| | ᠪᠠᠶᠢᠭᠤᠯᠤᠮᠵᠢ ᠶᠢᠨ ᠡᠷᠬᠡ ᠴᠢᠳᠠᠪᠤᠷᠢ | | | | ᠨᠢᠭᠡ᠂ ᠭᠤᠣᠯ ᠡᠭᠦᠷᠭᠡ ᠬᠠᠷᠢᠭᠤᠴᠠᠯᠭ᠎ᠠ | | | ︵ᠨᠢᠭᠡ︶ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ | ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠰᠠᠶᠢᠬᠠᠨ ᠲᠣᠭᠤᠷᠢᠭ ᠤᠨ ᠡᠳ᠋ ᠤᠨ | ᠵᠠᠰᠠᠭ᠂ ᠭᠠᠶᠢᠯᠢ ᠲᠠᠲᠠᠪᠤᠷᠢ ᠶᠢᠨ ᠠᠵᠢᠯ ᠤᠨ ᠪᠣᠳᠠᠲᠠᠢ ᠲᠥᠯᠦᠪᠵᠢᠭᠦᠯᠭᠡ᠂ ᠥᠭᠡᠷᠡᠴᠢᠯᠡᠯᠲᠡ ᠶᠢᠨ ᠲᠥᠰᠥᠯ ᠵᠢᠴᠢ | ᠪᠤᠰᠤᠳ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ︔ ᠬᠤᠷᠸ᠎ᠠ ᠠᠵᠤ | ᠠᠬᠤᠢ ᠶᠢᠨ ᠡᠯ᠎ᠡ ᠵᠦᠢᠯ ᠤᠨ ᠲᠦᠷᠦ ᠶᠢᠨ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠨ | ᠲᠣᠬᠢᠷᠠᠭᠤᠯᠤᠨ ᠡᠵᠡᠮᠳᠡᠬᠦ ᠪᠠ ᠪᠥᠬᠦ ᠲᠣᠭᠤᠷᠢᠭ ᠤᠨᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠨ ᠲᠡᠩᠴᠡᠭᠦᠯᠬᠦ | ᠰᠠᠨᠠᠭᠤᠯᠭ᠎ᠠ ᠶᠢ ᠳᠤᠷᠠᠳᠤᠨ ᠭᠠᠷᠭᠠᠪᠠ᠃ | | | (ᠬᠤᠶᠠᠷ) ᠪᠦᠬᠦ ᠲᠣᠭᠤᠷᠢᠭ ᠤᠨ ᠡᠳ᠋ ᠤᠨ ᠵᠠᠰᠠᠭ᠂ ᠤᠯᠤᠰ ᠤᠨ ᠥᠮᠴᠢᠯᠡᠯ ᠤᠨ ᠬᠥᠷᠥᠩᠭᠡ ᠮᠥᠩᠭᠦ ᠶᠢᠨ | ᠰᠠᠭᠤᠷᠢ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠨᠢᠭᠲᠠᠯᠠᠨ ᠪᠤᠳᠤᠬᠤ ᠬᠠᠮᠢᠶᠠᠷᠤᠯᠲᠠ ᠶᠢᠨ ᠳᠦᠷᠢᠮ᠂ | ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠲᠣᠭᠤᠷᠢᠭ ᠤᠨ | ᠵᠠᠰᠠᠭ ᠤᠨ ᠣᠷᠳᠣᠨ ᠢ ᠲᠥᠯᠥᠭᠡᠯᠡᠨ ᠭᠠᠳᠠᠭᠠᠳᠤ ᠳᠤ ᠬᠤᠯᠪᠣᠭᠳᠠᠬᠤ ᠡᠳ᠋ ᠤᠨ ᠵᠠᠰᠠᠭ᠂ ᠥᠷᠢ ᠥᠭᠴᠡᠭᠡᠨ ᠤ | ᠬᠡᠯᠡᠯᠴᠡᠭᠡ ᠬᠢᠬᠦ ᠶᠢ ᠵᠣᠬᠢᠶᠠᠨ ᠪᠠᠶᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠵᠥᠪᠯᠡᠯᠴᠡᠭᠡᠷ᠂ ᠬᠡᠯᠡᠯᠴᠡᠭᠡᠷ ᠲᠤ | ᠭᠠᠷ ᠤᠨ ᠦᠰᠦᠭ ᠵᠢᠷᠤᠨ᠎ᠠ᠃ | | | ︵ᠭᠤᠷᠪᠠ︶ ᠰᠠᠶᠢᠬᠠᠨ ᠲᠣᠭᠤᠷᠢᠭ ᠤᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠡᠳ᠋ ᠤᠨ ᠵᠠᠰᠠᠭ ᠤᠨ ᠲᠥᠰᠥᠪ ᠵᠢᠴᠢ ᠭᠦᠢᠴᠡᠳᠬᠡᠭᠰᠡᠨ ᠪᠠᠶᠢᠳᠠᠯ ᠢ ᠮᠡᠳᠡᠭᠦᠯᠵᠦ᠂ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠰᠠᠶᠢᠬᠠᠨ ᠲᠣᠭᠤᠷᠢᠭ ᠤᠨ ᠡᠯ᠎ᠡ ᠵᠦᠢᠯ ᠤᠨ ᠡᠳ᠋ ᠤᠨ | ᠵᠠᠰᠠᠭ ᠤᠨ ᠣᠷᠣᠯᠭ᠎ᠠ ᠶᠢ ᠬᠠᠮᠢᠶᠠᠷᠤᠯᠲᠠ ᠶᠢᠨ ᠣᠷᠣᠨ ᠤ ᠲᠥᠰᠥᠪ ᠤᠨ ᠭᠠᠳᠠᠨᠠᠬᠢ ᠪᠡᠯᠡ ᠮᠥᠩᠭᠦ ᠪᠠ ᠡᠳ᠋ ᠤᠨ | ᠵᠠᠰᠠᠭ ᠤᠨ ᠲᠤᠰᠬᠠᠢ ᠳᠠᠩᠰᠠ; ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ᠂ ᠵᠠᠰᠠᠭ | ᠵᠠᠬᠢᠷᠭᠠᠨ ᠤ ᠴᠢᠨᠠᠷᠲᠠᠢ ᠰᠦᠢᠳᠬᠡᠯ ᠬᠤᠷᠢᠶᠠᠯᠲᠠ᠂ ᠲᠣᠷᠭᠠᠵᠤ ᠬᠤᠷᠢᠶᠠᠭᠰᠠᠨ ᠣᠷᠣᠯᠭ᠎ᠠ ᠶᠢ ᠬᠠᠮᠢᠶᠠᠷᠤᠨ᠎ᠠ; ᠰᠠᠶᠢᠬᠠᠨ | ᠲᠣᠭᠤᠷᠢᠭ ᠤᠨ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ ᠶᠡᠷᠦᠩᠬᠡᠶᠢᠯᠡᠨ ᠲᠡᠩᠴᠡᠭᠦᠷᠢᠲᠡᠢ ᠪᠠᠶᠢᠯᠭᠠᠨ᠎ᠠ᠃ | | | ︵ᠳᠥᠷᠪᠡ︶ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠣᠯᠠᠨ ᠨᠡᠶᠢᠲᠡ ᠶᠢᠨ ᠵᠠᠷᠤᠯᠭ᠎ᠠ ᠶᠢ | ᠬᠠᠮᠢᠶᠠᠷᠤᠨ᠎ᠠ︔ ᠵᠠᠰᠠᠭ ᠤᠨ ᠣᠷᠳᠣᠨ ᠤ ᠬᠤᠳᠠᠯᠳᠤᠨ ᠠᠪᠬᠤ ᠠᠷᠭ᠎ᠠ ᠶᠢ ᠲᠤᠭᠤᠷᠪᠢᠨ ᠲᠣᠭᠲᠠᠭᠠᠬᠤ ᠪᠠ ᠡᠳ᠋ ᠤᠨ | ᠵᠠᠰᠠᠭ ᠤᠨ ᠲᠥᠰᠥᠪ ᠤᠨ ᠳᠣᠲᠣᠷᠠᠬᠢ ᠵᠠᠰᠠᠭ ᠵᠠᠬᠢᠷᠭᠠᠨ ᠤ ᠪᠠᠶᠢᠭᠤᠯᠤᠮᠵᠢ᠂ ᠠᠵᠢᠯ ᠦᠢᠯᠡᠰ ᠤᠨ ᠨᠢᠭᠡᠴᠡ ᠪᠠ | ᠨᠡᠶᠢᠭᠡᠮ ᠤᠨ ᠪᠦᠯᠬᠦᠮ ᠤᠨ ᠠᠷᠠᠯᠵᠢᠶᠠᠨ ᠤ ᠪᠤᠰᠤ ᠭᠠᠳᠠᠭᠠᠳᠤ ᠭᠤᠪᠢᠭᠤᠯᠭ᠎ᠠ ᠶᠢ ᠬᠠᠮᠢᠶᠠᠷᠤᠨ᠎ᠠ; ᠥᠪᠡᠷᠲᠡᠭᠡᠨ | ᠵᠠᠰᠠᠬᠤ ᠣᠷᠣᠨ ᠤ ︽ᠵᠠᠰᠠᠭ ᠵᠠᠬᠢᠷᠭᠠᠨ ᠤ ᠨᠢᠭᠡᠴᠡ ᠶᠢᠨ ᠡᠳ᠋ ᠤᠨ ᠶᠠᠪᠤᠳᠠᠯ ᠤᠨ ᠳᠦᠷᠢᠮ︾᠂ ︽ᠠᠵᠢᠯ | ᠦᠢᠯᠡᠰ ᠤᠨ ᠨᠢᠭᠡᠴᠡ ᠶᠢᠨ ᠡᠳ᠋ ᠤᠨ ᠶᠠᠪᠤᠳᠠᠯ ᠤᠨ ᠳᠦᠷᠢᠮ︾ ᠢ ᠬᠡᠷᠡᠭᠵᠢᠭᠦᠯᠬᠦ ᠨᠠᠷᠢᠨ ᠳᠦᠷᠢᠮ ᠢ ᠦᠨᠳᠦᠰᠦᠯᠡᠨ᠂ | ᠮᠠᠨ ᠤ ᠣᠷᠣᠨ ᠤ ᠪᠣᠳᠠᠲᠠᠢ ᠬᠡᠷᠡᠭᠵᠢᠭᠦᠯᠬᠦ ᠲᠥᠰᠥᠯ ᠢ ᠲᠣᠭᠲᠠᠭᠠᠨ᠎ᠠ︔ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠲᠤᠭᠤᠷᠪᠢᠨ ᠲᠣᠭᠲᠠᠭᠠᠬᠤ ᠪᠥᠭᠡᠳ ᠬᠢᠨᠠᠯᠲᠠ ᠲᠠᠯᠪᠢᠵᠤ | ᠬᠡᠷᠡᠭᠵᠢᠭᠦᠯᠦᠨ᠎ᠡ᠃ | | | (ᠲᠠᠪᠤ) ᠤᠯᠤᠰ ᠤᠨ ᠤᠯᠤᠰ ᠤᠨ ᠥᠮᠴᠢᠯᠡᠯ ᠤᠨ ᠬᠥᠷᠥᠩᠭᠡ ᠮᠥᠩᠭᠦ ᠪᠠ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠴᠢᠭᠯᠡᠯᠲᠡ ᠲᠤᠶᠢᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ | ᠲᠤᠶᠢᠷᠢᠮ ᠲᠣᠭᠲᠠᠭᠠᠯ᠂ ᠬᠠᠮᠢᠶᠠᠷᠤᠯᠲᠠ ᠶᠢᠨ ᠠᠷᠭ᠎ᠠ ᠪᠣᠯᠣᠨ ᠥᠭᠡᠷᠡᠴᠢᠯᠡᠯᠲᠡ ᠶᠢᠨ ᠲᠥᠰᠥᠯ ᠢ ᠲᠤᠭᠤᠷᠪᠢᠨ | ᠲᠣᠭᠲᠠᠭᠠᠨ᠎ᠠ; ᠪᠥᠬᠦ ᠲᠣᠭᠤᠷᠢᠭ ᠤᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠵᠢᠴᠢ ᠠᠵᠤ ᠠᠬᠤᠶᠢᠯᠠᠯ᠂ | ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠥᠮᠴᠢᠯᠡᠬᠦ ᠡᠷᠬᠡ ᠶᠢ ᠳᠠᠩᠰᠠᠯᠠᠬᠤ᠂ ᠵᠠᠭᠠᠭᠯᠠᠨ ᠲᠣᠭᠲᠠᠭᠠᠬᠤ᠂ | ᠲᠥᠷᠥᠯ ᠵᠦᠢᠯ ᠲᠣᠭᠲᠠᠭᠠᠬᠤ ᠵᠡᠷᠭᠡ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ᠲᠡᠷᠡᠴᠢᠯᠡᠨ ᠤᠯᠤᠰ ᠤᠨ ᠥᠮᠴᠢᠯᠡᠯ ᠤᠨ ᠬᠥᠷᠥᠩᠭᠡ ᠮᠥᠩᠭᠦ ᠶᠢ ᠪᠦᠷᠢᠳᠬᠡᠬᠦ᠂ ᠵᠠᠳᠠᠯᠬᠤ ᠪᠠ ᠦᠨᠡᠯᠡᠬᠦ ᠵᠡᠷᠭᠡ | ᠠᠵᠢᠯ ᠢ ᠬᠠᠷᠢᠭᠤᠴᠠᠨ᠎ᠠ᠃ | | (ᠵᠢᠷᠭᠤᠭ᠎ᠠ)ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠠᠴᠠ ᠠᠵᠤ ᠠᠬᠤᠢ ᠪᠠ ᠬᠥᠭᠵᠢᠯᠲᠡ ᠶᠢᠨ ᠡᠯ᠎ᠡ | ᠲᠦᠷᠦᠯ ᠤᠨ ᠠᠵᠢᠯ ᠦᠢᠯᠡᠰ ᠤᠨ ᠲᠤᠰᠬᠠᠢ ᠲᠦᠷᠦᠯ ᠤᠨ ᠪᠡᠯᠡ ᠮᠥᠩᠭᠦ ᠵᠢᠴᠢ ᠭᠤᠣᠯ ᠪᠣᠯᠬᠤ ᠲᠠᠸᠠᠷ ᠤᠨ | ᠲᠦᠷᠦ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ︔ ︽ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠶᠡᠷᠦᠩᠬᠡᠢ | ᠳᠦᠷᠢᠮ︾ ᠢ ᠬᠢᠨᠠᠯᠲᠠ ᠲᠠᠯᠪᠢᠨ ᠬᠡᠷᠡᠭᠵᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠡᠳ᠋ ᠤᠨ ᠶᠠᠪᠤᠳᠠᠯ ᠤᠨ ᠠᠵᠢᠯ ᠳᠤ ᠬᠢᠨᠠᠯᠲᠠ ᠲᠠᠯᠪᠢᠪᠠ᠃ | | (ᠳᠤᠯᠤᠭ᠎ᠠ)ᠬᠠᠮᠢᠶᠠᠷᠤᠯᠲᠠ ᠶᠢᠨ ᠣᠷᠣᠨ ᠤ ᠡᠳ᠋ ᠤᠨ ᠵᠠᠰᠠᠭ ᠨᠡᠶᠢᠭᠡᠮ ᠤᠨ ᠪᠠᠲᠤᠯᠠᠭ᠎ᠠ ᠶᠢᠨ ᠵᠠᠷᠤᠯᠭ᠎ᠠ᠃ | | (ᠨᠠᠢᠮᠠ)ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠮᠠᠨ ᠤ ᠬᠤᠲᠠ ᠶᠢᠨ ᠤᠯᠤᠰ ᠤᠨ ᠳᠣᠲᠣᠭᠠᠳᠤ ᠶᠢᠨ | ᠥᠷᠢ ᠥᠭᠴᠡᠭᠡ ᠶᠢᠨ ᠬᠠᠮᠢᠶᠠᠷᠤᠯᠲᠠ ᠶᠢᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢᠨ ᠳᠦᠷᠢᠮ ᠲᠣᠭᠲᠠᠭᠠᠯ | ᠪᠣᠯᠣᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ ᠬᠡᠷᠡᠭᠵᠢᠭᠦᠯᠦᠨ᠎ᠡ︔ ᠭᠠᠳᠠᠭᠠᠳᠤ ᠤᠯᠤᠰ ᠤᠨ ᠵᠠᠰᠠᠭ ᠤᠨ | ᠣᠷᠳᠣᠨ ᠤ ᠵᠢᠭᠡᠯᠡᠯᠭᠡ᠂ ᠣᠯᠠᠨ ᠤᠯᠤᠰ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠵᠢᠭᠡᠯᠡᠯᠭᠡ᠂ | ᠳᠡᠯᠡᠬᠡᠢ ᠶᠢᠨ ᠲᠠᠷᠢᠶᠠᠯᠠᠩ ᠤᠨ ᠬᠥᠭᠵᠢᠭᠦᠯᠦᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠵᠢᠭᠡᠯᠡᠯᠭᠡ᠂ ᠶᠠᠫᠤᠨ ᠤ | ᠣᠯᠠᠨ ᠤᠯᠤᠰ ᠤᠨ ᠪᠠᠩᠬᠢ ᠶᠢᠨ ᠵᠢᠭᠡᠯᠡᠯᠭᠡ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠨ᠎ᠠ᠃ | | | ︵ᠶᠢᠰᠦ︶ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠤᠯᠪᠣᠭᠳᠠᠯ ᠪᠦᠬᠦᠢ ᠭᠠᠶᠢᠯᠢ ᠶᠢᠨ | ᠶᠠᠪᠤᠳᠠᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ | ᠲᠤᠤᠱᠯᠠᠭᠤᠯᠬᠤ ᠠᠷᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ︔ ᠡᠳ᠋ ᠤᠨ ᠵᠠᠰᠠᠭ ᠤᠨ ᠭᠠᠶᠢᠯᠢ | ᠲᠠᠲᠠᠪᠤᠷᠢ ᠶᠢᠨ ᠣᠷᠣᠯᠭ᠎ᠠ ᠶᠢᠨ ᠭᠠᠶᠢᠯᠢ ᠶᠢᠨ ᠵᠦᠢᠯ ᠳᠤ ᠭᠠᠶᠢᠯᠢ ᠲᠠᠲᠠᠪᠤᠷᠢ ᠶᠢ ᠲᠣᠬᠢᠷᠠᠭᠤᠯᠬᠤ ᠪᠠ ᠭᠠᠶᠢᠯᠢ ᠶᠢ | ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠰᠠᠨᠠᠭᠤᠯᠭ᠎ᠠ ᠳᠤᠷᠠᠳᠤᠨ᠎ᠠ᠃ | | | ︵ᠠᠷᠪᠠ︶ ᠪᠥᠬᠦ ᠲᠣᠭᠤᠷᠢᠭ ᠤᠨ ᠨᠢᠭᠲᠠᠯᠠᠨ ᠪᠤᠳᠤᠬᠤ ᠠᠵᠢᠯ ᠢ ᠬᠠᠮᠢᠶᠠᠷᠴᠤ᠂ ᠨᠢᠭᠲᠠᠯᠠᠨ ᠪᠤᠳᠤᠬᠤ | ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠲᠤᠤᠱᠯᠠᠭᠤᠯᠤᠨ | ᠬᠡᠷᠡᠭᠵᠢᠭᠦᠯᠵᠦ᠂ ᠨᠢᠭᠲᠠᠯᠠᠨ ᠪᠤᠳᠤᠬᠤ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃ | | | | (ᠠᠷᠪᠠᠨ ᠨᠢᠭᠡ) ᠡᠳ᠋ ᠤᠨ ᠵᠠᠰᠠᠭ ᠭᠠᠶᠢᠯᠢ ᠶᠢᠨ ᠴᠢᠭᠯᠡᠯᠲᠡ ᠲᠤᠶᠢᠷᠦ ᠶᠢᠨ ᠪᠣᠳᠣᠯᠭ᠎ᠠ᠂ ᠬᠠᠤᠯᠢ ᠴᠠᠭᠠᠵᠠ | ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ; ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠪᠠᠶᠢᠴᠠᠭᠠᠨ᠎ᠠ; ᠡᠳ᠋ ᠤᠨ ᠵᠠᠰᠠᠭ ᠤᠨ | ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠪᠠ᠃ | | | ︵ᠠᠷᠪᠠᠨ ᠬᠤᠶᠠᠷ︶ ᠲᠠᠷᠢᠶᠠᠯᠠᠩ ᠤᠨ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠪᠡᠯᠡ ᠮᠥᠩᠭᠦ ᠶᠢᠨ | ᠬᠠᠮᠢᠶᠠᠷᠤᠯᠲᠠ ᠶᠢ ᠬᠠᠷᠢᠭᠤᠴᠠᠨ᠎ᠠ᠃ | | | ︵ᠠᠷᠪᠠᠨ ᠭᠤᠷᠪᠠ︶ ᠡᠳ᠋ ᠤᠨ ᠵᠠᠰᠠᠭ ᠤᠨ ᠮᠡᠳᠡᠭᠡ ᠵᠠᠩᠭᠢ ᠪᠠ ᠡᠳ᠋ ᠤᠨ ᠵᠠᠰᠠᠭ ᠤᠨ ᠤᠬᠠᠭᠤᠯᠭ᠎ᠠ ᠶᠢᠨ | ᠠᠵᠢᠯ ᠢ ᠬᠠᠷᠢᠭᠤᠴᠠᠨ᠎ᠠ᠃ | | | ︵ᠠᠷᠪᠠᠨ ᠳᠥᠷᠪᠡ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠪᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠲᠤᠰᠢᠶᠠᠨ | ᠰᠢᠢᠳᠪᠦᠷᠢᠯᠡᠭᠦᠯᠦᠭᠰᠡᠨ ᠪᠤᠰᠤᠳ ᠵᠦᠢᠯᠡᠰ ᠢ ᠳᠠᠭᠠᠭᠠᠨ ᠭᠦᠢᠴᠡᠳᠬᠡᠨ᠎ᠡ᠃ | | | ᠬᠤᠶᠠᠷ᠂ ᠳᠣᠲᠣᠭᠠᠳᠤ ᠪᠠᠶᠢᠭᠤᠯᠤᠮᠵᠢ | | ᠳᠡᠭᠡᠷ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠰᠠᠶᠢᠬᠠᠨ ᠲᠣᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ ᠳᠤ 5 ᠡᠭᠦᠷᠭᠡ ᠴᠢᠳᠠᠪᠬᠢᠲᠤ ᠰᠲ᠋ᠣᠺ ︵ᠲᠠᠰᠤᠭ︶ ᠲᠣᠬᠢᠷᠠᠭᠤᠯᠪᠠ᠃ | | | ︵ᠨᠢᠭᠡ︶ ᠠᠯᠪᠠᠨ ᠭᠡᠷ | | | 1. ᠪᠥᠬᠦ ᠲᠠᠯ᠎ᠠ ᠶᠢᠨ ᠵᠠᠰᠠᠭ ᠤᠨ ᠶᠠᠪᠤᠳᠠᠯ ᠤᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ | ᠲᠣᠪᠴᠢᠶ᠎ᠠ ᠶᠢᠨ ᠳᠣᠲᠣᠷᠠᠬᠢ ᠬᠤᠯᠪᠣᠭᠳᠠᠯ ᠪᠦᠬᠦᠢ ᠬᠤᠷᠠᠯ ᠤᠨ ᠵᠣᠬᠢᠶᠠᠨ ᠪᠠᠶᠢᠭᠤᠯᠤᠯᠲᠠ ᠶᠢ ᠬᠠᠷᠢᠭᠤᠴᠠᠨ᠎ᠠ᠃ | | | 2᠂ ᠲᠤᠰ ᠲᠣᠪᠴᠢᠶ᠎ᠠ ᠶᠢᠨ ᠢᠶᠠᠨ ᠪᠢᠴᠢᠭ ᠮᠠᠲ᠋ᠧᠷᠢᠶᠠᠯ ᠢ ᠬᠤᠷᠢᠶᠠᠵᠤ ᠲᠠᠷᠬᠠᠭᠠᠬᠤ᠂ ᠡᠪᠬᠡᠮᠡᠯᠯᠡᠬᠦ᠂ ᠲᠠᠩᠰᠠ | ᠡᠪᠬᠡᠮᠡᠯ ᠳᠤ ᠣᠷᠣᠭᠤᠯᠬᠤ ᠠᠵᠢᠯ ᠢ ᠬᠠᠷᠢᠭᠤᠴᠠᠵᠤ᠂ ᠪᠢᠴᠢᠭ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ ᠪᠠ | ᠳᠠᠮᠵᠢᠭᠤᠯᠬᠤ ᠠᠵᠢᠯ ᠢ ᠰᠠᠶᠢᠨ ᠬᠢᠨ᠎ᠡ᠃ ᠲᠤᠰ ᠲᠣᠪᠴᠢᠶᠠᠨ ᠤ ᠪᠠᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ | ᠬᠠᠷᠢᠭᠤᠴᠠᠵᠤ᠂ ᠡᠯ᠎ᠡ ᠵᠦᠢᠯ ᠤᠨ ᠵᠠᠰᠠᠭ ᠵᠠᠬᠢᠷᠭᠠᠨ ᠤ ᠠᠵᠢᠯ ᠢ ᠰᠠᠶᠢᠲᠤᠷ ᠬᠠᠮᠢᠶᠠᠷᠴᠤ᠂ ᠲᠤᠰ ᠲᠣᠪᠴᠢᠶᠠᠨ ᠤ ᠪᠠᠨ | ᠠᠵᠢᠯᠯᠠᠬᠤ ᠣᠷᠴᠢᠨ ᠲᠣᠭᠤᠷᠢᠨ ᠤ ᠠᠷᠢᠭᠤᠨ ᠴᠡᠪᠡᠷ᠂ ᠠᠮᠤᠷ ᠲᠦᠪᠰᠢᠨ ᠢ ᠬᠠᠮᠠᠭᠠᠯᠠᠬᠤ ᠪᠠ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠡ᠃ | | | 3᠂ ᠪᠠᠶᠢᠭᠤᠯᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠲᠣᠭᠲᠠᠭᠠᠬᠤ ᠪᠠ | ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ; ᠬᠠᠪᠰᠤᠷᠤᠨ ᠤᠳᠤᠷᠢᠳᠴᠤ᠂ ᠡᠯ᠎ᠡ ᠰᠠᠯᠠᠭ᠎ᠠ ᠲᠠᠰᠤᠭ ᠲᠠᠢ ᠬᠠᠮᠵᠢᠯᠴᠠᠨ | ᠭᠠᠳᠠᠭᠠᠳᠤ ᠶᠠᠪᠤᠳᠠᠯ ᠤᠨ ᠠᠵᠢᠯᠲᠠᠳ ᠢ ᠬᠦᠯᠢᠶᠡᠨ ᠠᠪᠴᠤ ᠵᠣᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | | | 4. ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠡᠷᠭᠡ ᠰᠠᠯᠠᠭ᠎ᠠ ᠮᠥᠴᠢᠷ ᠤᠨ | ᠲᠣᠬᠢᠷᠠᠭᠤᠯᠤᠭᠰᠠᠨ ᠪᠥᠬᠦ ᠲᠣᠭᠤᠷᠢᠭ ᠤᠨ ᠴᠢᠨᠠᠷᠲᠠᠢ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠶᠡᠷᠦᠩᠬᠡᠶᠢᠯᠡᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠪᠠᠶᠢᠭᠤᠯᠭ᠎ᠠ ᠶᠢᠨ ᠡᠯ᠎ᠡ ᠵᠦᠢᠯ ᠤᠨ ᠠᠵᠢᠯ ᠤᠨ ᠬᠡᠪ ᠢᠶᠠᠷ | ᠶᠠᠪᠤᠭᠳᠠᠬᠤ ᠶᠢ ᠪᠠᠲᠤᠯᠠᠨ᠎ᠠ᠃ ᠲᠣᠪᠴᠢᠶᠠᠨ ᠤ ᠨᠠᠮ ᠤᠨ ᠡᠭᠦᠷ ᠠᠴᠠ ᠳᠠᠭᠠᠭᠠᠯᠭᠠᠭᠰᠠᠨ ᠲᠣᠪᠴᠢᠶᠠᠨ ᠤ | ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ | ᠠᠵᠢᠯ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠪᠠᠶᠢᠴᠠᠭᠠᠨ ᠰᠤᠳᠤᠯᠤᠯᠲᠠ | ᠬᠢᠬᠦ ᠶᠢ ᠴᠢᠩᠭᠠᠳᠬᠠᠵᠤ᠂ ᠡᠳ᠋ ᠤᠨ ᠵᠠᠰᠠᠭ ᠤᠨ ᠮᠡᠳᠡᠭᠡ ᠵᠠᠩᠭᠢ ᠶᠢᠨ ᠮᠠᠲ᠋ᠧᠷᠢᠶᠠᠯ ᠤᠨ ᠠᠵᠢᠯ ᠢ ᠰᠠᠶᠢᠲᠤᠷ ᠬᠢᠨ᠎ᠡ᠃ | ᠡᠯ᠎ᠡ ᠰᠠᠯᠠᠭ᠎ᠠ ᠮᠥᠴᠢᠷ ᠤᠨ ᠬᠢᠨ ᠢ ᠵᠣᠬᠢᠶᠠᠨ ᠪᠠᠶᠢᠭᠤᠯᠤᠨ ᠡᠯ᠎ᠡ ᠵᠦᠢᠯ ᠤᠨ ᠮᠡᠳᠡᠭᠡ ᠵᠠᠩᠭᠢ ᠶᠢᠨ ᠮᠠᠲ᠋ᠧᠷᠢᠶᠠᠯ ᠢ | ᠨᠠᠷᠢᠨ ᠬᠢᠨᠠᠮᠠᠭᠠᠢ ᠴᠤᠭᠯᠠᠭᠤᠯᠤᠨ ᠡᠮᠬᠢᠳᠬᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠪᠤᠰᠤᠳᠴᠢ ᠴᠢᠨᠠᠷ᠂ | ᠵᠥᠩᠨᠡᠯᠲᠡ ᠶᠢᠨ ᠴᠢᠨᠠᠷ᠂ ᠴᠠᠭ ᠲᠤᠬᠠᠶᠢᠴᠢ ᠴᠢᠨᠠᠷ᠂ ᠨᠡᠶᠢᠲᠡᠯᠢᠭ ᠴᠢᠨᠠᠷ ᠢ ᠬᠤᠣᠰᠯᠠᠭᠤᠯᠤᠭᠰᠠᠨ ᠰᠠᠶᠢᠨ ᠮᠡᠳᠡᠭᠡ | ᠵᠠᠩᠭᠢ ᠶᠢ ᠬᠠᠩᠭᠠᠵᠤ᠂ ᠤᠳᠤᠷᠢᠳᠤᠯᠭ᠎ᠠ ᠶᠢᠨ ᠰᠠᠶᠢᠨ ᠱᠲ᠋ᠠᠪᠴᠢ ᠪᠣᠯᠬᠤ ᠬᠡᠷᠡᠭᠲᠡᠢ᠃ ᠠᠵᠢᠯᠲᠠᠨ ᠤ ᠶᠠᠪᠤᠳᠠᠯ ᠤᠨ | ᠠᠵᠢᠯ ᠢ ᠰᠠᠶᠢᠲᠤᠷ ᠬᠢᠵᠦ᠂ ᠡᠯ᠎ᠡ ᠲᠠᠯ᠎ᠠ ᠶᠢᠨ ᠠᠵᠢᠯᠲᠠᠨ ᠤ ᠶᠠᠪᠤᠳᠠᠯ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ | ᠵᠣᠬᠢᠴᠠᠭᠤᠯᠬᠤ ᠬᠡᠷᠡᠭᠲᠡᠢ; ᠲᠤᠰ ᠲᠣᠪᠴᠢᠶᠠᠨ ᠤ ᠪᠠᠨ ᠺᠠᠳ᠋ᠷ ᠠᠵᠢᠯᠲᠠᠨ ᠠᠵᠢᠯᠴᠢᠨ ᠢ ᠰᠢᠯᠵᠢᠭᠦᠯᠦᠨ ᠲᠣᠬᠢᠷᠠᠭᠤᠯᠬᠤ᠂ | ᠬᠢᠨᠠᠨ ᠰᠢᠯᠭᠠᠬᠤ᠂ ᠳᠡᠪᠰᠢᠭᠦᠯᠬᠦ᠂ ᠱᠠᠩᠨᠠᠵᠤ ᠲᠣᠷᠭᠠᠬᠤ ᠵᠡᠷᠭᠡ ᠠᠵᠢᠯ ᠢ ᠰᠠᠶᠢᠲᠤᠷ ᠬᠢᠨ᠎ᠡ; ᠲᠤᠰ ᠲᠣᠪᠴᠢᠶᠠᠨ ᠤ | ᠺᠠᠳ᠋ᠷ ᠠᠵᠢᠯᠲᠠᠨ ᠠᠵᠢᠯᠴᠢᠨ ᠤ ᠴᠠᠯᠢᠩ ᠤᠨ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠢ᠃ | | | 5᠂ ᠡᠯ᠎ᠡ ᠲᠠᠰᠤᠭ ᠤᠨ ᠲᠤᠤᠱᠯᠠᠭᠤᠯᠤᠭᠰᠠᠨ ᠳᠦᠷᠢᠮ ᠵᠢᠴᠢ ᠠᠵᠢᠯ ᠤᠨ ᠡᠭᠦᠷᠭᠡ ᠶᠢ ᠪᠡᠶᠡᠯᠡᠭᠦᠯᠦᠭᠰᠡᠨ | ᠪᠠᠶᠢᠳᠠᠯ ᠢ ᠪᠠᠶᠢᠴᠠᠭᠠᠬᠤ ᠪᠠ ᠬᠢᠨᠠᠨ ᠰᠢᠯᠭᠠᠬᠤ ᠶᠢ ᠬᠠᠷᠢᠭᠤᠴᠠᠨ᠎ᠠ︔ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠶᠢᠨ ᠪᠠᠶᠢᠳᠠᠯ ᠢ ᠬᠢᠨᠠᠨ ᠪᠠᠶᠢᠴᠠᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ | ᠰᠠᠶᠢᠲᠤᠷ ᠬᠢᠵᠦ᠂ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ | | | | ︵ᠬᠤᠶᠠᠷ︶ ᠲᠥᠰᠥᠪ ᠤᠨ ᠬᠤᠪᠢ | | | 1᠂ ︽ᠲᠥᠰᠥᠪ ᠤᠨ ᠬᠠᠤᠯᠢ︾ ᠶᠢ ᠬᠢᠨᠠᠮᠠᠭᠠᠢ ᠬᠡᠷᠡᠭᠵᠢᠭᠦᠯᠵᠦ᠂ ᠲᠥᠰᠥᠪ ᠤᠨ ᠬᠤᠪᠢᠶᠠᠷᠢᠯᠠᠯᠲᠠ ᠪᠠ | ᠬᠢᠨᠠᠯᠲᠠ ᠶᠢ ᠴᠢᠩᠭᠠᠳᠬᠠᠵᠤ᠂ ᠣᠨ ᠤ ᠲᠥᠰᠥᠪ ᠢ ᠨᠠᠶᠢᠷᠠᠭᠤᠯᠤᠨ ᠵᠣᠬᠢᠶᠠᠬᠤ ᠵᠢᠯᠤᠭᠤᠳᠬᠤ ᠦᠵᠡᠯ ᠰᠠᠨᠠᠭ᠎ᠠ ᠪᠠ | ᠵᠠᠷᠴᠢᠮ ᠢ ᠰᠤᠳᠤᠯᠤᠨ ᠳᠤᠷᠠᠳᠤᠨ᠎ᠠ; ᠣᠷᠣᠯᠭ᠎ᠠ ᠪᠠᠨ ᠨᠡᠮᠡᠭᠳᠡᠭᠦᠯᠵᠦ ᠵᠠᠷᠤᠯᠭ᠎ᠠ ᠪᠠᠨ ᠠᠷᠪᠢᠯᠠᠬᠤ ᠪᠠ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠢ ᠪᠣᠯᠭᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠠ | ᠰᠠᠨᠠᠭᠤᠯᠭ᠎ᠠ ᠶᠢ ᠳᠤᠷᠠᠳᠤᠨ ᠭᠠᠷᠭᠠᠪᠠ᠃ | | | 2. ᠪᠥᠬᠦ ᠲᠣᠭᠤᠷᠢᠭ ᠤᠨ ᠡᠳ᠋ ᠤᠨ ᠵᠠᠰᠠᠭ ᠤᠨ ᠣᠨ ᠤ ᠣᠷᠣᠯᠭ᠎ᠠ ᠵᠠᠷᠤᠯᠭ᠎ᠠ ᠶᠢᠨ ᠲᠥᠰᠥᠪ ᠢ | ᠨᠠᠶᠢᠷᠠᠭᠤᠯᠤᠨ ᠮᠡᠳᠡᠭᠦᠯᠬᠦ᠂ ᠬᠤᠪᠢᠶᠠᠷᠢᠯᠠᠨ ᠪᠠᠭᠤᠯᠭᠠᠬᠤ ᠪᠠ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠵᠤ᠂ | ᠪᠥᠬᠦ ᠲᠣᠭᠤᠷᠢᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠡᠷᠡᠭᠵᠢᠭᠦᠯᠦᠭᠰᠡᠨ ᠪᠠᠶᠢᠳᠠᠯ ᠢ ᠶᠡᠷᠦᠩᠬᠡᠶᠢᠯᠡᠵᠦ | ᠂ ᠲᠥᠰᠥᠪ ᠪᠠ ᠲᠥᠰᠥᠪ ᠤᠨ ᠭᠦᠢᠴᠡᠳᠬᠡᠯ ᠤᠨ ᠮᠡᠳᠡᠭᠦᠯᠦᠯᠲᠡ ᠶᠢ ᠲᠤᠭᠤᠷᠪᠢᠵᠤ᠂ ᠲᠥᠰᠥᠪ ᠤᠨ | ᠬᠠᠮᠢᠶᠠᠷᠤᠯᠲᠠ ᠶᠢ ᠰᠠᠶᠢᠲᠤᠷ ᠬᠢᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢᠲᠡᠢ᠂ ᠪᠠᠭ᠎ᠠ | ᠦᠯᠡᠳᠡᠪᠦᠷᠢ ᠲᠠᠢ ᠪᠠᠶᠢᠬᠤ ᠶᠢ ᠦᠨᠡᠨᠬᠦ ᠪᠠᠲᠤᠯᠠᠨ᠎ᠠ︔ ᠪᠥᠬᠦ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠨ | ᠠᠵᠢᠯᠲᠠᠨ ᠤ ᠵᠠᠷᠤᠳᠠᠯ᠂ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠪᠠ ᠲᠣᠭᠲᠠᠭᠰᠠᠨ | ᠲᠤᠭ᠎ᠠ ᠵᠢᠴᠢ ᠡᠳ᠋ ᠤᠨ ᠵᠠᠰᠠᠭ ᠤᠨ ᠲᠤᠰᠬᠠᠢ ᠵᠠᠷᠤᠯᠭ᠎ᠠ ᠶᠢ ᠬᠢᠨᠠᠨ ᠬᠠᠷᠭᠤᠭᠤᠯᠵᠤ ᠬᠤᠷᠢᠶᠠᠩᠭᠤᠶᠢᠯᠠᠨ᠎ᠠ︔ ᠰᠠᠯᠠᠭ᠎ᠠ | ᠮᠥᠴᠢᠷ ᠤᠨ ᠲᠥᠰᠥᠪ ᠢ ᠲᠤᠷᠰᠢᠨ ᠨᠠᠶᠢᠷᠠᠭᠤᠯᠬᠤ ᠶᠢᠨ ᠬᠠᠮᠲᠤ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠠᠴᠠ | ᠲᠥᠰᠥᠪ ᠢ ᠲᠣᠬᠢᠷᠠᠭᠤᠯᠬᠤ᠂ ᠬᠤᠪᠢᠷᠠᠭᠤᠯᠬᠤ ᠵᠦᠢᠯᠡᠰ ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠪᠠ | ᠲᠥᠰᠥᠪ ᠤᠨ ᠵᠣᠭᠤᠰ ᠵᠢᠭᠡᠯᠡᠬᠦ ᠵᠦᠢᠯᠡᠰ ᠢ ᠨᠢᠭᠡᠳᠦᠯᠲᠡᠢ ᠭᠦᠢᠴᠡᠳᠬᠡᠨ᠎ᠡ; ᠣᠨ ᠤ ᠲᠥᠰᠥᠪ ᠤᠨ ᠳᠠᠪᠠᠭᠤᠯᠤᠨ | ᠬᠤᠷᠢᠶᠠᠭᠰᠠᠨ ᠶᠠᠪᠤᠳᠠᠯ ᠳᠤ ᠬᠤᠪᠢᠶᠠᠷᠢᠯᠠᠨ ᠬᠡᠷᠡᠭᠯᠡᠬᠦ ᠰᠠᠨᠠᠭᠤᠯᠭ᠎ᠠ ᠳᠤᠷᠠᠳᠤᠨ᠎ᠠ᠃ | | | 3᠂ ᠬᠤᠳᠠ ᠪᠠ ᠲᠣᠭᠤᠷᠢᠭ᠂ ᠲᠣᠭᠤᠷᠢᠭ ᠪᠠ ᠰᠤᠮᠤ ︵ᠵᠡᠭᠡᠯᠢ︶ ᠶᠢᠨ ᠡᠳ᠋ ᠤᠨ ᠵᠠᠰᠠᠭ ᠤᠨ ᠵᠢᠯ ᠤᠨ | ᠡᠴᠦᠰ ᠤᠨ ᠳ᠋ᠦᠩᠨᠡᠨ ᠪᠤᠳᠤᠬᠤ ᠠᠵᠢᠯ ᠢ ᠬᠠᠷᠢᠭᠤᠴᠠᠵᠤ᠂ ᠰᠤᠮᠤ ᠪᠠ ᠵᠡᠭᠡᠯᠢ ᠶᠢᠨ ᠡᠳ᠋ ᠤᠨ ᠵᠠᠰᠠᠭ ᠤᠨ | ᠲᠥᠰᠥᠪ ᠤᠨ ᠬᠠᠮᠢᠶᠠᠷᠤᠯᠲᠠ ᠪᠠ ᠪᠠᠶᠢᠴᠠᠭᠠᠯᠲᠠ ᠶᠢᠨ ᠠᠵᠢᠯ ᠢ ᠵᠢᠯᠣᠭᠤᠳᠤᠨ᠎ᠠ᠃ | | | 4. ᠪᠥᠬᠦ ᠲᠣᠭᠤᠷᠢᠭ ᠤᠨ ᠵᠠᠰᠠᠭ ᠵᠠᠬᠢᠷᠭᠠᠨ᠂ ᠠᠵᠢᠯ ᠦᠢᠯᠡᠰ ᠤᠨ ᠨᠢᠭᠡᠴᠡ ᠶᠢᠨ ᠡᠯ᠎ᠡ ᠵᠦᠢᠯ ᠤᠨ | ᠵᠠᠷᠤᠳᠠᠯ ᠤᠨ ᠲᠥᠰᠥᠪ ᠪᠣᠯᠣᠨ ᠲᠦᠷ ᠴᠠᠭ ᠤᠨ ᠵᠣᠭᠤᠰ ᠭᠤᠶᠤᠴᠢᠯᠠᠬᠤ ᠮᠡᠳᠡᠭᠦᠯᠦᠯᠲᠡ ᠶᠢ ᠬᠢᠨᠠᠨ | ᠬᠠᠷᠭᠤᠭᠤᠯᠬᠤ ᠶᠢ ᠬᠠᠷᠢᠭᠤᠴᠠᠵᠤ᠂ ᠨᠢᠭᠡ ᠨᠢᠭᠡ ᠪᠠᠷ ᠬᠢᠨᠠᠨ ᠵᠥᠪᠰᠢᠶᠡᠷᠡᠬᠦ ᠳᠦᠷᠢᠮ ᠢ ᠬᠢᠨᠠᠮᠠᠭᠠᠢ ᠬᠡᠷᠡᠭᠵᠢᠭᠦᠯᠵᠦ᠂ | ᠴᠠᠯᠢᠩ ᠵᠢᠴᠢ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠴᠡᠭᠡ ᠶᠢ ᠦᠨᠡᠨᠬᠦ ᠪᠠᠲᠤᠯᠠᠨ᠎ᠠ᠃ | | | 5᠂ ᠲᠣᠭᠤᠷᠢᠭ ᠠᠴᠠ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ ᠡᠳ᠋ ᠤᠨ ᠵᠠᠰᠠᠭ ᠤᠨ ᠪᠠᠶᠢᠭᠤᠯᠤᠯ ᠢ | ᠲᠣᠭᠲᠠᠭᠠᠬᠤ ᠠᠵᠢᠯ ᠢ ᠬᠠᠷᠢᠭᠤᠴᠠᠵᠤ᠂ ᠲᠣᠭᠤᠷᠢᠭ ᠠᠴᠠ ᠰᠢᠶᠠᠩ ᠵᠡᠭᠡᠯᠢ ᠳᠤ ᠰᠢᠯᠵᠢᠭᠦᠯᠦᠨ ᠥᠭᠬᠦ ᠠᠵᠢᠯ ᠪᠠ | ᠲᠥᠰᠥᠪ ᠤᠨ ᠬᠠᠮᠢᠶᠠᠷᠤᠯᠲᠠ ᠶᠢ ᠬᠠᠷᠢᠭᠤᠴᠠᠨ᠎ᠠ; ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠂ ᠭᠠᠶᠢᠯᠢ ᠶᠢᠨ ᠶᠠᠪᠤᠳᠠᠯ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠲᠠᠢ ᠬᠠᠷᠢᠯᠴᠠᠵᠤ ᠵᠣᠬᠢᠴᠠᠭᠤᠯᠬᠤ | ᠶᠠᠪᠤᠳᠠᠯ ᠢ ᠬᠠᠷᠢᠭᠤᠴᠠᠨ᠎ᠠ︔ ᠡᠳ᠋ ᠤᠨ ᠵᠠᠰᠠᠭ ᠤᠨ ᠬᠢᠨᠠᠨ ᠪᠣᠳᠣᠯᠲᠠ ᠶᠢᠨ ᠬᠤᠯᠪᠣᠭᠳᠠᠯ ᠪᠦᠬᠦᠢ ᠠᠵᠢᠯ ᠢ | ᠲᠦᠷᠦᠭᠦᠯᠡᠨ ᠬᠢᠬᠦ ᠶᠢ ᠬᠠᠷᠢᠭᠤᠴᠠᠨ᠎ᠠ᠃ | | | 6᠂ ᠡᠳ᠋ ᠤᠨ ᠵᠠᠰᠠᠭ ᠤᠨ ᠶᠡᠷᠦᠩᠬᠡᠢ ᠳᠣᠷᠣ ᠶᠢᠨ ᠪᠣᠳᠣᠯᠭ᠎ᠠ ᠶᠢ ᠰᠤᠳᠤᠯᠬᠤ ᠪᠠ ᠲᠣᠭᠲᠠᠭᠠᠬᠤ ᠠᠵᠢᠯ ᠢ | ᠬᠠᠷᠢᠭᠤᠴᠠᠵᠤ᠂ ᠡᠳ᠋ ᠤᠨ ᠵᠠᠰᠠᠭ ᠠᠵᠤ ᠠᠬᠤᠢ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠲᠤᠰᠬᠠᠢ | ᠰᠤᠳᠤᠯᠭᠠᠨ ᠢ ᠥᠷᠨᠢᠭᠦᠯᠵᠦ᠂ ᠡᠳ᠋ ᠤᠨ ᠵᠠᠰᠠᠭ ᠭᠠᠶᠢᠯᠢ ᠶᠢᠨ ᠥᠭᠡᠷᠡᠴᠢᠯᠡᠯᠲᠡ ᠶᠢᠨ ᠲᠤᠬᠠᠢ ᠰᠠᠨᠠᠭᠤᠯᠭ᠎ᠠ ᠳᠤᠷᠠᠳᠴᠤ᠂ | ᠡᠳ᠋ ᠤᠨ ᠵᠠᠰᠠᠭ ᠤᠨ ᠤᠷᠲᠤᠪᠲᠤᠷ ᠪᠠ ᠤᠷᠳᠦ ᠬᠤᠭᠤᠴᠠᠭᠠᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ | | | | 7᠂ ᠴᠠᠯᠢᠩ ᠢ ᠨᠢᠭᠡᠳᠦᠯᠲᠡᠢ ᠥᠭᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠦᠢᠯᠡᠰ ᠢ | ᠲᠥᠪᠯᠡᠷᠡᠭᠦᠯᠦᠨ ᠥᠭᠬᠦ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠲᠥᠪᠯᠡᠷᠡᠭᠦᠯᠦᠨ ᠥᠭᠬᠦ ᠵᠡᠷᠭᠡ | ᠠᠵᠢᠯ ᠢ ᠬᠠᠷᠢᠭᠤᠴᠠᠨ᠎ᠠ; ᠣᠷᠣᠨ ᠨᠤᠲᠤᠭ ᠤᠨ ᠡᠳ᠋ ᠤᠨ ᠵᠠᠰᠠᠭ ᠤᠨ ᠪᠠᠩᠬᠢ ᠶᠢᠨ ᠳᠠᠩᠰᠠ ᠪᠠ ᠵᠠᠰᠠᠭ ᠵᠠᠬᠢᠷᠭ᠎ᠠ᠂ | ᠠᠵᠢᠯ ᠦᠢᠯᠡᠰ ᠤᠨ ᠨᠢᠭᠡᠴᠡ ᠶᠢᠨ ᠪᠠᠩᠬᠢ ᠶᠢᠨ ᠳᠠᠩᠰᠠ ᠪᠠᠶᠢᠭᠤᠯᠬᠤ ᠶᠢ ᠨᠢᠭᠡᠳᠦᠯᠲᠡᠢ ᠬᠠᠮᠢᠶᠠᠷᠤᠨ᠎ᠠ᠃ | 8. ᠡᠳ᠋ ᠤᠨ ᠵᠠᠰᠠᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢᠨ | ᠪᠠᠶᠢᠭᠤᠯᠤᠯᠲᠠ ᠶᠢ ᠬᠠᠷᠢᠭᠤᠴᠠᠨ᠎ᠠ᠂ ᠡᠭᠦᠨ ᠳᠤ ᠲᠣᠪᠴᠢᠶ᠎ᠠ ᠶᠢᠨ ᠠᠯᠪᠠᠨ ᠠᠵᠢᠯ ᠤᠨ ᠠᠦ᠋ᠲ᠋ᠣᠴᠢᠯᠠᠯᠲᠠ᠂ | ᠲᠣᠭᠠᠴᠠᠭ᠎ᠠ ᠬᠢᠬᠦ ᠲᠥᠪ ᠤᠨ ᠬᠡᠰᠡᠭ ᠬᠡᠪᠴᠢᠶᠡᠨ ᠤ ᠰᠦᠯᠵᠢᠶ᠎ᠡ ᠵᠢᠴᠢ ᠰᠢᠶᠠᠩ ᠵᠡᠭᠡᠯᠢ ᠶᠢᠨ ᠨᠢᠭᠲᠠᠯᠠᠨ | ᠪᠤᠳᠤᠭᠴᠢ ᠶᠢᠨ ᠡᠯᠧᠺᠲᠷᠣᠨᠵᠢᠯᠲᠠ ᠶᠢᠨ ᠠᠵᠢᠯ ᠢ ᠬᠠᠮᠢᠶᠠᠷᠤᠨ᠎ᠠ᠃ | | | 9. ᠨᠢᠭᠡᠳᠦᠯᠲᠡᠢ ᠴᠠᠯᠢᠩ ᠣᠯᠭᠤᠬᠤ ᠶᠠᠪᠤᠳᠠᠯ ᠢ ᠬᠠᠷᠢᠭᠤᠴᠠᠨ ᠬᠠᠮᠢᠶᠠᠷᠴᠤ᠂ ᠲᠣᠭᠤᠷᠢᠭ ᠤᠨ ᠲᠣᠰ | ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠰᠢᠨ᠎ᠡ ᠪᠠᠷ ᠨᠡᠮᠡᠭᠳᠡᠭᠰᠡᠨ ᠠᠵᠢᠯᠲᠠᠨ ᠤ ᠵᠠᠷᠤᠳᠠᠯ | ᠵᠢᠴᠢ ᠪᠤᠰᠤᠳ ᠰᠢᠨ᠎ᠡ ᠪᠠᠷ ᠨᠡᠮᠡᠭᠳᠡᠭᠰᠡᠨ ᠵᠠᠷᠤᠯᠭ᠎ᠠ ᠶᠢᠨ ᠶᠠᠪᠤᠳᠠᠯ ᠢ ᠬᠢᠨᠠᠨ ᠲᠣᠭᠲᠠᠭᠠᠨ᠎ᠠ᠃ | | | 10᠂ ᠣᠷᠣᠨ ᠨᠤᠲᠤᠭ ᠤᠨ ᠡᠳ᠋ ᠤᠨ ᠵᠠᠰᠠᠭ ᠤᠨ ᠡᠩ ᠤᠨ ᠲᠥᠰᠥᠪ᠂ ᠰᠠᠭᠤᠷᠢ ᠮᠥᠩᠭᠦᠨ ᠤ ᠲᠥᠰᠥᠪ | ᠵᠡᠷᠭᠡ ᠡᠯ᠎ᠡ ᠵᠦᠢᠯ ᠤᠨ ᠪᠡᠯᠡ ᠮᠥᠩᠭᠦᠨ ᠤ ᠲᠣᠭᠠᠴᠠᠭ᠎ᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | | | ︵ᠭᠤᠷᠪᠠ︶ ᠬᠠᠤᠯᠢ ᠲᠣᠭᠲᠠᠭᠠᠯ ᠤᠨ ᠭᠠᠶᠢᠯᠢ ᠶᠢᠨ ᠶᠠᠪᠤᠳᠠᠯ ᠤᠨ ᠬᠤᠪᠢ | | | 1᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠲᠣᠭᠤᠷᠢᠭ ᠤᠨ ᠭᠠᠶᠢᠯᠢ ᠶᠢᠨ | ᠢᠷᠡᠯᠲᠡ ᠶᠢᠨ ᠪᠠᠶᠢᠳᠠᠯ᠂ ᠭᠠᠶᠢᠯᠢ ᠲᠠᠲᠠᠪᠤᠷᠢ ᠶᠢᠨ ᠪᠦᠲᠦᠴᠡ ᠵᠢᠴᠢ ᠭᠠᠶᠢᠯᠢ ᠲᠠᠲᠠᠪᠤᠷᠢ ᠶᠢᠨ ᠵᠡᠷᠭᠡ ᠳᠡᠰ ᠤᠨ | ᠬᠠᠮᠢᠶᠠᠷᠤᠯᠲᠠ ᠶᠢ ᠡᠵᠡᠮᠰᠢᠨ᠎ᠡ᠃ | | | 2᠂ ᠭᠠᠶᠢᠯᠢ ᠶᠢᠨ ᠶᠠᠪᠤᠳᠠᠯ ᠤᠨ ᠬᠠᠤᠯᠢ ᠴᠠᠭᠠᠵᠠ ᠶᠢᠨ ᠠᠵᠢᠯ ᠢ ᠤᠬᠠᠭᠤᠯᠬᠤ᠂ ᠰᠤᠳᠤᠯᠬᠤ᠂ ᠬᠡᠷᠡᠭᠵᠢᠭᠦᠯᠬᠦ | ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | | | 3. ᠭᠠᠶᠢᠯᠢ ᠶᠢᠨ ᠪᠤᠰᠤ ᠣᠷᠣᠯᠭ᠎ᠠ ᠶᠢᠨ ᠲᠥᠷᠥ ᠶᠢᠨ ᠪᠣᠳᠣᠯᠭ᠎ᠠ ᠶᠢᠨ ᠳᠦᠷᠢᠮ ᠢ ᠬᠠᠷᠢᠭᠤᠴᠠᠨ | ᠲᠣᠭᠲᠠᠭᠠᠵᠤ᠂ ᠭᠠᠶᠢᠯᠢ ᠶᠢᠨ ᠪᠤᠰᠤ ᠣᠷᠣᠯᠭ᠎ᠠ ᠲᠠᠲᠠᠪᠤᠷᠢᠯᠠᠬᠤ ᠶᠢ ᠵᠣᠬᠢᠶᠠᠨ ᠪᠠᠶᠢᠭᠤᠯᠤᠨ᠎ᠠ᠃ ᠲᠥᠰᠥᠪ ᠤᠨ | ᠭᠠᠳᠠᠨᠠᠬᠢ ᠪᠡᠯᠡ ᠮᠥᠩᠭᠦ ᠶᠢᠨ ᠲᠤᠬᠠᠢ ᠳᠡᠭᠡᠳᠦ ᠱᠠᠲᠤᠨ ᠤ ᠴᠢᠭᠯᠡᠯᠲᠡ᠂ ᠲᠦᠷᠦ ᠶᠢᠨ ᠪᠣᠳᠣᠯᠭ᠎ᠠ᠂ ᠳᠦᠷᠢᠮ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠪᠣᠳᠠᠲᠠᠢ ᠬᠡᠷᠡᠭᠵᠢᠭᠦᠯᠬᠦ ᠠᠷᠭ᠎ᠠ ᠶᠢ ᠲᠣᠭᠲᠠᠭᠠᠨ᠎ᠠ᠃ | | | 4. ᠰᠦᠢᠳᠬᠡᠯ ᠬᠤᠷᠢᠶᠠᠬᠤ ᠨᠢᠭᠡᠴᠡ ᠶᠢᠨ ᠣᠨ ᠤ ᠲᠥᠰᠥᠪ ᠤᠨ ᠭᠠᠳᠠᠨᠠᠬᠢ ᠪᠡᠯᠡ ᠮᠥᠩᠭᠦ ᠶᠢᠨ | ᠣᠷᠣᠯᠭ᠎ᠠ ᠶᠢᠨ ᠲᠥᠯᠥᠪᠯᠡᠭᠡ ᠶᠢ ᠲᠦᠷᠦᠭᠦᠯᠡᠨ ᠲᠣᠭᠲᠠᠭᠠᠬᠤ ᠵᠢᠴᠢ ᠣᠷᠣᠯᠭ᠎ᠠ ᠪᠠᠨ ᠳᠡᠭᠡᠭᠰᠢ ᠲᠤᠰᠢᠶᠠᠬᠤ ᠶᠢ | ᠰᠢᠮᠳᠠᠭᠤᠯᠤᠨ ᠱᠠᠭᠠᠷᠳᠠᠵᠤ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠰᠲ᠋ᠣᠺ ᠲᠠᠢ ᠬᠠᠮᠲᠤᠷᠠᠨ ᠡᠯ᠎ᠡ | ᠨᠢᠭᠡᠴᠡ ᠶᠢᠨ ᠵᠠᠷᠤᠯᠭ᠎ᠠ ᠶᠢᠨ ᠲᠣᠭᠲᠠᠭᠰᠠᠨ ᠲᠤᠭ᠎ᠠ ᠶᠢ ᠬᠢᠨᠠᠨ ᠲᠣᠭᠲᠠᠭᠠᠵᠤ᠂ ᠲᠥᠰᠥᠪ ᠤᠨ ᠭᠠᠳᠠᠨᠠᠬᠢ ᠪᠡᠯᠡ | ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠮᠡᠳᠡᠭᠦᠯᠬᠦ ᠠᠵᠢᠯ ᠢ ᠰᠠᠶᠢᠲᠤᠷ ᠬᠢᠨ᠎ᠡ᠃ | | | 5᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠵᠢᠯ ᠤᠨ ᠰᠦᠢᠳᠬᠡᠯ ᠬᠤᠷᠢᠶᠠᠬᠤ ᠣᠷᠣᠯᠭ᠎ᠠ | ᠵᠠᠷᠤᠯᠭ᠎ᠠ ᠶᠢᠨ ᠲᠥᠰᠥᠪ ᠢ ᠬᠠᠷᠢᠭᠤᠴᠠᠵᠤ᠂ ᠬᠤᠯᠪᠣᠭᠳᠠᠯ ᠪᠦ᠋ᠬᠦᠢ ᠨᠢᠭᠡᠴᠡ ᠨᠦᠭᠦᠳ ᠤᠨ ᠣᠷᠣᠯᠭ᠎ᠠ ᠵᠠᠷᠤᠯᠭ᠎ᠠ ᠶᠢᠨ | ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠵᠠᠷᠤᠯᠭ᠎ᠠ ᠶᠢ ᠪᠦ᠋ᠬᠦ ᠲᠠᠯ᠎ᠠ ᠪᠠᠷ ᠵᠦᠢ ᠵᠣᠬᠢᠰᠲᠠᠢ ᠲᠣᠬᠢᠷᠠᠭᠤᠯᠵᠤ᠂ | ᠰᠦᠢᠳᠬᠡᠯ ᠬᠤᠷᠢᠶᠠᠬᠤ ᠨᠢᠭᠡᠴᠡ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠰᠦᠢᠳᠬᠡᠯ | ᠬᠤᠷᠢᠶᠠᠬᠤ ᠲᠠᠩᠭᠠᠷ ᠲᠠᠲᠠᠪᠤᠷᠢᠯᠠᠬᠤ ᠶᠠᠪᠤᠳᠠᠯ ᠳᠤ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠡᠳ᠋ ᠤᠨ ᠶᠠᠪᠤᠳᠠᠯ ᠤᠨ ᠪᠠᠶᠢᠴᠠᠭᠠᠯᠲᠠ ᠬᠢᠵᠦ᠂ ᠵᠠᠩᠭᠢᠯᠠᠭ᠎ᠠ ᠶᠢ ᠪᠠᠭᠠᠰᠬᠠᠬᠤ ᠪᠠ ᠠᠵᠢᠯ ᠤᠨ | ᠦᠷ᠎ᠡ ᠪᠦᠲᠦᠭᠡᠯ ᠢ ᠳᠡᠭᠡᠭᠰᠢᠯᠡᠭᠦᠯᠦᠨ᠎ᠡ᠃ ᠲᠣᠷᠭᠠᠬᠤ ᠲᠤᠰᠢᠶᠠᠬᠤ ᠶᠢ ᠰᠠᠯᠭᠠᠬᠤ ᠠᠵᠢᠯ ᠢ ᠰᠠᠶᠢᠲᠤᠷ ᠠᠳᠬᠤᠵᠤ᠂ ︽ | ᠫᠢᠶᠣᠣ ᠪᠠ ᠵᠣᠭᠤᠰ ᠢ ᠰᠠᠯᠭᠠᠬᠤ᠂ ᠲᠣᠷᠭᠠᠬᠤ ᠲᠤᠰᠢᠶᠠᠬᠤ ᠶᠢ ᠰᠠᠯᠭᠠᠬᠤ︾ ᠠᠵᠢᠯ ᠤᠨ ᠬᠡᠪ ᠤᠨ ᠠᠵᠢᠯᠯᠠᠭᠠᠨ ᠢ | ᠪᠠᠲᠤᠯᠠᠨ᠂ ᠪᠥᠬᠦ ᠲᠣᠭᠤᠷᠢᠭ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠪᠠ | ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠵᠢᠴᠢ ᠲᠣᠷᠭᠠᠵᠤ ᠬᠤᠷᠢᠶᠠᠮᠵᠢᠯᠠᠭᠰᠠᠨ ᠣᠷᠣᠯᠭ᠎ᠠ ᠶᠢᠨ ᠫᠢᠶᠣᠣ | ᠪᠠᠷᠢᠮᠲᠠ ᠶᠢ ᠨᠢᠭᠡᠳᠦᠯᠲᠡᠢ ᠬᠠᠮᠢᠶᠠᠷᠴᠤ᠂ ᠰᠦᠢᠳᠬᠡᠯ ᠬᠤᠷᠢᠶᠠᠬᠤ᠂ ᠲᠣᠷᠭᠠᠵᠤ ᠬᠤᠷᠢᠶᠠᠮᠵᠢᠯᠠᠭᠰᠠᠨ ᠫᠢᠶᠣᠣ | ᠪᠠᠷᠢᠮᠲᠠ ᠶᠢᠨ ᠬᠡᠷᠡᠭᠯᠡᠯᠲᠡ ᠶᠢ ᠪᠠᠶᠢᠴᠠᠭᠠᠨ ᠵᠢᠯᠣᠭᠤᠳᠤᠨ᠎ᠠ᠃ | | | ︵ᠳᠥᠷᠪᠡ︶ ᠵᠠᠰᠠᠭ ᠵᠠᠬᠢᠷᠭ᠎ᠠ ᠤᠯᠤᠰ ᠲᠦᠷᠦ ᠬᠠᠤᠯᠢ ᠴᠠᠭᠠᠵᠠ ᠶᠢᠨ ᠬᠤᠪᠢ | ︽ᠵᠠᠰᠠᠭ ᠵᠠᠬᠢᠷᠭᠠᠨ ᠤ ᠨᠢᠭᠡᠴᠡ ᠶᠢᠨ ᠡᠳ᠋ ᠤᠨ ᠶᠠᠪᠤᠳᠠᠯ ᠤᠨ ᠳᠦᠷᠢᠮ︾ ᠢ ᠲᠤᠤᠱᠯᠠᠭᠤᠯᠤᠨ | ᠬᠡᠷᠡᠭᠵᠢᠭᠦᠯᠵᠦ᠂ ᠵᠠᠰᠠᠭ ᠵᠠᠬᠢᠷᠭᠠᠨ ᠤ ᠨᠢᠭᠡᠴᠡ ︵ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠪᠠᠶᠢᠭᠤᠯᠤᠯᠭ᠎ᠠ ᠪᠠ | ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠵᠤᠷᠭᠠᠨ ᠵᠡᠷᠭᠡ ᠰᠠᠯᠠᠭ᠎ᠠ ᠮᠥᠴᠢᠷ︶ ᠶᠢᠨ ᠡᠳ᠋ ᠤᠨ | ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠲᠦᠷᠦᠭᠦᠯᠡᠨ ᠲᠣᠭᠲᠠᠭᠠᠬᠤ ︵ᠵᠠᠰᠠᠪᠤᠷᠢ ᠣᠷᠣᠭᠤᠯᠬᠤ︶ | ᠶᠢ ᠬᠠᠷᠢᠭᠤᠴᠠᠨ᠎ᠠ︔ ᠪᠥᠬᠦ ᠲᠣᠭᠤᠷᠢᠭ ᠤᠨ ᠡᠯ᠎ᠡ ᠨᠢᠭᠡᠴᠡ ᠶᠢᠨ ᠵᠠᠰᠠᠭ ᠵᠠᠬᠢᠷᠭᠠᠨ ᠤ ᠴᠢᠨᠠᠷᠲᠠᠢ ᠵᠠᠷᠤᠳᠠᠯ ᠢ | ᠬᠠᠮᠢᠶᠠᠷᠤᠨ᠎ᠠ︔ ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ᠂ ᠠᠯᠪᠠᠨ ᠠᠵᠢᠯ ᠢᠶᠠᠷ ᠭᠠᠳᠠᠭᠰᠢ ᠭᠠᠷᠬᠤ ᠵᠡᠷᠭᠡ | ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠶᠢ ᠬᠠᠷᠢᠭᠤᠴᠠᠨ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠵᠠᠰᠠᠭ ᠵᠠᠬᠢᠷᠭᠠᠨ ᠤ ᠴᠢᠨᠠᠷᠲᠠᠢ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠣᠨ ᠤ | ᠵᠠᠷᠤᠳᠠᠯ ᠤᠨ ᠲᠥᠰᠥᠪ ᠪᠠ ᠲᠤᠰᠬᠠᠢ ᠵᠦᠢᠯ ᠤᠨ ᠪᠡᠯᠡ ᠮᠥᠩᠭᠦ ᠬᠢᠭᠡᠳ ᠲᠥᠰᠥᠪ ᠤᠨ ᠲᠣᠬᠢᠷᠠᠭᠤᠯᠤᠯᠲᠠ ᠶᠢᠨ | ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ; ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠲᠥᠰᠥᠪ ᠢ | ᠭᠦᠢᠴᠡᠳᠬᠡᠬᠦ ᠪᠠ ᠣᠨ ᠤ ᠲᠥᠰᠥᠪ ᠪᠠ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠬᠤ ᠠᠵᠢᠯ ᠢ ᠵᠣᠬᠢᠶᠠᠨ | ᠪᠠᠶᠢᠭᠤᠯᠵᠤ ᠬᠢᠨᠠᠯᠲᠠ ᠲᠠᠯᠪᠢᠨ᠎ᠠ; ᠲᠤᠰᠬᠠᠢ ᠵᠦᠢᠯ ᠤᠨ ᠪᠡᠯᠡ ᠮᠥᠩᠭᠦ ᠶᠢᠨ ᠦᠷ᠎ᠡ ᠪᠦᠲᠦᠮᠵᠢ ᠶᠢ ᠮᠥᠷᠳᠡᠨ | ᠠᠰᠠᠭᠤᠵᠤ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠪᠠ | ᠢᠵᠢ ᠪᠦᠷᠢᠳᠦᠭᠦᠯᠦᠨ ᠪᠣᠳᠠᠲᠠᠶᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ᠂ ᠲᠥᠷᠥᠯ ᠵᠦᠢᠯ ᠤᠨ ᠦᠷ᠎ᠡ | ᠠᠰᠢᠭ ᠤᠨ ᠬᠢᠨᠠᠨ ᠰᠢᠯᠭᠠᠯᠲᠠ ᠬᠢᠨ᠎ᠡ︔ ᠪᠦᠬᠦ ᠲᠣᠭᠤᠷᠢᠭ ᠤᠨᠵᠠᠰᠠᠭ ᠵᠠᠬᠢᠷᠭᠠᠨ ᠤ ᠨᠢᠭᠡᠴᠡ ᠶᠢᠨ ᠵᠠᠷᠤᠯᠭ᠎ᠠ ᠶᠢᠨ | ᠲᠥᠯᠥᠪᠯᠡᠭᠡ ᠶᠢ ᠬᠢᠨᠠᠨ ᠬᠠᠷᠭᠤᠭᠤᠯᠬᠤ᠂ ᠵᠣᠭᠤᠰ ᠰᠠᠯᠭᠠᠨ ᠥᠭᠬᠦ ᠶᠢ ᠬᠠᠷᠢᠭᠤᠴᠠᠵᠤ᠂ ᠲᠥᠰᠥᠪ ᠤᠨ ᠶᠣᠰᠣᠭᠠᠷ | ᠵᠠᠷᠤᠯᠭ᠎ᠠ ᠶᠢᠨ ᠠᠬᠢᠴᠠ ᠶᠢ ᠴᠢᠩᠭ᠎ᠠ ᠡᠵᠡᠮᠳᠡᠵᠦ᠂ ᠣᠨ ᠤᠨᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ | ᠬᠠᠮᠠᠭᠠᠯᠠᠬᠤ ᠬᠡᠷᠡᠭᠲᠡᠢ᠃ | | | ︵ᠲᠠᠪᠤ︶ ᠨᠡᠶᠢᠭᠡᠮ ᠤᠨ ᠪᠠᠲᠤᠯᠠᠭ᠎ᠠ ᠶᠢᠨ ᠰᠲ᠋ᠣᠺ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠡᠷᠡᠭᠦᠯ | ᠬᠠᠮᠠᠭᠠᠯᠠᠯ ᠵᠡᠷᠭᠡ ᠲᠠᠯ᠎ᠠ ᠶᠢᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠵᠢᠴᠢ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠲᠥᠰᠥᠪ ᠤᠨ ᠠᠵᠢᠯ ᠢ ᠡᠭᠦᠷᠭᠡᠯᠡᠨ᠎ᠡ︔ ᠬᠠᠮᠢᠶ᠎ᠠ ᠪᠦᠬᠦᠢ ᠪᠡᠯᠡ ᠮᠥᠩᠭᠦ ︵ᠰᠠᠭᠤᠷᠢ ᠮᠥᠩᠭᠦ︶ ᠶᠢᠨ | ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ︔ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠰᠠᠶᠢᠬᠠᠨ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠨᠠᠶᠢᠷᠠᠭᠤᠯᠤᠨ ᠵᠣᠬᠢᠶᠠᠨ᠎ᠠ︔ | ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ | ᠲᠥᠰᠥᠯ ᠢ ᠬᠢᠨᠠᠨ ᠬᠠᠷᠭᠤᠭᠤᠯᠤᠨ᠎ᠠ᠃ | | | ᠠᠵᠢᠯᠯᠠᠬᠤ ᠬᠠᠶ᠋ᠢᠭ᠄ ᠵᠣᠣ ᠤᠳᠠ ᠵᠠᠮ ᠤᠨ 169 ᠳ᠋ᠦ᠋ᠭᠡᠷ ᠨᠣᠮᠧᠷ ᠤᠨ ᠰᠠᠶᠢᠬᠠᠨ ᠲᠣᠭᠤᠷᠢᠭ ᠤᠨ | ᠵᠠᠰᠠᠭ ᠤᠨ ᠣᠷᠳᠣᠨ ᠤ ᠬᠦᠷᠢᠶᠡᠨ ᠳᠠᠬᠢ ᠪᠠᠷᠠᠭᠤᠨ ᠳᠥᠷᠪᠡᠳᠦᠭᠡᠷ ᠠᠰᠠᠷ | | | ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 ︱ 14᠄ 00 ︱ 17᠄ 00 ︵ | ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | | | ᠬᠠᠷᠢᠯᠴᠠᠬᠤ ᠬᠡᠯᠪᠡᠷᠢ᠄ 0471-4211649 | | | ᠬᠠᠷᠢᠭᠤᠴᠠᠯᠭᠠᠲᠠᠨ᠄ ᠯᠢ ᠷᠦᠢ ᠹᠧᠩ | | | | ᠬᠠᠷᠢᠶ᠎ᠠ ᠨᠢᠭᠡᠴᠢ᠄ | | ᠬᠥᠬᠡᠬᠤᠲᠠ ᠶᠢᠨ ᠰᠠᠶᠢᠬᠠᠨ ᠲᠣᠭᠤᠷᠢᠭ ᠤᠨ ᠨᠢᠭᠲᠠᠯᠠᠨ ᠪᠤᠳᠤᠬᠤ ᠦᠢᠯᠡᠴᠢᠯᠡᠭᠡᠨ ᠤ ᠲᠥᠪ ᠪᠣᠯ ᠰᠠᠶᠢᠬᠠᠨ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠬᠠᠷᠢᠶᠠᠯᠠᠭᠳᠠᠬᠤ ᠳᠡᠳ᠋ ᠰᠠᠯᠠᠭ᠎ᠠ ᠶᠢᠨ ᠲᠡᠰ ᠤᠨ ᠨᠡᠶᠢᠲᠡ ᠶᠢᠨ | ᠠᠰᠠᠷᠠᠮᠵᠢ ᠶᠢᠨ ᠨᠢᠭᠡᠳᠦᠭᠡᠷ ᠲᠦᠷᠦᠯ ᠤᠨ ᠠᠵᠢᠯ ᠦᠢᠯᠡᠰ ᠤᠨ ᠨᠢᠭᠡᠴᠡ ᠪᠣᠯᠣᠨ᠎ᠠ᠃ | | | | ᠭᠤᠣᠯ ᠡᠭᠦᠷᠭᠡ ᠬᠠᠷᠢᠭᠤᠴᠠᠯᠭ᠎ᠠ᠄ | | | 1᠂ ᠪᠠᠶᠢᠭᠤᠯᠭ᠎ᠠ ᠳᠤ ᠳᠡᠮᠵᠢᠯᠭᠡ ᠪᠠᠲᠤᠯᠠᠭ᠎ᠠ ᠬᠠᠩᠭᠠᠬᠤ ᠡᠭᠦᠷᠭᠡ ᠴᠢᠳᠠᠪᠬᠢ | | | ︵1︶ ᠪᠥᠬᠦ ᠲᠣᠭᠤᠷᠢᠭ ᠤᠨ ᠲᠥᠰᠥᠪ ᠤᠨ ᠨᠢᠭᠡᠴᠡ ᠶᠢᠨ ᠳᠣᠲᠣᠭᠠᠳᠤ ᠶᠢᠨ ᠡᠵᠡᠮᠳᠡᠨ ᠬᠢᠨᠠᠬᠤ | ᠬᠠᠮᠢᠶᠠᠷᠤᠯᠲᠠ ᠶᠢ ᠡᠭᠦᠷᠭᠡᠯᠡᠵᠦ᠂ ᠮᠡᠳᠡᠭᠦᠯᠦᠯᠲᠡ ᠶᠢᠨ ᠡᠮᠬᠢᠳᠬᠡᠯ ᠢ ᠡᠭᠦᠷᠭᠡᠯᠡᠨ᠎ᠡ᠃ | | | ︵2︶ ᠪᠥᠬᠦ ᠲᠣᠭᠤᠷᠢᠭ ᠤᠨ ᠰᠠᠯᠠᠭ᠎ᠠ ᠮᠥᠴᠢᠷ ᠪᠣᠯᠣᠨ ᠵᠠᠰᠠᠭ ᠤᠨ ᠣᠷᠳᠣᠨ ᠤ ᠲᠥᠰᠥᠪ ᠪᠠ | ᠲᠥᠰᠥᠪ ᠤᠨ ᠭᠦᠢᠴᠡᠳᠬᠡᠯ ᠢ ᠢᠯᠡ ᠪᠠᠷ ᠬᠢᠨᠠᠯᠲᠠ ᠲᠠᠯᠪᠢᠵᠤ ᠪᠠᠶᠢᠴᠠᠭᠠᠬᠤ ᠶᠢ ᠡᠭᠦᠷᠭᠡᠯᠡᠨ᠎ᠡ᠃ | | | ︵3︶ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠥᠳᠡᠯᠦᠩᠭᠦᠢ ᠬᠢᠨᠠᠨ ᠡᠵᠡᠮᠳᠡᠬᠦ ᠶᠢ | ᠡᠭᠦᠷᠭᠡᠯᠡᠨ᠎ᠡ᠃ | | | ︵4︶ ᠪᠥᠬᠦ ᠲᠣᠭᠤᠷᠢᠭ ᠤᠨ ᠨᠢᠭᠲᠠᠯᠠᠨ ᠪᠤᠳᠤᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠤᠯᠤᠰ | ᠤᠨ ᠣᠨ ᠤ ᠵᠠᠰᠠᠭ ᠠᠵᠤ ᠠᠬᠤᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠪᠠᠷᠢᠮᠵᠢᠶ᠎ᠠ ᠪᠣᠯᠣᠨ ᠳᠦᠷᠢᠮ ᠢ | ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠦᠨ᠎ᠡ᠃ | | | ︵5︶ ᠪᠥᠬᠦ ᠲᠣᠭᠤᠷᠢᠭ ᠤᠨ ᠨᠢᠭᠲᠠᠯᠠᠨ ᠪᠤᠳᠤᠬᠤ ᠠᠵᠢᠯᠲᠠᠳ ᠤᠨᠵᠠᠰᠠᠭ ᠠᠵᠤ ᠠᠬᠤᠢ ᠶᠢᠨ ᠬᠠᠤᠯᠢ | ᠲᠣᠭᠲᠠᠭᠠᠯ ᠪᠣᠯᠣᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠡᠭᠦᠷᠭᠡᠯᠡᠵᠦ᠂ ᠣᠨ ᠤ ᠨᠢᠭᠲᠠᠯᠠᠨ ᠪᠤᠳᠤᠬᠤ | ᠠᠵᠢᠯᠲᠠᠳ ᠤᠨ ᠦᠷᠭᠦᠯᠵᠢᠯᠡᠭᠰᠡᠨ ᠬᠥᠮᠦᠵᠢᠯ ᠪᠣᠯᠪᠠᠰᠤᠷᠠᠭᠤᠯᠤᠯ ᠢ ᠪᠡᠶᠡᠯᠡᠭᠦᠯᠦᠨ᠎ᠡ᠃ | | | ︵6︶ ᠪᠥᠬᠦ ᠲᠣᠭᠤᠷᠢᠭ ᠤᠨ 30 ᠬᠥᠮᠥᠨ ᠠᠴᠠ ᠳᠣᠷᠣᠭᠰᠢᠬᠢ ᠲᠥᠰᠥᠪ ᠤᠨ ᠨᠢᠭᠡᠴᠡ ᠶᠢᠨ ᠨᠢᠭᠲᠠᠯᠠᠨ | ᠪᠤᠳᠤᠬᠤ ᠲᠤᠬᠠᠶᠢᠯᠠᠭᠰᠠᠨ ᠠᠵᠢᠯ ᠢ ᠲᠥᠪᠯᠡᠷᠡᠭᠦᠯᠦᠨ ᠣᠷᠣᠯᠠᠬᠤ ᠠᠵᠢᠯ ᠢ ᠡᠭᠦᠷᠭᠡᠯᠡᠨ᠎ᠡ᠃ | | | ︵7︶ ᠡᠳ᠋ ᠤᠨ ᠵᠠᠰᠠᠭ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠢᠴᠢ ︽ᠠᠯᠳᠠᠨ ᠡᠳ᠋ ᠤᠨ ᠵᠠᠰᠠᠭ ᠤᠨ | ᠢᠨᠵᠧᠨᠧᠷᠢᠩ︾ ᠤᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ; ᠡᠳ᠋ ᠤᠨ ᠵᠠᠰᠠᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠢᠶᠠᠷᠴᠤ᠂ ᠲᠤᠭ᠎ᠠ ᠪᠠᠷᠢᠮᠲᠠ ᠶᠢ | ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠡᠳ᠋ ᠤᠨ ᠵᠠᠰᠠᠭ ᠤᠨ ᠥᠭᠡᠷᠡᠴᠢᠯᠡᠯᠲᠡ ᠪᠣᠯᠣᠨ ᠡᠳ᠋ ᠤᠨ ᠵᠠᠰᠠᠭ ᠤᠨ | ᠲᠤᠬᠠᠶᠢᠯᠠᠭᠰᠠᠨ ᠠᠵᠢᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ︔ | | | ︵8︶ ᠡᠳ᠋ ᠤᠨ ᠵᠠᠰᠠᠭ ᠤᠨ ᠬᠡᠰᠡᠭ ᠬᠡᠪᠴᠢᠶᠡᠨ ᠤ ᠰᠦᠯᠵᠢᠶ᠎ᠡ᠂ ᠬᠤᠳᠠ ᠶᠢᠨ ᠬᠡᠪᠴᠢᠶᠡᠨ ᠤ ᠰᠦᠯᠵᠢᠶ᠎ᠡ ᠪᠠ | ᠥᠷᠭᠡᠨ ᠬᠡᠪᠴᠢᠶᠡᠨ ᠤ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ︽ᠭᠤᠷᠪᠠᠨ ᠬᠥᠨᠳᠡᠯᠡᠨ ᠨᠢᠭᠡ | ᠭᠤᠯᠳᠤ︾ ᠶᠢ ᠰᠦᠯᠵᠢᠶᠡᠵᠢᠭᠦᠯᠬᠦ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠪᠡᠶᠡᠯᠡᠭᠦᠯᠦᠨ᠎ᠡ; | | | ︵9︶ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠰᠦᠯᠵᠢᠶᠡᠨ ᠤ ᠳᠠᠭᠠᠷᠢᠯᠲᠠ ᠵᠢᠴᠢ ᠸᠢᠷᠦ᠋ᠰ ᠮᠣᠳᠣᠨ | ᠮᠣᠷᠢᠨ ᠤ ᠡᠪᠳᠡᠯᠡᠭᠡ ᠶᠢ ᠤᠷᠢᠳᠴᠢᠯᠠᠨ ᠰᠡᠷᠭᠡᠶᠢᠯᠡᠵᠦ᠂ ᠡᠳ᠋ ᠤᠨ ᠵᠠᠰᠠᠭ ᠤᠨ ᠲᠤᠭ᠎ᠠ ᠪᠠᠷᠢᠮᠲᠠ ᠶᠢᠨ ᠪᠡᠯᠡᠳᠬᠡᠯ | ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠰᠦᠯᠵᠢᠶᠡᠨ ᠤ ᠲᠣᠭᠲᠠᠭᠤᠨ ᠪᠠᠶᠢᠬᠤ᠂ ᠲᠤᠭ᠎ᠠ ᠪᠠᠷᠢᠮᠲᠠ ᠶᠢᠨ ᠠᠮᠤᠷ | ᠲᠦᠪᠰᠢᠨ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠨ᠎ᠠ; | | | ︵10︶ ᠪᠥᠬᠦ ᠲᠣᠭᠤᠷᠢᠭ ᠤᠨ ᠡᠳ᠋ ᠤᠨ ᠵᠠᠰᠠᠭ ᠤᠨ ᠨᠢᠭᠡ ᠴᠣᠭᠴᠠᠵᠢᠭᠤᠯᠤᠭᠰᠠᠨ ᠦᠢᠯᠡᠴᠢᠯᠡᠭᠦᠷ ᠪᠠ | ᠲᠣᠣᠷ ᠰᠦᠯᠵᠢᠶᠡᠨ ᠤ ᠲᠥᠬᠦᠭᠡᠷᠦᠮᠵᠢ ᠶᠢᠨ ᠬᠡᠪ ᠤᠨ ᠠᠵᠢᠯᠯᠠᠭᠠᠨ ᠢ ᠬᠠᠮᠠᠭᠠᠯᠠᠵᠤ᠂ ᠡᠳ᠋ ᠤᠨ ᠵᠠᠰᠠᠭ ᠤᠨ ᠲᠤᠰᠬᠠᠢ | ᠰᠦᠯᠵᠢᠶᠡᠨ ᠤ ᠺᠣᠮᠫᠢᠦ᠋ᠲ᠋ᠧᠷ ᠤᠨ ᠬᠡᠮ ᠰᠣᠭᠤᠭ ᠢ ᠰᠢᠢᠳᠪᠦᠷᠢᠯᠡᠨ᠂ ᠪᠥᠬᠦ ᠲᠣᠭᠤᠷᠢᠭ ᠤᠨ ᠡᠳ᠋ ᠤᠨ ᠵᠠᠰᠠᠭ ᠤᠨ | ᠲᠤᠬᠠᠶᠢᠯᠠᠭᠰᠠᠨ ᠠᠵᠢᠯ ᠤᠨ ᠰᠢᠰᠲ᠋ᠧᠮ ᠵᠢᠴᠢ ᠡᠳ᠋ ᠤᠨ ᠵᠠᠰᠠᠭ ᠤᠨ ᠲᠤᠰᠬᠠᠢ ᠰᠦᠯᠵᠢᠶᠡᠨ ᠤ ᠺᠣᠮᠫᠢᠦ᠋ᠲ᠋ᠧᠷ ᠤᠨ | ᠠᠮᠤᠷ ᠲᠦᠪᠰᠢᠨ ᠢ ᠪᠠᠲᠤᠯᠠᠨ᠎ᠠ; | | | 2᠂ ᠨᠡᠶᠢᠭᠡᠮ ᠳᠤ ᠬᠠᠨᠳᠤᠭᠤᠯᠤᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠡᠭᠦᠷᠭᠡ | ᠴᠢᠳᠠᠪᠤᠷᠢ | | | ︵1︶ ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠬᠤ | ᠲᠠᠪᠴᠠᠩ ᠳᠣᠣᠷᠠᠬᠢ ᠡᠷᠴᠢᠮᠵᠢᠭᠦᠯᠦᠭᠰᠡᠨ ᠬᠠᠮᠢᠶᠠᠷᠤᠯᠲᠠ ᠶᠢᠨ ᠣᠯᠠᠨ ᠲᠦᠮᠡᠨ ᠤ ᠠᠰᠠᠭᠤᠨ ᠯᠠᠪᠯᠠᠬᠤ | ᠵᠠᠭᠠᠯᠳᠤᠯᠭ᠎ᠠ ᠳᠤ ᠬᠠᠷᠢᠭᠤ ᠥᠭᠬᠦ ᠶᠢ ᠬᠠᠷᠢᠭᠤᠴᠠᠨ᠎ᠠ᠃ | | | ︵2︶ ᠪᠥᠬᠦ ᠲᠣᠭᠤᠷᠢᠭ ᠤᠨ ᠨᠢᠭᠲᠠᠯᠠᠨ ᠪᠤᠳᠤᠬᠤ ᠠᠵᠢᠯᠲᠠᠳ ᠤᠨ ᠮᠡᠳᠡᠭᠡ ᠵᠠᠩᠭᠢ ᠴᠤᠭᠯᠠᠭᠤᠯᠬᠤ ᠶᠢ | ᠬᠢᠨᠠᠨ ᠬᠠᠷᠭᠤᠭᠤᠯᠵᠤ ᠬᠠᠮᠢᠶᠠᠷᠬᠤ ᠶᠢ ᠬᠠᠷᠢᠭᠤᠴᠠᠨ᠎ᠠ᠃ | | | 3. ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ | | | ︵1︶ ᠶᠡᠷᠦᠩᠬᠡᠶᠢᠯᠡᠨ ᠬᠠᠮᠢᠶᠠᠷᠬᠤ ᠰᠲ᠋ᠣᠺ᠃ ᠭᠤᠣᠯ ᠡᠭᠦᠷᠭᠡ ᠬᠠᠷᠢᠭᠤᠴᠠᠯᠭ᠎ᠠ ᠪᠣᠯ᠄ ᠪᠥᠬᠦ ᠲᠣᠭᠤᠷᠢᠭ ᠤᠨ | ᠲᠥᠰᠥᠪ ᠤᠨ ᠨᠢᠭᠡᠴᠡ ᠶᠢᠨ ᠳᠣᠲᠣᠭᠠᠳᠤ ᠶᠢᠨ ᠡᠵᠡᠮᠳᠡᠯ ᠤᠨ ᠬᠢᠨᠠᠯᠲᠠ ᠬᠠᠮᠢᠶᠠᠷᠤᠯᠲᠠ᠂ ᠰᠠᠯᠠᠭ᠎ᠠ ᠮᠥᠴᠢᠷ ᠤᠨ | ᠲᠥᠰᠥᠪ ᠪᠠ ᠲᠥᠰᠥᠪ ᠤᠨ ᠭᠦᠢᠴᠡᠳᠬᠡᠯ ᠳᠤ ᠢᠯᠡ ᠬᠢᠨᠠᠯᠲᠠ ᠲᠠᠯᠪᠢᠬᠤ᠂ ᠨᠢᠭᠲᠠᠯᠠᠨ ᠪᠤᠳᠤᠭᠴᠢ ᠶᠢᠨ | ᠬᠠᠮᠢᠶᠠᠷᠤᠯᠲᠠ ᠵᠢᠴᠢ ᠦᠷᠭᠦᠯᠵᠢᠯᠡᠨ ᠰᠤᠷᠭᠠᠨ ᠬᠥᠮᠥᠵᠢᠭᠦᠯᠬᠦ ᠶᠢ ᠬᠠᠷᠢᠭᠤᠴᠠᠨ᠎ᠠ᠃ | | | ︵2︶ ᠨᠢᠭᠲᠠᠯᠠᠨ ᠪᠤᠳᠤᠬᠤ ᠬᠠᠮᠢᠶᠠᠷᠤᠯᠲᠠ ᠶᠢᠨ ᠰᠲ᠋ᠣᠺ᠃ ᠭᠤᠣᠯ ᠡᠭᠦᠷᠭᠡ ᠬᠠᠷᠢᠭᠤᠴᠠᠯᠭ᠎ᠠ ᠪᠣᠯ᠄ ᠪᠦᠬᠦ | ᠲᠣᠭᠤᠷᠢᠭ ᠤᠨ 30 ᠬᠥᠮᠥᠨ ᠠᠴᠠ ᠳᠣᠷᠣᠭᠰᠢᠬᠢ ᠲᠥᠰᠥᠪ ᠤᠨ ᠨᠢᠭᠡᠴᠡ ᠶᠢᠨ ᠨᠢᠭᠲᠠᠯᠠᠨ ᠪᠤᠳᠤᠬᠤ | ᠲᠤᠬᠠᠶᠢᠯᠠᠭᠰᠠᠨ ᠠᠵᠢᠯ ᠢ ᠲᠥᠪᠯᠡᠷᠡᠭᠦᠯᠦᠨ ᠣᠷᠣᠯᠠᠬᠤ ᠠᠵᠢᠯ ᠢ ᠬᠠᠷᠢᠭᠤᠴᠠᠨ᠎ᠠ᠃ | | | ︵3︶ ᠮᠡᠳᠡᠭᠡ ᠵᠠᠩᠭᠢ ᠶᠢᠨ ᠲᠥᠪ᠃ ᠭᠤᠣᠯ ᠡᠭᠦᠷᠭᠡ ᠬᠠᠷᠢᠭᠤᠴᠠᠯᠭ᠎ᠠ ᠪᠣᠯ᠄ ᠪᠥᠬᠦ ᠲᠣᠭᠤᠷᠢᠭ ᠤᠨ ᠡᠳ᠋ ᠤᠨ | ᠵᠠᠰᠠᠭ ᠢ ᠨᠢᠭᠡ ᠴᠣᠭᠴᠠᠵᠢᠭᠤᠯᠬᠤ ᠪᠠ ᠡᠯ᠎ᠡ ᠲᠥᠷᠥᠯ ᠤᠨ ᠡᠳ᠋ ᠤᠨ ᠶᠠᠪᠤᠳᠠᠯ ᠤᠨ ᠵᠥᠭᠡᠯᠡᠨ ᠲᠣᠨᠤᠭ ᠤᠨ | ᠦᠢᠯᠡᠴᠢᠯᠡᠭᠦᠷ ᠵᠢᠴᠢ ᠰᠦᠯᠵᠢᠶ᠎ᠡ ᠶᠢᠨ ᠠᠵᠢᠯᠯᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃ | | | | ︵ᠬᠤᠶᠠᠷ︶ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠤᠰ ᠤᠨ ᠬᠥᠮᠥᠷᠭᠡ ᠶᠢᠨ ᠲᠥᠪᠯᠡᠷᠡᠭᠦᠯᠦᠨ | ᠣᠯᠭᠤᠬᠤ ᠲᠥᠪ | | | ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠲᠥᠯᠥᠬᠦ ᠲᠥᠪ | ᠪᠣᠯ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠬᠠᠷᠢᠶᠠᠯᠠᠭᠳᠠᠬᠤ ᠪᠠᠶᠢᠭᠤᠯᠤᠯᠭ᠎ᠠ ᠳᠤ | ᠳᠡᠮᠵᠢᠯᠭᠡ ᠪᠠᠲᠤᠯᠠᠭ᠎ᠠ ᠶᠢᠨ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠣᠨ᠎ᠠ᠃ | | | | | ᠭᠤᠣᠯ ᠡᠭᠦᠷᠭᠡ ᠬᠠᠷᠢᠭᠤᠴᠠᠯᠭ᠎ᠠ᠄ | | | ︵1︶ ᠡᠳ᠋ ᠤᠨ ᠵᠠᠰᠠᠭ ᠤᠨ ᠲᠥᠯᠥᠬᠦ ᠲᠤᠬᠠᠶᠢᠯᠠᠭᠰᠠᠨ ᠠᠵᠢᠯ ᠢ ᠪᠣᠳᠠᠲᠠᠢ ᠭᠦᠢᠴᠡᠳᠬᠡᠬᠦ ᠵᠠᠰᠠᠭ | ᠵᠠᠬᠢᠷᠭᠠᠨ ᠤ ᠲᠤᠰᠠᠯᠠᠬᠤ ᠠᠵᠢᠯ ᠢ ᠡᠭᠦᠷᠭᠡᠯᠡᠵᠦ᠂ ᠰᠢᠭᠤᠳ ᠲᠥᠯᠥᠬᠦ ᠭᠤᠶᠤᠴᠢᠯᠠᠯ ᠪᠠ ᠲᠥᠰᠥᠪ ᠤᠨ ᠨᠢᠭᠡᠴᠡ ᠶᠢᠨ | ᠦᠯᠡᠳᠡᠪᠦᠷᠢ ᠦᠭᠡᠢ ᠪᠡᠯᠡᠨ ᠵᠣᠭᠤᠰ ᠤᠨ ᠲᠤᠬᠠᠶᠢᠯᠠᠭᠰᠠᠨ ᠠᠵᠢᠯ ᠢ ᠬᠢᠨᠠᠨ ᠬᠠᠷᠭᠤᠭᠤᠯᠵᠤ᠂ ᠡᠳ᠋ ᠤᠨ ᠵᠠᠰᠠᠭ ᠤᠨ | ᠰᠢᠭᠤᠳ ᠲᠥᠯᠥᠬᠦ ᠪᠡᠯᠡ ᠮᠥᠩᠭᠦ ᠶᠢᠨ ᠲᠥᠯᠥᠬᠦ ᠲᠤᠬᠠᠶᠢᠯᠠᠭᠰᠠᠨ ᠠᠵᠢᠯ ᠢ ᠭᠦᠢᠴᠡᠳᠬᠡᠨ᠎ᠡ᠃ | | | ︵2︶ ᠤᠯᠤᠰ ᠤᠨ ᠬᠥᠮᠥᠷᠭᠡ ᠶᠢᠨ ᠲᠠᠩ ᠭᠠᠭᠴᠠ ᠲᠠᠩᠰᠠᠨ ᠡᠷᠤᠭᠡ ᠶᠢᠨ ᠰᠢᠰᠲ᠋ᠧᠮ ᠤᠨ ᠬᠤᠯᠪᠣᠭᠳᠠᠯ | ᠪᠦᠬᠦᠢ ᠲᠠᠩᠰᠠᠨ ᠡᠷᠤᠭᠡ ᠶᠢ ᠬᠠᠮᠢᠶᠠᠷᠴᠤ ᠬᠡᠷᠡᠭᠯᠡᠨ᠎ᠡ᠂ ᠪᠣᠳᠠᠲᠠᠢ ᠪᠠᠷ ᠬᠡᠯᠡᠪᠡᠯ ᠬᠡᠰᠡᠭ ᠲᠥᠰᠥᠪ ᠤᠨ ᠨᠢᠭᠡᠴᠢ ᠶᠢᠨ | ᠦᠯᠡᠳᠡᠪᠦᠷᠢ ᠦᠭᠡᠢ ᠲᠠᠩᠰᠠᠨ ᠡᠷᠤᠭᠡ᠂ ᠲᠥᠰᠥᠪ ᠤᠨ ᠨᠢᠭᠡᠴᠢ ᠶᠢᠨ ᠦᠨᠳᠦᠰᠦᠨ ᠡᠷᠤᠭᠡ ᠵᠡᠷᠭᠡ ᠶᠢ ᠪᠠᠭᠲᠠᠭᠠᠨ᠎ᠠ᠃ | | | ︵3︶ᠵᠠᠰᠠᠭ ᠤᠨ ᠣᠷᠳᠣᠨ ᠤ ᠬᠤᠳᠠᠯᠳᠤᠨ ᠠᠪᠬᠤ ᠭᠤᠣᠯ ᠴᠣᠭᠴᠠ᠂ ᠣᠷᠣᠯᠠᠨ ᠭᠦᠢᠴᠡᠳᠬᠡᠬᠦ ᠪᠠᠶᠢᠭᠤᠯᠤᠮᠵᠢ | ᠵᠢᠴᠢ ᠬᠤᠳᠠᠯᠳᠤᠨ ᠠᠪᠬᠤ ᠴᠤᠪᠤᠷᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ | | | ᠬᠠᠶ᠋ᠢᠭ᠄ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ 301 ᠲᠠᠰᠤᠭ ︵ᠵᠤᠤ ᠤᠳᠠ | ᠡᠮᠦᠨ᠎ᠡ ᠵᠠᠮ ᠤᠨ 169 ᠳ᠋ᠦ᠋ᠭᠡᠷ ᠲᠣᠭᠠᠲᠤ︶ ᠤᠨ ᠬᠠᠷᠢᠯᠴᠠᠬᠤ ᠤᠲᠠᠰᠤ᠄ 0471 - 4211649 ᠠᠵᠢᠯᠯᠠᠬᠤ | ᠴᠠᠭ᠄ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 1᠄ 30 - 5᠄ 00 ︵ᠭᠠᠷᠠᠭ ᠤᠨ | ᠨᠢᠭᠡᠨ ᠠᠴᠠ ᠭᠠᠷᠠᠭ ᠤᠨ ᠲᠠᠪᠤ ᠬᠦᠷᠲᠡᠯ᠎ᠡ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | | |