠠᠩᠭᠠᠬᠤ | ᠲᠣᠣᠷ︾ ᠢ ᠪᠠᠶᠢᠭᠤᠯᠵᠤ᠂ ᠪᠦᠬᠦ ᠬᠤᠳᠠ ᠶᠢᠨ ︽ᠣᠯᠠᠨ ᠡᠬᠢ ᠲᠠᠢ ᠨᠢᠭᠡ ᠲᠣᠣᠷ︾ ᠢᠯᠴᠢ ᠬᠠᠩᠭᠠᠬᠤ ᠰᠢᠰᠲ᠋ᠧᠮᠵᠢ ᠶᠢ | ᠪᠦᠷᠢᠯᠳᠦᠭᠦᠯᠦᠨ᠎ᠡ︔ ᠬᠤᠲᠠ ᠶᠢᠨ ᠲᠣᠭᠤᠷᠢᠭ ᠤᠨ ᠦᠯᠡᠳᠡᠭᠰᠡᠨ 36 ᠰᠠᠤᠷᠢ ᠨᠡᠭᠦᠷᠡᠰᠦ ᠲᠦᠯᠡᠵᠦ ᠢᠯᠴᠢ | ᠬᠠᠩᠭᠠᠬᠤ ᠭᠦᠸᠧᠯᠦ ᠶᠢ ᠴᠡᠪᠡᠷ ᠡᠨᠧᠷᠭᠢ ᠪᠠᠷ ᠰᠣᠯᠢᠵᠤ᠂ ᠬᠤᠲᠠ ᠶᠢᠨ ᠲᠣᠭᠤᠷᠢᠭ ᠲᠤ 100% ᠪᠠᠷ ᠴᠡᠪᠡᠷ | ᠳᠤᠯᠠᠭᠠᠯᠠᠭ᠎ᠠ ᠬᠠᠩᠭᠠᠨ᠎ᠠ︔ 87.7 ᠺᠢᠯᠣᠮᠧᠲᠷ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ᠂ | ᠢᠯᠴᠢ ᠬᠠᠩᠭᠠᠬᠤ ᠬᠤᠶᠠᠳᠤᠭᠠᠷ ᠤᠳᠠᠭᠠᠨ ᠤ ᠬᠤᠭᠤᠯᠠᠢ ᠶᠢᠨ ᠲᠣᠣᠷ ᠢ 4554 ᠺᠢᠯᠣᠮᠧᠲᠷ᠂ ᠢᠯᠴᠢ ᠰᠣᠯᠢᠯᠴᠠᠬᠤ | ᠦᠷᠳᠡᠭᠡ ᠶᠢ 280᠂ ᠰᠠᠭᠤᠭᠠᠯᠢ ᠠᠷᠠᠳ ᠤᠨ ᠭᠡᠷ ᠳᠣᠲᠣᠷᠠᠬᠢ ᠰᠢᠲᠠᠮᠠᠬᠠᠢ ᠬᠡᠢ ᠶᠢᠨ ᠪᠣᠰᠤᠭ᠎ᠠ ᠬᠤᠭᠤᠯᠠᠢ ᠶᠢ 3 | ᠲᠦᠮᠡᠨ ᠡᠷᠦᠬᠡ ᠥᠭᠡᠷᠡᠴᠢᠯᠡᠵᠦ᠂ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 80 ᠲᠦᠮᠡᠨ ᠲᠡᠭᠰᠢ | ᠳᠥᠷᠪᠡᠯᠵᠢᠨ ᠮᠧᠲᠷ ᠪᠡᠶᠡᠯᠡᠭᠦᠯᠦᠨ᠎ᠡ᠃ ᠳᠤᠯᠠᠭᠠᠯᠭ᠎ᠠ ᠶᠢᠨ ᠠᠰᠠᠭᠤᠳᠠᠯ ᠢ ︽ᠲᠤᠶᠢᠯᠪᠤᠷᠢᠲᠠᠢ ᠪᠠᠶᠢᠴᠠᠭᠠᠵᠤ︾᠂ | ᠬᠠᠷᠢᠭᠤᠴᠠᠯᠭ᠎ᠠ ᠶᠢ ᠲᠣᠳᠣᠷᠬᠠᠶᠢᠯᠠᠨ᠂ ᠨᠠᠷᠢᠨ ᠬᠠᠭᠤᠳᠠᠰᠤ ᠪᠠᠷ ᠬᠠᠮᠢᠶᠠᠷᠴᠤ᠂ ᠨᠢᠭᠡ ᠨᠢᠭᠡ ᠪᠠᠷ ᠰᠢᠢᠳᠪᠦᠷᠢᠯᠡᠨ᠎ᠡ︔ | ᠢᠯᠴᠢ ᠬᠠᠩᠭᠠᠬᠤ ᠠᠵᠤ ᠠᠬᠤᠶᠢᠯᠠᠯ ᠢ ︽ᠶᠡᠬᠡᠪᠡᠷ ᠨᠡᠶᠢᠳᠬᠡᠵᠦ︾᠂ ᠪᠥᠬᠦ ᠬᠤᠲᠠ ᠶᠢᠨ ︽ᠨᠢᠭᠡᠳᠦᠯᠲᠡᠢ ᠦᠨ᠎ᠡ | ᠬᠠᠩᠰᠢ᠂ ᠨᠢᠭᠡᠳᠦᠯᠲᠡᠢ ᠬᠢᠨᠠᠨ ᠬᠠᠮᠢᠶᠠᠷᠤᠯᠲᠠ᠂ ᠨᠢᠭᠡᠳᠦᠯᠲᠡᠢ ᠦᠢᠯᠡᠴᠢᠯᠡᠭᠡ︾ ᠲᠠᠢ ᠢᠯᠴᠢ ᠬᠠᠩᠭᠠᠬᠤ | ᠬᠠᠮᠢᠶᠠᠷᠤᠯᠲᠠ ᠶᠢᠨ ᠰᠢᠰᠲ᠋ᠧᠮᠵᠢ ᠶᠢ ᠪᠣᠶ ᠪᠣᠯᠭᠠᠨ᠎ᠠ︔ ᠨᠠᠷᠢᠯᠢᠭ ᠣᠨᠣᠪᠴᠢᠲᠠᠢ ᠪᠠᠷ ᠢᠯᠴᠢ ᠬᠠᠩᠭᠠᠬᠤ᠂ | ᠬᠡᠷᠡᠭᠴᠡᠭᠡ ᠶᠢ ᠦᠨᠳᠦᠰᠦᠯᠡᠨ ᠢᠯᠴᠢ ᠬᠠᠩᠭᠠᠬᠤ ᠰᠢᠨ᠎ᠡ ᠬᠡᠯᠪᠡᠷᠢ ᠶᠢᠨ ᠣᠶᠤᠨᠴᠢ ᠢᠯᠴᠢ ᠬᠠᠩᠭᠠᠵᠤ ᠳᠤᠯᠠᠭᠠᠯᠠᠬᠤ | ᠰᠢᠨ᠎ᠡ ᠵᠠᠭᠪᠤᠷ ᠢ ᠰᠦᠪᠡᠭᠴᠢᠯᠡᠨ ᠪᠠᠶᠢᠭᠤᠯᠤᠨ᠎ᠠ︔ ︽ᠠᠷᠠᠳ ᠢ ᠰᠤᠷᠪᠤᠯᠵᠢᠯᠠᠵᠤ ᠢᠯᠴᠢ ᠬᠦᠷᠭᠡᠬᠦ︾ ᠠᠵᠢᠯᠯᠠᠭ᠎ᠠ | ᠥᠷᠨᠢᠭᠦᠯᠵᠦ᠂ ︽ᠴᠡᠭ ᠠᠴᠠ ᠴᠡᠭ ᠲᠤ᠂ ᠬᠤᠶᠠᠷ ᠬᠠᠮᠢᠶᠠᠷᠤᠭᠴᠢ ᠲᠠᠢ︾ ᠢᠯᠴᠢ ᠬᠠᠩᠭᠠᠬᠤ ᠦᠢᠯᠡᠴᠢᠯᠡᠭᠡᠨ ᠤ ᠳᠦᠷᠢᠮ | ᠪᠠ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠲᠥᠰᠥᠯ ᠢ ᠪᠠᠶᠢᠭᠤᠯᠵᠤ᠂ | ᠡᠨᠡ ᠵᠢᠯ ᠣᠯᠠᠨ ᠲᠦᠮᠡᠨ ᠤ ᠨᠡᠯᠢᠶᠡᠳ ᠶᠡᠭᠡ ᠲᠤᠰᠬᠠᠯ ᠲᠠᠢ ᠢᠯᠴᠢ ᠬᠠᠩᠭᠠᠬᠤ ᠠᠰᠠᠭᠤᠳᠠᠯ ᠢ ᠵᠠᠪᠠᠯ | ᠦᠨᠳᠦᠰᠦᠨ ᠠᠴᠠ ᠨᠢ ᠰᠢᠢᠳᠪᠦᠷᠢᠯᠡᠨ᠎ᠡ᠃ | ᠭᠤᠣᠯᠳᠠᠯᠭ᠎ᠠ ᠶᠢ ᠠᠳᠬᠤᠨ᠂ ᠤᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠵᠦ᠂ ᠤᠯᠠᠨ ᠲᠦᠮᠡᠨ ᠤ ᠠᠵᠢᠯ | ᠣᠯᠬᠤ ᠬᠡᠷᠡᠭᠴᠡᠭᠡ ᠶᠢ ᠬᠠᠩᠭᠠᠨ᠎ᠠ᠃ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠬᠦᠴᠦ ᠶᠠᠪᠤᠭᠴᠢ ᠮᠠᠯᠴᠢᠨ | ᠲᠠᠷᠢᠶᠠᠴᠢᠨ᠂ ᠴᠡᠷᠢᠭ ᠠᠴᠠ ᠬᠠᠯᠠᠭᠳᠠᠭᠰᠠᠳ᠂ ᠬᠦᠴᠢᠷᠳᠡᠯ ᠲᠠᠢ ᠬᠥᠮᠥᠰ ᠵᠡᠷᠭᠡ ᠭᠤᠣᠯᠳᠠᠯᠭ᠎ᠠ ᠲᠠᠢ ᠬᠥᠮᠥᠰ ᠤᠨ | ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠪᠠ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠤᠳᠠ ᠪᠠᠯᠭᠠᠰᠤᠨ ᠤ 6 ᠲᠦᠮᠡ ᠠᠴᠠ ᠳᠡᠭᠡᠭᠰᠢ ᠬᠥᠮᠥᠨ ᠳᠤ | ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 33 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ | ᠠᠵᠢᠯ ᠣᠯᠭᠤᠨ᠎ᠠ᠃ ︽ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ᠂ ᠠᠵᠤ ᠠᠬᠤᠶᠢᠯᠠᠯ ᠤᠨ ᠲᠥᠯᠥᠭᠡ | ᠠᠵᠢᠯ ᠣᠯᠬᠤ︾ ᠲᠤᠰᠬᠠᠢ ᠠᠵᠢᠯᠯᠠᠭ᠎ᠠ ᠥᠷᠨᠢᠭᠦᠯᠵᠦ᠂ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠶᠢ 100 ᠠᠴᠠ | ᠳᠡᠭᠡᠭᠰᠢ ᠡᠷᠬᠢᠯᠡᠨ᠎ᠡ᠃ ︽ᠭᠤᠷᠪᠠᠨ ᠵᠢᠯ ᠳᠤ ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ | ᠢᠨᠵᠧᠨᠧᠷᠢᠩ︾ ᠢ ᠪᠡᠶᠡᠯᠡᠭᠦᠯᠦᠭᠰᠡᠨ ᠤᠷᠢᠲᠠᠯ ᠳᠣᠣᠷ᠎ᠠ᠂ ︽ᠲᠠᠪᠤᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ | ᠲᠤᠰᠬᠠᠢ ᠠᠵᠢᠯᠯᠠᠭ᠎ᠠ︾ ᠶᠢ ᠬᠡᠷᠡᠭᠵᠢᠭᠦᠯᠦᠨ᠂ ᠴᠢᠨᠠᠷ ᠰᠠᠶᠢᠲᠠᠢ ᠠᠵᠢᠯ ᠤᠨ ᠪᠠᠶᠢᠷᠢ ᠬᠠᠩᠭᠠᠵᠤ᠂ ᠠᠳᠠᠯ ᠦᠢᠯᠡᠰ | ᠴᠣᠭᠴᠠᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠬᠥᠬᠡᠬᠤᠲᠠ ᠳᠤ ᠢᠷᠡᠬᠦ ᠬᠥᠬᠡᠬᠤᠲᠠ ᠳᠤ | ᠦᠯᠡᠳᠡᠬᠦ ᠴᠢᠳᠠᠪᠤᠷᠢᠲᠠᠨ ᠳᠤ ᠪᠡᠶ᠎ᠡ ᠳᠤᠨᠢ ᠲᠣᠬᠢᠷᠠᠭᠤᠯᠤᠨ᠂ ᠦᠨ᠎ᠡ ᠨᠢ ᠬᠢᠮᠳᠠ᠂ ᠶᠠᠰᠤ ᠴᠢᠨᠠᠷ ᠨᠢ ᠥᠨᠳᠥᠷ᠂ | ᠣᠷᠴᠢᠨ ᠲᠣᠭᠤᠷᠢᠨ ᠨᠢ ᠰᠠᠶᠢᠨ᠂ ᠢᠵᠢ ᠪᠦᠷᠢᠳᠦᠭᠰᠡᠨ ᠬᠡᠲᠦ ᠲᠣᠮᠣ ᠬᠡᠯᠪᠡᠷᠢ ᠶᠢᠨ ︽ᠵᠠᠯᠠᠭᠤᠴᠤᠳ ᠤᠨ ᠨᠡᠶᠢᠭᠡᠮ | ᠲᠣᠭᠤᠷᠢᠭ︾ ᠢ ᠲᠥᠪᠯᠡᠷᠡᠭᠦᠯᠦᠨ ᠪᠠᠶᠢᠭᠤᠯᠵᠤ᠂ ᠬᠥᠬᠡᠬᠤᠲᠠ ᠳᠤ ᠠᠵᠢᠯᠯᠠᠵᠤ ᠠᠮᠢᠳᠤᠷᠠᠵᠤ ᠪᠠᠶᠢᠭ᠎ᠠ ᠵᠠᠯᠠᠭᠤᠴᠤᠳ ᠢ | ︽ᠨᠢᠭᠡ ᠪᠣᠭᠴᠣ ᠲᠠᠢ ᠢᠷᠡᠵᠦ᠂ ᠨᠢᠭᠡ ᠭᠡᠷ ᠲᠠᠢ ᠪᠣᠯᠵᠤ᠂ ᠨᠢᠭᠡ ᠬᠤᠲᠠ ᠶᠢ ᠪᠠᠶᠢᠭᠤᠯᠬᠤ︾ ᠪᠣᠯᠭᠠᠨ᠎ᠠ᠃ | ᠠᠷᠠᠳ ᠲᠦᠮᠡᠨ ᠤ ᠰᠡᠳᠬᠢᠯ ᠳᠤ ᠬᠠᠨᠤᠮᠵᠢᠲᠠᠢ ᠰᠤᠷᠭᠠᠨ ᠬᠥᠮᠦᠵᠢᠯ ᠢ ᠪᠦᠬᠦ ᠬᠦᠴᠦ ᠪᠦᠬᠦ | ᠴᠢᠳᠠᠯ ᠢᠶᠠᠷ ᠢᠶᠠᠨ ᠰᠠᠶᠢᠲᠤᠷ ᠡᠷᠬᠢᠯᠡᠨ᠎ᠡ᠃ ᠨᠢᠭᠡ ᠪᠦᠯᠦᠭ ᠭᠡᠷ ᠤᠨ ᠡᠭᠦᠳᠡᠨ ᠳᠠᠬᠢ ᠰᠠᠶᠢᠨ ᠰᠤᠷᠭᠠᠭᠤᠯᠢ ᠶᠢ | ᠡᠭᠦᠳᠦᠨ ᠪᠠᠶᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ︽ᠳᠥᠷᠪᠡᠨ ᠨᠢᠭᠡ︾ ᠶᠢᠨ ᠢᠨᠵᠧᠨᠧᠷᠢᠩ ᠢ | ᠬᠡᠷᠡᠭᠵᠢᠭᠦᠯᠦᠨ᠂ ᠬᠤᠰᠢᠭᠤ ᠰᠢᠶᠠᠨ ᠲᠣᠭᠤᠷᠢᠭ ᠨᠢᠭᠡᠪᠦᠷᠢ ᠳᠤ ᠪᠥᠬᠦ ᠣᠷᠣᠨ ᠤ ᠲᠡᠷᠢᠭᠦᠨ ᠤ ᠴᠢᠨᠠᠷ ᠰᠠᠶᠢᠲᠠᠢ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠯᠢ ᠪᠠ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠨᠠᠭᠠᠲᠤ | ᠵᠠᠬ᠎ᠠ ᠳᠠᠭᠠᠨ 1 ᠡᠭᠦᠳᠦᠨ ᠪᠠᠶᠢᠭᠤᠯᠵᠤ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ | ᠪᠠᠭᠤᠷᠠᠢ ᠶᠢ ᠨᠥᠬᠦᠪᠦᠷᠢᠯᠡᠨ᠎ᠡ︔ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 61 ᠰᠢᠨ᠎ᠡ ᠪᠠᠷ ᠪᠤᠶᠤ | ᠦᠷᠭᠦᠯᠵᠢᠯᠡᠨ ᠪᠠᠶᠢᠭᠤᠯᠤᠨ᠎ᠠ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠯᠡᠩ | ᠲᠣᠭᠤᠷᠢᠭ ᠢ ᠲᠦᠷᠭᠡᠳᠬᠡᠨ ᠪᠠᠶᠢᠭᠤᠯᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠯᠡᠩ | ᠲᠣᠭᠤᠷᠢᠭ ᠢ ᠡᠬᠢᠯᠡᠵᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠯᠡᠩ ᠲᠣᠭᠤᠷᠢᠭ | ᠪᠣᠯᠭᠠᠨ ᠳᠡᠪᠰᠢᠭᠦᠯᠦᠨ᠎ᠡ︔ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠬᠤᠣᠰ ᠳᠡᠭᠡᠳᠦ | ᠰᠤᠷᠭᠠᠭᠤᠯᠢ︾ ᠶᠢᠨ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠭᠤᠶᠤᠴᠢᠯᠠᠯ ᠢ | ᠠᠬᠢᠭᠤᠯᠤᠨ᠎ᠠ᠃ ᠨᠢᠭᠡ ᠪᠦᠯᠦᠭ ᠣᠶᠤᠨᠴᠢ ᠰᠤᠷᠭᠠᠨ ᠬᠥᠮᠦᠵᠢᠯ ᠤᠨ ︽ᠲᠣᠭᠠᠴᠢᠯᠠᠬᠤ︾ ᠲᠥᠷᠥᠯ ᠵᠦᠢᠯ ᠢ | ᠬᠡᠷᠡᠭᠵᠢᠭᠦᠯᠵᠦ᠂ 9 ︽ᠢᠷᠡᠭᠡᠳᠦᠢ ᠶᠢᠨ ᠰᠤᠷᠭᠠᠨ ᠬᠥᠮᠦᠵᠢᠯ︾ ᠤᠨ ᠲᠤᠷᠰᠢᠯᠲᠠ ᠶᠢᠨ ᠰᠤᠷᠭᠠᠭᠤᠯᠢ ᠶᠢ ᠪᠦᠲᠦᠭᠡᠨ | ᠪᠠᠶᠢᠭᠤᠯᠤᠨ᠎ᠠ᠃ ᠨᠢᠭᠡ ᠢᠵᠢ ︽ᠣᠷᠭᠠᠨᠢᠭ ᠰᠢᠨᠡᠴᠢᠯᠡᠯᠲᠡ︾ ᠲᠠᠢ ᠡᠩᠨᠡᠭᠡ ᠶᠢᠨ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠰᠤᠷᠭᠠᠭᠤᠯᠢ ᠶᠢᠨ ᠵᠠᠬᠢᠷᠤᠯ ᠢ ᠬᠢᠨᠠᠨ ᠰᠢᠯᠭᠠᠵᠤ ᠠᠳᠠᠭ ᠢ ᠰᠢᠭᠰᠢᠬᠦ ᠲᠣᠭᠲᠠᠴᠠ ᠶᠢ | ᠪᠦᠷᠢᠨᠰᠢᠭᠦᠯᠵᠦ᠂ ᠡᠭᠦᠷᠭᠡᠯᠡᠵᠦ ᠳᠡᠶᠢᠯᠬᠦ ᠦᠭᠡᠢ ᠶᠢ ᠨᠢ ᠤᠭᠴᠠᠷᠠᠭᠤᠯᠤᠨ ᠰᠣᠯᠢᠨ᠎ᠠ︔ ᠬᠢᠴᠢᠶᠡᠯ ᠤᠨ ᠪᠠᠭᠰᠢ ᠪᠠ | ᠵᠢᠭᠠᠨ ᠰᠤᠳᠤᠯᠭᠠᠨ ᠤ ᠪᠠᠭᠰᠢ ᠶᠢᠨ ᠲᠤᠰᠢᠶᠠᠯ ᠡᠭᠦᠷᠭᠡᠯᠡᠬᠦ ︽ᠡᠷᠭᠢᠯᠳᠦᠭᠡ ᠡᠭᠦᠳᠡ︾ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠲᠤᠰᠢᠶᠠᠯ ᠳᠠᠭᠠᠨ ᠲᠡᠩᠴᠡᠬᠦ ᠦᠭᠡᠢ ᠶᠢ ᠠᠵᠢᠯ ᠤᠨ ᠪᠠᠶᠢᠷᠢ ᠠᠴᠠ ᠨᠢ ᠰᠠᠯᠭᠠᠨ᠎ᠠ᠃ | ︽ᠱᠠᠩᠨᠠᠬᠤ ᠪᠠᠷ ᠰᠢᠯᠢᠳᠡᠭ ᠢ ᠬᠥᠮᠥᠵᠢᠭᠦᠯᠬᠦ︾ ᠦᠨᠡᠯᠡᠨ ᠵᠢᠱᠢᠵᠦ ᠬᠢᠨᠠᠨ ᠬᠡᠮᠵᠢᠬᠦ ᠲᠠᠪᠴᠠᠩ ᠢ ᠪᠠᠶᠢᠭᠤᠯᠵᠤ᠂ | ᠰᠤᠷᠭᠠᠨ ᠬᠥᠮᠦᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠰᠤᠷᠭᠠᠨ ᠬᠥᠮᠦᠵᠢᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠵᠢᠯ ᠤᠨ ᠡᠴᠦᠰ ᠤᠨ ᠬᠠᠷᠠᠯᠲᠠᠲᠤ ᠬᠢᠨᠠᠨ ᠰᠢᠯᠭᠠᠯᠲᠠ ᠳᠤ ᠣᠷᠣᠭᠤᠯᠵᠤ᠂ ᠦᠨᠡᠯᠡᠭᠰᠡᠨ ᠦᠷ᠎ᠡ | ᠳ᠋ᠦᠩ ᠢ ᠰᠤᠷᠭᠠᠭᠤᠯᠢ ᠶᠢᠨ ᠱᠠᠩᠨᠠᠵᠤ ᠲᠣᠷᠭᠠᠬᠤ᠂ ᠡᠬᠢ ᠪᠠᠶᠠᠯᠢᠭ ᠢ ᠲᠣᠬᠢᠷᠠᠭᠤᠯᠬᠤ ᠦᠨᠳᠦᠰᠦᠯᠡᠯ ᠪᠣᠯᠭᠠᠨ᠎ᠠ᠃ | ᠰᠤᠷᠭᠠᠨ ᠬᠥᠮᠦᠵᠢᠯ ᠤᠨ ᠠᠵᠢᠯᠲᠠᠳ ᠢ ᠬᠠᠶᠢᠷᠠᠯᠠᠨ ᠬᠠᠯᠠᠮᠵᠢᠯᠠᠬᠤ ᠨᠢᠭᠡ ᠪᠦᠯᠦᠭ ︽ᠰᠡᠳᠬᠢᠯ ᠢ ᠳᠤᠯᠠᠭᠠᠴᠠᠭᠤᠯᠬᠤ | ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠪᠠᠭᠰᠢ ᠶᠢᠨ ᠢᠷᠠᠭᠤ ᠠᠯᠳᠠᠷ ᠤᠨ ᠲᠣᠭᠲᠠᠴᠠ ᠶᠢ ᠲᠡᠭᠦᠯᠳᠡᠷᠵᠢᠭᠦᠯᠦᠨ᠂ | ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠵᠤ᠂ ᠶᠡᠭᠡ ᠱᠠᠩᠨᠠᠯ ᠬᠥᠬᠢᠭᠦᠯᠦᠯ ᠣᠯᠭᠤᠵᠤ᠂ ᠪᠠᠭᠰᠢ ᠶᠢ ᠬᠦᠨᠳᠦᠳᠬᠡᠨ | ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠨ᠎ᠠ᠃ ︽ᠶᠣᠰᠣ | ᠮᠣᠷᠠᠯ ᠢ ᠪᠤᠶ ᠪᠣᠯᠭᠠᠵᠤ ᠬᠥᠮᠥᠨ ᠢ ᠬᠥᠮᠥᠵᠢᠭᠦᠯᠬᠦ︾ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ︽ᠬᠤᠶᠠᠷ ᠢ ᠬᠥᠩᠭᠡᠷᠡᠭᠦᠯᠬᠦ︾ ᠠᠵᠢᠯ ᠢ ᠦᠷᠭᠦᠯᠵᠢᠯᠡᠨ ᠠᠬᠢᠭᠤᠯᠵᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ | ᠴᠢᠨᠠᠷ ᠰᠠᠶᠢᠲᠠᠢ ᠥᠷᠨᠢᠭᠦᠯᠵᠦ᠂ ︽ᠰᠤᠷᠤᠭᠴᠢ ᠡᠳᠦᠷ ᠪᠦᠷᠢ ᠨᠢᠭᠡ ᠪᠢᠰᠢᠯᠠᠭ︾ ᠡᠷᠡᠭᠦᠯ ᠮᠡᠨᠳᠦ ᠶᠢᠨ ᠵᠢᠱᠢᠶ᠎ᠡ | ᠦᠵᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠡᠦᠬᠡᠳ ᠤᠳ ᠤᠨ ᠶᠣᠰᠣ ᠰᠤᠷᠲᠠᠬᠤᠨ ᠣᠶᠤᠨ ᠤᠬᠠᠭᠠᠨ ᠪᠡᠶ᠎ᠡ | ᠮᠠᠬᠠᠪᠤᠳ ᠭᠤᠸ᠎ᠠ ᠬᠥᠳᠡᠯᠮᠦᠷᠢ ᠶᠢ ᠪᠥᠬᠦ ᠲᠠᠯ᠎ᠠ ᠪᠠᠷ ᠬᠥᠭᠵᠢᠭᠦᠯᠦᠨ᠎ᠡ᠃ | ᠤᠯᠠᠨ ᠲᠦᠮᠡᠨ ᠤ ᠡᠷᠡᠭᠦᠯ ᠮᠡᠨᠳᠤ ᠶᠢ ᠰᠡᠳᠬᠢᠯ ᠲᠠᠯᠪᠢᠨ ᠰᠠᠶᠢᠲᠤᠷ ᠰᠠᠬᠢᠨ ᠬᠠᠮᠠᠭᠠᠯᠠᠨ᠎ᠠ᠃ ᠬᠤᠲᠠ ᠶᠢᠨ | ᠵᠡᠭᠦᠨ ᠬᠡᠰᠡᠭ ᠤᠨ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ | ᠬᠤᠷᠢᠶ᠎ᠠ᠂ ᠬᠤᠲᠠ ᠶᠢᠨ ᠪᠠᠷᠠᠭᠤᠨ ᠬᠡᠰᠡᠭ ᠤᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ | ᠬᠠᠷᠢᠶᠠᠲᠤ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︔ | ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ᠂ | ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ | ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠰᠤᠪᠢᠯᠠᠯᠲᠠ ᠶᠢᠨ ᠲᠥᠪ ᠵᠡᠷᠭᠡ ᠲᠥᠷᠥᠯ ᠵᠦᠢᠯ ᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠡᠭᠦᠯᠡᠨ ᠬᠥᠨᠳᠡᠢ ᠶᠢᠨ | ᠡᠮᠨᠡᠯᠭᠡ ᠶᠢᠨ ᠬᠤᠷᠢᠶ᠎ᠠ ᠶᠢᠨ ᠲᠣᠭᠤᠷᠢᠭ᠂ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ | ᠬᠤᠷᠢᠶ᠎ᠠ ᠶᠢᠨ ᠬᠡᠦᠬᠡᠳ ᠰᠠᠭᠠᠲᠠᠭᠤᠯᠬᠤ ᠠᠵᠢᠯ ᠢ ᠵᠢᠯᠤᠭᠤᠳᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ | ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ 2 ᠤᠯᠤᠰ ᠤᠨ ᠣᠷᠣᠨ ᠪᠦᠰᠡ ᠶᠢᠨ | ᠡᠮᠴᠢᠯᠡᠭᠡᠨ ᠤ ᠲᠥᠪ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠤᠰ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠰᠠᠯᠠᠭ᠎ᠠ ᠶᠢ 5 ᠪᠠᠶᠢᠭᠤᠯᠤᠨ᠎ᠠ︔ ᠣᠷᠣᠨ ᠤ ᠭᠠᠳᠠᠨᠠᠬᠢ 52 | ᠡᠮᠴᠢᠯᠡᠭᠡᠨ ᠤ ᠪᠠᠶᠢᠭᠤᠯᠤᠮᠵᠢ ᠲᠠᠢ ᠬᠠᠮᠲᠤᠷᠠᠯᠴᠠᠭ᠎ᠠ ᠥᠷᠨᠢᠭᠦᠯᠵᠦ᠂ ︽ᠢᠨᠲ᠋ᠧᠷ ᠰᠦᠯᠵᠢᠶ᠎ᠡ + ᠡᠮᠴᠢᠯᠡᠭᠡ︾ ᠶᠢᠨ | ᠵᠠᠭᠪᠤᠷ ᠢ ᠶᠡᠭᠡ ᠪᠠᠷ ᠬᠥᠭᠵᠢᠭᠦᠯᠦᠨ᠂ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠵᠦ᠂ ᠡᠮᠴᠢᠯᠡᠭᠡᠨ ᠳᠤ ᠭᠠᠳᠠᠭᠰᠢ | ᠶᠠᠪᠤᠬᠤ ᠶᠢ ᠪᠠᠭᠠᠰᠬᠠᠵᠤ᠂ ᠠᠷᠠᠳ ᠣᠯᠠᠨ ᠳᠤ ᠭᠡᠷ ᠤᠨ ᠡᠭᠦᠳᠡᠨ ᠳᠡᠭᠡᠷ᠎ᠡ ᠴᠢᠨᠠᠷ ᠰᠠᠶᠢᠲᠠᠢ ᠡᠮᠴᠢᠯᠡᠭᠡᠨ ᠤ ᠡᠬᠢ | ᠪᠠᠶᠠᠯᠢᠭ ᠤᠨ ᠦᠢᠯᠡᠴᠢᠯᠡᠭᠡ ᠬᠦᠷᠲᠡᠭᠡᠨ᠎ᠡ᠃ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠨ᠎ᠠ᠃ | ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠪᠠᠷᠢᠮᠵᠢᠶ᠎ᠠ ᠳᠤ ᠬᠦᠷᠭᠡᠬᠦ | ᠠᠵᠢᠯᠯᠠᠭ᠎ᠠ ᠶᠢ ᠬᠡᠷᠡᠭᠵᠢᠭᠦᠯᠵᠦ᠂ ᠤᠯᠤᠰ ᠤᠨ ᠪᠠᠷᠢᠮᠵᠢᠶ᠎ᠠ ᠠᠴᠠ ᠳᠣᠣᠷᠠᠬᠢ ᠶᠢ ᠳᠡᠭᠡᠭᠰᠢᠯᠡᠭᠦᠯᠵᠦ᠂ ᠤᠯᠤᠰ ᠤᠨ | ᠪᠠᠷᠢᠮᠵᠢᠶ᠎ᠠ ᠪᠠᠷ ᠥᠨᠳᠥᠷ ᠢ ᠦᠷᠭᠦᠯᠵᠢᠯᠡᠨ ᠰᠠᠶᠢᠲᠤᠷ ᠪᠠᠲᠤᠯᠠᠨ᠎ᠠ᠃ ᠤᠯᠤᠰ ᠤᠨ ᠠᠮᠤᠷ ᠲᠠᠶᠢᠪᠤᠩ ᠡᠮᠨᠡᠨ ᠰᠤᠪᠢᠯᠠᠬᠤ | ᠲᠤᠷᠰᠢᠯᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠪᠦᠬᠦ ᠣᠷᠣᠨ ᠤ ᠬᠤᠲᠠ ᠶᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠦᠯᠢᠭᠡᠷ ᠳᠠᠭᠤᠷᠢᠶᠠᠯ ᠣᠷᠣᠨ︾ ᠪᠠ ᠬᠥᠳᠡᠭᠡ ᠲᠣᠰᠬᠤᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ︽ᠵᠢᠱᠢᠶ᠎ᠡ ᠦᠵᠡᠭᠦᠯᠬᠦ ᠣᠷᠣᠨ︾ ᠢ ᠡᠭᠦᠳᠦᠨ᠎ᠡ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠳᠤᠮᠳᠠ ᠪᠠ ᠤᠷᠲᠤ ᠬᠤᠭᠤᠴᠠᠭᠠᠨ ᠤ | ᠬᠥᠭᠵᠢᠯᠲᠡ ᠶᠢᠨ ᠲᠥᠯᠦᠪᠵᠢᠭᠦᠯᠭᠡ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠵᠠᠯᠠᠭᠤᠴᠤᠳ ᠤᠨ ᠬᠥᠭᠵᠢᠯᠲᠡ ᠶᠢᠨ | ᠬᠡᠯᠪᠡᠷᠢ ᠶᠢᠨ ᠬᠤᠲᠠ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠤᠰ ᠤᠨ | ᠬᠡᠦᠬᠡᠳ ᠤᠨ ᠨᠥᠬᠦᠷᠰᠡᠭ ᠬᠤᠲᠠ᠂ ᠪᠦᠬᠦ ᠤᠯᠤᠰ ᠤᠨ ᠨᠢᠯᠬ᠎ᠠ ᠬᠡᠦᠬᠡᠳ ᠢ ᠠᠰᠠᠷᠠᠨ ᠬᠠᠷᠠᠭᠠᠯᠠᠵᠤ ᠦᠢᠯᠡᠴᠢᠯᠡᠭᠡᠨ ᠤ | ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠢ ᠡᠭᠦᠳᠦᠨ ᠪᠠᠶᠢᠭᠤᠯᠤᠨ᠎ᠠ᠃ ︽ᠨᠢᠭᠡ ᠴᠣᠮᠣ ᠰᠦ︾ ᠶᠢᠨ ᠦᠷᠡᠵᠢᠯ ᠤᠨ | ᠬᠠᠯᠠᠮᠵᠢᠯᠠᠯ ᠤᠨ ᠠᠵᠢᠯᠯᠠᠭ᠎ᠠ ᠶᠢ ᠠᠬᠢᠭᠤᠯᠵᠤ᠂ ᠡᠯ᠎ᠡ ᠬᠠᠮᠲᠤ ᠣᠯᠠᠨ ᠳᠤ ᠴᠥᠮ ᠬᠠᠶᠢᠷ᠎ᠠ ᠬᠠᠯᠠᠮᠵᠢ ᠶᠢ ᠬᠦᠷᠲᠡᠭᠡᠵᠦ᠂ | ᠬᠠᠯᠠᠭᠤᠨ ᠳᠤᠯᠠᠭᠠᠨ ᠢ ᠮᠡᠳᠡᠷᠡᠭᠦᠯᠦᠨ᠎ᠡ᠃ | ︵ᠨᠠᠢᠮᠠ︶ ᠬᠦᠨᠳᠦ ᠶᠡᠭᠡ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠢ ᠰᠡᠷᠭᠡᠶᠢᠯᠡᠨ ᠠᠷᠢᠯᠭᠠᠵᠤ᠂ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠦᠨ᠎ᠡ | ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠶᠤᠯᠭᠦᠢ ᠶᠢ ᠪᠠᠬᠢᠵᠢᠭᠦᠯᠦᠨ ᠳᠡᠭᠡᠭᠰᠢᠯᠡᠭᠦᠯᠬᠦ | ᠠᠵᠢᠯᠯᠠᠭ᠎ᠠ ᠥᠷᠨᠢᠭᠦᠯᠵᠦ᠂ ᠬᠦᠨᠳᠦ ᠣᠨᠴᠠ ᠶᠡᠭᠡ ᠠᠶᠤᠯᠭᠦᠢ ᠦᠢᠯᠡᠳᠪᠦᠷᠢᠯᠡᠯ ᠠᠳᠡᠯ ᠭᠠᠷᠬᠤ ᠶᠢ ᠴᠢᠩᠭ᠎ᠠ | ᠬᠤᠷᠢᠭᠯᠠᠨ᠎ᠠ᠃ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ | ᠵᠥᠪᠰᠢᠶᠡᠷᠡᠭᠡᠳ ᠬᠠᠩᠭᠠᠭᠰᠠᠨ ᠦᠭᠡᠢ ᠭᠠᠵᠠᠷ ᠰᠢᠷᠣᠢ ᠶᠢ 2.7 ᠲᠦᠮᠡᠨ ᠮᠦ ᠰᠢᠢᠳᠪᠦᠷᠢᠯᠡᠨ᠎ᠡ᠃ ᠰᠢᠨ᠎ᠡ ᠴᠠᠭ | ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ | ᠣᠷᠣᠯᠠᠨ ᠭᠦᠢᠴᠡᠳᠬᠡᠬᠦ ᠳᠦᠷᠢᠮ ᠢ ᠭᠦᠨᠵᠡᠭᠡᠢ ᠬᠡᠷᠡᠭᠵᠢᠭᠦᠯᠦᠨ᠎ᠡ᠃ 17068 ︽ᠠᠰᠠᠷ ᠲᠤᠰᠢᠶᠠᠬᠤ ᠶᠢ ᠪᠠᠲᠤᠯᠠᠬᠤ︾ | ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ︽ᠭᠤᠷᠪᠠ ᠶᠢ ᠪᠠᠲᠤᠯᠠᠬᠤ︾ ᠶᠢ ᠪᠠᠷᠢᠮᠲᠠᠯᠠᠵᠤ᠂ | ︽ᠠᠷᠪᠢᠴᠢ ᠭᠠᠮᠲᠠᠢ ᠠᠮᠢᠳᠤᠷᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠵᠠᠰᠠᠭ ᠤᠨ ᠣᠷᠳᠣᠨ ᠤ | ᠡᠳᠦᠷ ᠲᠤᠳᠤᠮ ᠤᠨ ᠵᠠᠷᠤᠯᠭ᠎ᠠ ᠶᠢ ᠪᠠᠭᠠᠰᠬᠠᠨ᠎ᠠ᠃ ᠥᠨᠳᠥᠷ ᠲᠦᠭᠰᠢᠭᠦᠷᠢᠲᠡᠢ ᠬᠥᠳᠡᠭᠡ ᠲᠣᠰᠬᠤᠨ ᠤ ᠢᠲᠡᠭᠡᠮᠵᠢ ᠶᠢᠨ | ᠬᠤᠯᠪᠣᠭᠠᠲᠤ ᠬᠤᠷᠰᠢᠶ᠎ᠠ᠂ ᠲᠣᠰᠬᠤᠨ ᠪᠠᠯᠭᠠᠰᠤ ᠶᠢᠨ ᠪᠠᠩᠬᠢ ᠶᠢᠨ ᠮᠠᠯᠠᠭᠠᠢ ᠪᠠᠨ ᠠᠪᠴᠤ ᠬᠠᠶᠠᠬᠤ ᠶᠢ ᠲᠦᠷᠭᠡᠳᠬᠡᠨ | ᠠᠬᠢᠭᠤᠯᠤᠨ᠎ᠠ᠃ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠦᠨᠡᠨᠬᠦ ᠪᠡᠶᠡᠯᠡᠭᠦᠯᠦᠨ᠎ᠡ᠃ ᠤᠷᠢᠳᠴᠢᠯᠠᠨ | ᠲᠥᠯᠥᠬᠦ ᠬᠡᠷᠡᠭᠯᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠥᠳᠥᠭᠡᠵᠦ ᠺᠠᠷᠲ ᠬᠢᠯᠭᠡᠬᠦ︾᠂ ︽ᠵᠣᠭᠤᠰ | ᠬᠠᠳᠠᠭᠠᠯᠠᠭᠤᠯᠤᠭᠠᠳ ᠳᠤᠲᠠᠭᠠᠬᠤ︾ ︽ᠡᠵᠡᠷᠬᠡᠭ ᠲᠣᠭᠲᠠᠭᠠᠯ︾ ᠵᠡᠷᠭᠡ ᠬᠡᠷᠡᠭᠯᠡᠭᠴᠢᠳ ᠤᠨ ᠡᠷᠬᠡ ᠠᠰᠢᠭ ᠲᠤ | ᠬᠠᠯᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ᠃ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠶᠡᠬᠡᠪᠡᠷ ᠳᠠᠮᠵᠢᠵᠤ᠂ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠢ ᠰᠠᠶᠢᠲᠤᠷ ᠬᠢᠵᠦ᠂ ᠪᠦᠬᠦ ᠤᠯᠤᠰ ᠤᠨ ᠬᠤᠶᠠᠷ ᠢ | ᠬᠦᠷᠢᠶᠡᠯᠡᠬᠦ ᠵᠢᠱᠢᠶᠡᠴᠢ ᠬᠤᠲᠠ ᠶᠢᠨ ︽ᠠᠷᠪᠠᠨ ᠵᠢᠯ ᠳᠠᠷᠠᠭᠠᠯᠠᠨ ᠮᠠᠩᠯᠠᠶᠢᠯᠠᠬᠤ︾ ᠶᠢ ᠴᠢᠷᠮᠠᠶᠢᠨ ᠴᠣᠭᠴᠠᠯᠠᠨ᠎ᠠ᠃ | ᠲᠥᠯᠥᠭᠡᠯᠡᠭᠴᠢᠳ ᠠ᠋︕ ᠣᠳᠣᠬᠠᠨ ᠤ ᠬᠥᠬᠡᠬᠤᠲᠠ ᠨᠢᠭᠡᠨᠲᠡ ᠴᠣ ᠰᠢᠨ᠎ᠡ ᠬᠥᠭᠵᠢᠯᠲᠡ ᠶᠢᠨ ᠱᠠᠲᠤᠨ ᠳᠤ | ᠣᠷᠣᠯ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠴᠠᠭ ᠢᠮᠠᠭᠲᠠ ᠣᠷᠣᠨ ᠤ ᠲᠥᠪ ᠬᠤᠲᠠ ᠶᠢᠨ ᠡᠯ᠎ᠡ ᠵᠦᠢᠯ ᠤᠨ | ᠠᠵᠢᠯ ᠤᠨ ᠭᠤᠣᠯ ᠰᠢᠵᠢᠮ ᠪᠣᠯᠭᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ | ᠬᠤᠳᠠ ᠶᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ︽ᠲᠤᠯᠤᠭᠠᠨ | ᠵᠢᠱᠢᠶᠡᠴᠢ ᠪᠣᠯᠬᠤ︾ ᠳᠡᠭᠡᠷ᠎ᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠪᠠᠨ ᠬᠠᠷᠠᠭᠤᠯᠵᠤ᠂ ︽ᠵᠢᠷᠭᠤᠭᠠᠨ | ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ | ᠨᠢᠭᠡ ᠳᠤ᠂ ᠦᠢᠯᠡ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ ᠪᠠᠨ ᠬᠠᠷᠠᠭᠤᠯᠵᠤ᠂ ᠨᠠᠮ ᠤᠨ ᠤᠯᠤᠰ ᠲᠦᠷᠦ ᠶᠢᠨ | ᠪᠠᠶᠢᠭᠤᠯᠤᠯᠲᠠ ᠶᠢ ᠴᠠᠭ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠨᠥᠬᠦᠴᠡᠯ ᠳᠤᠷᠠᠳᠬᠤ ᠦᠭᠡᠢ᠂ | ᠨᠤᠭᠤᠯᠬᠤ ᠦᠭᠡᠢ᠂ ᠬᠤᠪᠢᠷᠠᠭᠤᠯᠬᠤ ᠦᠭᠡᠢ᠂ ︽ᠬᠤᠶᠠᠷ ᠢ ᠲᠣᠭᠲᠠᠭᠠᠭᠰᠠᠨ︾ ᠤ ᠦᠨᠡᠨᠴᠢ ᠰᠢᠳᠤᠷᠭᠤ ᠬᠦᠷᠢᠶᠡᠯᠡᠭᠴᠢ᠂ | ︽ᠬᠤᠶᠠᠷ ᠢ ᠬᠠᠮᠠᠭᠠᠯᠠᠬᠤ︾ ᠶᠢᠨ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ ᠬᠤᠶᠠᠷ ᠲᠤ᠂ | ᠪᠣᠳᠠᠲᠠᠢ ᠠᠵᠢᠯᠯᠠᠬᠤ ᠪᠠᠷ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠣᠨ ᠪᠠ | ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠨᠠᠶᠢᠳᠠᠪᠤᠷᠢᠵᠢᠭᠤᠯᠤᠯᠲᠠ ᠶᠢ | ᠠᠳᠬᠤᠬᠤ ᠶᠢ ᠵᠠᠰᠠᠭ ᠤᠨ ᠣᠷᠳᠣᠨ ᠤ ᠭᠤᠣᠯ ᠡᠭᠦᠷᠭᠡ ᠲᠤᠰᠢᠶᠠᠯ ᠢᠶᠠᠨ ᠪᠣᠯᠭᠠᠵᠤ᠂ ᠲᠣᠭᠲᠠᠭᠠᠭᠰᠠᠨ ᠢᠶᠠᠨ ᠬᠢᠵᠦ᠂ | ᠬᠡᠯᠡᠭᠰᠡᠨ ᠢᠶᠠᠨ ᠭᠦᠢᠴᠡᠳᠬᠡᠵᠦ᠂ ᠨᠢᠭᠡ ᠶᠢ ᠬᠢᠪᠡᠯ ᠨᠢᠭᠡ ᠶᠢ ᠪᠦᠲᠦᠭᠡᠵᠦ᠂ ᠨᠢᠭᠡ ᠶᠢ ᠪᠦᠲᠦᠭᠡᠪᠡᠯ ᠨᠢᠭᠡ ᠶᠢ ᠲᠤᠰᠢᠶᠠᠵᠤ᠂ | ︽ᠬᠤᠭᠤᠰᠤᠨ ᠤᠷᠢᠶ᠎ᠠ ᠬᠠᠰᠬᠢᠷᠤᠭᠠᠳ᠂ ᠠᠵᠢᠯᠯᠠᠭ᠎ᠠ ᠠᠪᠬᠤ ᠦᠭᠡᠢ︾ ᠪᠠᠶᠢᠬᠤ ᠶᠢ ᠡᠷᠡᠰ ᠲᠠᠰᠤ ᠬᠤᠷᠢᠭᠯᠠᠵᠤ᠂ | ᠣᠪᠣᠷ ᠤᠨ ᠲᠠᠯ᠎ᠠ ᠪᠠᠷ ᠬᠢ ︽ᠬᠤᠳᠬᠤᠬᠤ︾ ᠪᠠ ᠶᠠᠪᠤᠴᠠ ᠶᠢᠨ ᠲᠠᠯ᠎ᠠ ᠪᠠᠷ ᠬᠢ ︽ᠳᠥᠩᠭᠡᠬᠦ︾ ᠢ ᠡᠷᠡᠰ ᠲᠠᠰᠤ | ᠬᠤᠷᠢᠭᠯᠠᠵᠤ᠂ ᠬᠥᠭᠵᠢᠯᠲᠡ ᠶᠢ ᠠᠬᠢᠭᠤᠯᠬᠤ᠂ ᠠᠷᠠᠳ ᠲᠤ ᠪᠤᠶᠠᠨ ᠦᠢᠯᠡᠳᠬᠦ ᠶᠢᠨ ᠬᠡᠷᠡᠭᠵᠢᠭᠦᠯᠦᠭᠴᠢ᠂ ᠠᠵᠢᠯᠯᠠᠭᠠᠨ ᠤ | ᠪᠦᠯᠦᠭᠲᠡᠨ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ ᠭᠤᠷᠪᠠ ᠳᠤ᠂ ᠳᠦᠷᠢᠮ ᠢᠶᠠᠷ ᠬᠠᠤᠯᠢ ᠪᠠᠷ ᠵᠠᠰᠠᠬᠤ ᠶᠢ | ᠪᠠᠲᠤᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠴᠢᠩᠭ᠎ᠠ ᠬᠡᠷᠡᠭᠵᠢᠭᠦᠯᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ᠂ ᠤᠯᠠᠨ ᠲᠦᠮᠡᠨ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠥᠰ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠵᠠᠰᠠᠭ | ᠵᠠᠬᠢᠷᠭᠠᠨ ᠤ ᠦᠢᠯᠡᠳᠦᠯ ᠴᠢᠳᠠᠪᠤᠷᠢ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠰᠠᠬᠢᠯᠭ᠎ᠠ ᠪᠠᠲᠤ ᠪᠠᠷ ᠬᠤᠷᠢᠭ᠎ᠠ ᠱᠤᠭᠤᠮ ᠢ ᠪᠠᠲᠤ ᠰᠠᠬᠢᠵᠤ᠂ ᠵᠠᠰᠠᠭ ᠤᠨ | ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ | ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠰᠠᠶᠢᠲᠤᠷ ᠠᠳᠬᠤᠵᠤ᠂ ᠲᠥᠪ ᠤᠨ ᠨᠠᠢᠮᠠᠨ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠳᠦᠷᠢᠮ ᠢ ᠴᠢᠩᠭ᠎ᠠ ᠬᠡᠷᠡᠭᠵᠢᠭᠦᠯᠵᠦ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ | ᠡᠷᠡᠰ ᠬᠤᠷᠢᠭᠯᠠᠵᠤ᠂ ᠪᠦᠬᠦ ᠰᠡᠳᠬᠢᠯ ᠰᠠᠨᠠᠭ᠎ᠠ ᠪᠠᠨ ᠠᠷᠠᠳ ᠲᠦᠮᠡᠨ ᠳᠤ ᠦᠢᠯᠡᠴᠢᠯᠡᠬᠦ ᠳᠡᠭᠡᠷ᠎ᠡ ᠲᠠᠯᠪᠢᠵᠤ᠂ ᠠᠷᠢᠭᠤᠨ | ᠴᠢᠬᠡᠴᠢ ᠪᠠᠷ ᠬᠥᠮᠥᠨ ᠪᠣᠯᠵᠤ᠂ ᠠᠷᠢᠭᠤᠨ ᠴᠢᠬᠡᠴᠢ ᠪᠠᠷ ᠠᠵᠢᠯᠯᠠᠵᠤ᠂ ᠠᠷᠢᠭᠤᠨ ᠴᠢᠬᠡᠴᠢ ᠤᠯᠤᠰ ᠲᠦᠷᠦ ᠶᠢᠨ ᠣᠣᠷ | ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ | ᠲᠥᠯᠥᠭᠡᠯᠡᠭᠴᠢᠳ ᠠ᠋︕ ᠬᠦᠴᠦᠨ ᠴᠢᠳᠠᠯ ᠪᠦᠯᠬᠦᠮᠳᠡᠯ ᠠᠴᠠ ᠢᠷᠡᠳᠡᠭ᠂ ᠠᠵᠢᠯ ᠦᠢᠯᠡᠰ ᠵᠢᠳᠬᠦᠯ ᠠᠴᠠ | ᠪᠦᠲᠦᠳᠡᠭ᠂ ᠬᠡᠷᠡᠭ ᠶᠠᠪᠤᠳᠠᠯ ᠬᠢᠬᠦ ᠪᠠᠷ ᠪᠣᠯᠳᠠᠭ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ | ᠬᠤᠳᠠ ᠶᠢᠨ ᠨᠠᠮ ᠤᠨ ᠬᠤᠷᠢᠶ᠎ᠠ ᠶᠢᠨ ᠲᠥᠪ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠳᠠ ᠶᠢᠨ 360 ᠲᠦᠮᠡᠨ | ᠠᠷᠠᠳ ᠲᠦᠮᠡᠨ ᠢ ᠴᠢᠩᠭ᠎ᠠ ᠲᠦᠰᠢᠭᠯᠡᠨ ᠪᠦᠯᠬᠦᠮᠳᠡᠵᠦ᠂ ᠬᠠᠷᠠᠯᠲᠠ ᠪᠠᠨ ᠠᠯᠳᠠᠯ ᠦᠭᠡᠢ ᠳᠠᠭᠠᠵᠤ᠂ ᠡᠷᠴᠢ | ᠵᠣᠷᠢᠭ ᠢᠶᠠᠨ ᠬᠥᠪᠴᠢᠯᠡᠵᠦ᠂ ᠱᠠᠯᠠᠮᠠᠭᠠᠶᠢᠯᠠᠵᠤ ᠭᠠᠷᠮᠠᠭᠠᠶᠢᠯᠠᠵᠤ᠂ ᠦᠨᠡᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠬᠦ ᠶᠢᠨ | ᠲᠥᠯᠥᠭᠡ ᠴᠥᠬᠦᠷᠡᠰᠢ ᠦᠭᠡᠢ ᠴᠢᠷᠮᠠᠶᠢᠵᠤ᠂ ᠰᠢᠯᠢᠳᠡᠭ ᠠᠮᠵᠢᠯᠲᠠ ᠪᠠᠷ ᠢᠶᠠᠨ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠤᠭᠲᠤᠶ᠎ᠠ︕ | ᠁ | |