ᠰᠠᠶᠢᠬᠠᠨ ᠲᠣᠭᠤᠷᠢᠭ᠄  ᠦᠨᠳᠦᠰᠦᠨ ᠱᠠᠲᠤᠨ ᠳᠤ ᠬᠦᠷᠴᠦ ᠭᠠᠷ ᠤᠷᠠᠯᠠᠯ ᠤᠨ ᠤᠷ᠎ᠠ ᠴᠢᠳᠠᠪᠤᠷᠢ ᠶᠢᠨ ᠲᠠᠯ᠎ᠠ ᠪᠠᠷ ᠭᠡᠷ ᠲᠤᠨᠢ ᠬᠦᠷᠭᠡᠪᠡ
ᠨᠡᠶᠢᠲᠡᠯᠡᠭᠰᠡᠨ ᠴᠠᠭ᠄
2024/3/12
       ᠡᠮᠡᠭᠲᠡᠶᠢᠴᠦᠳ ᠤᠨ ᠠᠵᠢᠯ ᠣᠯᠭᠤᠯᠲᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠬᠦ ᠶᠢ ᠤᠯᠠᠮ ᠨᠢᠭᠡ ᠠᠯᠬᠤᠮ ᠬᠥᠲᠥᠯᠥᠨ ᠳᠠᠭᠠᠭᠤᠯᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 9 ᠤ ᠡᠳᠦᠷ᠂ ᠶᠢᠨ ᠾᠧ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠠᠴᠠ ᠵᠣᠬᠢᠬᠤ ᠨᠠᠰᠤᠨ ᠤ ᠡᠮᠡᠭᠲᠡᠶᠢᠴᠦᠳ ᠢ ᠵᠣᠬᠢᠶᠠᠨ ᠪᠠᠶᠢᠭᠤᠯᠵᠤ ᠪᠠᠪᠠᠢ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ︽ᠪᠢ ᠡᠮᠡᠭᠲᠡᠶᠢᠴᠦᠳ ᠤᠨ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠭᠦᠨ᠎ᠡ︾ ᠭᠡᠬᠦ ᠤᠷᠠᠨ ᠭᠠᠷ ᠢᠶᠠᠷ ᠢᠶᠠᠨ ᠠᠵᠢᠯ ᠣᠯᠭᠤᠯᠲᠠ ᠶᠢᠨ ᠵᠡᠭᠦᠳᠦ ᠶᠢᠨ ᠭᠠᠷ ᠤᠷᠠᠯᠠᠯ ᠤᠨ ᠪᠣᠯᠪᠠᠰᠤᠷᠠᠯ ᠢ ᠥᠷᠨᠢᠭᠦᠯᠪᠡ᠃
    ᠲᠣᠰ ᠠᠵᠢᠯᠯᠠᠭ᠎ᠠ ᠳᠤ ᠬᠥᠬᠡᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠪ ᠤᠨ ᠣᠨᠴᠠ ᠤᠷᠢᠭᠰᠠᠨ ᠲᠤᠰᠬᠠᠢ ᠮᠡᠷᠭᠡᠵᠢᠯᠲᠡᠨ ᠰᠢᠦᠢ ᠹᠦ᠋ ᠯᠢᠩ ᠪᠠᠭᠰᠢ ᠶᠢ ᠤᠷᠢᠵᠤ ᠲᠤᠰᠬᠠᠢ ᠮᠡᠷᠭᠡᠵᠢᠯ ᠤᠨ ᠬᠢᠴᠢᠶᠡᠯ ᠣᠷᠣᠭᠤᠯᠵᠤ᠂ ᠪᠠᠭᠰᠢ ᠣᠨᠣᠯ ᠤᠨ ᠲᠠᠶᠢᠯᠪᠤᠷᠢᠯᠠᠯᠲᠠ᠂ ᠲᠤᠬᠠᠢ ᠶᠢᠨ ᠲᠠᠯᠠᠪᠤᠷ ᠲᠤ ᠵᠢᠱᠢᠶ᠎ᠡ ᠦᠵᠡᠭᠦᠯᠬᠦ᠂ ᠪᠣᠳᠠᠲᠠᠢ ᠪᠣᠯᠪᠠᠰᠤᠷᠠᠯ ᠢ ᠵᠢᠯᠤᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂  ᠶᠢᠨ ᠾᠧ ᠪᠠᠯᠭᠠᠰᠤᠨ ᠤ ᠡᠮᠡᠭᠲᠡᠶᠢᠴᠦᠳ ᠲᠤ ᠠᠮᠢᠳᠤᠯᠢᠭ ᠪᠥᠭᠡᠳ ᠪᠣᠳᠠᠲᠤ ᠬᠡᠷᠡᠭᠯᠡᠭᠡᠨ ᠤ ᠭᠠᠷ ᠤᠷᠠᠯᠠᠯ ᠤᠨ ᠪᠣᠯᠪᠠᠰᠤᠷᠠᠯ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠪᠠᠭᠰᠢ ᠨᠠᠷ ᠤᠯᠠᠨ ᠳᠤ ᠮᠠᠲ᠋ᠧᠷᠢᠶᠠᠯ ᠤᠨ ᠪᠣᠭᠤᠳᠠᠯ ᠲᠠᠷᠬᠠᠭᠠᠭᠰᠠᠨ ᠪᠥᠭᠡᠳ ᠨᠠᠷᠢᠨ ᠨᠢᠮᠪᠠᠢ ᠵᠢᠯᠣᠭᠤᠳᠤᠯᠭ᠎ᠠ ᠬᠢᠵᠡᠢ᠃ ᠪᠣᠯᠪᠠᠰᠤᠷᠠᠯ ᠳᠤ ᠣᠷᠣᠯᠴᠠᠭᠰᠠᠨ 30 ᠭᠠᠷᠤᠢ ᠡᠮᠡᠭᠲᠡᠶᠢᠴᠦᠳ ᠬᠠᠷᠢᠯᠴᠠᠨ ᠬᠠᠪᠰᠤᠷᠤᠯᠴᠠᠨ ᠰᠤᠷᠤᠯᠴᠠᠵᠤ᠂ ᠬᠠᠯᠠᠭᠤᠮᠰᠤᠭ ᠢᠶᠠᠷ ᠣᠷᠭᠢᠯᠤᠨ ᠪᠠᠳᠠᠷᠠᠵᠤ᠂ ᠨᠠᠷᠢᠨ ᠬᠢᠨᠠᠮᠠᠭᠠᠢ ᠰᠤᠷᠤᠯᠴᠠᠵᠤ᠂ ᠬᠠᠷᠢᠯᠴᠠᠨ ᠶᠠᠷᠢᠯᠴᠠᠵᠤ᠂ ᠥᠪᠡᠷ ᠥᠪᠡᠷ ᠤᠨ ᠭᠠᠷ ᠤᠷᠠᠯᠠᠯ ᠤᠨ ᠪᠦᠲᠦᠭᠡᠭᠳᠡᠬᠦᠨ ᠢᠶᠠᠨ ᠬᠤᠪᠢᠶᠠᠯᠴᠠᠵᠤ᠂ ᠬᠤᠷᠤᠭᠤᠨ ᠦᠵᠦᠭᠦᠷ ᠤᠨ ᠤᠷ᠎ᠠ ᠮᠡᠷᠭᠡᠵᠢᠯ ᠢᠶᠠᠷ ᠢᠶᠠᠨ ᠨᠠᠮ ᠪᠠ ᠡᠬᠡ ᠤᠯᠤᠰ ᠢᠶᠠᠨ ᠬᠠᠶᠢᠷᠠᠯᠠᠬᠤ ᠵᠢᠴᠢ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠡᠷᠡᠭᠦᠯ ᠥᠭᠡᠳᠡᠷᠬᠡᠭ᠂ ᠠᠮᠢᠳᠤᠷᠠᠯ ᠢᠶᠠᠨ ᠬᠠᠶᠢᠷᠠᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠳᠬᠡᠵᠡᠢ᠃
    ᠲᠣᠰ ᠤᠳᠠᠭᠠᠨ ᠤ ᠠᠵᠢᠯᠯᠠᠭ᠎ᠠ ᠳᠤ ᠶᠢᠨ ᠾᠧ ᠪᠠᠯᠭᠠᠰᠤᠨ ᠤ ᠡᠮᠡᠭᠲᠡᠶᠢᠴᠦᠳ ᠤᠨ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠰ ᠴᠣᠭᠴᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠲᠡᠳᠡᠨ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠤᠷᠤᠭᠰᠢᠯᠠᠭᠤᠯᠪᠠ᠃ ᠡᠮᠡᠭᠲᠡᠶᠢᠴᠦᠳ ᠥᠪᠡᠷ ᠤᠨ ᠵᠣᠬᠢᠶᠠᠭᠰᠠᠨ ᠵᠠᠰᠠᠯ ᠴᠢᠮᠡᠭᠯᠡᠯ ᠤᠨ ᠡᠳ᠋ ᠢᠶᠠᠨ ᠵᠡᠭᠦᠵᠦ᠂ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠵᠦ᠂ ᠡᠷᠡᠰ ᠵᠣᠷᠢᠭ ᠢᠶᠠᠨ ᠪᠠᠲᠤᠳᠬᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠡᠷᠴᠢ ᠵᠣᠷᠢᠭ ᠢᠶᠠᠷ  ᠶᠢᠨ ᠾᠧ ᠪᠠᠯᠭᠠᠰᠤᠨ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ ᠲᠠᠷᠠᠭᠠᠴᠢ ᠶᠢᠨ ᠠᠯᠬᠤᠮ ᠳᠤ᠂  ᠶᠢᠨ ᠾᠧ ᠪᠠᠯᠭᠠᠰᠤ ᠲᠣᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠩ ᠣᠯᠠᠨ ᠡᠮᠡᠭᠲᠡᠶᠢᠴᠦᠳ ᠢ ᠬᠠᠪᠰᠤᠷᠤᠨ ᠭᠠᠷ ᠨᠡᠬᠡᠮᠡᠯ ᠵᠡᠷᠭᠡ ᠡᠯ᠎ᠡ ᠵᠦᠢᠯ ᠤᠨ ᠭᠠᠷ ᠤᠷᠠᠯᠠᠯ ᠢ ᠡᠵᠡᠮᠰᠢᠭᠦᠯᠵᠦ᠂ ᠪᠥᠬᠦ ᠪᠠᠯᠭᠠᠰᠤᠨ ᠤ ᠡᠮᠡᠭᠲᠡᠶᠢᠴᠦᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠭᠡᠷ ᠪᠦᠯᠢ ᠶᠢᠨ ᠡᠮᠡᠭᠲᠡᠶᠢᠴᠦᠳ ᠢ ᠬᠠᠪᠰᠤᠷᠤᠨ ᠭᠡᠷ ᠪᠦᠯᠢ ᠳᠤ ᠠᠵᠢᠯ ᠣᠯᠭᠤᠨ᠎ᠠ᠃         ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号