ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠄ ᠰᠢᠨ᠎ᠡ ᠪᠠᠷ ᠶᠠᠰᠤ ᠴᠢᠨᠠᠷ ᠢ ᠠᠬᠢᠭᠤᠯᠵᠤ ᠮᠡᠬᠡᠯᠡᠯ ᠢ ᠡᠰᠡᠷᠭᠦᠴᠡᠬᠦ ᠪᠤᠰᠤ ᠪᠠᠶᠢᠳᠠᠯ ᠢ ᠰᠡᠷᠭᠡᠶᠢᠯᠡᠬᠦ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2024/3/13
     ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠮᠥᠩᠭᠦᠨ ᠭᠦᠢᠯᠭᠡᠭᠡᠨ ᠤ ᠠᠶᠤᠯ ᠲᠦᠭᠱᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠱᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ᠂ ᠰᠠᠶᠢᠬᠠᠨ ᠲᠣᠭᠤᠷᠢᠭ ᠤᠨ ᠡᠳ᠋  ᠤᠨ ᠵᠠᠰᠠᠭ ᠤᠨ ᠲᠣᠪᠴᠢᠶ᠎ᠠ︽ᠱᠢᠨ᠎ᠡ ᠣᠶᠢᠯᠠᠭᠠᠭᠳᠠᠬᠤᠨ ᠱᠢᠨ᠎ᠡ ᠦᠵᠡᠯ ᠰᠠᠨᠠᠭ᠎ᠠ ᠱᠢᠨ᠎ᠡ ᠪᠠᠶᠢᠯᠳᠤᠬᠤ ᠪᠣᠳᠣᠯᠭ᠎ᠠ︾ ᠪᠠᠷ ᠭᠤᠣᠯ ᠰᠡᠳᠦᠪ ᠪᠣᠯᠭᠠᠵᠤ᠂ ᠶᠡᠭᠡ ᠲᠠᠯ᠎ᠠ ᠳᠤ ᠦᠢᠯᠡᠴᠢᠯᠡᠵᠦ ᠣᠯᠠᠨ ᠲᠦᠮᠡᠨ ᠤ ᠬᠦᠴᠢᠷ ᠵᠣᠪᠠᠯᠠᠩ ᠢ ᠱᠢᠢᠳᠪᠦᠷᠢᠯᠡᠬᠦ ᠠᠵᠢᠯ ᠲᠥᠷᠥᠯ  ᠤᠨ ᠵᠣᠷᠢᠭ ᠰᠠᠨᠠᠭ᠎ᠠ ᠪᠠᠷ ᠣᠯᠠᠨ ᠲᠠᠯᠠᠪᠤᠷ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠱᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠪᠡ᠃            3 ᠰᠠᠷ᠎ᠠ ᠶᠢᠨ 5  ᠤ ᠡᠳᠦᠷ᠂ ᠰᠠᠶᠢᠬᠠᠨ ᠲᠣᠭᠤᠷᠢᠭ ᠤᠨ ᠡᠳ᠋  ᠤᠨ ᠵᠠᠰᠠᠭ ᠤᠨ ᠲᠣᠪᠴᠢᠶ᠎ᠠ ᠶᠢᠨ ᠤᠬᠠᠭᠤᠯᠬᠤ ᠳᠤᠭᠤᠶᠢᠯᠠᠩ ᠱᠢ ᠴᠢ ᠨᠡᠶᠢᠭᠡᠮ ᠲᠣᠭᠤᠷᠢᠭ ᠲᠤ ᠬᠦᠷᠴᠦ ᠰᠠᠭᠤᠭᠠᠯᠢ ᠠᠷᠠᠳ ᠲᠤ ᠮᠥᠩᠭᠦᠨ ᠭᠦᠢᠯᠭᠡᠭᠡᠨ ᠤ ᠮᠡᠳᠡᠯᠭᠡ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠪᠡᠯᠡ ᠣᠷᠣᠭᠤᠯᠤᠯᠲᠠ ᠶᠢᠨ ᠲᠦᠭᠱᠢᠭᠦᠷᠢ ᠪᠠ ᠰᠡᠷᠭᠡᠶᠢᠯᠡᠬᠦ ᠠᠷᠭ᠎ᠠ ᠬᠡᠮᠵᠢᠶ᠎ᠡ᠂ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡ ᠪᠠ ᠮᠡᠳᠡᠭᠡ ᠵᠠᠩᠭᠢ ᠶᠢᠨ ᠠᠮᠤᠷ ᠲᠦᠪᠱᠢᠨ ᠤ ᠮᠡᠳᠡᠯᠭᠡ ᠵᠡᠷᠭᠡ ᠶᠢ ᠲᠦᠭᠡᠮᠡᠯᠵᠢᠭᠦᠯᠵᠦ᠂ ᠰᠠᠭᠤᠭᠠᠯᠢ ᠠᠷᠠᠳ ᠢ ᠬᠠᠪᠰᠤᠷᠤᠨ ᠲᠦᠭᠱᠢᠭᠦᠷᠢ ᠶᠢ ᠰᠤᠳᠤᠯᠤᠨ ᠮᠠᠭᠠᠳᠯᠠᠬᠤ ᠵᠢᠴᠢ ᠠᠷᠭᠠᠴᠠᠬᠤ ᠴᠢᠳᠠᠪᠤᠷᠢ ᠶᠢ ᠨᠢ ᠳᠡᠭᠡᠭᠱᠢᠯᠡᠭᠦᠯᠦᠨ᠎ᠡ᠃ ︽ᠥᠪᠡᠷ ᠢ ᠪᠠᠨ ᠬᠠᠮᠠᠭᠠᠯᠠᠬᠤ ᠨᠢ ᠣᠷᠣᠯᠴᠠᠬᠤ ᠶᠢ ᠲᠡᠪᠴᠢᠵᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠢᠯᠯᠠᠭ᠎ᠠ ᠠᠴᠠ ᠬᠤᠯᠠ ᠪᠠᠶᠢᠬᠤ︾ ᠨᠡᠶᠢᠲᠡ ᠶᠢᠨ ᠠᠰᠠᠷᠠᠮᠵᠢ ᠶᠢᠨ ᠲᠠᠶᠢᠯᠤᠮᠵᠢ ᠶᠢᠨ ᠠᠭᠤᠯᠭ᠎ᠠ ᠳᠤ ᠮᠡᠬᠡᠯᠡᠯ ᠢ ᠡᠰᠡᠷᠭᠦᠴᠡᠬᠦ ᠶᠡᠭᠡ ᠬᠡᠮᠵᠢᠶᠡᠨ ᠤ ᠬᠡᠷᠡᠭ ᠤᠨ ᠵᠢᠱᠢᠶ᠎ᠡ ᠶᠢᠨ ᠬᠤᠪᠢᠶᠠᠯᠴᠠᠭ᠎ᠠ ᠪᠠ ᠲᠠᠶᠢᠯᠤᠮᠵᠢ ᠶᠢ ᠨᠡᠩ ᠢᠯᠡᠭᠦᠦ ᠨᠡᠮᠡᠭᠳᠡᠭᠦᠯᠵᠦ᠂ ᠰᠠᠭᠤᠭᠠᠯᠢ ᠠᠷᠠᠳ ᠲᠤ ᠬᠠᠮᠤᠭ ᠤᠨ ᠶᠡᠭᠡ ᠬᠡᠮᠵᠢᠶ᠎ᠡ ᠪᠠᠷ ᠬᠠᠪᠰᠤᠷᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠣᠶᠢᠯᠠᠭᠠᠭᠤᠯᠤᠨ ᠰᠡᠷᠭᠡᠶᠢᠯᠡᠵᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠪᠡ᠃ ᠣᠯᠠᠨ ᠲᠦᠮᠡᠨ ᠤ ᠨᠡᠯᠢᠶᠡᠳ ᠠᠩᠬᠠᠷᠴᠤ ᠪᠠᠶᠢᠭ᠎ᠠ ᠰᠢᠨ᠎ᠡ ᠬᠡᠯᠪᠡᠷᠢ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠬᠡᠷᠬᠢᠨ ᠮᠠᠭᠠᠳᠯᠠᠨ ᠲᠠᠨᠢᠬᠤ ᠳᠤ ᠴᠢᠭᠯᠡᠭᠦᠯᠦᠨ᠂ ᠠᠵᠢᠯᠲᠠᠳ ᠪᠣᠳᠠᠲᠠᠢ ᠵᠢᠱᠢᠶ᠎ᠡ ᠶᠢᠨ ᠲᠠᠶᠢᠯᠪᠤᠷᠢᠯᠠᠯᠲᠠ ᠶᠢᠨ ᠲᠠᠯ᠎ᠠ ᠠᠴᠠ ᠮᠡᠳᠡᠯᠭᠡ ᠶᠢᠨ ᠪᠤᠰᠤ ᠲᠦᠭᠡᠮᠡᠯᠵᠢᠭᠦᠯᠦᠯᠲᠡ ᠶᠢ ᠭᠤᠣᠯᠳᠠᠯᠭ᠎ᠠ ᠲᠠᠢ ᠬᠢᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠶᠢᠨ ᠬᠠᠮᠲᠤ᠂ ᠪᠡᠯᠡ ᠣᠷᠣᠭᠤᠯᠤᠭᠴᠢ ᠶᠢᠨ ᠠᠶᠤᠯ ᠲᠦᠭᠰᠢᠭᠦᠷᠢ ᠶᠢᠨ ᠬᠥᠮᠦᠵᠢᠯ ᠤᠨ ᠰᠠᠨᠠᠭᠤᠯᠤᠮᠵᠢ ᠶᠢ ᠣᠯᠠᠨ ᠲᠦᠮᠡᠨ ᠤ ᠳᠡᠷᠭᠡᠳᠡ ᠬᠦᠷᠭᠡᠪᠡ᠃
         ︽3 · 8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠠᠴᠠ ᠡᠮᠦᠨᠡᠬᠡᠨ᠂ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠭᠠᠳᠠᠭᠠᠳᠤ ᠵᠠᠮ ᠤᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠥᠨᠳᠡᠯᠡᠨ ᠢᠶᠠᠷ ᠬᠤᠯᠪᠤᠭᠠᠯᠠᠨ ᠬᠥᠳᠡᠯᠦᠯᠴᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠲᠠᠢ ᠬᠠᠮᠲᠤᠷᠠᠨ᠂ ︽ᠮᠡᠬᠡᠯᠡᠯ ᠢ ᠡᠰᠡᠷᠭᠦᠴᠡᠬᠦ ᠤᠷᠲᠤ ᠴᠠᠭᠠᠨ ᠬᠡᠷᠡᠮ ᠢ ᠪᠠᠲᠤ ᠴᠣᠭᠴᠠᠯᠠᠵᠤ᠂ ᠪᠢᠯᠢᠭ ᠢ ᠲᠠᠨᠢᠭᠰᠠᠨ ᠮᠡᠬᠡᠯᠡᠬᠦ︾ ᠣᠯᠠᠨ ᠨᠡᠶᠢᠲᠡ ᠶᠢᠨ ᠲᠦᠭᠰᠢᠭᠦᠷᠢ ᠶᠢᠨ ᠤᠬᠠᠮᠰᠠᠷ ᠢ ᠪᠠᠶᠠᠷ ᠤᠨ ᠡᠳᠦᠷ ᠤᠨ ᠠᠵᠢᠯᠯᠠᠭ᠎ᠠ ᠪᠠ ᠬᠠᠷᠢᠯᠴᠠᠨ ᠬᠥᠳᠡᠯᠦᠯᠴᠡᠬᠦ ᠠᠰᠠᠭᠤᠯᠲᠠ ᠬᠠᠷᠢᠭᠤᠯᠲᠠ ᠳᠤ ᠪᠠᠨ ᠠᠭᠤᠰᠤᠯᠴᠠᠭᠤᠯᠵᠤ᠂ ᠬᠡᠶᠢᠰᠪᠦᠷᠢ ᠵᠣᠭᠤᠰ᠂ ᠬᠡᠷᠡᠭᠯᠡᠭᠡ ᠪᠠ ᠥᠨᠳᠥᠷ ᠬᠦᠦ ᠶᠢ ᠰᠣᠷᠣᠵᠤ ᠬᠠᠳᠠᠭᠠᠯᠠᠬᠤ ᠵᠡᠷᠭᠡ ᠪᠡᠯᠡ ᠴᠤᠭᠯᠠᠭᠤᠯᠬᠤ ᠠᠵᠢᠯᠯᠠᠭ᠎ᠠ ᠳᠤ ᠴᠠᠭ ᠲᠤᠬᠠᠢ ᠳᠤᠨᠢ ᠰᠠᠨᠠᠭᠤᠯᠵᠠᠢ᠃ ᠡᠭᠦᠨ ᠤ ᠬᠠᠮᠲᠤ᠂ ᠪᠠᠩᠬᠢ ᠶᠢᠨ ᠲᠣᠣᠷ ᠴᠡᠭ ᠲᠠᠢ ᠤᠬᠠᠭᠤᠯᠭ᠎ᠠ ᠶᠢᠨ ᠳᠤᠭᠤᠶᠢᠯᠠᠩ ᠪᠠᠶᠢᠭᠤᠯᠵᠤ᠂ ᠲᠣᠣᠷ ᠴᠡᠭ᠂ ᠨᠡᠶᠢᠭᠡᠮ ᠲᠣᠭᠤᠷᠢᠭ᠂ ᠵᠡᠭᠡᠯᠢ ᠭᠤᠳᠤᠮᠵᠢ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠤᠬᠠᠭᠤᠯᠭ᠎ᠠ ᠶᠢᠨ ᠮᠠᠲ᠋ᠧᠷᠢᠶᠠᠯ᠂ ᠤᠬᠠᠭᠤᠯᠭ᠎ᠠ ᠶᠢᠨ ᠵᠢᠵᠢᠭ ᠪᠡᠯᠡᠭ ᠲᠠᠷᠬᠠᠭᠠᠪᠠ᠃ ᠡᠵᠡᠩᠨᠡᠯᠲᠡ ᠶᠢᠨ ᠲᠣᠣᠷ ᠴᠢᠭ᠋ ᠤᠨ ︽ᠪᠡᠯᠡ ᠣᠷᠣᠭᠤᠯᠤᠭᠴᠢ ᠶᠢᠨ ᠬᠦᠷᠢᠶᠡᠯᠡᠩ ᠭᠠᠵᠠᠷ︾ ᠵᠡᠷᠭᠡ ᠶᠢ ᠵᠠᠷᠯᠠᠨ ᠨᠡᠶᠢᠲᠡᠯᠡᠬᠦ ᠪᠤᠯᠤᠩ ᠳᠤ᠂ ᠬᠠᠤᠯᠢ ᠪᠤᠰᠤ ᠪᠠᠷ ᠪᠡᠯᠡ ᠴᠤᠭᠯᠠᠭᠤᠯᠤᠭᠰᠠᠨ ᠬᠡᠷᠡᠭ ᠤᠨ ᠵᠢᠱᠢᠶ᠎ᠡ ᠪᠠ ᠬᠠᠤᠯᠢ ᠪᠤᠰᠤ ᠰᠦᠯᠵᠢᠶᠡᠨ ᠥᠷᠲᠡᠭᠡ ᠶᠢ ᠵᠠᠷᠯᠠᠨ ᠨᠡᠶᠢᠲᠡᠯᠡᠵᠦ᠂ ᠲᠦᠭᠰᠢᠭᠦᠷᠢ ᠶᠢ ᠡᠷᠲᠡ ᠣᠯᠵᠤ ᠮᠡᠳᠡᠬᠦ᠂ ᠡᠷᠲᠡ ᠰᠠᠨᠠᠭᠤᠯᠬᠤ ᠶᠢ ᠴᠢᠷᠮᠠᠶᠢᠨ ᠪᠡᠶᠡᠯᠡᠭᠦᠯᠵᠦ᠂ ᠬᠡᠰᠡᠭ ᠲᠠᠯ᠎ᠠ ᠶᠢᠨ ᠲᠦᠭᠰᠢᠭᠦᠷᠢ ᠶᠢ ᠰᠢᠰᠲ᠋ᠧᠮ ᠤᠨ ᠴᠢᠨᠠᠷᠲᠠᠢ ᠲᠦᠭᠰᠢᠭᠦᠷᠢ ᠪᠣᠯᠭᠠᠨ ᠬᠤᠪᠢᠷᠠᠭᠤᠯᠬᠤ ᠶᠢ ᠰᠡᠷᠭᠡᠶᠢᠯᠡᠨ᠎ᠡ᠃
         ︽3 · 8︾ ᠤ ᠳᠡᠯᠡᠬᠡᠢ ᠶᠢᠨ ᠡᠮᠡᠭᠲᠡᠶᠢᠴᠦᠳ ᠦᠨ ᠪᠠᠶᠠᠷ ᠤᠨ ᠡᠳᠦᠷ᠂ ᠰᠠᠶᠢᠬᠠᠨ ᠲᠣᠭᠤᠷᠢᠭ ᠤᠨ ᠡᠳ᠋  ᠤᠨ ᠵᠠᠰᠠᠭ ᠤᠨ ᠲᠣᠪᠴᠢᠶ᠎ᠠ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ︽ᠵᠣᠯ ᠵᠢᠷᠭᠠᠯᠲᠤ ᠠᠮᠤᠷ ᠲᠦᠪᠱᠢᠨ ᠢ ᠲᠡᠪᠡᠷᠢᠵᠦ᠂ ᠴᠠᠬᠢᠯᠭᠠᠨ ᠬᠤᠯᠪᠣᠭᠠᠨ ᠤ ᠮᠡᠬᠡᠯ ᠡᠯ ᠠᠴᠠ ᠬᠤᠯᠠ ᠵᠠᠶᠢᠳ ᠠᠶ᠎ᠠ︾ ᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠥᠮᠦᠵᠢᠯ ᠢᠶᠠᠷ ᠪᠠᠶᠠᠷ ᠤᠨ ᠡᠳᠦᠷ ᠤᠨ ᠠᠮᠤᠷ ᠲᠦᠪᠰᠢᠨ ᠤ ᠣᠨᠴᠠᠭᠠᠶ ︽ᠳᠠᠭᠠᠯᠲᠠ ᠪᠡᠯᠡᠭ︾ ᠪᠣᠯᠭᠠᠵᠤ᠂ ᠠᠵᠢᠯ ᠲᠥᠷᠥᠯ ᠤᠨ ᠮᠡᠳᠡᠯᠭᠡ ᠶᠢᠨ ᠨᠥᠬᠦᠪᠦᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠮᠥᠩᠭᠦᠨ ᠭᠦᠢᠯᠭᠡᠭᠡᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠩ ᠭᠦᠨᠵᠡᠭᠡᠢ ᠣᠶᠢᠯᠠᠭᠠᠭᠤᠯᠵᠤ᠂ ᠲᠣᠰ ᠪᠡᠶ᠎ᠡ ᠶᠢᠨ ᠰᠡᠷᠭᠡᠶᠢᠯᠡᠬᠦ ᠤᠬᠠᠮᠰᠠᠷ ᠪᠠ ᠠᠷᠭᠠᠴᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠮᠤᠷ ᠲᠦᠪᠰᠢᠨ᠂ ᠲᠣᠭᠲᠠᠭᠤᠨ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号