︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠲᠤ ᠪᠢᠳᠡ ᠢᠩᠭᠢᠵᠦ ᠥᠩᠭᠡᠷᠡᠵᠦ ᠪᠠᠶᠢᠨ᠎ᠠ
ᠨᠡᠶᠢᠲᠡᠯᠡᠭᠰᠡᠨ ᠴᠠᠭ᠄
2024/3/11
      ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠤᠯᠠᠷᠢᠯ ᠳᠤ    ︽3.8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠤᠨ ᠡᠳᠦᠷ ᠪᠣᠯᠵᠤᠭ᠎ᠠ ᠪᠠᠷ ᠡᠬᠢᠯᠡᠨ᠎ᠡ᠃
      ᠰᠠᠶᠢᠬᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠭᠡᠷ ᠠᠴᠠ ᠲᠣᠭᠤᠷᠢᠭ ᠲᠤ ᠰᠠᠭᠤᠭ᠎ᠠ ᠴᠡᠷᠢᠭ ᠠᠩᠭᠢ ᠶᠢᠨ ᠴᠡᠷᠢᠭ ᠪᠡᠷᠭᠡᠨ ᠳᠤ ︽ᠡᠮᠡᠭᠲᠡᠶᠢᠴᠦᠳ ᠤᠨ ᠴᠡᠷᠢᠭ ᠪᠡᠷᠭᠡᠨ ᠢ ᠮᠠᠭᠲᠠᠨ ᠰᠠᠶᠢᠰᠢᠶᠠᠬᠤ︾ ᠬᠤᠶᠠᠷ ᠢ ᠬᠦᠷᠢᠶᠡᠯᠡᠬᠦ ᠤᠷᠠᠯᠢᠭ ᠤᠨ ᠴᠡᠴᠡᠭ ᠢ ᠰᠠᠭᠤᠯᠭᠠᠬᠤ ᠠᠵᠢᠯᠯᠠᠭ᠎ᠠ ᠥᠷᠨᠢᠭᠦᠯᠵᠦ᠂ ᠣᠯᠠᠨ ᠢᠶᠠᠷ ᠢᠶᠠᠨ ᠥᠪᠡᠷ ᠤᠨ ᠭᠠᠷ ᠢᠶᠠᠷ ᠢᠶᠠᠨ ᠵᠣᠬᠢᠶᠠᠭᠰᠠᠨ ᠪᠦᠲᠦᠭᠡᠯ ᠢᠶᠠᠨ ᠡᠷᠭᠦᠨ ᠰᠣᠨᠢᠷᠬᠠᠵᠤ᠂ ᠬᠠᠷᠢᠯᠴᠠᠨ ᠰᠣᠨᠢᠷᠬᠠᠵᠤ᠂ ᠬᠠᠷᠢᠯᠴᠠᠨ ᠳᠡᠯᠭᠡᠨ ᠦᠵᠡᠭᠦᠯᠵᠦ᠂ ᠴᠡᠴᠡᠭ ᠤᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠠᠪᠴᠢᠷᠠᠭᠰᠠᠨ ᠠᠮᠵᠢᠯᠲᠠ ᠪᠦᠲᠦᠭᠡᠯ ᠢ ᠡᠳ᠋ᠯᠡᠵᠦ ᠪᠠᠶᠢᠨ᠎ᠠ᠃
     ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ︽ᠴᠡᠴᠡᠭ ᠤᠨ  ᠤᠷᠠᠯᠢᠭ ᠤᠨ ᠪᠣᠯᠵᠤᠭ᠎ᠠ ᠬᠤᠲᠠ ᠶᠢᠨ ᠬᠠᠮᠢᠶᠠᠷᠤᠯᠲᠠ ᠶᠢᠨ ᠡᠮᠡᠭᠲᠡᠶᠢᠴᠦᠳ ᠤᠨ  ᠴᠤᠭ ᠵᠢᠪᠬᠤᠭ᠎ᠠ ᠶᠢ ᠪᠠᠳᠠᠷᠠᠭᠤᠯᠬᠤ︾ ᠤᠷᠠᠯᠢᠭ ᠤᠨ ᠴᠡᠴᠡᠭ ᠬᠠᠳᠭᠤᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠠᠢ ᠳᠤ ᠢᠨᠢᠶᠡᠳᠦ ᠲᠠᠰᠤᠷᠠᠯ ᠦᠭᠡᠢ᠂ ᠪᠠᠶᠠᠷ ᠬᠥᠷ ᠲᠠᠢ ᠪᠠᠶᠢᠯ᠎ᠠ᠃
         ᠳᠤᠮᠳᠠᠳᠤ ᠤᠯᠤᠰ ᠤᠨ ᠲᠤᠰᠭᠠᠢ ᠵᠠᠮ ᠤᠨ  ᠵᠡᠭᠡᠯᠢ  ᠭᠤᠳᠤᠮᠵᠢ ᠶᠢᠨ   ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠦ ᠴᠣᠭᠴᠠᠯᠠᠬᠤ  - ᠡᠮᠡᠭᠲᠡᠶᠢᠴᠦᠳ ᠣᠷᠣᠭᠰᠢᠯᠠᠨ ᠳᠠᠪᠰᠢᠵᠦ  ᠰᠢᠨ᠎ᠡ ᠬᠠᠭᠤᠳᠠᠰᠤ ᠶᠢ ᠪᠢᠴᠢᠭᠯᠡᠶ᠎ᠡ 114  ᠳ᠋ᠦ᠋ᠭᠡᠷ  ︽ᠭᠤᠷᠪᠠᠨ ᠰᠠᠷ᠎ᠠ ᠶᠢᠨ ᠨᠠᠢᠮᠠᠨ︾ ᠤ ᠳᠡᠯᠡᠬᠡᠢ ᠶᠢᠨ ᠡᠮᠡᠭᠲᠡᠶᠢᠴᠦᠳ ᠦᠨ ᠪᠠᠶᠠᠷ ᠤᠨ ᠡᠮᠡᠭᠲᠡᠢ ᠠᠵᠢᠯᠲᠠᠨ ᠤ ᠭᠤᠣᠯ ᠰᠡᠳᠦᠪᠲᠦ ᠠᠵᠢᠯᠯᠠᠭ᠎ᠠ᠃
    ᠢ ᠶᠤᠸᠠᠨ ᠨᠡᠶᠢᠭᠡᠮ ᠲᠣᠭᠤᠷᠢᠭ ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠳᠤᠷ᠎ᠠ ᠰᠣᠨᠢᠷᠬᠠᠯ ᠤᠨ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠺᠠᠳ᠋ᠷ ᠠᠵᠢᠯᠲᠠᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠨᠠᠶᠢᠵᠠ ᠨᠠᠷ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠤ᠂ ᠬᠠᠮᠲᠤ ᠪᠠᠷ ᠥᠪᠡᠷ ᠤᠨ ᠪᠠᠶᠠᠷ ᠤᠨ ᠡᠳᠦᠷ ᠢᠶᠠᠨ ᠪᠡᠯᠭᠡᠯᠡᠪᠡ᠃
         ᠰᠠᠶᠢᠬᠠᠨ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ︽ᠡᠮᠡᠭᠲᠡᠶᠢᠴᠦᠳ‌‍ᠤᠨ ᠴᠤᠭ ᠵᠣᠯ ᠢ ᠪᠠᠳᠠᠷᠠᠨ ᠰᠢᠨ᠎ᠡ ᠠᠶᠠᠨ ᠵᠠᠮ ᠳᠠᠭᠠᠨ ᠡᠷᠡᠯᠬᠡᠭᠯᠡᠨ ᠤᠷᠤᠭᠱᠢᠯᠠᠬᠤ︾ ︽ᠭᠤᠷᠪᠠᠨ ᠰᠠᠷ᠎ᠠ ᠶᠢᠨ ᠨᠠᠢᠮᠠᠨ︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠠ᠃
     ᠴᠡᠯᠡᠭᠡᠷ ᠲᠠᠯ᠎ᠠ ᠵᠠᠮ ᠤᠨ ᠵᠡᠭᠡᠯᠢ ᠭᠤᠳᠤᠮᠵᠢ ᠶᠢᠨ ᠬᠢᠨ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠠᠶᠢᠨ ᠰᠠᠶᠢᠬᠠᠨ ᠢ ᠬᠠᠮᠲᠤ ᠪᠠᠷ ᠴᠣᠭᠴᠠᠯᠠᠶ᠎ᠠ︾ ᠭᠡᠬᠦ ᠭᠤᠷᠪᠠᠨ ᠰᠠᠷ᠎ᠠ ᠶᠢᠨ ᠨᠠᠢᠮᠠᠨ ᠤ ᠪᠠᠶᠠᠷ ᠤᠨ ᠭᠠᠷ ᠤᠷᠠᠯᠠᠯ ᠤᠨ ᠰᠢᠯᠢᠳᠡᠭ ᠰᠠᠪᠤᠩ ᠦᠢᠯᠡᠳᠬᠦ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠤᠯᠠᠨ ᠢᠶᠠᠷ ᠢᠶᠠᠨ ᠳᠡᠯᠭᠡᠨ ᠦᠵᠡᠭᠦᠯᠵᠦ ᠬᠤᠪᠢᠶᠠᠯᠴᠠᠪᠠ᠃
    ᠶᠦᠩ ᠲᠠᠢ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠪᠢᠴᠢᠭ ᠤᠨ ᠰᠠᠯᠠᠭᠠᠨ ᠤ ᠭᠡᠷ ᠠᠬᠤᠢ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠬᠠᠷᠢᠶᠠᠲᠤ ᠣᠷᠣᠨ ᠤ ᠡᠮᠡᠭᠲᠡᠶᠢᠴᠦᠳ ᠤᠨ ᠲᠥᠯᠥᠭᠡᠯᠡᠭᠴᠢ᠂ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠴᠢ᠂ ᠡᠮᠡᠭᠲᠡᠶᠢᠴᠦᠳ ᠤᠨ ᠳᠤᠭᠤᠶᠢᠯᠠᠩ ᠵᠡᠷᠭᠡ 30 ᠡᠮᠡᠭᠲᠡᠶᠢᠴᠦᠳ ᠤᠨ ᠠᠬ᠎ᠠ ᠳᠡᠭᠦᠦ ᠨᠠᠷ ᠢ ᠵᠣᠬᠢᠶᠠᠨ ᠪᠠᠶᠢᠭᠤᠯᠵᠤ ︽ᠶᠦᠩ ᠲᠠᠢ ᠠᠮᠢᠵᠢᠷᠠᠯ ᠤᠨ ᠬᠦᠴᠦᠨ ᠳᠠᠭᠤᠷᠢᠰᠬᠤ︾ ᠳᠤᠷ᠎ᠠ ᠰᠣᠨᠢᠷᠬᠠᠯ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠵᠦ᠂ ᠵᠠᠯᠠᠭᠤ ᠨᠠᠰᠤᠨ ᠤ ᠢᠳᠡᠪᠬᠢ ᠬᠦᠴᠦᠨ ᠢ ᠬᠤᠷᠠᠮᠳᠤᠭᠤᠯᠤᠨ᠂ ᠡᠮᠡᠭᠲᠡᠶᠢᠴᠦᠳ ᠤᠨ ︽ᠲᠡᠭᠦᠦᠨ︾ ᠤ ᠬᠦᠴᠦᠨ ᠢ ᠳᠠᠮᠵᠢᠭᠤᠯᠵᠤ᠂ ᠨᠠᠩ ᠣᠯᠠᠨ ᠡᠮᠡᠭᠲᠡᠶᠢᠴᠦᠳ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠩᠨᠡᠭᠡ ᠳᠤ ᠣᠷᠣᠬᠤ ᠶᠢ ᠵᠣᠷᠢᠭᠵᠢᠭᠤᠯᠪᠠ᠃        ᠰᠠᠶᠢᠬᠠᠨ ᠬᠠᠮ ᠵᠠᠭᠤᠴᠢᠯᠠᠭᠤᠷ ᠤᠨ ᠶᠡᠷᠦᠩᠬᠡᠶᠢᠯᠡᠯ          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号