ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ
ᠨᠡᠶᠢᠲᠡᠯᠡᠭᠰᠡᠨ ᠴᠠᠭ᠄
2024/3/12
ᠨᠢᠭᠡ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠪᠦᠲᠦᠭᠡᠨ ᠪᠠᠶᠢᠭᠤᠯᠬᠤ ᠨᠢᠭᠡᠴᠡ ᠪᠣᠯᠣᠨ ᠬᠤᠪᠢ ᠬᠥᠮᠥᠨ  ᠤ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠡᠪᠴᠢᠶᠡᠨ ᠳᠣᠲᠣᠷᠠᠬᠢ ᠪᠦᠲᠦᠭᠡᠨ ᠪᠠᠶᠢᠭᠤᠯᠤᠯᠲᠠ ᠲᠤ ᠬᠡᠷᠡᠭᠯᠡᠬᠦ ᠭᠠᠵᠠᠷ ᠳᠡᠭᠡᠷᠡᠬᠢ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ ᠵᠠᠰᠠᠭ ᠵᠠᠬᠢᠷᠭᠠᠨ ᠢᠢᠡᠷ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠬᠤ ᠨᠢᠭᠡᠴᠡ ᠪᠣᠯᠣᠨ ᠬᠤᠪᠢ ᠬᠥᠮᠥᠨ ᠤ ᠭᠠᠵᠠᠷ ᠰᠢᠷᠣᠢ ᠠᠰᠢᠭᠯᠠᠬᠤ ᠲᠠᠯ᠎ᠠ ᠪᠠᠷ ᠪᠦᠲᠦᠭᠡᠨ ᠪᠠᠶᠢᠭᠤᠯᠤᠯᠲᠠ‌‍ᠲ᠋ᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠵᠦ ᠲᠣᠭᠲᠠᠭᠠᠯ ᠠᠴᠠ ᠵᠥᠷᠢᠴᠡᠨ ᠪᠦᠲᠦᠭᠡᠨ ᠪᠠᠶᠢᠭᠤᠯᠤᠭᠰᠠᠨ ᠥᠢᠯᠡ ᠠᠵᠢᠯᠯᠠᠭ᠎ᠠ ᠲᠤ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠬᠤ ᠶᠢᠨ ᠬᠠᠮᠲᠤ ᠵᠠᠰᠠᠭ ᠵᠠᠬᠢᠷᠭᠠᠨ ᠢᠢᠡᠷ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ᠃      ︵ᠬᠤᠶᠠᠷ︶ ᠪᠠᠷᠢᠯᠭ᠎ᠠ ᠶᠢᠨ ᠵᠠᠬ᠎ᠠ ᠳᠡᠯᠭᠡᠭᠦᠷ  ᠤᠨ ᠲᠠᠯ᠎ᠠ ᠶᠢᠨ ᠪᠠᠷᠢᠯᠭ᠎ᠠ ᠪᠠᠷᠢᠭᠤᠯᠬᠤ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠪᠣᠯᠣᠨ ᠬᠤᠪᠢ ᠬᠥᠮᠥᠨ ᠤ ᠪᠦᠲᠦᠭᠡᠨ ᠪᠠᠶᠢᠭᠤᠯᠤᠯᠲᠠ ᠲᠤ ᠬᠡᠷᠡᠭᠯᠡᠬᠦ ᠭᠠᠵᠠᠷ ᠳᠡᠭᠡᠷ᠎ᠡ ᠵᠥᠪᠰᠢᠶᠡᠷᠡᠯ ᠣᠯᠣᠭᠰᠠᠨ ᠦᠭᠡᠢ ᠪᠠᠷ ᠬᠠᠤᠯᠢ ᠠᠴᠠ ᠵᠥᠷᠢᠴᠡᠨ ᠪᠠᠷᠢᠯᠭ᠎ᠠ ᠪᠠᠷᠢᠬᠤ ᠥᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ ᠵᠠᠰᠠᠭ ᠵᠠᠬᠢᠷᠭᠠᠨ ᠢᠢᠡᠷ ᠰᠢᠳᠬᠡᠨ ᠲᠣᠷᠭᠠᠬᠤ ᠡᠷᠬᠡ ᠶᠢ ᠣᠯᠭᠤᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠳᠡᠭᠡᠷᠡᠬᠢ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠤᠨ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠬᠠᠮᠢᠶᠠᠷᠬᠤ ︵ᠲᠤᠬᠠᠢ ᠶᠢᠨ ᠲᠠᠯᠠᠪᠤᠷ ᠲᠤ ᠪᠣᠯᠪᠠᠰᠤᠨ ᠢᠶᠠᠷ ᠪᠠᠷᠢᠯᠭ᠎ᠠ ᠪᠠᠷᠢᠬᠤ᠂ ᠬᠦᠷᠢᠶ᠎ᠡ ᠬᠡᠷᠡᠮ᠂ ᠬᠦᠷᠢᠶᠡᠯᠡᠨ ᠬᠠᠰᠢᠬᠤ᠂ ᠣᠷᠣᠵᠤ ᠭᠠᠷᠬᠤ ᠭᠠᠵᠠᠷ ᠲᠣᠬᠢᠷᠠᠭᠤᠯᠬᠤ︶ ᠶᠢᠨ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠦᠨ᠎ᠡ᠃      ︵ᠭᠤᠷᠪᠠ︶ ᠠᠳᠠᠯ ᠠᠬᠤᠢ ᠶᠢᠨ ᠬᠠᠮᠢᠶᠠᠷᠤᠯᠲᠠ ᠶᠢᠨ ᠲᠠᠯ᠎ᠠ ᠪᠠᠷ ᠪᠦᠲᠦᠭᠡᠨ ᠪᠠᠶᠢᠭᠤᠯᠬᠤ ᠨᠢᠭᠡᠴᠡ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠪᠠ ᠬᠤᠪᠢ ᠬᠥᠮᠥᠨ ᠤ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠣᠯᠠᠨ ᠨᠡᠶᠢᠲᠡ ᠶᠢᠨ ᠪᠠᠷᠢᠯᠭ᠎ᠠ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢ ᠳᠤᠷ᠎ᠠ ᠪᠠᠷ ᠢᠶᠠᠨ ᠡᠪᠳᠡᠭᠰᠡᠨ ᠵᠢᠴᠢ ᠬᠡᠷᠡᠭᠴᠡᠭᠡ ᠶᠢ ᠬᠤᠪᠢᠷᠠᠭᠤᠯᠤᠭᠰᠠᠨ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠳᠣᠲᠣᠷᠠᠬᠢ ᠵᠠᠮ᠂ ᠵᠦᠯᠭᠡ ᠭᠠᠵᠠᠷ᠂ ᠲᠠᠯᠠᠪᠤᠷ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷᠡᠭᠯᠡᠬᠦ᠂ ᠠᠭᠤᠳᠠᠯᠤᠨ ᠮᠠᠯᠲᠠᠬᠤ᠂ ᠥᠮᠴᠢᠲᠡᠨ ᠤ ᠬᠠᠮᠲᠤ ᠶᠢᠨ ᠠᠰᠢᠭ ᠲᠤᠰᠠ ᠶᠢ ᠬᠤᠬᠢᠷᠠᠭᠤᠯᠬᠤ ᠦᠶᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠵᠢᠵᠢᠭ ᠲᠣᠭᠤᠷᠢᠭ ᠢ ᠳᠤᠷ᠎ᠠ ᠪᠠᠷ ᠢᠶᠠᠨ ᠪᠠᠶᠢᠭᠤᠯᠬᠤ᠂ ᠵᠦᠯᠭᠡ ᠭᠠᠵᠠᠷ ᠢ ᠡᠵᠡᠯᠡᠬᠦ᠂ ᠣᠷᠴᠢᠨ ᠲᠣᠭᠤᠷᠢᠨ ᠢ ᠡᠪᠳᠡᠬᠦ ᠵᠡᠷᠭᠡ ᠦᠶᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ ᠵᠠᠰᠠᠭ ᠵᠠᠬᠢᠷᠭᠠᠨ ᠤ ᠰᠢᠳᠬᠡᠯ ᠥᠭᠬᠦ ᠡᠷᠬᠡ ᠶᠢ ᠬᠡᠷᠡᠭᠵᠢᠭᠦᠯᠦᠨ᠎ᠡ᠃      ︵ᠳᠥᠷᠪᠡ︶ ᠬᠤᠳᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ  ᠤᠨ ᠬᠠᠮᠢᠶᠠᠷᠤᠯᠲᠠ ᠶᠢᠨ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ ᠵᠠᠰᠠᠭ ᠵᠠᠬᠢᠷᠭᠠᠨ ᠢᠢᠡᠷ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ᠃ ᠬᠤᠳᠠ ᠶᠢᠨ ᠵᠡᠭᠡᠯᠢ ᠭᠤᠳᠤᠮᠵᠢ ᠪᠠᠷ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠢᠳᠬᠠᠨ ᠵᠠᠶᠢᠯᠠᠭᠤᠯᠬᠤ᠂ ᠬᠥᠲᠥᠯᠥᠨ ᠵᠢᠯᠤᠭᠤᠳᠬᠤ ᠠᠵᠢᠯ ᠢ ᠬᠠᠷᠢᠭᠤᠴᠠᠨ᠎ᠠ᠃ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠬᠤᠳᠠ ᠶᠢᠨ ᠦᠵᠡᠮᠵᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠡᠪᠳᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠬᠦ ᠡᠷᠬᠡ ᠶᠢ ᠬᠡᠷᠡᠭᠵᠢᠭᠦᠯᠦᠨ᠎ᠡ᠃      ︵ᠲᠠᠪᠤ︶ ᠬᠤᠲᠠ ᠶᠢᠨ ᠣᠯᠠᠨ ᠨᠡᠶᠢᠲᠡ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ᠂ ᠪᠠᠷᠢᠯᠭ᠎ᠠ ᠶᠢᠨ ᠨᠢᠭᠤᠷ ᠲᠠᠯ᠎ᠠ ᠪᠠ ᠪᠠᠷᠢᠯᠭ᠎ᠠ ᠶᠢᠨ ᠥᠩᠭᠡ ᠪᠤᠳᠤᠭ ᠢ ᠬᠢᠨᠠᠨ ᠵᠥᠪᠰᠢᠶᠡᠷᠡᠭᠰᠡᠨ ᠤ ᠳᠠᠷᠠᠭᠠᠬᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠦᠨ᠎ᠡ᠃ ᠬᠠᠷᠢᠶᠠᠲᠤ ᠣᠷᠣᠨ ᠤ ᠠᠵᠢᠯ ᠶᠠᠪᠤᠳᠠᠯ ᠤᠨ ᠡᠷᠬᠡ ᠶᠢᠨ ᠬᠡᠪᠴᠢᠶᠡᠨ ᠳᠣᠲᠣᠷᠠᠬᠢ ᠭᠡᠷ ᠤᠨ ᠭᠠᠳᠠᠨᠠᠬᠢ ᠵᠠᠷ ᠮᠡᠳᠡᠭᠡ ᠪᠠ ᠳᠡᠯᠭᠡᠭᠦᠷ ᠤᠨ ᠬᠤᠳᠠᠯᠳᠤᠭᠠᠨ ᠤ ᠫᠠᠶᠢᠰᠠ ᠢᠯᠡᠷᠬᠡᠶᠢᠯᠡᠯ ᠢ ᠲᠣᠭᠲᠠᠭᠠᠯ  ᠠᠴᠠ ᠵᠥᠷᠢᠴᠡᠨ ᠪᠠᠶᠢᠷᠢᠯᠠᠭᠤᠯᠤᠭᠰᠠᠨ ᠦᠶᠯᠡ ᠠᠵᠢᠯᠯᠠᠭ᠎ᠠ ᠶᠢ ᠬᠠᠷᠢᠭᠤᠴᠠᠬᠤ ᠶᠢᠨ ᠬᠠᠮᠲᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠦᠨ᠎ᠡ᠃ ᠲᠣᠭᠲᠠᠭᠠᠯ  ᠠᠴᠠ ᠵᠥᠷᠢᠴᠡᠨ ᠪᠠᠶᠢᠭᠤᠯᠤᠭᠰᠠᠨ ᠬᠤᠲᠠ ᠶᠢᠨ ᠭᠡᠷ ᠤᠨ ᠬᠡᠷᠡᠭᠰᠡᠯ ︵ᠰᠣᠨᠢᠨ ᠰᠡᠳᠬᠦᠯ ᠤᠨ ᠮᠤᠬᠤᠯᠠᠭ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠥᠷᠲᠡᠭᠡᠨ ᠤ ᠮᠤᠬᠤᠯᠠᠭ ᠵᠡᠷᠭᠡ︶ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠦᠨ᠎ᠡ᠃ ᠬᠤᠲᠠ ᠶᠢᠨ ᠲᠣᠭᠤᠷᠢᠭ ᠤᠨ ᠵᠠᠮ ᠱᠤᠭᠤᠮ ᠤᠨ ᠨᠠᠷᠠᠲᠤ ᠲᠡᠮᠳᠡᠭᠲᠦ᠂ ᠵᠢᠭᠠᠯᠲᠠ ᠶᠢᠨ ᠫᠠᠶᠢᠰᠠ᠂ ᠲᠧᠯᠸᠢᠰ ᠤᠨ ᠬᠥᠲᠥᠴᠢ ᠫᠠᠶᠢᠰᠠ ᠵᠡᠷᠭᠡ ᠲᠣᠭᠲᠠᠭᠠᠯ  ᠠᠴᠠ ᠵᠥᠷᠢᠴᠡᠨ ᠪᠠᠶᠢᠭᠤᠯᠤᠭᠰᠠᠨ ᠦᠶᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠦᠨ᠎ᠡ᠃ ᠴᠠᠭ ᠠᠭᠤᠷ  ᠤᠨ ᠬᠠᠮᠢᠶᠠᠷᠤᠯᠲᠠ ᠶᠢᠨ ᠲᠠᠯ᠎ᠠ ᠪᠠᠷ ᠬᠢ ᠥᠨᠳᠥᠷ ᠣᠭᠲᠠᠷᠭᠤᠢ ᠶᠢᠨ ᠬᠡᠶᠢᠲᠦ ᠪᠥᠮᠪᠦᠭᠡ᠂ ᠺᠦᠩ ᠮᠢᠩ ᠲᠧᠩ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ ᠵᠠᠰᠠᠭ ᠵᠠᠬᠢᠷᠭᠠᠨ ᠢᠢᠡᠷ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ᠃      ︵ᠵᠢᠷᠭᠤᠭ᠎ᠠ︶ ᠠᠵᠤ ᠠᠬᠤᠶᠢᠯᠠᠯ ᠪᠠ ᠬᠤᠪᠢ ᠬᠥᠮᠥᠨ ᠤ ᠬᠢᠨᠠᠨ ᠵᠥᠪᠰᠢᠶᠡᠷᠡᠭᠦᠯᠦᠭᠰᠡᠨ ᠦᠭᠡᠢ ᠪᠤᠶᠤ ᠵᠥᠪᠰᠢᠶᠡᠷᠡᠯ ᠤᠨ ᠱᠠᠭᠠᠷᠳᠠᠯᠭ᠎ᠠ ᠶᠣᠰᠣᠭᠠᠷ ᠬᠤᠲᠠ ᠶᠢᠨ ᠶᠠᠪᠤᠳᠠᠯ ᠤᠨ ᠵᠠᠮ ᠪᠠ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ︵ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠵᠡᠷᠭᠡ ᠭᠠᠵᠠᠷ ᠳᠣᠣᠷᠠᠬᠢ ᠬᠤᠭᠤᠯᠠᠢ ᠲᠣᠣᠷ ᠪᠠᠭᠲᠠᠨ᠎ᠠ︶ ᠶᠢ ᠡᠵᠡᠯᠡᠨ ᠬᠡᠷᠡᠭᠯᠡᠭᠰᠡᠨ᠂ ᠠᠭᠤᠳᠠᠯᠤᠭᠰᠠᠨ᠂ ᠡᠪᠳᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠦᠨ᠎ᠡ᠃      ︵ᠳᠣᠯᠤᠭ᠎ᠠ︶ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠴᠡᠴᠡᠷᠯᠢᠭ ᠢ ᠡᠵᠡᠯᠡᠨ ᠬᠡᠷᠡᠭᠯᠡᠭᠰᠡᠨ᠂ ᠡᠪᠳᠡᠭᠰᠡᠨ᠂ ᠣᠶ ᠮᠣᠳᠣ ᠶᠢ ᠣᠭᠲᠣᠯᠣᠭᠰᠠᠨ ᠵᠢᠴᠢ ᠵᠥᠪᠰᠢᠶᠡᠷᠡᠯ ᠤᠨ ᠱᠠᠭᠠᠷᠳᠠᠯᠭ᠎ᠠ ᠶᠣᠰᠣᠭᠠᠷ ᠬᠤᠲᠠ ᠶᠢᠨ ᠲᠣᠭᠤᠷᠢᠭ ᠤᠨ ᠴᠡᠴᠡᠷᠯᠢᠭ ᠤᠨ ᠣᠶ ᠮᠣᠳᠣ ᠶᠢ ᠣᠭᠲᠣᠯᠣᠭᠰᠠᠨ ᠦᠭᠡᠢ᠂ ᠰᠢᠯᠵᠢᠭᠦᠯᠦᠨ ᠤᠷᠭᠤᠭᠤᠯᠤᠭᠰᠠᠨ ᠵᠡᠷᠭᠡ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠦᠨ᠎ᠡ᠃ ᠴᠡᠴᠡᠷᠯᠢᠭ᠂ ᠴᠡᠴᠡᠷᠯᠢᠭ ᠢᠶᠠᠷ ᠵᠤᠭᠠᠴᠠᠬᠤ᠂ ᠬᠤᠲᠠ ᠶᠢᠨ ᠠᠭᠤᠳᠠᠮ ᠲᠠᠯᠠᠪᠠᠶ᠂ ᠣᠯᠠᠨ ᠨᠡᠶᠢᠲᠡ ᠶᠢᠨ ᠵᠦᠯᠭᠡ ᠭᠠᠵᠠᠷ ᠢ ᠡᠪᠳᠡᠬᠦ ᠵᠡᠷᠭᠡ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠬᠦ ᠶᠢ ᠬᠠᠷᠢᠭᠤᠴᠠᠨ᠎ᠠ᠃      ︵ᠨᠠᠢᠮᠠ︶ ᠵᠥᠪᠰᠢᠶᠡᠷᠡᠯ ᠦᠭᠡᠢ ᠪᠠᠷ ᠭᠠᠵᠠᠷ ᠳᠣᠣᠷ᠎ᠠ ᠠᠴᠠ ᠤᠯᠠᠨ ᠨᠡᠶᠢᠲᠡ ᠶᠢᠨ ᠬᠤᠭᠤᠯᠠᠢ ᠤᠲᠠᠰᠤ᠂ ᠤᠯᠠᠨ ᠨᠡᠶᠢᠲᠡ ᠶᠢᠨ ᠬᠤᠭᠤᠯᠠᠢ ᠲᠣᠣᠷ ᠢ ᠨᠡᠭᠦᠯᠭᠡᠭᠰᠡᠨ᠂ ᠬᠤᠪᠢ ᠪᠠᠷ ᠢᠶᠠᠨ ᠵᠠᠯᠭᠠᠭᠰᠠᠨ᠂ ᠤᠯᠠᠨ ᠨᠡᠶᠢᠲᠡ ᠶᠢᠨ ᠪᠡᠯᠡᠳᠬᠡᠮᠵᠢ ᠶᠢᠨ ᠬᠡᠷᠡᠭᠯᠡᠬᠦ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷᠡᠭᠯᠡᠭᠰᠡᠨ ᠪᠠ ᠤᠯᠠᠨ ᠨᠡᠶᠢᠲᠡ ᠶᠢᠨ ᠪᠡᠯᠡᠳᠬᠡᠮᠵᠢ ᠳᠡᠭᠡᠷ᠎ᠡ ᠳᠤᠷ᠎ᠠ ᠪᠠᠷ ᠢᠶᠠᠨ ᠪᠠᠶᠢᠭᠤᠯᠤᠭᠰᠠᠨ ᠥᠢᠯᠡ ᠠᠵᠢᠯᠯᠠᠭ᠎ᠠ ᠲᠤ ᠠᠵᠤ ᠠᠬᠤᠶᠢᠯᠠᠯ ᠪᠣᠯᠣᠨ ᠬᠤᠪᠢ ᠬᠥᠮᠥᠨ ᠵᠠᠰᠠᠭ ᠵᠠᠬᠢᠷᠭᠠᠨ  ᠤ ᠰᠢᠳᠬᠡᠯ ᠥᠭᠬᠦ ᠡᠷᠬᠡ ᠪᠠᠨ ᠬᠡᠷᠡᠭᠵᠢᠭᠦᠯᠬᠦ ᠶᠢ ᠬᠠᠷᠢᠭᠤᠴᠠᠨ᠎ᠠ᠃      ︵ᠶᠢᠰᠦ︶ ᠬᠤᠲᠠ ᠶᠢᠨ ᠦᠵᠡᠮᠵᠢ ᠪᠠ ᠭᠡᠷᠡᠯᠲᠦᠭᠦᠯᠭᠡ ᠶᠢᠨ ᠪᠡᠯᠡᠳᠬᠡᠮᠵᠢ ᠶᠢ ᠡᠪᠳᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠬᠦ ᠡᠷᠬᠡ ᠶᠢ ᠬᠡᠷᠡᠭᠵᠢᠭᠦᠯᠬᠦ ᠶᠢ ᠬᠠᠷᠢᠭᠤᠴᠠᠨ᠎ᠠ᠃      ︵ᠠᠷᠪᠠ︶ ᠲᠣᠭᠲᠠᠩᠭᠤᠢ ᠲᠡᠷᠭᠡ ᠬᠥᠰᠬᠡ ᠶᠢᠨ ᠬᠠᠮᠢᠶᠠᠷᠤᠯᠲᠠ ᠶᠢᠨ ᠲᠠᠯ᠎ᠠ ᠪᠠᠷ ᠲᠣᠭᠲᠠᠭᠠᠯ ᠶᠣᠰᠣᠭᠠᠷ ᠬᠤᠳᠠ ᠶᠢᠨ ᠶᠠᠪᠤᠳᠠᠯ  ᠤᠨ ᠵᠠᠮ ᠤᠨ ᠬᠤᠶᠠᠷ ᠬᠠᠵᠠᠭᠤ ᠶᠢᠨ ᠴᠢᠯᠠᠭᠤ ᠠᠴᠠ ᠳᠡᠭᠡᠭᠰᠢ ᠲᠡᠷᠭᠡ ᠬᠥᠰᠬᠡ ᠵᠣᠭᠰᠣᠭᠠᠭᠰᠠᠨ ᠥᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢᠨ ᠬᠠᠮᠲᠤ ᠵᠠᠰᠠᠭ ᠵᠠᠬᠢᠷᠭᠠᠨ ᠢᠢᠡᠷ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ︵ᠡᠨᠡᠬᠦ ᠠᠵᠢᠯ ᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠬᠠᠮᠲᠤᠷᠠᠨ ᠬᠠᠤᠯᠢ ᠬᠡᠷᠡᠭᠵᠢᠭᠦᠯᠦᠨ᠎ᠡ︶᠂ ᠬᠤᠳᠠ ᠶᠢᠨ ᠵᠠᠮ ᠢ ᠡᠵᠡᠯᠡᠨ ᠬᠤᠳᠠᠯᠳᠤᠭ᠎ᠠ ᠡᠷᠬᠢᠯᠡᠬᠦ ᠥᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ ᠵᠠᠰᠠᠭ ᠵᠠᠬᠢᠷᠭᠠᠨ ᠢᠢᠡᠷ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ᠃      ︵ᠠᠷᠪᠠᠨ ᠨᠢᠭᠡ︶ ᠲᠣᠭᠲᠠᠭᠠᠯ ᠠᠴᠠ ᠵᠥᠷᠢᠴᠡᠨ ᠲᠣᠭᠲᠠᠩᠭᠤᠢ ᠲᠡᠷᠭᠡ ᠬᠥᠰᠬᠡ ᠶᠢᠨ ᠲᠡᠷᠭᠡ ᠵᠣᠭᠰᠤᠭᠠᠬᠤ ᠲᠠᠯᠠᠪᠠᠶ ︵ᠬᠤᠲᠠ ᠶᠢᠨ ᠵᠠᠮ  ᠠᠴᠠ ᠪᠤᠰᠤᠳ︶ ᠪᠠᠶᠢᠭᠤᠯᠬᠤ ᠦᠶᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠦᠨ᠎ᠡ᠃      ︵ᠠᠷᠪᠠᠨ ᠬᠤᠶᠠᠷ︶ ᠨᠡᠶᠢᠭᠡᠮ ‍ᠤᠨ‌ᠠᠮᠢᠳᠤᠷᠠᠯ ᠤᠨ ᠱᠤᠤᠭᠢᠶᠠᠨ  ᠤ ᠪᠣᠬᠢᠷᠲᠤᠯ᠂ ᠪᠠᠷᠢᠯᠭ᠎ᠠ ᠶᠢᠨ ᠠᠵᠢᠯ  ᠤᠨ ᠱᠤᠤᠭᠢᠶᠠᠨ  ᠤ ᠪᠣᠬᠢᠷᠲᠤᠯ᠂ ᠪᠠᠷᠢᠯᠭ᠎ᠠ ᠶᠢᠨ ᠠᠵᠢᠯ ᠤᠨ ᠳᠡᠭᠳᠡᠮᠡᠯ ᠲᠣᠭᠤᠰᠣᠨ  ᠤ ᠪᠣᠬᠢᠷᠲᠤᠯ᠂ ᠢᠳᠡᠭᠡᠨ ᠤᠮᠳᠠᠭᠠᠨ  ᠤ ᠦᠢᠯᠡᠴᠢᠯᠡᠭᠡᠨ  ᠤ ᠦᠢᠯᠡᠰ  ᠤᠨ ᠲᠤᠰᠤᠨ ᠤᠳᠤᠭ᠎ᠠ ᠶᠢᠨ ᠪᠣᠬᠢᠷᠲᠤᠯ᠂ ᠵᠠᠳᠠᠭᠠᠢ ᠰᠢᠷᠠᠯᠭ᠎ᠠ ᠶᠢᠨ ᠪᠣᠬᠢᠷᠲᠤᠯ᠂ ᠬᠤᠳᠠ ᠶᠢᠨ ᠪᠠᠷᠤᠭᠰᠢᠨ ᠰᠦᠯᠢᠶᠥᠦ ᠬᠤᠭ ᠨᠣᠪᠰᠢ ᠰᠢᠲᠠᠭᠠᠬᠤ ᠵᠡᠷᠭᠡ ᠤᠳᠤᠭ᠎ᠠ ᠲᠣᠭᠤᠰᠣ ᠪᠣᠯᠣᠨ ᠦᠮᠡᠬᠡᠢ ᠦᠨᠦᠷ ᠤᠨ ᠪᠣᠬᠢᠷᠲᠤᠯ᠂ ᠵᠠᠳᠠᠭᠠᠢ ᠡᠰᠢ ᠰᠦᠷᠡᠯ ᠤᠨᠠᠭᠰᠠᠨ ᠨᠠᠪᠴᠢ ᠰᠢᠲᠠᠭᠠᠬᠤ ᠵᠡᠷᠭᠡ ᠤᠳᠤᠭ᠎ᠠ ᠲᠣᠭᠤᠰᠣᠨ  ᠤ ᠪᠣᠬᠢᠷᠲᠤᠯ᠂ ᠬᠤᠸᠠᠷ ᠫᠤᠤᠵᠢᠩ ᠲᠠᠯᠪᠢᠬᠤ ᠪᠣᠬᠢᠷᠲᠤᠯ ᠵᠡᠷᠭᠡ ᠥᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃      ︵ᠠᠷᠪᠠᠨ ᠭᠤᠷᠪᠠ︶ ᠬᠤᠳᠠ ᠶᠢᠨ ᠳᠣᠲᠣᠷᠠᠬᠢ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ  ᠤᠨ ᠬᠤᠭ ᠨᠣᠪᠰᠢ᠂ ᠬᠤᠭᠤᠯᠠᠨ ᠭᠡᠷ ᠲᠣᠭᠤᠭᠠᠨ ᠭᠡᠷ  ᠤᠨ ᠬᠤᠭ ᠨᠣᠪᠰᠢ ᠶᠢ ᠲᠣᠭᠲᠠᠭᠠᠯ ᠶᠣᠰᠣᠭᠠᠷ ᠴᠤᠭᠯᠠᠭᠤᠯᠤᠭᠰᠠᠨ᠂ ᠴᠡᠪᠡᠷᠯᠡᠨ ᠲᠡᠭᠡᠭᠡᠪᠦᠷᠢᠯᠡᠭᠰᠡᠨ᠂ ᠴᠢᠳᠬᠤᠭᠰᠠᠨ ᠦᠭᠡᠢ ᠥᠢᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ ᠵᠠᠰᠠᠭ ᠵᠠᠬᠢᠷᠭᠠᠨ ᠢᠢᠡᠷ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ᠃      ︵ᠠᠷᠪᠠᠨ ᠳᠥᠷᠪᠡ︶ ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠤᠨ ᠡᠯ᠎ᠡ ᠲᠥᠷᠥᠯ ᠤᠨ ᠦᠨᠡᠮᠯᠡᠯ ᠦᠭᠡᠢ ᠪᠠᠷ ᠡᠵᠡᠩᠨᠡᠬᠦ ᠦᠶᠯᠡ ᠠᠵᠢᠯᠯᠠᠭ᠎ᠠ ᠪᠠ ᠨᠢᠭᠡᠨᠲᠡ ᠡᠵᠡᠩᠨᠡᠯᠲᠡ ᠶᠢᠨ ᠵᠥᠪᠰᠢᠶᠡᠷᠡᠯ ᠣᠯᠣᠭᠰᠠᠨ ᠪᠣᠯᠪᠠᠴᠤ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠡᠷᠬᠡ ᠶᠢ ᠬᠡᠷᠡᠭᠵᠢᠭᠦᠯᠬᠦ ᠶᠢ ᠬᠠᠷᠢᠭᠤᠴᠠᠨ᠎ᠠ ᠃ ᠲᠣᠭᠲᠠᠭᠠᠯ ᠠᠴᠠ ᠵᠥᠷᠢᠴᠡᠨ ᠭᠡᠷ ᠤᠨ ᠭᠠᠳᠠᠨᠠᠬᠢ ᠵᠠᠷ ᠮᠡᠳᠡᠭᠡ ᠭᠠᠷᠭᠠᠬᠤ᠂ ᠳᠤᠷ᠎ᠠ ᠪᠠᠷ ᠢᠶᠠᠨ ᠵᠠᠷ ᠮᠡᠳᠡᠭᠡ ᠲᠠᠷᠬᠠᠭᠠᠬᠤ᠂ ᠳᠤᠷ᠎ᠠ ᠪᠠᠷ ᠢᠶᠠᠨ ᠵᠠᠷ ᠮᠡᠳᠡᠭᠡ ᠨᠠᠭᠠᠬᠤ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ᠃      ︵ᠠᠷᠪᠠᠨ ᠲᠠᠪᠤ︶ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠭᠡᠷ ᠤᠨ ᠭᠠᠳᠠᠨᠠᠬᠢ ᠣᠯᠠᠨ ᠨᠡᠶᠢᠲᠡ ᠶᠢᠨ ᠲᠠᠯᠠᠪᠤᠷ ᠤᠨ ᠢᠳᠡᠭᠡᠨ ᠪᠣᠷᠣᠯᠠᠭᠤᠯᠬᠤ ᠪᠠ ᠢᠳᠡᠭᠡᠨ ᠤᠮᠳᠠᠭᠠᠨ ᠤ ᠳᠡᠯᠭᠡᠴᠡ ᠶᠢᠨ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠡᠷᠬᠡ ᠶᠢ ᠬᠡᠷᠡᠭᠵᠢᠭᠦᠯᠦᠨ᠎ᠡ᠃      ︵ᠠᠷᠪᠠᠨ ᠵᠢᠷᠭᠤᠭ᠎ᠠ︶ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠭᠡᠷ ᠤᠨ ᠭᠠᠳᠠᠨᠠᠬᠢ ᠵᠠᠷ ᠮᠡᠳᠡᠭᠡ ᠪᠠᠶᠢᠷᠢᠯᠠᠭᠤᠯᠬᠤ ᠶᠢ ᠵᠥᠪᠰᠢᠶᠡᠷᠡᠬᠦ᠂ ᠨᠡᠶᠢᠲᠡᠯᠡᠬᠦ᠂ ᠡᠯᠭᠦᠬᠦ᠂ ᠨᠠᠭᠠᠬᠤ ᠶᠢ ᠬᠢᠨᠠᠨ ᠵᠥᠪᠰᠢᠶᠡᠷᠡᠬᠦ ᠶᠢ ᠡᠭᠦᠷᠭᠡᠯᠡᠨ᠎ᠡ︔ ᠪᠠᠷᠢᠯᠭ᠎ᠠ ᠶᠢᠨ ᠭᠠᠳᠠᠷ ᠲᠠᠯ᠎ᠠ ᠶᠢᠨ ᠵᠠᠰᠠᠯ ᠴᠢᠮᠡᠭᠯᠡᠯ ᠢ ᠬᠢᠨᠠᠨ ᠬᠠᠷᠭᠤᠭᠤᠯᠬᠤ; ᠲᠡᠷᠭᠡᠨ ᠵᠣᠭᠰᠣᠭᠠᠯ ᠳᠤ ᠡᠵᠡᠩᠨᠡᠯᠲᠡ ᠶᠢᠨ ᠬᠢᠨᠠᠨ ᠵᠥᠪᠰᠢᠶᠡᠷᠡᠯ ᠭᠠᠷᠭᠠᠬᠤ; ᠬᠤᠲᠠ ᠶᠢᠨ ᠣᠯᠠᠨ ᠨᠡᠶᠢᠲᠡ ᠶᠢᠨ ᠬᠡᠷᠡᠭᠯᠡᠬᠦ ᠭᠠᠵᠠᠷ ᠢ ᠲᠦᠷ ᠴᠠᠭ ᠡᠵᠡᠯᠡᠨ ᠬᠡᠷᠡᠭᠯᠡᠵᠦ ᠤᠬᠠᠭᠤᠯᠭ᠎ᠠ᠂ ᠪᠠᠶᠠᠷ ᠤᠨ ᠶᠣᠰᠣᠯᠠᠯ᠂ ᠪᠠᠶᠠᠷ ᠳᠤᠷᠠᠰᠬᠠᠯ ᠤᠨ ᠡᠳᠦᠷ᠂ ᠬᠤᠳᠠᠯᠳᠤᠭᠠᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠨ᠎ᠠ︔ ᠪᠣᠳᠠᠰ ᠤᠨ ᠮᠠᠲ᠋ᠧᠷᠢᠶᠠᠯ ᠢ ᠲᠦᠷ ᠴᠠᠭ ᠣᠪᠣᠭᠠᠯᠠᠨ ᠲᠠᠯᠪᠢᠬᠤ᠂ ᠡᠭᠦᠷᠢᠳᠡ ᠶᠢᠨ ᠪᠤᠰᠤ ᠴᠢᠨᠠᠷᠲᠠᠢ ᠪᠠᠷᠢᠯᠭ᠎ᠠ᠂ ᠪᠠᠷᠢᠯᠭ᠎ᠠ ᠶᠢᠨ ᠵᠦᠢᠯ ᠪᠤᠶᠤ ᠪᠤᠰᠤᠳ ᠪᠡᠯᠡᠳᠬᠡᠮᠵᠢ ᠶᠢ ᠪᠠᠶᠢᠭᠤᠯᠬᠤ ᠶᠢ ᠬᠢᠨᠠᠨ ᠵᠥᠪᠰᠢᠶᠡᠷᠡᠨ᠎ᠡ︔ ᠬᠤᠲᠠ ᠶᠢᠨ ᠵᠠᠮ ᠢ ᠲᠦᠷ ᠴᠠᠭ ᠡᠵᠡᠯᠡᠨ ᠬᠡᠷᠡᠭᠯᠡᠬᠦ᠂ ᠠᠭᠤᠳᠠᠯᠬᠤ ᠶᠢ ᠬᠢᠨᠠᠨ ᠵᠥᠪᠰᠢᠶᠡᠷᠡᠬᠦ︔ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠲᠥᠬᠦᠭᠡᠷᠦᠮᠵᠢ ᠶᠢ ᠨᠤᠷᠠᠭᠠᠵᠤ ᠨᠡᠭᠦᠯᠭᠡᠬᠦ ᠲᠥᠰᠥᠯ ᠢ ᠬᠤᠲᠠ ᠶᠢᠨ ᠠᠮᠢᠳᠤᠷᠠᠯ ᠤᠨ ᠬᠤᠭ ᠨᠣᠪᠰᠢ ᠶᠢᠨ ᠡᠵᠡᠩᠨᠡᠯᠲᠡ ᠶᠢᠨ ᠴᠢᠨᠠᠷᠲᠠᠢ ᠴᠡᠪᠡᠷᠯᠡᠬᠦ᠂ ᠴᠤᠭᠯᠠᠭᠤᠯᠬᠤ᠂ ᠲᠡᠭᠡᠭᠡᠪᠦᠷᠢᠯᠡᠬᠦ ᠦᠢᠯᠡᠴᠢᠯᠡᠭᠡᠨ ᠤ ᠵᠥᠪᠰᠢᠶᠡᠷᠡᠯ ᠤᠨ ᠬᠠᠮᠢᠶ᠎ᠠ ᠪᠦᠬᠦᠢ ᠵᠦᠢᠯᠡᠰ ᠢ ᠬᠢᠨᠠᠨ ᠵᠥᠪᠰᠢᠶᠡᠷᠡᠵᠦ ᠳᠠᠩᠰᠠᠯᠠᠬᠤ ᠠᠵᠢᠯ᠃      ︵ᠠᠷᠪᠠᠨ ᠳᠣᠯᠤᠭ᠎ᠠ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠨᠠᠢᠮᠠ︶ ᠲᠣᠭᠤᠷᠢᠭ ‍ᠤᠨ‌ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ᠃ ᠬᠤᠶᠠᠷ᠂ ᠳᠣᠲᠣᠭᠠᠳᠤ ᠪᠠᠶᠢᠭᠤᠯᠤᠮᠵᠢ᠄      ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠂ ᠨᠠᠮ ᠤᠨ ᠭᠡᠰᠢᠭᠦᠨ ᠤ ᠨᠠᠮ ᠤᠨ ᠰᠦᠢᠳᠬᠡᠯ ᠢ ᠬᠤᠷᠢᠶᠠᠨ ᠲᠤᠰᠢᠶᠠᠬᠤ ᠬᠠᠮᠢᠶᠠᠷᠤᠯᠲᠠ᠂ ᠨᠠᠮ ᠤᠨ ᠭᠡᠰᠢᠭᠦᠨ ᠤ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠳᠬᠡᠬᠦ ᠪᠠ ᠪᠦᠷᠢᠳᠬᠡᠬᠦ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠵᠢᠭᠦᠯᠦᠨ ᠵᠠᠯᠭᠠᠬᠤ᠂ ᠡᠮᠬᠢᠳᠬᠡᠬᠦ ᠵᠡᠷᠭᠡ ᠠᠵᠢᠯ ᠢ ᠬᠠᠷᠢᠭᠤᠴᠠᠨ᠎ᠠ᠃ ᠨᠠᠮ ᠳᠤ ᠣᠷᠣᠬᠤ ᠢᠳᠡᠪᠬᠢᠲᠡᠨ ᠢ ᠰᠢᠯᠭᠠᠨ ᠪᠠᠶᠢᠴᠠᠭᠠᠬᠤ᠂ ᠬᠥᠮᠥᠵᠢᠭᠦᠯᠬᠦ᠂ ᠪᠣᠯᠪᠠᠰᠤᠷᠠᠭᠤᠯᠬᠤ᠂ ᠨᠠᠮ ᠤᠨ ᠭᠡᠰᠢᠭᠦᠨ ᠡᠯᠰᠡᠬᠦ ᠲᠥᠯᠦᠪᠵᠢᠭᠦᠯᠭᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠪᠦᠬᠦ ᠲᠠᠯ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠨᠠᠮ ᠤᠨ ᠭᠡᠰᠢᠭᠦᠨ ᠳᠤ ᠠᠷᠠᠳᠴᠢᠯᠠᠯ ᠢᠶᠠᠷ ᠦᠨᠡᠯᠡᠯᠲᠡ ᠬᠢᠬᠦ ᠠᠵᠢᠯ ᠢ ᠨᠠᠮ ᠤᠨ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ ᠶᠢ ᠲᠤᠭᠤᠷᠪᠢᠨ ᠪᠢᠴᠢᠬᠦ ᠪᠠ ᠠᠵᠢᠯ ᠢᠶᠠᠨ ᠳ᠋ᠦᠩᠨᠡᠬᠦ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠨᠢᠭᠤᠴᠠ ᠴᠢᠬᠤᠯᠠ ᠵᠦᠢᠯ ᠤᠨ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ ᠢ ᠬᠠᠮᠢᠶᠠᠷᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠪᠠ ᠪᠠᠶᠢᠭᠤᠯᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠬᠠᠷᠠᠯᠲᠠ ᠶᠢ ᠬᠢᠨᠠᠨ ᠰᠢᠯᠭᠠᠬᠤ ᠵᠢᠴᠢ ᠺᠠᠳ᠋ᠷ ᠤᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠬᠤᠳᠠ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠭᠡᠨᠡᠳᠲᠡ ᠶᠢᠨ ᠪᠠ ᠬᠦᠨᠳᠦ ᠶᠡᠭᠡ ᠪᠠᠴᠢᠮ ᠬᠡᠷᠡᠭ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠠᠵᠢᠯᠲᠠᠨ ᠤ ᠶᠠᠪᠤᠳᠠᠯ᠂ ᠬᠥᠮᠦᠵᠢᠯ ᠪᠣᠯᠪᠠᠰᠤᠷᠠᠭᠤᠯᠤᠯ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠭᠡᠷ᠎ᠡ ᠶᠢᠨ ᠳᠦᠷᠢᠮᠲᠦ ᠠᠵᠢᠯᠲᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠬᠤᠶᠠᠷ︶ ᠡᠳ᠋ ᠤᠨ ᠵᠠᠰᠠᠭ ᠤᠨ ᠲᠤᠨᠤᠭ ᠲᠥᠬᠦᠭᠡᠷᠦᠮᠵᠢ ᠶᠢᠨ ᠰᠲ᠋ᠣᠺ᠃ ᠨᠢᠭᠡᠴᠡ ᠶᠢᠨ ᠲᠣᠰ ᠱᠠᠲᠤᠨ ᠤ ᠡᠯ᠎ᠡ ᠵᠦᠢᠯ ᠤᠨ ᠪᠡᠯᠡ ᠮᠥᠩᠭᠦ᠂ ᠳᠣᠲᠣᠭᠠᠳᠤ ᠶᠢᠨ ᠬᠢᠨᠠᠨ ᠪᠣᠳᠣᠯᠲᠠ ᠪᠠ ᠲᠥᠰᠥᠪ ᠪᠠ ᠲᠥᠰᠥᠪ ᠤᠨ ᠭᠦᠢᠴᠡᠳᠬᠡᠯ ᠤᠨ ᠠᠵᠢᠯ ᠢ ᠶᠡᠷᠦᠩᠬᠡᠶᠢᠯᠡᠨ ᠬᠠᠮᠢᠶᠠᠷᠬᠤ ᠶᠢ ᠬᠠᠷᠢᠭᠤᠴᠠᠨ᠎ᠠ᠃ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠨᠢᠭᠡᠴᠡ ᠶᠢᠨ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ᠂ ᠲᠡᠷᠭᠡ ᠬᠥᠰᠬᠡ ᠂ ᠠᠯᠪᠠᠨ ᠠᠵᠢᠯ ᠤᠨ ᠲᠥᠬᠦᠭᠡᠷᠦᠮᠵᠢ ᠵᠡᠷᠭᠡ ᠲᠣᠨᠤᠭ ᠲᠥᠬᠦᠭᠡᠷᠦᠮᠵᠢ ᠶᠢᠨ ᠡᠳ᠋ ᠪᠠᠷᠠᠭ᠎ᠠ ᠶᠢ ᠲᠥᠯᠥᠪᠯᠡᠬᠦ᠂ ᠬᠤᠳᠠᠯᠳᠤᠨ ᠠᠪᠬᠤ᠂ ᠰᠡᠯᠪᠢᠨ ᠵᠠᠰᠠᠬᠤ᠂ ᠰᠢᠨᠡᠳᠬᠡᠬᠦ᠂ ᠬᠠᠳᠠᠭᠠᠯᠠᠨ ᠬᠠᠮᠢᠶᠠᠷᠬᠤ ᠪᠠ ᠰᠢᠯᠵᠢᠭᠦᠯᠦᠨ ᠥᠭᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢ ᠬᠠᠷᠢᠭᠤᠴᠠᠬᠤ ᠶᠢᠨ ᠬᠠᠮᠲᠤ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠡᠮᠴᠢᠯᠡᠭᠡᠨ ᠤ ᠳᠠᠭᠠᠳᠬᠠᠯ ᠵᠡᠷᠭᠡ ᠶᠢ ᠬᠤᠷᠢᠶᠠᠩᠭᠤᠶᠢᠯᠠᠨ      ︵ᠭᠤᠷᠪᠠ︶ ᠬᠠᠤᠯᠢ ᠳᠦᠷᠢᠮ ᠤᠨ ᠰᠲ᠋ᠣᠺ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ  ᠤᠨ ᠪᠣᠯᠪᠠᠰᠤᠷᠠᠭᠤᠯᠤᠯ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ‍ᠤᠨ‌ᠠᠵᠢᠯ ᠬᠢᠭᠡᠳ ᠵᠠᠰᠠᠭ ᠵᠠᠬᠢᠷᠭᠠᠨ  ᠤ ᠵᠠᠷᠭᠤ ᠵᠡᠷᠭᠡ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠪᠥᠬᠦ ᠲᠠᠯ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠡᠩᠨᠡᠭᠡᠨ ᠤ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠢᠯᠤᠭᠤᠳᠬᠤ᠂ ᠬᠢᠨᠠᠯᠲᠠ ᠲᠠᠯᠪᠢᠬᠤ ᠪᠠ ᠬᠢᠨᠠᠨ ᠰᠢᠯᠭᠠᠵᠤ ᠰᠢᠯᠭᠠᠨ ᠦᠨᠡᠯᠡᠬᠦ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂      ︵ᠳᠥᠷᠪᠡ︶ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠲᠠᠰᠤᠭ᠃ ᠬᠤᠲᠠ ᠶᠢᠨ ᠳᠦᠷᠢ ᠲᠥᠷᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠥᠬᠦ ᠲᠣᠭᠤᠷᠢᠭ ᠤᠨ ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ᠂ ᠬᠤᠭᠤᠯᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠶᠢᠨ ᠬᠠᠮᠲᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ ᠪᠥᠬᠦ ᠲᠣᠭᠤᠷᠢᠭ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠣᠷ ᠦᠭᠡᠢ ᠪᠣᠯᠭᠠᠬᠤ ᠠᠵᠢᠯ ᠢ ᠵᠣᠬᠢᠶᠠᠨ ᠪᠠᠶᠢᠭᠤᠯᠬᠤ ᠪᠠ ᠵᠢᠯᠤᠭᠤᠳᠬᠤ ᠶᠢ ᠬᠠᠷᠢᠭᠤᠴᠠᠨ᠎ᠠ᠃ ᠬᠤᠭ ᠨᠣᠪᠰᠢ ᠰᠢᠢᠳᠪᠦᠷᠢᠯᠡᠬᠦ ᠪᠡᠯᠡᠳᠬᠡᠮᠵᠢ ᠶᠢᠨ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ᠃      ︵ᠲᠠᠪᠤ︶ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ᠃ ᠪᠥᠬᠦ ᠲᠣᠭᠤᠷᠢᠭ ᠤᠨ ᠲᠡᠷᠭᠡᠨ ᠵᠣᠭᠰᠣᠭᠠᠯ᠂ ᠲᠡᠷᠭᠡ ᠵᠣᠭᠰᠤᠭᠠᠬᠤ ᠭᠠᠵᠠᠷ ︵ᠪᠠᠶᠢᠷᠢ︶ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠶᠢᠨ ᠲᠣᠭᠤᠷᠢᠭ ᠤᠨ ᠵᠠᠮ ᠳᠠᠭᠠᠤ ᠶᠢᠨ ᠴᠢᠯᠠᠭᠤ  ᠠᠴᠠ ᠳᠡᠭᠡᠭᠰᠢ ᠡᠵᠡᠯᠡᠨ ᠠᠪᠤᠭᠰᠠᠨ ᠲᠡᠷᠭᠡ ᠬᠥᠰᠬᠡ ᠶᠢ ᠲᠣᠭᠲᠠᠭᠠᠯ ᠶᠣᠰᠣᠭᠠᠷ ᠵᠣᠭᠰᠣᠭᠠᠭᠰᠠᠨ ᠦᠭᠡᠢ ᠬᠠᠮᠢᠶᠠᠷᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠣᠭᠤᠷᠢᠭ ᠤᠨ ᠬᠠᠷᠢᠶᠠᠲᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠭᠤᠷᠢ ᠪᠡᠯᠡᠳᠬᠡᠮᠵᠢ ᠶᠢᠨ ᠬᠠᠮᠢᠶᠠᠷᠴᠤ ᠬᠠᠮᠠᠭᠠᠯᠠᠵᠤ ᠡᠵᠡᠩᠨᠡᠬᠦ ᠠᠵᠢᠯ ᠢ ᠬᠠᠷᠢᠭᠤᠴᠠᠨ᠎ᠠ᠃      ︵ᠵᠢᠷᠭᠤᠭ᠎ᠠ︶ ᠬᠢᠨᠠᠨ ᠪᠠᠶᠢᠴᠠᠭᠠᠬᠤ ᠬᠤᠪᠢ᠃ ᠲᠣᠭᠠᠴᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠲᠠᠪᠴᠠᠩ ᠤᠨ ᠭᠥᠯᠢᠶᠡᠨ ᠠᠪᠴᠤ ᠰᠢᠢᠳᠪᠦᠷᠢᠯᠡᠬᠦ᠂ ᠰᠢᠮᠳᠠᠭᠤᠯᠤᠨ ᠰᠢᠢᠳᠪᠦᠷᠢᠯᠡᠬᠦ᠂ ᠨᠠᠶᠢᠳᠠᠪᠤᠷᠢᠵᠢᠭᠤᠯᠬᠤ ᠪᠠ ᠪᠠᠶᠢᠳᠠᠯ ᠢ ᠬᠠᠷᠢᠭᠤ ᠲᠤᠰᠬᠠᠬᠤ ᠠᠵᠢᠯ ᠢ ᠡᠭᠦᠷᠭᠡᠯᠡᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠠᠨᠠᠭᠤᠯᠭ᠎ᠠ᠂ ᠰᠠᠨᠠᠯ ᠳᠤᠷᠠᠳᠤᠯᠭ᠎ᠠ᠂ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ᠂ ᠰᠢᠮᠳᠠᠭᠤᠯᠤᠨ ᠰᠢᠢᠳᠪᠦᠷᠢᠯᠡᠬᠦ᠂ ᠨᠠᠶᠢᠳᠠᠪᠤᠷᠢᠵᠢᠭᠤᠯᠬᠤ ᠪᠠ ᠪᠠᠶᠢᠳᠠᠯ ᠢ ᠬᠠᠷᠢᠭᠤ ᠲᠤᠰᠬᠠᠬᠤ ᠠᠵᠢᠯ ᠢ ᠬᠠᠷᠢᠭᠤᠴᠠᠨ᠎ᠠ᠃ ᠡᠳᠦᠷ ᠲᠤᠲᠤᠮ ᠤᠨ ᠬᠤᠲᠠ ᠶᠢᠨ ᠦᠵᠡᠮᠵᠢ ᠣᠷᠴᠢᠨ ᠲᠣᠭᠤᠷᠢᠨ ᠤ ᠠᠷᠢᠭᠤᠨ ᠴᠡᠪᠡᠷ ᠲᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠮᠳᠠᠭᠤᠯᠤᠨ ᠪᠠᠶᠢᠴᠠᠭᠠᠵᠤ᠂ ᠬᠤᠲᠠ ᠶᠢᠨ ᠬᠠᠮᠢᠶᠠᠷᠤᠯᠲᠠ ᠶᠢᠨ ᠪᠥᠬᠦ ᠲᠠᠯ᠎ᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠵᠢᠯᠤᠭᠤᠳᠴᠤ᠂ ᠬᠢᠨᠠᠯᠲᠠ ᠲᠠᠯᠪᠢᠨ ᠪᠠᠶᠢᠴᠠᠭᠠᠨ᠎ᠠ᠃      ︵ᠲᠤᠯᠤᠭ᠎ᠠ︶ ᠤᠬᠠᠭᠤᠯᠭ᠎ᠠ ᠪᠠ ᠰᠠᠬᠢᠯᠭ᠎ᠠ ᠪᠠᠲᠤ ᠪᠠᠶᠢᠴᠠᠭᠠᠬᠤ ᠲᠠᠰᠤᠭ᠃ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠵᠢᠴᠢ ᠬᠤᠲᠠ ᠶᠢᠨ ᠬᠠᠮᠢᠶᠠᠷᠤᠯᠲᠠ ᠳᠤ ᠬᠤᠯᠪᠣᠭᠳᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠤᠬᠠᠭᠤᠯᠬᠤ ᠶᠢ ᠬᠠᠷᠢᠭᠤᠴᠠᠵᠤ᠂ ᠰᠢᠰᠲ᠋ᠧᠮ ᠤᠨ ᠳᠣᠲᠣᠷ᠎ᠠ ᠭᠠᠳᠠᠨᠠᠬᠢ ᠤᠬᠠᠭᠤᠯᠭ᠎ᠠ ᠬᠥᠮᠦᠵᠢᠯ ᠤᠨ ᠠᠵᠢᠯ ᠢ ᠡᠭᠦᠷᠭᠡᠯᠡᠨ᠎ᠡ᠃ ᠪᠦᠬᠦ ᠲᠠᠯ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠨᠡᠶᠢᠭᠡᠮ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠲᠡᠷᠢᠭᠦᠨ  ᠤ ᠨᠡᠶᠢᠲᠡᠯᠢᠭ ᠵᠢᠱᠢᠶ᠎ᠡ ᠪᠣᠯᠣᠨ ᠲᠡᠷᠢᠭᠦᠨ ᠤ ᠥᠢᠯᠡ ᠠᠵᠢᠯᠯᠠᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠬᠤᠳᠠ ᠶᠢᠨ ᠬᠠᠮᠢᠶᠠᠷᠤᠯᠲᠠ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ  ᠤᠨ ᠤᠬᠠᠭᠤᠯᠭ᠎ᠠ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠥᠳᠡᠯᠮᠦᠷᠢ ᠪᠣᠯᠣᠨ ᠰᠠᠶᠢᠨ ᠳᠤᠷ᠎ᠠ ᠶᠢᠨ ᠠᠵᠢᠯᠯᠠᠭᠰᠠᠳ  ᠤᠨ ᠦᠢᠯᠡᠴᠢᠯᠡᠭᠡᠨ  ᠤ ᠠᠵᠢᠯᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃      ᠠᠵᠢᠯᠯᠠᠬᠤ ᠬᠠᠶ᠋ᠢᠭ᠄ ᠰᠠᠶᠢᠬᠠᠨ ᠲᠣᠭᠤᠷᠢᠭ ᠤᠨ ᠶᠢᠨ ᠴᠢᠶᠣᠤ ᠨᠡᠭᠡᠭᠡᠯᠲᠡ ᠶᠢᠨ ᠲᠣᠭᠤᠷᠢᠭ ᠤᠨ ᠰᠠᠶᠢᠬᠠᠨ ᠠᠰᠠᠷ ᠤᠨ 10 ᠳ᠋ᠤᠭᠠᠷ ᠠᠰᠠᠷ      ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 13᠄ 30 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠳ᠋ᠤᠸᠠᠨ ᠾᠧᠩ ᠱᠠᠨ      ᠬᠠᠷᠢᠯᠴᠠᠬᠤ ᠬᠡᠯᠪᠡᠷᠢ᠄ 0471-6651094 ᠬᠠᠷᠢᠶ᠎ᠠ ᠨᠢᠭᠡᠴᠢ᠄      ᠰᠠᠶᠢᠬᠠᠨ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ      ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠣᠯ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠤ ᠬᠠᠷᠢᠶᠠᠯᠠᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠣᠯᠣᠨ᠎ᠠ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠳᠡᠳ᠋ ᠰᠠᠯᠠᠭ᠎ᠠ ᠶᠢᠨ ᠲᠠᠰ ᠲᠠᠢ ᠲᠡᠩᠴᠡᠨ᠎ᠡ᠃      ᠬᠠᠶ᠋ᠢᠭ᠄ ᠰᠠᠶᠢᠬᠠᠨ ᠲᠣᠭᠤᠷᠢᠭ ᠤᠨ ᠰᠠᠶᠢᠬᠠᠨ ᠠᠰᠠᠷ ᠤᠨ 10 ᠳ᠋ᠤᠭᠠᠷ ᠠᠰᠠᠷ ᠤᠨ 1006 ᠳ᠋ᠤᠭᠠᠷ ᠲᠠᠰᠤᠭ ᠤᠨ ᠬᠠᠷᠢᠯᠴᠠᠬᠤ ᠤᠲᠠᠰᠤ᠄ 0471 - 6651094 ᠠᠵᠢᠯᠯᠠᠬᠤ ᠴᠠᠭ᠄ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 1᠄ 30 - 5᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号