ᠮᠠᠨ ᠤ ᠣᠷᠣᠨ ᠰᠤᠷᠭᠠᠨ ᠬᠥᠮᠦᠵᠢᠯ ᠤᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠭᠦ ᠲᠠᠯ᠎ᠠ ᠪᠠᠷ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/3/13
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠦᠷᠦᠭᠦᠬᠡᠨ ᠬᠤᠷᠠᠯ ᠬᠤᠷᠠᠯᠳᠤᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠣᠭᠲᠠᠭᠤᠨ ᠪᠠᠶᠢᠬᠤ ᠶᠢ ᠪᠠᠲᠤᠯᠠᠵᠤ ᠪᠤᠢ᠃      ᠬᠤᠷᠠᠯ ᠠᠴᠠ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠤᠯᠭᠠᠬᠤ ᠶᠢ ᠪᠠᠷᠢᠮᠲᠠᠯᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠬᠡᠷᠡᠭ ᠠᠴᠠ ᠡᠮᠦᠨ᠎ᠡ ᠤᠷᠢᠳᠴᠢᠯᠠᠨ ᠰᠡᠷᠭᠡᠶᠢᠯᠡᠬᠦ ᠲᠡᠶᠢᠰᠢ ᠬᠤᠪᠢᠷᠠᠭᠤᠯᠬᠤ ᠱᠠᠭᠠᠷᠳᠠᠯᠭ᠎ᠠ ᠶᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ᠂ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠰᠠᠶᠢᠲᠤᠷ ᠬᠢᠵᠦ᠂ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠵᠢᠴᠢ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠵᠡᠷᠭᠡ ᠶᠢ ᠴᠢᠩᠭ᠎ᠠ ᠠᠩᠬᠠᠷᠴᠤ᠂ ᠰᠤᠷᠭᠠᠭᠤᠯᠢ ᠶᠢᠨ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠪᠠ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠬᠦ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠭᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠨ ᠬᠥᠮᠦᠵᠢᠯ ᠪᠠ ᠬᠠᠮᠢᠶᠠᠷᠤᠯᠲᠠ ᠶᠢ ᠵᠡᠷᠭᠡ ᠪᠠᠷ ᠠᠬᠢᠭᠤᠯᠵᠤ᠂ ᠬᠠᠤᠯᠢᠵᠢᠯ ᠤᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠠᠤᠯᠢᠵᠢᠯ ᠤᠨ ᠠᠵᠢᠯ ᠤᠨ ᠪᠠᠶᠢᠭᠤᠯᠤᠮᠵᠢ ᠶᠢ ᠬᠦᠴᠦᠯᠡᠨ ᠪᠠᠶᠢᠭᠤᠯᠤᠨ ᠪᠦᠷᠢᠨᠰᠢᠭᠦᠯᠵᠦ᠂ ᠵᠠᠯᠠᠭᠤᠴᠤᠳ ᠪᠠᠭᠠᠴᠤᠳ ᠤᠨ ᠬᠠᠤᠯᠢᠵᠢᠯ ᠤᠨ ᠬᠥᠮᠦᠵᠢᠯ ᠢ ᠡᠨᠡ ᠵᠢᠯ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠪᠦᠭᠦ ᠣᠷᠣᠨ ᠤ ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠭᠢᠮᠯᠡᠭᠦ︾ ᠤᠷᠤᠯᠳᠤᠭᠠᠨ ᠢ ᠭᠤᠣᠯᠳᠠᠯᠭ᠎ᠠ ᠲᠠᠢ ᠰᠠᠶᠢᠲᠤᠷ ᠡᠷᠭᠢᠯᠡᠵᠦ᠂ ︽ᠦᠨᠳᠦᠰᠦᠨ ᠬᠠᠤᠯᠢ ᠶᠢᠨ ᠬᠠᠮᠠᠭᠠᠯᠠᠭᠴᠢ︾ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠪᠦᠭᠦ ᠤᠯᠤᠰ ᠤᠨ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ ᠵᠢᠱᠢᠶ᠎ᠡ ᠦᠵᠡᠭᠦᠯᠭᠦ ᠰᠤᠷᠭᠠᠭᠤᠯᠢ ᠶᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠰᠤᠷᠭᠠᠭᠤᠯᠢ ᠶᠢᠨ ᠳᠦᠷᠢᠮ ᠳᠤ ᠵᠠᠰᠠᠪᠤᠷᠢ ᠣᠷᠣᠭᠤᠯᠬᠤ ᠠᠵᠢᠯ ᠢ ᠥᠷᠨᠢᠭᠦᠯᠦᠨ᠂ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ ᠬᠢᠷᠢ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ︽ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ︾ ᠪᠠ ︽ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠠᠲᠤᠯᠠᠬᠤ︾ ᠶᠢ ᠵᠡᠷᠭᠡ ᠪᠠᠷ ᠠᠬᠢᠭᠤᠯᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ᠂ ᠵᠠᠮ ᠬᠠᠷᠢᠯᠴᠠᠭᠠᠨ ᠤ ᠠᠮᠤᠷ ᠲᠦᠪᠰᠢᠨ ᠪᠣᠯᠣᠨ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠵᠢᠴᠢ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠰᠢᠲᠠᠮᠠᠬᠠᠢ ᠬᠡᠢ ᠪᠣᠯᠣᠨ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ ᠵᠡᠷᠭᠡ ᠶᠢ ᠭᠤᠣᠯᠳᠠᠯᠭ᠎ᠠ ᠲᠠᠢ ᠴᠢᠩᠭᠠᠳᠬᠠᠵᠤ᠂ ᠤᠰᠤᠨ ᠳᠤ ᠵᠢᠪᠭᠦ ᠶᠢ ᠰᠡᠷᠭᠡᠶᠢᠯᠡᠬᠦ᠂ ᠳᠣᠷᠣᠮᠵᠢᠯᠠᠬᠤ ᠶᠢ ᠰᠡᠷᠭᠡᠶᠢᠯᠡᠬᠦ ᠪᠠ ᠰᠡᠳᠬᠢᠴᠡ ᠶᠢᠨ ᠡᠷᠡᠭᠦᠯ ᠮᠡᠨᠳᠦ ᠵᠡᠷᠭᠡ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号