ᠰᠠᠶᠢᠬᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠣᠨᠴᠠᠭᠠᠢ ᠬᠡᠦᠬᠡᠳ ᠢ ᠬᠠᠯᠠᠮᠵᠢᠯᠠᠨ ᠬᠠᠶᠢᠷᠠᠯᠠᠵᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/13
     ᠣᠨᠴᠠᠭᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯ ᠢ ᠯᠠᠪᠳᠠᠭᠤᠨ ᠪᠠᠲᠤᠲᠠᠢ ᠬᠢᠬᠦ ᠶᠢᠨ ᠲᠥᠯᠥᠭᠡ᠂ ᠨᠡᠩ ᠣᠯᠠᠨ ᠬᠥᠮᠥᠨ ᠢ ᠬᠥᠲᠥᠯᠥᠨ ᠵᠢᠯᠤᠭᠤᠳᠴᠤ ᠪᠠᠭᠤᠷᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠳᠤ ᠣᠷᠣᠯᠴᠠᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠰᠠᠶᠢᠬᠠᠨ ᠲᠣᠭᠤᠷᠢᠭ ᠤᠨ ᠵᠡᠮᠳᠡᠭᠴᠦᠳ  ᠤᠨ ᠬᠤᠯᠪᠣᠭᠠᠲᠤ ᠬᠤᠷᠠᠯ ᠬᠥᠬᠡᠬᠤᠲᠠ ᠶᠢᠨ ᠳ᠋ᠢᠩ ᠱᠢᠶᠠᠩ ᠬᠡᠦᠬᠡᠳ ‍ᠤᠨ‌ᠡᠷᠡᠭᠦᠯᠵᠢᠯ ᠤᠨ ᠲᠥᠪ ᠲᠤ ᠬᠦᠷᠴᠦ᠂︽ᠯᠧᠢ ᠹᠧᠩ ᠠᠴᠠ ᠰᠤᠷᠤᠯᠴᠠᠵᠤ ᠪᠣᠯᠪᠠᠰᠤᠨ ᠢ ᠦᠢᠯᠡᠳᠦᠯᠭᠡᠵᠢᠭᠦᠯ ᠦᠶ᠎ᠡ︱ ᠣᠨᠴᠠᠭᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ︾ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃
           ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠲᠣᠬᠤᠨᠢᠭᠤᠯᠤᠭᠴᠢᠳ ᠪᠣᠯᠣᠨ ᠣᠨᠴᠠᠭᠠᠶ ᠬᠡᠦᠬᠡᠳ ᠬᠠᠮᠲᠤ ᠪᠠᠷ ᠵᠢᠷᠤᠭ ᠨᠡᠶᠢᠯᠡᠭᠦᠯᠬᠦ᠂ ᠵᠢᠷᠤᠭ ᠵᠢᠷᠤᠬᠤ ᠵᠡᠷᠭᠡ ᠰᠣᠨᠢᠷᠬᠠᠯᠲᠠᠢ ᠪᠥᠭᠡᠳ ᠬᠠᠶᠢᠷ᠎ᠠ ᠰᠡᠳᠬᠢᠯᠭᠡ ᠲᠠᠢ ᠵᠢᠵᠢᠭ ᠲᠣᠭᠯᠠᠭᠠᠮ ᠳᠤ ᠣᠷᠣᠯᠴᠠᠵᠤ᠂ ᠵᠣᠷᠢᠭᠵᠢᠭᠤᠯᠤᠯ ᠪᠠ ᠬᠠᠨᠢ ᠪᠣᠯᠬᠤ ᠶᠢᠨ ᠳᠤᠮᠳᠠ ᠲᠠᠨᠢᠯ ᠪᠤᠰᠤ ᠲᠥᠷᠥᠭᠳᠡᠯ ᠢᠶᠠᠨ ᠠᠷᠢᠯᠭᠠᠵᠤ᠂ ᠢᠲᠡᠭᠡᠮᠵᠢ ᠶᠢᠨ ᠬᠠᠷᠢᠴᠠᠭ᠎ᠠ ᠪᠠᠶᠢᠭᠤᠯᠤᠨ᠂ ᠬᠡᠦᠬᠡᠳ ᠤᠳ ᠲᠤ ᠪᠠᠶᠠᠷ ᠪᠠᠭ᠋ᠠᠳᠤᠯ ᠤᠨ ᠳᠤᠮᠳᠠ ᠨᠡᠶᠢᠭᠡᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠪᠡ᠃ ᠲᠣᠬᠤᠨᠢᠭᠤᠯᠬᠤ ᠬᠥᠮᠥᠰ ᠭᠡᠷ ᠤᠨ ᠠᠬᠠᠮᠠᠳ ᠠᠴᠠ ᠬᠡᠦᠬᠡᠳ ᠤᠳ ᠤᠨ ᠠᠮᠢᠳᠤᠷᠠᠯ ᠤᠨ ᠪᠠᠶᠢᠳᠠᠯ ᠪᠣᠯᠣᠨ ᠡᠷᠡᠭᠦᠯᠵᠢᠯ ᠤᠨ ᠠᠬᠢᠴᠠ ᠶᠢ ᠨᠠᠷᠢᠨ ᠠᠰᠠᠭᠤᠵᠤ᠂ ᠭᠡᠷ ᠤᠨ ᠠᠬᠠᠮᠠᠳ ᠢ ᠬᠡᠦᠬᠡᠳ ᠢᠶᠠᠨ ᠳᠠᠭᠠᠭᠤᠯᠤᠨ ᠨᠡᠶᠢᠭᠡᠮ ᠤᠨ ᠠᠵᠢᠯᠯᠠᠭ᠎ᠠ ᠳᠤ ᠢᠯᠡᠭᠦᠬᠡᠨ ᠣᠷᠣᠯᠴᠠᠬᠤ ᠶᠢ ᠵᠣᠷᠢᠭᠵᠢᠭᠤᠯᠵᠤ᠂ ᠬᠡᠦᠬᠡᠳ ᠤᠨ ᠬᠠᠷᠠᠭ᠎ᠠ ᠪᠠᠨ ᠥᠷᠭᠡᠳᠬᠡᠬᠦ ᠬᠡᠷᠡᠭᠲᠡᠢ ᠭᠡᠵᠦ ᠵᠠᠬᠢᠵᠤ᠂ ᠭᠡᠷ ᠤᠨ ᠠᠬᠠᠮᠠᠳ ᠲᠤ ᠪᠠᠲᠤ ᠴᠢᠩᠭ᠎ᠠ ᠪᠠᠶᠠᠰᠤᠩᠭᠤᠢ ᠰᠡᠳᠬᠢᠯᠭᠡ ᠲᠠᠢ ᠪᠠᠶᠢᠵᠤ᠂ ᠡᠷᠡᠭᠦᠯᠵᠢᠭᠦᠯᠬᠦ ᠢᠲᠡᠭᠡᠯ ᠵᠣᠷᠢᠭ ᠲᠠᠢ ᠪᠠᠶᠢᠵᠤ᠂ ᠬᠡᠦᠬᠡᠳ ᠲᠡᠭᠡᠨ ᠬᠠᠨᠢ ᠪᠣᠯᠵᠤ ᠡᠷᠡᠭᠦᠯᠵᠢᠭᠦᠯᠬᠦ ᠪᠣᠯᠪᠠᠰᠤᠷᠠᠯ ᠢᠶᠠᠨ ᠪᠠᠷᠢᠮᠲᠠᠯᠠᠵᠤ᠂ ᠢᠳᠡᠪᠬᠢᠲᠡᠢ ᠥᠭᠡᠳᠡᠷᠬᠡᠭ ᠰᠡᠳᠬᠢᠴᠡ ᠪᠠᠷ ᠠᠮᠢᠳᠤᠷᠠᠯ ᠤᠨ ᠳᠤᠮᠳᠠᠬᠢ ᠥᠷᠢᠰᠦᠯᠳᠦᠭᠡᠨ ᠳᠤ ᠬᠠᠨᠳᠤᠬᠤ ᠬᠡᠷᠡᠭᠲᠡᠢ ᠭᠡᠵᠦ ᠵᠠᠬᠢᠪᠠ᠃
           ᠲᠣᠬᠤᠨᠢᠭᠤᠯᠤᠭᠴᠢ ᠪᠠᠰᠠ ᠬᠡᠦᠬᠡᠳ ᠤᠳ ᠲᠤ ᠵᠢᠵᠢᠭ ᠪᠡᠯᠡᠭ ᠤᠨ ᠪᠣᠭᠴᠣ᠂ ᠡᠭᠦᠨ ᠳᠤ ᠪᠢᠴᠢᠭ ᠤᠨ ᠪᠣᠭᠴᠣ᠂ ᠵᠢᠷᠤᠭ ᠤᠨ ᠬᠠᠪᠲᠠᠰᠤ᠂ ᠨᠠᠩᠭᠢ ᠰᠢᠷᠣᠢ ᠵᠡᠷᠭᠡ ᠨᠡᠶᠢᠲᠡ 30 ᠢᠵᠢ ᠰᠤᠷᠤᠯᠭ᠎ᠠ ᠶᠢᠨ ᠬᠡᠷᠡᠭᠰᠡᠯ ᠢ ᠪᠠᠭᠲᠠᠭᠠᠵᠤ᠂ ᠡᠨᠡ ᠬᠦ ᠪᠡᠯᠡᠭ ᠢᠶᠠᠷ ᠳᠠᠮᠵᠢᠭᠤᠯᠤᠨ ᠬᠡᠦᠬᠡᠳ ᠤᠳ ᠲᠤ ᠬᠠᠯᠠᠭᠤᠨ ᠳᠤᠯᠠᠭᠠᠨ ᠪᠠ ᠵᠣᠷᠢᠭᠵᠢᠭᠤᠯᠤᠯ ᠠᠪᠴᠢᠷᠠᠵᠤ ᠥᠭᠬᠦ ᠶᠢ ᠬᠦᠰᠡᠵᠦ ᠪᠠᠶᠢᠨ᠎ᠠ᠃ ᠡᠭᠦᠨ ᠠᠴᠠ ᠭᠠᠳᠠᠨ᠎ᠠ᠂ ᠲᠣᠬᠤᠨᠢᠭᠤᠯᠤᠭᠴᠢᠳ ᠡᠷᠡᠭᠦᠯᠵᠢᠯ ᠤᠨ ᠲᠥᠪ ᠤᠨ ᠬᠠᠷᠢᠭᠤᠴᠠᠯᠭᠠᠲᠠᠨ ᠤ ᠪᠠᠷ᠎ᠠ ᠪᠤᠯᠤᠯᠭ᠎ᠠ ᠲᠠᠢ ᠪᠠᠷ ᠡᠷᠡᠭᠦᠯᠵᠢᠯ ᠤᠨ ᠲᠥᠪ ᠢ ᠲᠣᠭᠤᠷᠢᠨ ᠦᠵᠡᠵᠦ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠲᠤᠯᠭᠠᠷᠠᠵᠤ ᠪᠠᠶᠢᠭ᠎ᠠ ᠪᠣᠳᠠᠲᠠᠢ ᠬᠡᠷᠡᠭᠴᠡᠭᠡ ᠶᠢ ᠭᠦᠨᠵᠡᠭᠡᠢ ᠣᠶᠢᠯᠠᠭᠠᠪᠠ᠃ ᠰᠠᠶᠢᠬᠠᠨ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠣᠨᠴᠠᠭᠠᠢ ᠬᠡᠦᠬᠡᠳ ᠤᠨ ᠬᠠᠮᠲᠤᠯᠢᠭ ᠤᠨ ᠦᠰᠦᠨ ᠪᠤᠶᠢᠵᠢᠯᠲᠠ ᠪᠠ ᠬᠥᠭᠵᠢᠯᠲᠡ ᠶᠢ ᠦᠷᠭᠦᠯᠵᠢᠯᠡᠨ ᠠᠩᠬᠠᠷᠤᠨ ᠳᠡᠮᠵᠢᠵᠦ᠂ ᠲᠡᠳᠡᠨ ᠤ ᠢᠷᠡᠭᠡᠳᠦᠢ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
     ᠲᠣᠰ ᠤᠳᠠᠭᠠᠨ ᠤ ᠲᠣᠬᠤᠨᠢᠭᠤᠯᠵᠤ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠨᠢ ᠣᠨᠴᠠᠭᠠᠶ ᠬᠡᠦᠬᠡᠳ ᠲᠤ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠬᠦᠴᠦᠨ ᠴᠢᠳᠠᠯ ᠣᠯᠭᠤᠵᠤ᠂ ᠪᠣᠳᠠᠲᠤ ᠠᠵᠢᠯᠯᠠᠭ᠎ᠠ ᠪᠠᠷ ᠢᠶᠠᠨ ᠲᠡᠳᠡᠨ ᠳᠤ ᠨᠠᠩ ᠣᠯᠠᠨ ᠬᠠᠶᠢᠷ᠎ᠠ ᠬᠠᠯᠠᠮᠵᠢ ᠶᠢ ᠬᠦᠷᠭᠡᠪᠡ᠃ ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠲᠣᠭᠤᠷᠢᠭ ᠤᠨ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠣᠨᠴᠠᠭᠠᠶ ᠬᠡᠦᠬᠡᠳ ᠤᠨ ᠡᠷᠡᠭᠦᠯᠵᠢᠯ ᠤᠨ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠶᠢᠨ ᠬᠠᠮᠲᠤ ᠨᠠᠩ ᠣᠯᠠᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠪᠠ ᠬᠠᠶᠢᠷ᠎ᠠ ᠬᠠᠯᠠᠮᠵᠢ ᠶᠢᠨ ᠬᠥᠮᠥᠰ ᠢ ᠤᠷᠢᠶᠠᠯᠠᠵᠤ᠂ ᠣᠨᠴᠠᠭᠠᠶ ᠬᠡᠦᠬᠡᠳ ᠤᠨ ᠡᠷᠡᠭᠦᠯᠵᠢᠯ ᠤᠨ ᠰᠤᠷᠭᠠᠨ ᠬᠥᠮᠦᠵᠢᠯ ᠤᠨ ᠦᠢᠯᠡᠰ ᠢ ᠳᠡᠮᠵᠢᠵᠦ᠂ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢ ᠤᠷᠢᠶᠠᠯᠠᠪᠠ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ  ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号