| 2 ᠰᠠᠷ᠎ᠠ ᠶᠢᠨ 29 ᠤ ᠡᠳᠦᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ 2023 ᠣᠨ ᠤ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ ᠠᠯᠪᠠᠨ ᠮᠡᠳᠡᠭᠡ ᠶᠢ | ᠨᠡᠶᠢᠲᠡᠯᠡᠪᠡ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2023 ᠣᠨ ᠤ ᠤᠯᠤᠰ ᠠᠷᠠᠳ ᠤᠨ ᠶᠡᠷᠦᠩᠬᠡᠢ | ᠣᠷᠣᠯᠭ᠎ᠠ 125 ᠲᠦᠮᠡᠨ ᠳ᠋ᠦᠩᠰᠢᠭᠤᠷ ᠲᠥᠭᠦᠷᠢᠭ ᠢ ᠳᠠᠪᠠᠵᠠᠢ᠃ | | | ᠠᠯᠪᠠᠨ ᠮᠡᠳᠡᠭᠡ ᠳᠤ᠂ 2023 ᠣᠨ ᠳᠤ ᠮᠠᠨ ᠤ ᠤᠯᠤᠰ ᠤᠨ ᠠᠵᠤ ᠠᠬᠤᠢ ᠭᠠᠳᠠᠭᠠᠳᠤ ᠳᠠᠷᠤᠯᠲᠠ ᠶᠢ | ᠳᠠᠭᠠᠭᠠᠵᠤ᠂ ᠳᠣᠲᠣᠭᠠᠳᠤ ᠶᠢᠨ ᠬᠦᠴᠢᠷᠳᠡᠯ ᠢ ᠢᠯᠠᠨ ᠳᠠᠪᠠᠵᠤ᠂ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ | ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠨᠡᠯᠢᠶᠡᠳ ᠰᠠᠶᠢᠨ ᠪᠡᠶᠡᠯᠡᠭᠦᠯᠵᠦ᠂ ᠭᠢᠯᠪᠠᠷ ᠪᠤᠰᠤ ᠰᠢᠯᠭᠠᠯᠲᠠ ᠶᠢᠨ | ᠬᠠᠭᠤᠳᠠᠰᠤ ᠶᠢ ᠲᠤᠰᠢᠶᠠᠭᠰᠠᠨ ᠪᠠᠶᠢᠨ᠎ᠠ ᠭᠡᠵᠦ ᠦᠨᠡᠯᠡᠪᠡ᠃ | | | 2023 ᠣᠨ ᠤ ᠤᠯᠤᠰ ᠠᠷᠠᠳ ᠤᠨ ᠶᠡᠷᠦᠩᠬᠡᠢ ᠣᠷᠣᠯᠭ᠎ᠠ 125 ᠲᠦᠮᠡᠨ ᠳ᠋ᠦᠩᠰᠢᠭᠤᠷ ᠲᠥᠭᠦᠷᠢᠭ ᠢ | ᠳᠠᠪᠠᠪᠠ | | | ᠠᠯᠪᠠᠨ ᠮᠡᠳᠡᠭᠡ ᠳᠤ ᠢᠯᠡᠷᠡᠭᠦᠯᠦᠭᠰᠡᠨ ᠢᠶᠠᠷ᠂ ᠠᠩᠬ᠎ᠠ ᠠᠯᠬᠤᠮ ᠤᠨ ᠲᠣᠭᠠᠴᠠᠭ᠎ᠠ ᠬᠢᠭᠰᠡᠨ ᠳ᠋ᠦᠩ ᠳᠤ | 2023 ᠣᠨ ᠤ ᠪᠦᠭᠦ ᠵᠢᠯ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ | 1260582 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠸ ᠵᠢᠯ ᠤᠨ ᠬᠢ ᠠᠴᠠ 5.2% ᠢᠶᠠᠷ ᠨᠡᠮᠡᠭᠳᠡᠪᠡ᠃ | ᠤᠯᠤᠰ ᠠᠷᠠᠳ ᠤᠨ ᠶᠡᠷᠦᠩᠬᠡᠢ ᠣᠷᠣᠯᠭ᠎ᠠ 1251297 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ | ᠵᠢᠯ ᠤᠨ ᠬᠢ ᠠᠴᠠ 5.6% ᠪᠠᠷ ᠨᠡᠮᠡᠭᠳᠡᠵᠡᠢ᠃ | | | ︽2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ | ᠠᠯᠪᠠᠨ ᠮᠡᠳᠡᠭᠡ︾ ᠳᠤ᠂ ᠭᠤᠯᠳᠤ ᠪᠠᠷ ᠬᠠᠷᠢᠴᠠᠭᠤᠯᠪᠠᠯ᠂ 5.2% ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ | ᠨᠢ ᠲᠦᠷᠦᠭᠦᠸ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 2.2 ᠬᠤᠪᠢ ᠲᠦᠷᠭᠡᠳᠴᠦ᠂ ᠬᠢᠵᠢᠭ ᠤᠨ | ᠪᠠᠶᠢᠳᠠᠯ ᠤᠨ ᠭᠤᠷᠪᠠᠨ ᠵᠢᠯ ᠤᠨ 4.5% ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠴᠤ ᠲᠦᠷᠭᠡᠨ ᠪᠣᠯᠵᠠᠢ᠃ | ᠬᠥᠨᠳᠡᠯᠡᠨ ᠢᠶᠠᠷ ᠬᠠᠷᠢᠴᠠᠭᠤᠯᠪᠠᠯ᠂ ᠮᠠᠨ ᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠮᠧᠷᠢᠺᠠ ᠶᠢᠨ | 2.5%᠂ ᠡᠸᠦ᠋ᠷᠤ᠋ ᠬᠡᠷᠡᠭᠯᠡᠵᠦ ᠪᠠᠶᠢᠭ᠎ᠠ ᠭᠠᠵᠠᠷ ᠣᠷᠣᠨ ᠤ 0.5%᠂ ᠶᠠᠫᠤᠨ ᠤ 1.9% ᠶᠢᠨ ᠠᠵᠤ ᠠᠬᠤᠢ ᠶᠢᠨ | ᠨᠡᠮᠡᠭᠳᠡᠯ ᠤᠨ ᠬᠤᠷᠳᠤᠴᠠ ᠠᠴᠠ ᠢᠯᠡᠳᠲᠡ ᠲᠦᠷᠭᠡᠨ ᠪᠠᠶᠢᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 30% ᠶᠢ ᠳᠠᠪᠠᠭᠤ ᠪᠣᠯᠣᠮᠵᠢ ᠲᠠᠢ ᠪᠠᠶᠢᠵᠤ᠂ ᠮᠥᠨ ᠬᠦ ᠪᠦᠭᠦ | ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠤᠨ ᠴᠢᠬᠤᠯᠠ ᠬᠥᠳᠡᠯᠭᠡᠭᠦᠷ ᠪᠤᠯᠬᠤ ᠶᠤᠮ ᠭᠡᠵᠦ ᠦᠨᠡᠯᠡᠪᠡ᠃ | | | 2023 ᠣᠨ ᠤ ᠪᠦᠭᠦ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ | ᠣᠷᠣᠯᠭ᠎ᠠ 39218 ᠲᠥᠭᠦᠷᠢᠭ | | | ᠣᠷᠣᠯᠭ᠎ᠠ ᠶᠢᠨ ᠲᠠᠯ᠎ᠠ ᠪᠠᠷ᠂ ᠠᠯᠪᠠᠨ ᠮᠡᠳᠡᠭᠡ ᠳᠤ ᠢᠯᠡᠷᠡᠭᠦᠯᠦᠭᠰᠡᠨ ᠢᠶᠠᠷ᠂ ᠪᠦᠭᠦ ᠵᠢᠯ ᠤᠨ ᠪᠦᠭᠦ ᠤᠯᠤᠰ ᠤᠨ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 39218 ᠲᠥᠭᠦᠷᠢᠭ ᠲᠤ ᠬᠦᠷᠴᠦ᠂ | ᠲᠦᠷᠦᠭᠦᠸ ᠵᠢᠯ ᠤᠨ ᠬᠢ ᠠᠴᠠ 6.3% ᠪᠠᠷ ᠨᠡᠮᠡᠭᠳᠡᠵᠡᠢ᠂ ᠦᠨ᠎ᠡ ᠬᠠᠩᠰᠢ ᠶᠢᠨ ᠬᠦᠴᠦᠨ ᠵᠦᠢᠯ ᠢ ᠭᠠᠷᠭᠠᠪᠠᠯ᠂ 6. | 1% ᠪᠠᠷ ᠪᠣᠳᠠᠲᠠᠢ ᠨᠡᠮᠡᠭᠳᠡᠵᠡᠢ᠃ ᠪᠦᠭᠦ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ | ᠪᠤᠯᠬᠤ ᠣᠷᠣᠯᠭ᠎ᠠ ᠶᠢᠨ ᠳᠤᠮᠳᠠ ᠪᠠᠶᠢᠷᠢ ᠪᠠᠷ 33036 ᠲᠥᠭᠦᠷᠢᠭ ᠪᠠᠶᠢᠵᠤ᠂ 5.3% ᠪᠠᠷ ᠨᠡᠮᠡᠭᠳᠡᠪᠡ᠃ ᠪᠦᠭᠦ | ᠤᠯᠤᠰ ᠤᠨ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢᠨ ᠬᠠᠷᠢᠴᠠᠯ 2. | 39 ᠪᠣᠯᠵᠤ᠂ ᠲᠦᠷᠦᠭᠦᠦ ᠵᠢᠯ ᠤᠨ 0.06 ᠪᠠᠭᠠᠰᠴᠠᠢ᠃ | | | ︽2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠷᠢᠳᠬᠡᠯ ᠤᠨ | ᠠᠯᠪᠠᠨ ᠮᠡᠳᠡᠭᠡ︾ ᠳᠤ᠂ 2023 ᠣᠨ ᠳᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠣᠯᠠᠨ ᠠᠷᠭ᠎ᠠ ᠵᠠᠮ ᠢᠶᠠᠷ ᠠᠬᠢᠭᠤᠯᠵᠤ᠂ | ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠪᠡ᠃ ᠠᠵᠢᠯ ᠣᠯᠭᠤᠯᠲᠠ ᠶᠢᠨ ᠪᠠᠶᠢᠳᠠᠯ ᠰᠠᠶᠢᠵᠢᠷᠠᠵᠤ᠂ | ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠰᠡᠷᠭᠦᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠰᠡᠷᠭᠦᠯᠲᠡ ᠶᠢᠨ | ᠴᠢᠨᠠᠷᠲᠠᠢ ᠨᠡᠮᠡᠭᠳᠡᠯ ᠲᠠᠢ ᠪᠤᠯᠬᠤ ᠶᠢ ᠳᠠᠶᠢᠴᠢᠯᠠᠪᠠ ᠭᠡᠵᠦ ᠦᠨᠡᠯᠡᠪᠡ᠃ | | | ᠰᠢᠨ᠎ᠡ ᠡᠨᠧᠷᠭᠢ ᠶᠢᠨ ᠮᠠᠰᠢᠨ ᠲᠡᠷᠭᠡ ᠠᠳᠠᠯᠢ ᠬᠤᠭᠤᠴᠠᠭᠠᠨ ᠤ ᠬᠢ ᠠᠴᠠ 30.3% ᠨᠡᠮᠡᠭᠳᠡᠪᠡ | | ᠠᠯᠪᠠᠨ ᠮᠡᠳᠡᠭᠡ ᠳᠤ᠂ ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠠᠭ ᠬᠥᠭᠵᠢᠯᠲᠡ ᠶᠢᠨ ᠠᠷᠭ᠎ᠠ | ᠮᠠᠶ᠋ᠢᠭ ᠢᠶᠠᠨ ᠬᠤᠪᠢᠷᠠᠭᠤᠯᠬᠤ᠂ ᠠᠵᠤ ᠠᠬᠤᠢ ᠶᠢᠨ ᠪᠦᠲᠦᠴᠡ ᠪᠠᠨ ᠰᠢᠯᠢᠳᠡᠭᠵᠢᠭᠦᠯᠬᠦ᠂ ᠨᠡᠮᠡᠭᠳᠡᠯ ᠤᠨ ᠬᠥᠳᠡᠯᠭᠡᠬᠦ | ᠬᠦᠴᠦᠨ ᠢᠶᠠᠨ ᠬᠤᠪᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠤ ᠣᠷᠣᠰᠢᠵᠤ ᠪᠠᠶᠢᠨ᠎ᠠ᠂ ᠥᠩᠭᠡᠷᠡᠭᠰᠡᠨ | ᠨᠢᠭᠡ ᠵᠢᠯ ᠳᠤ᠂ ᠪᠦᠭᠦ ᠤᠯᠤᠰ ᠢᠶᠠᠷ ᠢᠶᠠᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ | ᠡᠭᠦᠷᠭᠡ ᠶᠢ ᠭᠤᠶᠢᠪᠢᠰᠢ ᠦᠭᠡᠢ ᠲᠣᠭᠲᠠᠭᠠᠵᠤ᠂ ᠭᠡᠯᠪᠡᠷᠢ ᠪᠠᠨ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ | ᠴᠢᠨᠠᠷ ᠢ ᠳᠡᠭᠡᠭᠰᠢᠯᠡᠭᠦᠯᠭᠦ᠂ ᠬᠥᠳᠡᠯᠭᠡᠬᠦ ᠬᠦᠴᠦᠨ ᠢ ᠨᠡᠮᠡᠭᠳᠡᠭᠦᠯᠬᠦ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ | ᠬᠤᠷᠸ᠎ᠠ ᠠᠵᠤ ᠠᠬᠤᠢ ᠶᠢᠨ︽ᠲᠣᠭᠲᠠᠭᠤᠨ︾ ᠪᠠᠶᠢᠬᠤ ᠦᠨᠳᠦᠰᠦᠨ ᠪᠠᠶᠢᠳᠠᠯ ᠢ ᠪᠠᠲᠤ ᠰᠠᠬᠢᠭᠰᠠᠨ ᠢᠶᠠᠷ ᠪᠠᠷᠠᠬᠤ | ᠦᠭᠡᠢ᠂ ᠨᠡᠩ ᠴᠤ ᠴᠢᠨᠠᠷ ᠰᠠᠶᠢᠲᠠᠢ ᠬᠥᠭᠵᠢᠯᠲᠡ ᠶᠢ ᠡᠷᠡᠰ ᠠᠬᠢᠭᠤᠯᠬᠤ ᠶᠠᠪᠤᠴᠠ ᠳᠤ︽ᠤᠷᠤᠭᠰᠢᠯᠠᠬᠤ︾ ᠰᠢᠨ᠎ᠡ | ᠣᠷᠣᠨ ᠵᠠᠢ ᠶᠢ ᠥᠷᠭᠡᠳᠬᠡᠭᠰᠡᠨ ᠪᠠᠶᠢᠨ᠎ᠠ ᠭᠡᠵᠦ ᠦᠨᠡᠯᠡᠪᠡ᠃ | | | ᠰᠢᠨ᠎ᠡ ᠬᠥᠳᠡᠯᠭᠡᠬᠦ ᠡᠨᠧᠷᠭᠢ ᠦᠰᠦᠨ ᠪᠤᠵᠠᠭᠠᠶᠢᠷᠠᠪᠠ᠃ ᠪᠦᠭᠦ ᠵᠢᠯ ᠤᠨ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠳᠣᠲᠣᠷ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ 944.3 ᠲᠦᠮᠡ ᠦᠢᠯᠡᠳᠪᠦᠷᠢᠯᠡᠵᠦ | ᠂ ᠲᠦᠷᠦᠭᠦᠦ ᠵᠢᠯ ᠤᠨ ᠬᠢ ᠠᠴᠠ 30.3% ᠪᠠᠷ ᠨᠡᠮᠡᠭᠳᠡᠪᠡ; ᠨᠡᠷᠡᠨ ᠡᠨᠧᠷᠭᠢ ᠶᠢᠨ ᠳ᠋ᠢᠶᠠᠨ ᡂᠢ ︵ᠭᠡᠷᠡᠯ | ᠴᠡᠨᠡᠭ ᠤᠨ ᠳ᠋ᠢᠶᠠᠨ ᡂᠢ︶5.4 ᠳ᠋ᠦᠩᠰᠢᠭᠤᠷ ᠺᠢᠯᠣᠸᠠᠲ ᠲᠤ ᠬᠦᠷᠴᠦ᠂ 54.0% ᠢᠶᠠᠷ ᠨᠡᠮᠡᠭᠳᠡᠪᠡ᠃ | | | ᠦᠢᠯᠡᠴᠢᠯᠡᠭᠡᠨ ᠤ ᠮᠠᠰᠢᠨ ᠬᠥᠮᠥᠨ 783.3 ᠲᠦᠮᠡᠨ ᠢᠵᠢ ᠳᠤ ᠬᠦᠷᠴᠦ᠂ 23.3% ᠪᠠᠷ ᠨᠡᠮᠡᠭᠳᠡᠪᠡ᠃ | |