ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/13
     ᠨᠢᠭᠡ᠂ ᠭᠤᠣᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠪᠥᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠬᠠᠷᠢᠶ᠎ᠠ ᠪᠦᠬᠦᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ  ᠤᠨ ᠠᠶᠤᠯ ᠦᠭᠡᠢ ᠦᠢᠯᠡᠳᠪᠦᠷᠢᠯᠡᠯ ‍ᠤᠨ‌‍ᠲ᠋ᠥ᠋ᠷᠥᠯ ᠢ ᠠᠷᠭᠠᠴᠠᠬᠤ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠠᠵᠢᠯ ᠢ ᠵᠢᠯᠣᠭᠤᠳᠤᠨ᠎ᠠ᠃ ᠠᠶᠤᠯ ᠦᠭᠡᠢ ᠦᠢᠯᠡᠳᠪᠦᠷᠢᠯᠡᠯ  ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶᠠᠨ  ᠤ ᠠᠵᠢᠯ ᠲᠥᠷᠥᠯ  ᠤᠨ ᠠᠶᠤᠯ ᠦᠭᠡᠢ ᠦᠢᠯᠡᠳᠪᠦᠷᠢᠯᠡᠯ  ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠬᠤᠶᠠᠷ︶ ᠪᠥᠬᠦ ᠲᠣᠭᠤᠷᠢᠭ ‍ᠤᠨ‌‍ᠪᠠᠴᠢᠮ ᠪᠠᠶᠢᠳᠠᠯ ᠢ ᠠᠷᠭᠠᠴᠠᠬᠤ ᠰᠢᠰ‌ᠧᠮᠵᠢ ᠶᠢᠨ ᠪᠠᠶᠢᠭᠤᠯᠤᠯᠲᠠ᠂ ᠠᠶᠤᠯ ᠦᠭᠡᠢ ᠦᠢᠯᠡᠳᠪᠦᠷᠢᠯᠡᠯ ᠪᠣᠯᠣᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ‍ᠤᠨ‌‍ᠲ᠋ᠥ᠋ᠰᠥᠯ ᠪᠣᠯᠣᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠳᠦᠷᠢᠮ ᠲᠣᠭᠲᠠᠭᠠᠯ ᠪᠣᠯᠣᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠭᠤᠷᠪᠠ︶ ᠪᠥᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ‍ᠤᠨ‌‍ᠰᠢᠰ‌ᠧᠮᠵᠢ  ᠶᠢᠨ ᠪᠠᠶᠢᠭᠤᠯᠤᠯᠲᠠ ᠶᠢ ᠵᠢᠯᠤᠭᠤᠳᠴᠤ᠂ ᠤᠯᠤᠰ ᠤᠨ ᠡ᠊ᠨᠳᠡᠯ ᠤᠨ ᠭᠠᠢ ᠭᠠᠮᠰᠢᠭ ᠢ ᠱᠠᠲᠤ ᠬᠤᠪᠢᠶᠠᠨ ᠠᠷᠭᠠᠴᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ᠪᠣᠯᠣᠨ ᠠᠶᠤᠯ ᠦᠭᠡᠢ ᠦᠢᠯᠡᠳᠪᠦᠷᠢᠯᠡᠯ ᠤᠨ ᠲᠥᠷᠥᠯ᠂ ᠭᠠᠵᠠᠷ ᠬᠥᠳᠡᠯᠦᠯᠲᠡ ᠶᠢᠨ ᠲᠥᠷᠥᠯ  ᠤᠨ ᠲᠤᠰᠬᠠᠢ ᠵᠦᠢᠯ  ᠤᠨ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠥᠯ  ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠲᠣᠭᠤᠷᠢᠭ ‍ᠤᠨ‌‍ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃      ︵ᠳᠥᠷᠪᠡ︶ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠪᠥᠬᠦ ᠲᠣᠭᠤᠷᠢᠭ ‍ᠤᠨ‌‍ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰ‌ᠧᠮ ᠢ ᠲᠦᠷᠦᠭᠦᠯᠡᠨ ᠪᠠᠶᠢᠭᠤᠯᠵᠤ᠂ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠤᠨ ᠲᠥᠯᠦᠪᠵᠢᠭᠦᠯᠭᠡ ᠪᠠ ᠪᠠᠶᠢᠷᠢᠰᠢᠭᠤᠯᠤᠯ ᠤᠨ ᠠᠵᠢᠯ ᠢ ᠲᠦᠯᠬᠢᠨ ᠠᠬᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤᠪᠠᠷ ᠠ‌ᠯᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ  ᠤᠨ ᠪᠠᠶᠢᠳᠠᠯ ᠬᠢᠭᠡᠳ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠬᠦ ᠬᠡᠷᠡᠭᠲᠡᠢ᠃      ︵ᠲᠠᠪᠤ︶ ᠪᠥᠬᠦ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠲᠥᠷᠥᠯ᠂ ᠭᠠᠵᠠᠷ ᠬᠥᠳᠡᠯᠦᠯᠲᠡ ᠠᠴᠠ ᠠᠪᠤᠷᠠᠨ ᠲᠤᠰᠠᠯᠠᠬᠤ ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠬᠤᠲᠠ᠂ ᠲᠣᠭᠤᠷᠢᠭ ᠤᠨ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠪᠰᠤᠷᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃      ︵ᠵᠢᠷᠭᠤᠭ᠎ᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠲᠣᠭᠤᠷᠢᠭ ᠤᠨ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯ ᠤᠨ ᠡᠩᠨᠡᠭᠡ ᠶᠢ ᠵᠣᠬᠢᠴᠠᠭᠤᠯᠤᠨ ᠵᠢᠯᠤᠭᠤᠳᠴᠤ᠂ ᠪᠥᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠤᠭᠤᠳᠬᠤ ᠲᠠᠪᠴᠠᠩ ᠢ ᠵᠣᠯᠭᠠᠭᠤᠯᠬᠤ ᠶᠢ ᠠᠬᠢᠭᠤᠯᠤᠨ᠎ᠠ᠃ ᠭᠠᠯ ᠤᠨᠲᠠᠷᠠᠭᠠᠬᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ ᠲᠠᠢ ᠵᠣᠯᠭᠠᠭᠤᠯᠵᠤ᠂ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ ᠪᠥᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃ ᠪᠥᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠵᠢᠯᠤᠭᠤᠳᠴᠤ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠯ ᠤᠨᠲᠠᠷᠠᠭᠠᠬᠤ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠭᠠᠮᠰᠢᠭ   ᠠᠴᠠ ᠠᠪᠤᠷᠠᠬᠤ᠂ ᠦᠶᠡᠷ ᠲᠠᠢ ᠲᠡᠮᠡᠴᠡᠨ ᠠᠶᠤᠯ   ᠠᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠠᠴᠠ ᠠᠪᠤᠷᠠᠨ ᠲᠤᠰᠠᠯᠠᠬᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠵᠢᠯᠤᠭᠤᠳᠴᠤ᠂ ᠡᠯ᠎ᠡ ᠭᠠᠵᠠᠷ ᠣᠷᠣᠨ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠬᠤ ᠬᠡᠷᠡᠭᠲᠡᠢ᠃      ︵ᠲᠤᠯᠤᠭ᠎ᠠ︶ ᠪᠥᠬᠦ ᠲᠣᠭᠤᠷᠢᠭ ᠤᠨ ᠤᠢ ᠰᠢᠭᠤᠢ ᠪᠣᠯᠣᠨ ᠨᠤᠲᠤᠭ ᠪᠡᠯᠴᠢᠭᠡᠷ  ᠤᠨ ᠭᠠᠯ ᠤᠨ ᠭᠠᠮᠰᠢᠭ᠂ ᠤᠰᠤ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠣᠯᠣᠨ ᠭᠠᠵᠠᠷ  ᠤᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃      ︵ᠨᠠᠢᠮᠠ︶ ᠭᠠᠮᠰᠢᠭ ᠠᠴᠠ ᠲᠡᠩᠬᠡᠷᠡᠭᠦᠯᠦᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠬᠤ ᠶᠢᠨ ᠲᠤᠰᠠᠯᠠᠨ ᠬᠦᠷᠭᠡᠬᠦ ᠠᠵᠢᠯ ᠟ᠢ ᠵᠣᠬᠢᠶᠠᠨ ᠪᠠᠶᠢᠭᠤᠯᠤᠨ ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ᠂ ᠬᠤᠳᠠ ᠪᠣᠯᠣᠨ ᠲᠣᠭᠤᠷᠢᠭ ‍ᠤᠨ‌ᠭᠠᠮᠰᠢᠭ ᠠᠴᠠ ᠠᠪᠤᠷᠠᠬᠤ ᠵᠣᠭᠤᠰ ᠮᠥᠩᠭᠦ ᠠ‌‍ᠪᠠᠷᠠᠭ᠎ᠠ ᠶᠢ ᠬᠠᠮᠢᠶᠠᠷᠬᠤ ᠪᠠ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠯᠡᠨ᠎ᠡ᠃      ︵ᠶᠢᠰᠦ︶ ᠪᠥᠬᠦ ᠲᠣᠭᠤᠷᠢᠭ ‍ᠤᠨ‌ᠠᠶᠤᠯ ᠦᠭᠡᠢ ᠦᠢᠯᠡᠳᠪᠦᠷᠢᠯᠡᠯ  ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠬᠡᠷᠡᠭᠵᠢᠭᠦᠯᠵᠦ᠂ ᠪᠥᠬᠦ ᠲᠣᠭᠤᠷᠢᠭ ‍ᠤᠨ‌ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠡᠭᠡᠭᠡᠯᠲᠡ ᠶᠢᠨ ᠲᠣᠭᠤᠷᠢᠭ᠂ ᠪᠠᠯᠭᠠᠰᠤ᠂ ᠵᠡᠭᠡᠯᠢ ᠭᠤᠳᠤᠮᠵᠢ ᠶᠢᠨ ᠠᠶᠤᠯ ᠦᠭᠡᠢ ᠦᠢᠯᠡᠳᠪᠦᠷᠢᠯᠡᠯ  ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠠᠶᠤᠯ ᠦᠭᠡᠢ ᠦᠢᠯᠡᠳᠪᠦᠷᠢᠯᠡᠯ  ᠤᠨ ᠰᠢᠮᠳᠠᠭᠤᠯᠤᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠠᠷᠪᠠ︶ ᠱᠠᠲᠤ ᠬᠤᠪᠢᠶᠠᠬᠤ᠂ ᠬᠠᠷᠢᠶ᠎ᠠ ᠭᠠᠵᠠᠷ ᠲᠤᠨᠢ ᠬᠠᠷᠢᠶᠠᠯᠠᠭᠤᠯᠬᠤ ᠵᠠᠷᠴᠢᠮ  ᠤᠨ ᠶᠣᠰᠣᠭᠠᠷ᠂ ᠦᠢᠯᠡᠳᠪᠦᠷᠢ ᠠᠭᠤᠷᠬᠠᠢ ᠬᠤᠳᠠᠯᠳᠤᠭ᠎ᠠ ᠠᠷᠠᠯᠵᠢᠶᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ  ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ ᠠᠶᠤᠯ ᠦᠭᠡᠢ ᠦᠢᠯᠡᠳᠪᠦᠷᠢᠯᠡᠯ  ᠤᠨ ᠨᠥᠬᠦᠴᠡᠯ ᠪᠣᠯᠣᠨ ᠬᠤᠯᠪᠣᠭᠳᠠᠯ ᠪᠦᠬᠦᠢ ᠲᠥᠬᠦᠭᠡᠷᠦᠮᠵᠢ ︵ᠣᠨᠴᠠ ᠲᠥᠷᠥᠯ ᠤᠨ ᠲᠤᠨᠤᠭ ᠲᠥᠬᠦᠭᠡᠷᠦᠮᠵᠢ ᠠᠴᠠ ᠭᠠᠳᠠᠨ᠎ᠠ︶᠂ ᠮᠠ‌ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠤᠯ ᠦᠭᠡᠢ ᠦᠢᠯᠡᠳᠪᠦᠷᠢᠯᠡᠯ ‍ᠤᠨ‌ᠬᠠᠮᠢᠶᠠᠷᠤᠯᠲᠠ ᠶᠢᠨ ᠠᠵᠢᠯ ᠲᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠳᠦᠷᠢᠮ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠲᠣᠭᠤᠷᠢᠭ ‍ᠤᠨ‌ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠠ ᠬᠤᠸᠠᠷ ᠫᠤᠤᠵᠢᠩ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠦᠢᠯᠡᠳᠪᠦᠷᠢᠯᠡᠯ ‍ᠤᠨ‌ᠠᠶᠤᠯ ᠦᠭᠡᠢ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠵᠦ᠂ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠲᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠭᠠᠮᠰᠢᠭ ᠤᠨ ᠲᠦᠷᠦᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠴᠠᠭᠤᠯᠤᠨ ᠵᠢᠯᠣᠭᠤᠳᠤᠨ᠎ᠠ᠃      ︵ᠠᠷᠪᠠᠨ ᠬᠤᠶᠠᠷ︶ ᠪᠥᠬᠦ  ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠶᠢᠬᠠᠨ ᠲᠣᠭᠤᠷᠢᠭ ᠤᠨ ᠠᠮᠤ ᠪᠤᠳᠠᠭ᠎ᠠ ᠪᠠ ᠡᠳ᠋ ᠪᠠᠷᠠᠭ᠎ᠠ ᠶᠢ  ᠨᠥᠭᠡᠴᠡᠯᠡᠬᠦ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠪᠠ ᠲᠣᠬᠢᠷᠠᠭᠤᠯᠤᠨ ᠥᠭᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠮᠰᠢᠭ   ᠠᠴᠠ ᠠᠪᠤᠷᠠᠬᠤ ᠳᠠᠭᠠᠨ ᠨᠢᠭᠡᠳᠦᠯᠲᠡᠢ ᠲᠣᠬᠢᠷᠠᠭᠤᠯᠤᠨ᠎ᠠ᠃      ︵ᠠᠷᠪᠠᠨ ᠭᠤᠷᠪᠠ︶ ᠪᠥᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠣᠯᠣᠨ ᠪᠣᠯᠪᠠᠰᠤᠷᠠᠭᠤᠯᠤᠯ  ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ‍ᠤᠨ‌‍ᠰᠢᠨᠵᠢᠯᠡᠬᠦ ᠤᠬᠠᠭᠠᠨ ᠮᠡᠷᠭᠡᠵᠢᠯ ‍ᠤᠨ‌‍ᠰᠤᠳᠤᠯᠤᠯ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠠᠷᠪᠠᠨ ᠳᠥᠷᠪᠡ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠢ ᠬᠢᠨᠠᠨ ᠵᠥᠪᠰᠢᠶᠡᠷᠡᠵᠦ ᠳᠠᠩᠰᠠᠯᠠᠬᠤ ᠠᠵᠢᠯ ᠢ ᠡᠭᠦᠷᠭᠡᠯᠡᠨ᠎ᠡ᠃      ︵ᠠᠷᠪᠠᠨ ᠲᠠᠪᠤ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠵᠢᠷᠭᠤᠭ᠎ᠠ︶  ᠲᠣᠭᠤᠷᠢᠭ ᠤᠨ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ᠃      ᠬᠤᠶᠠᠷ᠂ ᠳᠣᠲᠣᠭᠠᠳᠤ ᠪᠠᠶᠢᠭᠤᠯᠤᠮᠵᠢ᠄      ︵ᠨᠢᠭᠡ︶ ᠠᠯᠪᠠᠨ ᠭᠡᠷ᠃ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠥᠯ ᠢ ᠲᠤᠭᠤᠷᠪᠢᠬᠤ ᠠᠵᠢᠯ ᠢ ᠡᠭᠦᠷᠭᠡᠯᠡᠨ᠎ᠡ︔ ᠰᠠᠶᠢᠬᠠᠨ ᠲᠣᠭᠤᠷᠢᠭ ᠤᠨ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠰᠤᠳᠤᠯᠭᠠᠨ ᠤ ᠠᠵᠢᠯ ᠢ ᠡᠭᠦᠷᠭᠡᠯᠡᠨ᠎ᠡ︔ ᠵᠢᠷᠤᠮᠵᠢᠯ ‍ᠤᠨ‌‍ᠴᠢᠨᠠᠷᠲᠠᠢ ᠪᠢᠴᠢᠭ ᠮᠠ‌ᠧᠷᠢᠶᠠᠯ  ᠤᠨ ᠬᠠᠤᠯᠢ ᠶᠣᠰᠣᠨ ᠤ ᠴᠢᠨᠠᠷᠲᠠᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠢᠢᠡᠷ ᠳᠠᠬᠢᠨ ᠵᠥᠪᠯᠡᠭᠦᠯᠬᠦ᠂ ᠵᠠᠰᠠᠭ ᠵᠠᠬᠢᠷᠭᠠᠨ  ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᡾ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠣᠨ ᠠᠶᠤᠯ ᠦᠭᠡᠢ ᠦᠢᠯᠡᠳᠪᠦᠷᠢᠯᠡᠯ ᠤᠨ ᠰᠣᠨᠢᠨ ᠮᠡᠳᠡᠭᠡᠨ ᠤ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ᠂ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠵᠦ᠂ ᠤᠯᠠᠨ ᠨᠡᠶᠢᠳᠡ ᠢᠢᠨ ᠮᠡᠳᠡᠯᠭᠡ ᠢᠶ ᠲᠦᠭᠡᠮᠡᠯᠵᠢᠭᠦᠯᠬᠦ ᠠᠵᠢᠯ ᠢ ᠥᠷᠨᠢᠭᠦᠯᠦᠨ᠎ᠡ᠃ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ᠂ ᠡᠳ᠋ ᠤᠨ ᠶᠠᠪᠤᠳᠠᠯ᠂ ᠤᠯᠤᠰ ᠲᠥᠷᠥ ᠶᠢᠨ ᠠᠵᠢᠯ᠂ ᠲᠣᠨᠤᠭ ᠲᠥᠬᠦᠭᠡᠷᠦᠮᠵᠢ᠂ ᠡᠳ᠋ ᠬᠥᠷᠥᠩᠭᠡ ᠶᠢᠨ ᠬᠠᠮᠢᠶᠠᠷᠤᠯᠲᠠ ᠪᠠ ᠳᠣᠲᠣᠭᠠᠳᠤ ᠶᠢᠨ ᠬᠢᠨᠠᠨ ᠪᠣᠳᠣᠯᠲᠠ ᠶᠢ ᠬᠠᠷᠢᠭᠤᠴᠠᠨ᠎ᠠ︔ ᠪᠦᠬᠦ ᠲᠠᠯ᠎ᠠ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠠ ᠠᠵᠢᠯᠴᠢᠨ ᠤ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠡᠪ ᠬᠠᠮᠲᠤ ᠵᠠᠯᠠᠭᠤᠴᠤᠳ ᠤᠨ ᠡᠪᠯᠡᠯ ᠪᠠ ᠤᠯᠠᠨ ᠲᠦᠮᠡᠨ ᠤ ᠠᠵᠢᠯ ᠵᠡᠷᠭᠡ ᠠᠵᠢᠯ ᠢ ᠬᠠᠷᠢᠭᠤᠴᠠᠨ᠎ᠠ᠃ ᠪᠥᠬᠦ  ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠬᠥᠮᠦᠵᠢᠯ ᠪᠣᠯᠪᠠᠰᠤᠷᠠᠭᠤᠯᠤᠯ ᠢ ᠵᠢᠯᠣᠭᠤᠳᠤᠨ᠎ᠠ᠃      ︵ᠬᠤᠶᠠᠷ︶ ᠨᠢᠭᠡ ᠵᠦᠢᠯ ᠢ ᠶᠡᠷᠦᠩᠬᠡᠶᠢᠯᠡᠨ ᠬᠢᠨᠠᠨ ᠬᠠᠮᠢᠶᠠᠷᠤᠨ᠎ᠠ᠃ ᠪᠦᠬᠦ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ︵ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠪᠠᠭᠲᠠᠨ᠎ᠠ︶᠂ ᠡᠮ ᠡᠮᠨᠡᠯᠭᠡ᠂ ᠠᠶᠤᠯᠲᠠᠢ ᠬᠢᠮᠢ ᠶᠢᠨ ᠪᠣᠳᠠᠰ ᠪᠣᠯᠣᠨ ᠬᠤᠸᠠᠷ ᠫᠤᠤᠵᠢᠩ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠵᠤ᠂ ᠪᠥᠬᠦ ᠲᠣᠭᠤᠷᠢᠭ ᠤᠨ ᠠᠶᠤᠯᠲᠠᠢ ᠬᠢᠮᠢ ᠶᠢᠨ ᠪᠣᠳᠠᠰ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠡᠭᠦᠷᠭᠡᠯᠡᠵᠦ᠂ ᠡᠮ ᠤᠨ ᠵᠦᠢᠯ ᠤᠨ ᠪᠤᠰᠤ ᠲᠥᠷᠥᠯ ᠤᠨ ᠬᠤᠣᠷᠲᠤ ᠡᠳ᠋ ᠦᠢᠯᠡᠳᠬᠦ ᠳᠤ ᠬᠢᠯᠪᠠᠷ ᠬᠢᠮᠢ ᠶᠢᠨ ᠪᠣᠳᠠᠰ ᠤᠨ ᠦᠢᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠨᠡᠭᠦᠷᠡᠰᠦᠨ ᠤ ᠪᠤᠰᠤ ᠠᠭᠤᠷᠬᠠᠢ︵ᠭᠠᠵᠠᠷ ᠰᠢᠨᠵᠢᠯᠡᠭᠡᠨ  ᠤ ᠬᠠᠶᠢᠨ ᠰᠢᠨᠵᠢᠯᠡᠯᠲᠡ ᠪᠠᠭᠲᠠᠨ᠎ᠠ︶᠂ ᠴᠢᠯᠠᠭᠤᠨ ᠲᠣᠰᠣ ︵ᠪᠣᠯᠪᠠᠰᠤᠷᠠᠭᠤᠯᠬᠤ ᠬᠢᠮᠢ ᠶᠢᠨ ᠠᠵᠤ ᠦᠢᠯᠡᠳᠪᠦᠷᠢ᠂ ᠪᠣᠯᠪᠠᠰᠤᠷᠠᠭᠤᠯᠤᠭᠰᠠᠨ ᠴᠢᠯᠠᠭᠤᠨ ᠲᠣᠰᠣ ᠳᠠᠮᠵᠢᠭᠤᠯᠬᠤ ᠬᠤᠭᠤᠯᠠᠢ ᠠᠴᠠ ᠭᠠᠳᠠᠨ᠎ᠠ︶᠂ ᠲᠡᠮᠦᠷᠯᠢᠭ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠ ᠧᠷᠢᠶᠠᠯ᠂ ᠮᠠᠰᠢᠨ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭᠠᠨ ‍ᠤ‌ᠠᠵᠢᠯ ᠲᠥᠷᠥᠯ  ᠤᠨ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠠᠵᠢᠯ ᠢ ᠬᠠᠷᠢᠭᠤᠴᠠᠵᠤ᠂ ᠣᠷᠣᠨ ᠨᠤᠲᠤᠭ ᠤᠨ ᠬᠠᠮᠢᠶ᠎ᠠ ᠪᠦᠬᠦᠢ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ  ᠤᠨ ᠳᠦᠷᠢᠮ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠠᠶᠤᠯ ᠦᠭᠡᠢ ᠶᠢᠨ ᠰᠡᠷᠭᠡᠶᠢᠯᠡᠨ ᠡᠵᠡᠮᠳᠡᠬᠦ ᠰᠢᠰ‌ᠧᠮᠵᠢ  ᠶᠢᠨ ᠪᠠᠶᠢᠭᠤᠯᠤᠯᠲᠠ ᠵᠡᠷᠭᠡ ᠠᠵᠢᠯ ᠢ ᠵᠢᠯᠤᠭᠤᠳᠴᠤ ᠬᠢᠨᠠᠯᠲᠠ ᠲᠠᠯᠪᠢᠨ᠎ᠠ᠃      ︵ᠭᠤᠷᠪᠠ︶ ᠬᠤᠶᠠᠳᠤᠭᠠᠷ ᠬᠤᠪᠢ ᠶᠢ ᠶᠡᠷᠦᠩᠬᠡᠶᠢᠯᠡᠨ ᠬᠢᠨᠠᠨ ᠬᠠᠮᠢᠶᠠᠷᠤᠨ᠎ᠠ᠃ ᠠᠶᠤᠯ ᠦᠭᠡᠢ ᠦᠢᠯᠡᠳᠪᠦᠷᠢᠯᠡᠯ  ᠤᠨ ᠭᠤᠣᠯᠴᠢᠯᠠᠨ ᠬᠠᠮᠢᠶᠠᠷᠬᠤ ᠲᠤᠰᠬᠠᠢ ᠰᠠᠯᠠᠭ᠎ᠠ ᠮᠥᠴᠢᠷ ᠲᠠᠢ ᠠᠵᠢᠯ ᠲᠥᠷᠥᠯ ᠪᠣᠯᠣᠨ ᠬᠦᠷᠢᠶᠡᠨ   ᠤ ᠠᠶᠤᠯ ᠦᠭᠡᠢ ᠦᠢᠯᠡᠳᠪᠦᠷᠢᠯᠡᠯ ᠤᠨ  ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠤᠯᠢ ᠲᠣᠭᠲᠠᠭᠠᠯ ᠶᠣᠰᠣᠭᠠᠷ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠥᠬᠦ ᠲᠣᠭᠤᠷᠢᠭ ‍ᠤᠨ‌ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠵᠢᠴᠢ ᠲᠤᠰᠬᠠᠢ ᠵᠦᠢᠯ ᠢᠶᠠᠷ ᠰᠢᠮᠳᠠᠭᠤᠯᠤᠨ ᠪᠠᠶᠢᠴᠠᠭᠠᠬᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠪᠥᠬᠦ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ ᠲᠤᠳᠤᠮ ᠤᠨ ᠠᠵᠢᠯ ᠢ ᠡᠭᠦᠷᠭᠡᠯᠡᠨ᠎ᠡ᠃            ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠢᠷᠭᠡᠳ ᠤᠨ ᠭᠠᠵᠠᠷ ᠬᠥᠳᠡᠯᠦᠯᠲᠡ ᠶᠢᠨ ᠭᠠᠮᠰᠢᠭ  ᠤᠨ ᠳᠤᠮᠳᠠᠬᠢ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠭᠠᠵᠠᠷ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ᠎ᠠ᠃ ᠪᠦᠬᠦ ᠲᠣᠭᠤᠷᠢᠭ ᠤᠨ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠨ ᠬᠠᠨᠳᠢᠪᠯᠡᠬᠤ ᠵᠡᠷᠭᠡ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠥᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠨᠥᠭᠡᠴᠡᠯᠡᠬᠦ ᠲᠥᠯᠦᠪᠵᠢᠭᠦᠯᠭᠡ ᠪᠣᠯᠣᠨ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠪᠥᠬᠦ  ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠬᠠᠮᠲᠤᠪᠠᠷ ᠬᠡᠷᠡᠭᠯᠡᠵᠦ ᠬᠠᠮᠲᠤᠪᠠᠷ ᠭᠥᠷᠳᠡᠬᠦ ᠪᠠ ᠵᠣᠬᠢᠴᠠᠭᠤᠯᠬᠤ ᠲᠣᠭᠲᠠᠴᠠ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠬᠤᠯᠠ ᠡᠳ᠋ ᠪᠠᠷᠠᠭ᠎ᠠ ᠶᠢ ᠨᠥᠭᠡᠴᠡᠯᠡᠬᠦ᠂ ᠲᠣᠬᠢᠷᠠᠭᠤᠯᠬᠤ ᠪᠠ ᠪᠠᠴᠢᠮ ᠲᠣᠬᠢᠷᠠᠭᠤᠯᠤᠨ ᠬᠦᠷᠭᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠥᠬᠡᠬᠤᠲᠠ ᠪᠣᠯᠣᠨ ᠪᠥᠬᠦ ᠲᠣᠭᠤᠷᠢᠭ ᠤᠨ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠠᠷᠠᠭ᠎ᠠ ᠶᠢ ᠬᠠᠮᠢᠶᠠᠷᠬᠤ᠂ ᠬᠤᠪᠢᠶᠠᠷᠢᠯᠠᠬᠤ ᠪᠠ ᠬᠢᠨᠠᠯᠲᠠ ᠲᠠᠯᠪᠢᠵᠤ ᠬᠡᠷᠡᠭᠯᠡᠬᠦ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠭᠠᠮᠰᠢᠭᠳᠠᠭᠰᠠᠨ ᠤᠯᠠᠨ ᠲᠦᠮᠡᠨ ᠢ ᠪᠠᠴᠢᠮ ᠲᠦᠷᠭᠡᠨ ᠰᠢᠯᠵᠢᠭᠦᠯᠦᠨ ᠲᠥᠪᠬᠢᠨᠡᠭᠦᠯᠬᠦ᠂ ᠭᠠᠮᠰᠢᠭ ᠠᠴᠠ ᠪᠣᠯᠵᠤ ᠡᠪᠳᠡᠷᠡᠵᠦ ᠰᠦᠢᠳᠦᠭᠰᠡᠨ ᠭᠡᠷ ᠪᠠᠶᠢᠰᠢᠩ ᠢ ᠰᠡᠷᠭᠦᠭᠡᠨ ᠲᠠᠬᠢᠨ ᠪᠠᠶᠢᠭᠤᠯᠬᠤ ᠨᠥᠬᠦᠪᠦᠷᠢ ᠪᠠ ᠭᠠᠮᠰᠢᠭᠳᠠᠭᠰᠠᠨ ᠤᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠪᠠ᠃ ᠪᠥᠬᠦ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠰᠢᠰ‌ᠧᠮᠵᠢ ᠶᠢᠨ ᠪᠠᠶᠢᠭᠤᠯᠤᠯᠲᠠ᠂ ᠠᠶᠤᠯ ᠦᠭᠡᠢ ᠦᠢᠯᠡᠳᠪᠦᠷᠢᠯᠡᠯ ᠪᠣᠯᠣᠨ ᠶᠡᠷᠦᠩᠬᠡᠶᠢᠯᠡᠭᠰᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠪᠠᠴᠢᠮ ᠪᠠᠶᠢᠳᠠᠯ ᠢ ᠠᠷᠭᠠᠴᠠᠬᠤ ᠭᠤᠣᠯᠳᠠᠯᠭ᠎ᠠ ᠲᠠᠢ ᠢᠨᠵᠧ‌‍ᠸ᠋ᠷᠢᠩ ᠪᠣᠯᠣᠨ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠥᠬᠦ  ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠪᠥᠬᠦ  ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ᠪᠠ ᠠᠶᠤᠯ ᠦᠭᠡᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠢ ᠲᠥᠷᠥᠯ ᠤᠨ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠵᠣᠯᠭᠠᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃            ᠪᠥᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠪᠥᠬᠦ  ᠲᠣᠭᠤᠷᠢᠭ ᠤᠨ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ ᠪᠥᠬᠦ ᠣᠷᠣᠨ ᠤ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠵᠢᠯᠤᠭᠤᠳᠴᠤ᠂ ᠪᠥᠬᠦ ᠲᠣᠭᠤᠷᠢᠭ ᠤᠨ ᠬᠦᠨᠳᠦ ᠶᠡᠭᠡ ᠭᠠᠵᠠᠷ ᠤᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ᠎ᠠ᠃            ᠪᠦᠬᠦ ᠲᠣᠭᠤᠷᠢᠭ ᠤᠨ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠨ ᠬᠠᠨᠳᠢᠪᠯᠡᠬᠤ ᠵᠡᠷᠭᠡ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠦᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ ᠲᠥᠯᠦᠪᠵᠢᠭᠦᠯᠭᠡ ᠪᠠ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ  ᠶᠢ ᠲᠣᠭᠲᠠᠭᠠᠵᠤ᠂ ᠪᠥᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠬᠠᠮᠲᠤᠪᠠᠷ ᠬᠡᠷᠡᠭᠯᠡᠵᠦ ᠬᠠᠮᠲᠤᠪᠠᠷ ᠭᠥᠷᠳᠡᠬᠦ ᠪᠠ ᠵᠣᠬᠢᠴᠠᠭᠤᠯᠬᠤ ᠲᠣᠭᠲᠠᠴᠠ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠬᠤᠯᠠ ᠡᠳ᠋ ᠪᠠᠷᠠᠭ᠎ᠠ ᠶᠢ ᠨᠥᠭᠡᠴᠡᠯᠡᠬᠦ᠂ ᠲᠣᠬᠢᠷᠠᠭᠤᠯᠬᠤ ᠪᠠ ᠪᠠᠴᠢᠮ ᠲᠣᠬᠢᠷᠠᠭᠤᠯᠤᠨ ᠬᠦᠷᠭᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠥᠬᠦ ᠲᠣᠭᠤᠷᠢᠭ ‍ᠤᠨ‌ᠭᠠᠮᠰᠢᠭ   ᠠᠴᠠ ᠠᠪᠤᠷᠠᠬᠤ ᠵᠣᠭᠤᠰ ᠮᠥᠩᠭᠦ ᠡᠳ᠋ ᠪᠠᠷᠠᠭ᠎ᠠ ᠶᠢ ᠬᠠᠮᠢᠶᠠᠷᠬᠤ᠂ ᠬᠤᠪᠢᠶᠠᠷᠢᠯᠠᠬᠤ ᠪᠠ ᠬᠢᠨᠠᠯᠲᠠ ᠲᠠᠯᠪᠢᠵᠤ ᠬᠡᠷᠡᠭᠯᠡᠬᠦ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠶᠢᠨ  ᠬᠢᠨ ᠲᠠᠢ ᠬᠠᠮᠲᠤᠷᠠᠨ ᠭᠠᠮᠰᠢᠭᠳᠠᠭᠰᠠᠨ ᠣᠯᠠᠨ ᠲᠦᠮᠡᠨ ᠢ ᠪᠠᠴᠢᠮ ᠰᠢᠯᠵᠢᠭᠦᠯᠦᠨ ᠲᠥᠪᠬᠢᠨᠡᠭᠦᠯᠬᠦ᠂ ᠭᠠᠮᠰᠢᠭ ᠠᠴᠠ ᠪᠣᠯᠵᠤ ᠡᠪᠳᠡᠷᠡᠵᠦ ᠰᠦᠢᠳᠦᠭᠰᠡᠨ ᠭᠡᠷ ᠪᠠᠶᠢᠰᠢᠩ ᠢ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠳᠤ ᠨᠥᠬᠦᠪᠦᠷᠢ ᠥᠭᠬᠦ ᠪᠠ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠤᠯᠤᠰ ᠤᠨ ᠭᠠᠯ ᠤᠨᠲᠠᠷᠠᠭᠠᠬᠤ ᠬᠠᠤᠯᠢ ᠲᠣᠭᠲᠠᠭᠠᠯ ᠪᠣᠯᠣᠨ ᠮᠡᠷᠭᠡᠵᠢᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠣᠷᠣᠨ ᠨᠤᠲᠤᠭ ᠤᠨ ᠴᠢᠨᠠᠷᠲᠠᠢ ᠭᠠᠯ ᠤᠨᠲᠠᠷᠠᠭᠠᠬᠤ ᠬᠠᠤᠯᠢ ᠲᠣᠭᠲᠠᠭᠠᠯ ᠪᠣᠯᠣᠨ ᠮᠡᠷᠭᠡᠵᠢᠯ ‍ᠤᠨ‌‍ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠥᠬᠦ  ᠲᠣᠭᠤᠷᠢᠭ ᠤᠨ ᠬᠤᠲᠠ ᠪᠠᠯᠭᠠᠰᠤ᠂ ᠬᠥᠳᠡᠭᠡ ᠲᠣᠰᠬᠤᠨ᠂ ᠤᠢ ᠰᠢᠭᠤᠢ ᠶᠢᠨ ᠭᠠᠯ ᠤᠨᠲᠠᠷᠠᠭᠠᠬᠤ ᠠᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠪᠥᠬᠦ ᠲᠣᠭᠤᠷᠢᠭ ᠤᠨ ᠭᠠᠯ ᠤᠨᠲᠠᠷᠠᠭᠠᠬᠤ ᠲᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠢ ᠵᠢᠯᠣᠭᠤᠳᠤᠨ᠎ᠠ᠃ ᠪᠦᠬᠦ ᠲᠣᠭᠤᠷᠢᠭ ᠤᠨ ᠤᠰᠤ ᠭᠠᠩ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠣᠨ ᠴᠢᠬᠤᠯᠠ ᠤᠰᠤᠨ ᠤ ᠢᠨᠵᠧᠨᠧᠷᠢᠩ ᠤᠨ ᠦᠶᠡᠷ ᠢ ᠰᠡᠷᠭᠡᠶᠢᠯᠡᠨ ᠭᠠᠩ  ᠤᠨ ᠭᠠᠮᠰᠢᠭ ᠲᠠᠢ ᠲᠡᠮᠡᠴᠡᠬᠦ ᠶᠢ ᠲᠣᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠤᠰᠤᠨ  ᠤ  ᠬᠡᠮᠵᠢᠶ᠎ᠡ ᠶᠢ ᠲᠣᠬᠢᠷᠠᠭᠤᠯᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃      ᠪᠠᠶᠢᠭᠤᠯᠤᠮᠵᠢ ᠶᠢᠨ ᠨᠡᠷᠡᠶᠢᠳᠦᠯ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ      ᠠᠵᠢᠯᠯᠠᠬᠤ ᠭᠠᠵᠠᠷ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠤᠸᠠᠢ ᠶᠤᠸᠠᠨ ᠪᠠᠷᠠᠭᠤᠨ ᠵᠡᠭᠡᠯᠢ ᠶᠢᠨ 57 ᠳ᠋ᠤᠭᠠᠷ ᠨᠣᠮᠧᠷ      ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 13᠄ 30 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471-2849722      ᠬᠠᠷᠢᠭᠤᠴᠠᠯᠭ᠎ᠠ ᠡᠭᠦᠷᠭᠡᠯᠡᠭᠴᠢ᠄ ᠯᠢᠦ ᠶᠠ ᠯᠢᠨ      ᠬᠠᠶ᠋ᠢᠭ᠄ ᠰᠠᠶᠢᠬᠠᠨ ᠲᠣᠭᠤᠷᠢᠭ ᠤᠨ ᠰᠢᠤᠸᠠᠢ ᠶᠤᠸᠠᠨ ᠪᠠᠷᠠᠭᠤᠨ ᠵᠡᠭᠡᠯᠢ ᠶᠢᠨ 57 ᠳ᠋ᠤᠭᠠᠷ ᠨᠣᠮᠧᠷᠲᠤ ᠬᠠᠷᠢᠯᠴᠠᠬᠤ ᠤᠲᠠᠰᠤ᠄ 0471 - 2849722 ᠠᠵᠢᠯᠯᠠᠬᠤ ᠴᠠᠭ᠄ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 1᠄ 30 - 5᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号