ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/13
ᠪᠠᠶᠢᠭᠤᠯᠤᠮᠵᠢ ᠶᠢᠨ ᠡᠷᠬᠡ ᠴᠢᠳᠠᠪᠤᠷᠢ ᠨᠢᠭᠡ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠰᠠᠶᠢᠬᠠᠨ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠨᠢ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠵᠤ᠂ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠦᠯᠢᠶᠡᠵᠦ᠂ ᠪᠥᠬᠦ ᠲᠣᠭᠤᠷᠢᠭ ᠤᠨ ᠵᠠᠮ ᠬᠠᠷᠢᠯᠴᠠᠭᠠᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠃ ᠪᠥᠬᠦ ᠲᠣᠭᠤᠷᠢᠭ ᠤᠨ ᠵᠠᠰᠠᠮᠠᠯ ᠵᠠᠮ ᠤᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ᠂ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠬᠤᠶᠠᠷ︶ ᠪᠥᠬᠦ  ᠲᠣᠭᠤᠷᠢᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ︵ᠪᠡᠯᠡ ᠣᠷᠣᠭᠤᠯᠬᠤ᠂ ᠬᠡᠮᠵᠢᠨ ᠵᠢᠷᠤᠬᠤ᠂ ᠪᠠᠷᠢᠯᠭ᠎ᠠ ᠪᠠᠷᠢᠬᠤ᠂ ᠶᠠᠰᠤ ᠴᠢᠨᠠᠷ  ᠤᠨ ᠪᠠᠶᠢᠴᠠᠭᠠᠯᠲᠠ ᠬᠢᠬᠦ︶ ᠶᠢ ᠭᠤᠣᠯᠴᠢᠯᠠᠨ ᠬᠠᠮᠢᠶᠠᠷᠤᠨ᠎ᠠ᠃      ︵ᠭᠤᠷᠪᠠ︶ ᠪᠥᠬᠦ  ᠲᠣᠭᠤᠷᠢᠭ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠬᠠᠷᠢᠭᠤᠴᠠᠨ᠎ᠠ︔      (ᠲᠤᠶᠢᠷᠪᠡ) ᠳᠡᠭᠡᠳᠦ ᠱᠠᠲᠤᠨ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ ᠬᠤᠶᠠᠷ᠂ ᠠᠵᠢᠯᠲᠠᠨ ᠤ ᠣᠷᠣᠨ ᠲᠤᠭ᠎ᠠ      ︵ᠨᠢᠭᠡ︶ ᠰᠠᠶᠢᠬᠠᠨ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠡᠳ᠋ ᠤᠨ ᠵᠠᠰᠠᠭ  ᠠᠴᠠ ᠪᠥᠬᠦ ᠲᠤᠭ᠎ᠠ ᠪᠠᠷ ᠵᠣᠭᠤᠰ ᠰᠠᠯᠭᠠᠨ ᠥᠭᠭᠦᠭᠰᠡᠨ 41 ᠬᠥᠮᠥᠨ ᠪᠠᠶᠢᠵᠤ᠂ ᠲᠣᠰ ᠲᠣᠰ 6 ᠠᠯᠪᠠᠲᠠᠨ᠂ 35 ᠠᠵᠢᠯ ᠦᠢᠯᠡᠰ ᠤᠨ ᠠᠵᠢᠯᠲᠠᠨ ᠪᠣᠯᠣᠨ᠎ᠠ᠃      ︵ᠬᠤᠶᠠᠷ︶ ᠤᠳᠤᠷᠢᠳᠬᠤ ᠠᠵᠢᠯ ᠤᠨ ᠪᠠᠶᠢᠷᠢ ᠶᠢᠨ ᠲᠤᠰᠢᠶᠠᠯ ᠤᠨ ᠲᠤᠭ᠎ᠠ ᠨᠢ 3 ᠬᠥᠮᠥᠨ ᠪᠣᠯᠣᠨ᠎ᠠ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠬᠠᠢ ᠵᠢᠶᠦ᠋ᠨ᠂ ᠳᠡᠳ᠋ ᠲᠣᠪᠴᠢᠶᠠᠨ ᠳᠠᠷᠤᠭ᠎ᠠ ᠦ᠋ ᠵᠢᠶᠦ᠋ᠨ ᠸᠧᠨ᠂ ᠳᠡᠳ᠋ ᠲᠣᠪᠴᠢᠶᠠᠨ ᠳᠠᠷᠤᠭ᠎ᠠ ᠵᠣᠣ ᠵᠢᠶᠠᠨ ᠵᠢᠶᠦ᠋ᠨ᠃ ᠭᠤᠷᠪᠠ᠂ ᠳᠣᠲᠣᠭᠠᠳᠤ ᠪᠠᠶᠢᠭᠤᠯᠤᠮᠵᠢ            ︵ᠨᠢᠭᠡ︶ᠶᠡᠷᠦᠩᠬᠡᠶᠢᠯᠡᠭᠰᠡᠨ ᠰᠲ᠋ᠣᠺ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠴᠢᠬᠤᠯᠠ ᠮᠡᠳᠡᠭᠦᠯᠦᠯᠲᠡ ᠪᠠ ᠶᠡᠷᠦᠩᠬᠡᠶᠢᠯᠡᠭᠰᠡᠨ ᠴᠢᠨᠠᠷᠲᠠᠢ ᠪᠢᠴᠢᠭ ᠮᠠᠲ᠋ᠧᠷᠢᠶᠠᠯ ᠲᠤᠭᠤᠷᠪᠢᠬᠤ᠂ ᠬᠤᠷᠠᠯ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠨᠢᠭᠤᠴᠠ ᠮᠠᠲ᠋ᠧᠷᠢᠶᠠᠯ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠰᠢᠮᠳᠠᠭᠤᠯᠤᠨ ᠭᠦᠢᠴᠡᠳᠬᠡᠬᠦ ᠶᠢ ᠬᠠᠷᠢᠭᠤᠴᠠᠵᠤ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠵᠢᠯ ᠲᠥᠷᠥᠯ ᠤᠨ ᠰᠣᠨᠢᠨ ᠮᠡᠳᠡᠭᠡ ᠤᠬᠠᠭᠤᠯᠭ᠎ᠠ ᠶᠢᠨ ᠠᠵᠢᠯ ᠢ ᠵᠢᠯᠤᠭᠤᠳᠴᠤ᠂ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃            ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠣᠯᠪᠠᠰᠤᠷᠠᠭᠤᠯᠤᠯ ᠰᠤᠷᠭᠠᠨ ᠬᠥᠮᠦᠵᠢᠯ᠂ ᠴᠠᠯᠢᠩ ᠨᠡᠶᠢᠭᠡᠮ ᠤᠨ ᠪᠠᠲᠤᠯᠠᠭ᠎ᠠ᠂ ᠣᠨ ᠤ ᠬᠢᠨᠠᠨ ᠰᠢᠯᠭᠠᠯᠲᠠ ᠵᠡᠷᠭᠡ ᠠᠵᠢᠯ ᠢ ᠬᠠᠷᠢᠭᠤᠴᠠᠬᠤ ᠶᠢᠨ ᠬᠠᠮᠲᠤ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠬᠠᠮᠢᠶ᠎ᠠ ᠪᠦᠬᠦᠢ ᠠᠵᠢᠯ ᠢ ᠬᠢᠨᠠᠨ ᠵᠢᠯᠤᠭᠤᠳᠴᠤ᠂ ᠲᠤᠰᠬᠠᠢ ᠮᠡᠷᠭᠡᠵᠢᠯ ᠤᠨ ᠲᠤᠰᠢᠶᠠᠯ ᠢ ᠲᠣᠭᠲᠠᠭᠠᠨ ᠤᠷᠢᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠪᠠᠷ ᠭᠤᠶᠤᠴᠢᠯᠠᠨ ᠮᠡᠳᠡᠭᠦᠯᠬᠦ ᠠᠵᠢᠯ ᠢ ᠬᠠᠷᠢᠭᠤᠴᠠᠵᠤ᠂ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃            ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠪᠤᠰᠤ ᠵᠥᠪᠰᠢᠶᠡᠷᠡᠯ ᠤᠨ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠤᠪᠤᠷᠠᠯ ᠢ ᠵᠢᠷᠤᠮᠵᠢᠭᠤᠯᠤᠨ ᠰᠢᠯᠢᠳᠡᠭᠵᠢᠭᠦᠯᠵᠦ᠂ ᠬᠤᠯᠪᠣᠭᠳᠠᠯ ᠪᠦᠬᠦᠢ ᠲᠠᠰᠤᠭ᠂ ᠲᠣᠪᠴᠢᠶ᠎ᠠ ᠶᠢᠨ ᠬᠠᠷᠢᠶ᠎ᠠ ᠡᠯ᠎ᠡ ᠨᠢᠭᠡᠴᠢ ᠶᠢ ᠵᠣᠬᠢᠴᠠᠭᠤᠯᠵᠤ ᠪᠠᠶᠢᠭᠠᠳ ᠤᠯᠤᠰ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠨᠠᠶᠢᠳᠠᠪᠤᠷᠢᠵᠢᠭᠤᠯᠤᠨ᠎ᠠ᠃              ︵ᠬᠤᠶᠠᠷ︶ᠲᠤᠬᠠᠶᠢᠯᠠᠭᠰᠠᠨ ᠠᠵᠢᠯ ᠤᠨ ᠰᠲ᠋ᠣᠺ᠃ ᠪᠦᠬᠦ ᠲᠣᠭᠤᠷᠢᠭ ᠤᠨ ᠵᠠᠰᠠᠮᠠᠯ ᠵᠠᠮ ᠤᠰᠤᠨ ᠵᠠᠮ ᠤᠨ ᠬᠠᠮᠢᠶ᠎ᠠ ᠪᠦᠬᠦᠢ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠪᠣᠯᠣᠮᠵᠢᠲᠤ ᠰᠤᠳᠤᠯᠭᠠᠨ ᠤ ᠠᠵᠢᠯ ᠢ ᠡᠭᠦᠷᠭᠡᠯᠡᠵᠦ᠂ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ ᠵᠡᠷᠭᠡ ᠠᠵᠢᠯ ᠢ ᠵᠣᠬᠢᠴᠠᠭᠤᠯᠵᠤ᠂ ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃            ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠪᠦᠬᠦ ᠣᠷᠣᠨ ᠤ ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠬᠢᠨᠠᠯᠲᠠ ᠲᠠᠯᠪᠢᠬᠤ ᠪᠠ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠬᠠᠷᠢᠭᠤᠴᠠᠵᠤ᠂ ᠪᠠᠷᠢᠯᠭ᠎ᠠ ᠶᠢᠨ ᠪᠠᠶᠢᠭᠤᠯᠤᠭᠰᠠᠨ ᠦᠨ᠎ᠡ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠬᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ ᠬᠠᠮᠢᠶ᠎ᠠ ᠪᠦᠬᠦᠢ ᠠᠵᠢᠯ ᠢ ᠬᠢᠨᠠᠨ ᠵᠢᠯᠤᠭᠤᠳᠴᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠳᠦᠷ ᠲᠤᠲᠤᠮ ᠤᠨ ᠠᠵᠢᠯ ᠢ ᠳᠠᠭᠠᠭᠠᠨ ᠭᠦᠢᠴᠡᠳᠬᠡᠵᠦ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠰᠤᠳᠤᠯᠬᠤ ᠪᠠ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠵᠢᠴᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃            ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠳᠤ ᠬᠤᠯᠪᠣᠭᠳᠠᠬᠤ ᠪᠠᠷᠢᠯᠭ᠎ᠠ ᠶᠢᠨ ᠬᠠᠮᠢᠶ᠎ᠠ ᠪᠦᠬᠦᠢ ᠵᠦᠢᠯᠡᠰ ᠢ ᠬᠠᠷᠢᠭᠤᠴᠠᠵᠤ᠂ ᠵᠠᠰᠠᠮᠠᠯ ᠵᠠᠮ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ᠂ ᠠᠶᠤᠯ ᠭᠠᠮᠰᠢᠭ ᠠᠴᠠ ᠠᠪᠤᠷᠠᠬᠤ ᠠᠵᠢᠯ ᠢ ᠡᠭᠦᠷᠭᠡᠯᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ ᠳᠠᠭᠠᠭᠠᠨ ᠭᠦᠢᠴᠡᠳᠬᠡᠨ᠎ᠡ᠃          ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠵᠢᠯᠤᠭᠤᠳᠴᠤ᠂ ᠵᠠᠰᠠᠭ ᠤᠨ ᠣᠷᠳᠣᠨ ᠬᠤᠳᠠᠯᠳᠤᠨ ᠠᠪᠬᠤ ᠵᠢᠴᠢ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢ ᠰᠡᠷᠭᠡᠶᠢᠯᠡᠬᠦ ᠪᠠ ᠠᠷᠢᠯᠭᠠᠬᠤ ᠵᠡᠷᠭᠡ ᠠᠵᠢᠯ ᠢ ᠬᠠᠷᠢᠭᠤᠴᠠᠵᠤ᠂ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ᠂ ᠬᠢᠨᠠᠨ ᠬᠠᠷᠭᠤᠭᠤᠯᠬᠤ᠂ ᠬᠤᠷᠢᠶᠠᠩᠭᠤᠶᠢᠯᠠᠬᠤ᠂ ᠢᠯᠡ ᠪᠣᠯᠭᠠᠬᠤ ᠶᠢ ᠬᠠᠷᠢᠭᠤᠴᠠᠵᠤ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠲᠤᠰᠬᠠᠢ ᠪᠡᠯᠡ ᠮᠥᠩᠭᠦ ᠶᠢ ᠬᠠᠮᠢᠶᠠᠷᠬᠤ ᠵᠢᠴᠢ ᠲᠣᠪᠴᠢᠶ᠎ᠠ ᠶᠢᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠮᠢᠶᠠᠷᠴᠤ᠂ ᠬᠠᠮᠢᠶ᠎ᠠ ᠪᠦᠬᠦᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠡᠭᠦᠷᠭᠡᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠡᠳ᠋ ᠤᠨ ᠵᠠᠰᠠᠭ ᠤᠨ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃          ᠵᠠᠰᠠᠮᠠᠯ ᠵᠠᠮ ᠤᠰᠤᠨ ᠵᠠᠮ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠣᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠣᠯᠣᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠰᠢᠮᠳᠠᠭᠤᠯᠤᠨ ᠵᠢᠯᠤᠭᠤᠳᠴᠤ᠂ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ᠎ᠠ᠃      ᠠᠵᠢᠯᠯᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠴᠢᠶᠣᠤ ᠨᠡᠭᠡᠭᠡᠯᠲᠡ ᠶᠢᠨ ᠲᠣᠭᠤᠷᠢᠭ ᠤᠨ ᠰᠠᠶᠢᠬᠠᠨ ᠠᠰᠠᠷ ᠤᠨ 12 ᠳ᠋ᠤᠭᠠᠷ ᠠᠰᠠᠷ      ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 13᠄ 30 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠭᠤᠴᠠᠯᠭᠠᠲᠠᠨ᠄ ᠮᠠ ᠸᠧᠨ ᠯᠦᠩ      ᠬᠠᠷᠢᠯᠴᠠᠬᠤ ᠬᠡᠯᠪᠡᠷᠢ᠄ 0471-6651078      ᠬᠠᠶ᠋ᠢᠭ᠄ ᠰᠠᠶᠢᠬᠠᠨ ᠲᠣᠭᠤᠷᠢᠭ ᠤᠨ ᠶᠢᠨ ᠴᠢᠶᠣᠤ ᠨᠡᠭᠡᠭᠡᠯᠲᠡ ᠶᠢᠨ ᠲᠣᠭᠤᠷᠢᠭ ᠤᠨ ᠰᠠᠶᠢᠬᠠᠨ ᠲᠣᠮᠣ ᠠᠰᠠᠷ ᠤᠨ 12 ᠳ᠋ᠤᠭᠠᠷ ᠠᠰᠠᠷ ᠤᠨ 1201 ᠬᠠᠷᠢᠯᠴᠠᠬᠤ ᠤᠲᠠᠰᠤ᠄ 0471 - 6651078 ᠠᠵᠢᠯᠯᠠᠬᠤ ᠴᠠᠭ᠄ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 1᠄ 30 - 5᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号