ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠰᠠᠶᠢᠬᠠᠨ ᠲᠣᠭᠤᠷᠢᠭ ᠲᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/13
       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠲᠣᠬᠢᠷᠠᠭᠤᠯᠤᠯᠲᠠ ᠶᠢ ᠦᠨᠳᠦᠰᠦᠯᠡᠨ᠂ 3 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠰᠠᠶᠢᠬᠠᠨ ᠲᠣᠭᠤᠷᠢᠭ ᠲᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢᠨ ᠵᠢᠶᠠᠨ ᠵᠢᠶᠦ᠋ᠨ ᠤᠳᠠᠯ ᠦᠭᠡᠢ ᠥᠷᠨᠢᠭᠦᠯᠬᠦ ᠭᠡᠵᠦ ᠪᠠᠶᠢᠭ᠎ᠠ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠶᠠᠷᠢᠶ᠎ᠠ ᠲᠠᠯᠪᠢᠵᠤ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠹᠠᠩ ᠢᠦᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢ ᠰᠢᠶᠣᠣ ᠶᠠᠨ ᠣᠪᠣᠷ ᠢᠶᠠᠨ ᠢᠯᠡᠳᠬᠡᠪᠡ᠃              ᠯᠢᠨ ᠵᠢᠶᠠᠨ ᠵᠢᠶᠦ᠋ᠨ ᠴᠢᠬᠤᠯᠠᠴᠢᠯᠠᠭᠰᠠᠨ ᠨᠢ᠂ ᠬᠤᠰᠢᠭᠤ ᠰᠢᠶᠠᠨ ︵ᠬᠤᠲᠠ᠂ ᠲᠣᠭᠤᠷᠢᠭ︶ ᠪᠣᠯ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠭᠤᠣᠯ ᠵᠢᠭᠰᠠᠭᠠᠯ ᠤᠨ ᠭᠠᠵᠠᠷ ᠮᠥᠨ᠃ ᠰᠠᠶᠢᠬᠠᠨ ᠲᠣᠭᠤᠷᠢᠭ ᠲᠤ ᠲᠣᠭᠤᠷᠢᠨ ᠪᠠᠶᠢᠴᠠᠭᠠᠯᠲᠠ ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠪᠣᠳᠠᠲᠠᠢ ᠢᠯᠡᠷᠡᠯ ᠪᠣᠯᠬᠤ ᠪᠥᠭᠡᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠲᠣᠭᠤᠷᠢᠨ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠢᠨᠠᠯᠲᠠ ᠶᠢ ᠬᠦᠯᠢᠶᠡᠬᠦ ᠤᠬᠠᠮᠰᠠᠷᠲᠤ ᠴᠢᠨᠠᠷ ᠪᠣᠯᠣᠨ ᠰᠠᠨᠠᠭᠠᠴᠢᠯᠠᠭᠠᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃              ᠯᠢᠨ ᠵᠢᠶᠠᠨ ᠵᠢᠶᠦ᠋ᠨ ᠢᠯᠡᠷᠬᠡᠶᠢᠯᠡᠭᠰᠡᠨ ᠨᠢ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠤᠭᠰᠠᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠ ᠦᠷ᠎ᠡ ᠪᠦᠲᠦᠭᠡᠯ ᠢ ᠬᠡᠷᠡᠭᠯᠡᠭᠰᠡᠨ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠵᠤ᠂ ᠣᠷᠣᠰᠢᠵᠤ ᠪᠠᠶᠢᠭ᠎ᠠ ᠠᠰᠠᠭᠤᠳᠠᠯ ᠢ ᠬᠦᠴᠦᠯᠡᠨ ᠡᠷᠢᠵᠦ ᠰᠢᠢᠳᠪᠦᠷᠢᠯᠡᠬᠦ ᠪᠠ ᠠᠬᠢᠭᠤᠯᠤᠨ᠎ᠠ ᠭᠡᠵᠡᠢ᠃ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ ᠬᠠᠮᠲᠤ ᠪᠠᠷ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃            ᠹᠠᠩ ᠢᠦᠢ ᠳ᠋ᠦᠩ ᠶᠠᠷᠢᠶᠠᠨ ᠳᠠᠭᠠᠨ ᠢᠯᠡᠷᠬᠡᠶᠢᠯᠡᠭᠰᠡᠨ ᠨᠢ᠂ ᠰᠠᠶᠢᠬᠠᠨ ᠲᠣᠭᠤᠷᠢᠭ ᠤᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯᠯᠠᠭ᠎ᠠ ᠶᠢᠨ ᠲᠠᠯ᠎ᠠ ᠪᠠᠷ ᠢᠳᠡᠪᠬᠢᠲᠡᠢ ᠬᠠᠮᠵᠢᠯᠴᠠᠵᠤ᠂ ᠰᠠᠬᠢᠯᠭ᠎ᠠ ᠪᠠᠲᠤ ᠶᠢᠨ ᠲᠠᠯ᠎ᠠ ᠪᠠᠷ ᠴᠢᠩᠭ᠎ᠠ ᠪᠠᠶᠢᠬᠤ ᠶᠢ ᠡᠷᠡᠰ ᠪᠡᠶᠡᠯᠡᠭᠦᠯᠦᠨ᠎ᠡ ᠭᠡᠵᠡᠢ᠃ ᠬᠥᠬᠡᠬᠤᠲᠠ ᠶᠢᠨ ᠨᠠᠮ ᠤᠨ ᠬᠤᠷᠢᠶ᠎ᠠ ᠴᠤ ᠲᠤᠰ ᠤᠳᠠᠭᠠᠨ ᠤ ᠲᠣᠭᠤᠷᠢᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠠᠵᠢᠯ ᠤᠨ ᠲᠣᠭᠲᠠᠴᠠ ᠪᠠᠨ ᠤᠯᠠᠮ ᠨᠢᠭᠡ ᠠᠯᠬᠤᠮ ᠰᠢᠯᠤᠭᠤᠳᠬᠠᠵᠤ᠂ ᠠᠵᠢᠯ ᠤᠨ ᠲᠦᠭᠵᠢᠷᠡᠯ ᠢ ᠨᠠᠪᠲᠠᠷᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠣᠨ᠎ᠠ᠃          ᠯᠢ ᠰᠢᠶᠣᠣ ᠶᠠᠨ᠂ ᠰᠠᠶᠢᠬᠠᠨ ᠲᠣᠭᠤᠷᠢᠭ ᠲᠤ ᠲᠣᠭᠤᠷᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠵᠦ᠂ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠵᠤ᠂ ᠬᠠᠮᠵᠢᠯᠴᠠᠨ ᠪᠠᠲᠤᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠬᠥᠭᠵᠢᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠡᠷᠡᠰ ᠪᠡᠶᠡᠯᠡᠭᠦᠯᠦᠨ᠎ᠡ ᠭᠡᠵᠦ ᠢᠯᠡᠳᠬᠡᠪᠡ᠃          ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠵᠢᠴᠢ ᠪᠦᠷᠢᠯᠳᠦᠭᠦᠨ᠂ ᠰᠠᠶᠢᠬᠠᠨ ᠲᠣᠭᠤᠷᠢᠭ ᠤᠨ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠰᠠᠯᠠᠭᠠᠨ ᠲᠡᠰ ᠠᠴᠠ ᠳᠡᠭᠡᠭᠰᠢᠬᠢ ᠺᠠᠳ᠋ᠷ ᠬᠤᠷᠠᠯ ᠳᠤ ᠰᠤᠯᠠ ᠣᠷᠣᠯᠴᠠᠪᠠ᠃          ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠢ ᠵᠢᠵᠢᠭᠦᠷᠯᠡᠬᠦ ᠤᠲᠠᠰᠤ ᠲᠣᠬᠢᠷᠠᠭᠤᠯᠪᠠ᠄ 0471 - 6353091 ᠡᠳᠦᠷ ᠪᠦᠷᠢ ᠶᠢᠨ ᠤᠲᠠᠰᠤ ᠭᠥᠯᠢᠶᠡᠨ ᠠᠪᠬᠤ ᠴᠠᠭ ᠨᠢ 8᠄ 00 ᠠᠴᠠ 18᠄ 00︔ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠬᠥᠬᠡᠬᠤᠲᠠ ᠶᠢᠨ A961 ᠨᠣᠮᠧᠷ︔ ᠡᠯᠧᠺᠲᠷᠣᠨ ᠰᠢᠤᠳᠠᠨ ᠤ ᠬᠠᠶᠢᠷᠴᠠᠭ᠄ nmxsyz24@163.com︔ ᠡᠭᠦᠨ ᠤ ᠬᠠᠮᠲᠤ᠂ ᠰᠠᠶᠢᠬᠠᠨ ᠲᠣᠭᠤᠷᠢᠭ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠠᠰᠠᠷ ᠤᠨ ᠪᠠᠷᠠᠭᠤᠨ ᠡᠭᠦᠳᠡᠨ ᠤ ᠵᠡᠭᠦᠨ ᠲᠠᠯ᠎ᠠ᠂ ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠭᠡ ᠡᠭᠦᠳᠡᠨ ᠤ ᠪᠠᠷᠠᠭᠤᠨ ᠲᠠᠯ᠎ᠠ᠂ ᠷᠦᠩ ᠱᠢ ᠮᠧᠨ ᠣᠯᠠᠨ ᠤᠯᠤᠰ ᠤᠨ ᠪᠠᠭᠤᠳᠠᠯ ︵ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ 5 ᠳ᠋ᠤᠭᠠᠷ ᠨᠣᠮᠧᠷ︶ ᠤᠨ ᠪᠠᠷᠠᠭᠤᠨ ᠡᠭᠦᠳᠡᠨ ᠤ ᠡᠮᠦᠨ᠎ᠡ ᠲᠠᠯ᠎ᠠ ᠳᠤ ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠪᠠ᠃ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠭᠤᠣᠯᠳᠠᠭᠤ ᠰᠠᠶᠢᠬᠠᠨ ᠲᠣᠭᠤᠷᠢᠭ ᠤᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠠ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠣᠷᠪᠤᠯᠵᠢᠯᠠᠭ᠎ᠠ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠣᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ  ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠴᠠᠭ ᠨᠢ 2024 ᠣᠨ ᠤ 4 ᠰᠠᠷ᠎ᠠ ᠶᠢᠨ 20 ᠤ ᠡᠳᠦᠷ ᠪᠣᠯᠲᠠᠯ᠎ᠠ ᠦᠷᠭᠦᠯᠵᠢᠯᠡᠨ᠎ᠡ᠃            ᠨᠠᠶᠢᠷᠠᠭᠤᠯᠤᠭᠴᠢ᠄ ᠵᠤᠤ ᠬᠦᠢ ᠷᠦ᠋            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号