| | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ︵ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ︶ ᠠᠴᠠ ᠭᠤᠣᠯᠯᠠᠨ ᠡᠷᠭᠢᠯᠡᠭᠰᠡᠨ 2023 ᠣᠨ ᠤ ᠥᠪᠥᠷ | ᠮᠣᠩᠭᠤᠯ ᠤᠨ ᠠᠩᠬᠠᠳᠤᠭᠠᠷ ᠬᠤᠭᠤᠴᠠᠭᠠᠨ ᠤ ᠲᠤᠰᠬᠠᠢ ᠠᠰᠢᠭ ᠤᠨ ᠱᠠᠩᠨᠠᠯ ᠣᠯᠭᠤᠬᠤ ᠶᠣᠰᠣᠯᠠᠯ | ᠲᠦᠷᠦᠭᠦᠭᠡᠨᠭᠦᠭᠡᠬᠤᠲᠠ ᠳᠤ ᠶᠠᠪᠤᠭᠳᠠᠪᠠ᠃ ᠡᠭᠦᠨ ᠳᠤ᠂ ︽ᠬᠤᠨᠢᠨ ᠤ ᠥᠨᠳᠡᠭᠡᠨ ᠡᠰ ᠢ ᠪᠡᠶ᠎ᠡ ᠶᠢᠨ ᠭᠠᠳᠠᠨ᠎ᠠ | ᠪᠣᠶᠢᠵᠢᠭᠤᠯᠬᠤ ᠠᠷᠭ᠎ᠠ︾ ᠵᠡᠷᠭᠡ 5 ᠵᠦᠢᠯ ᠤᠨ ᠲᠤᠰᠬᠠᠢ ᠠᠰᠢᠭ ᠤᠨ ᠠᠯᠲᠠᠨ ᠱᠠᠩᠨᠠᠯ ᠬᠦᠷᠲᠡᠵᠦ᠂ ︽ᠡᠯᠡᠰᠦᠷᠬᠡᠭ | ᠭᠠᠵᠠᠷ ᠢ ᠵᠠᠰᠠᠬᠤ ᠠᠷᠭ᠎ᠠ︾ ᠵᠡᠷᠭᠡ 10 ᠵᠦᠢᠯ ᠤᠨ ᠲᠤᠰᠬᠠᠢ ᠠᠰᠢᠭ ᠮᠥᠩᠭᠦᠨ ᠱᠠᠩᠨᠠᠯ ᠬᠦᠷᠲᠡᠵᠦ᠂ | ︽ᠠᠭᠤᠰᠤᠮᠠᠬᠠᠢ ᠴᠠᠪᠠᠤᠯᠢᠭ ᠤᠭᠤᠷᠠᠭ ᠢ ᠦᠢᠯᠡᠳᠬᠦ ᠠᠷᠭ᠎ᠠ︾ ᠵᠡᠷᠭᠡ 20 ᠵᠦᠢᠯ ᠤᠨ ᠲᠤᠰᠬᠠᠢ ᠠᠰᠢᠭ ᠰᠢᠯᠢᠳᠡᠭ | ᠱᠠᠩᠨᠠᠯ ᠭᠦᠷᠳᠡᠪᠡ᠃ | | | ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠪᠣᠯ ᠮᠠᠨ ᠤ ᠣᠷᠣᠨ ᠤ ᠮᠡᠳᠡᠯᠭᠡ ᠶᠢᠨ | ᠦᠮᠴᠢᠯᠡᠯ ᠤᠨ ᠡᠷᠬᠡ ᠶᠢᠨ ᠬᠦᠷᠢᠶᠡᠨ ᠳᠠᠬᠢ ᠬᠠᠮᠤᠭ ᠤᠨ ᠳᠡᠭᠡᠳᠦ ᠳᠡᠰ ᠤᠨ ᠱᠠᠩᠨᠠᠯ ᠤᠨ ᠵᠦᠢᠯ ᠮᠥᠨ᠃ ᠲᠤᠰ | ᠱᠠᠩᠨᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠦᠮᠴᠢᠯᠡᠯ ᠤᠨ | ᠡᠷᠬᠡ ᠶᠢᠨ ᠲᠣᠪᠴᠢᠶ᠎ᠠ︶ ᠠᠴᠠ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠲᠤᠰᠬᠠᠢ ᠠᠰᠢᠭ ᠤᠨ ᠬᠡᠷᠡᠭᠵᠢᠭᠦᠯᠦᠯᠲᠡ ᠬᠢᠭᠡᠳ ᠠᠵᠤ ᠦᠢᠯᠡᠰᠵᠢᠯᠲᠡ ᠶᠢᠨ ᠠᠵᠤ ᠠᠬᠤᠢ ᠶᠢᠨ ᠦᠷ᠎ᠡ | ᠠᠰᠢᠭ ᠰᠠᠶᠢᠨ᠂ ᠨᠡᠶᠢᠭᠡᠮ ᠤᠨ ᠦᠷ᠎ᠡ ᠠᠰᠢᠭ ᠥᠨᠳᠥᠷ᠂ ᠬᠥᠭᠵᠢᠯᠲᠡ ᠶᠢᠨ ᠢᠷᠡᠭᠡᠳᠦᠢ ᠰᠠᠷᠠᠭᠤᠯᠬᠠᠨ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠤᠷᠮᠠᠰᠢᠭᠤᠯᠬᠤ ᠶᠢ ᠵᠣᠷᠢᠵᠠᠢ᠃ ᠠᠩᠬᠠᠳᠤᠭᠠᠷ ᠬᠤᠭᠤᠴᠠᠭᠠᠨ ᠤ | ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠰᠢᠯᠭᠠᠷᠠᠭᠤᠯᠬᠤ ᠠᠵᠢᠯᠯᠠᠭ᠎ᠠ 2023 ᠣᠨ ᠤ 7 | ᠰᠠᠷ᠎ᠠ ᠠᠴᠠ ᠡᠬᠢᠯᠡᠭᠰᠡᠨ ᠠᠴᠠ ᠨᠠᠭᠠᠰᠢ᠂ ᠲᠤᠰᠬᠠᠢ ᠠᠰᠢᠭ ᠤᠨ ᠲᠥᠷᠥᠯ ᠵᠦᠢᠯ ᠢ ᠨᠡᠶᠢᠲᠡ 206 ᠬᠤᠪᠢ ᠡᠯᠰᠡᠵᠦ᠂ | ᠮᠠᠲ᠋ᠧᠷᠢᠶᠠᠯ ᠢ ᠬᠢᠨᠠᠨ ᠲᠣᠭᠲᠠᠭᠠᠬᠤ᠂ ᠲᠤᠰᠬᠠᠢ ᠮᠡᠷᠭᠡᠵᠢᠯᠲᠡᠨ ᠬᠤᠪᠢ ᠲᠣᠭᠲᠠᠭᠠᠬᠤ᠂ ᠲᠤᠬᠠᠢ ᠶᠢᠨ ᠲᠠᠯᠠᠪᠤᠷ ᠲᠤ ᠨᠣᠮ | ᠬᠠᠶᠠᠯᠴᠠᠵᠤ ᠬᠢᠨᠠᠨ ᠲᠣᠭᠲᠠᠭᠠᠬᠤ ᠵᠡᠷᠭᠡ ᠴᠢᠩᠭ᠎ᠠ ᠨᠢᠮᠪᠠᠢ ᠰᠢᠯᠢᠨ ᠰᠣᠩᠭᠤᠬᠤ ᠶᠠᠪᠤᠴᠠ ᠪᠠᠷ ᠳᠡᠮᠵᠢᠨ᠂ | ᠡᠴᠦᠰ ᠲᠡᠭᠡᠨ 35 ᠵᠦᠢᠯ ᠤᠨ ᠱᠠᠩᠨᠠᠯ ᠣᠯᠣᠭᠰᠠᠨ ᠲᠤᠰᠬᠠᠢ ᠠᠰᠢᠭ ᠢ ᠰᠢᠯᠭᠠᠷᠠᠭᠤᠯᠤᠨ ᠭᠠᠷᠭᠠᠪᠠ᠃ ᠡᠲᠡᠭᠡᠷ | ᠲᠤᠰᠬᠠᠢ ᠠᠰᠢᠭ ᠨᠢ ᠰᠢᠨ᠎ᠡ ᠡᠨᠧᠷᠭᠢ᠂ ᠰᠢᠨ᠎ᠡ ᠭᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠴᠠᠭᠠᠨ ᠢᠳᠡᠭᠡᠨ᠂ | ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ᠂ ᠲᠠᠷᠢᠶᠠᠯᠠᠩ ᠤᠨ ᠮᠠᠰᠢᠨ ᠮᠧᠬᠠᠨᠢᠭ᠂ ᠪᠣᠬᠢᠷᠳᠤᠯ ᠦᠭᠡᠢ | ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠮᠠᠨ ᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶ᠎ᠡ ᠶᠢ | ᠬᠠᠮᠤᠷᠪᠠ᠃ | | | ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠱᠠᠩᠨᠠᠯ ᠨᠢ ᠮᠠᠨ ᠤ ᠣᠷᠣᠨ ᠤ ᠲᠤᠰᠬᠠᠢ ᠠᠰᠢᠭ ᠢ | ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠶᠢᠨ | ᠢᠨᠵᠧᠨᠧᠷᠢᠩ ᠢ ᠪᠣᠳᠠᠲᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠳᠤ ᠬᠦᠴᠦᠨ ᠨᠡᠮᠡᠷᠢᠯᠡᠵᠦ᠂ ᠮᠡᠳᠡᠯᠭᠡ ᠶᠢᠨ | ᠦᠮᠴᠢᠯᠡᠯ ᠤᠨ ᠡᠷᠬᠡ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠥᠨᠳᠥᠷ ᠥᠷᠲᠡᠭ ᠲᠠᠢ ᠭᠤᠣᠯᠯᠠᠬᠤ | ᠲᠤᠰᠬᠠᠢ ᠠᠰᠢᠭ ᠢ ᠪᠣᠶᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠶᠢ ᠤᠷᠮᠠᠰᠢᠭᠤᠯᠬᠤ ᠳᠤ ᠴᠥᠮ ᠴᠢᠬᠤᠯᠠ ᠬᠥᠲᠥᠯᠥᠨ ᠳᠠᠭᠠᠭᠤᠯᠬᠤ ᠦᠢᠯᠡᠳᠦᠯ ᠲᠠᠢ ᠶᠤᠮ᠃ | ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠮᠡᠳᠡᠯᠭᠡ ᠶᠢᠨ ᠦᠮᠴᠢᠯᠡᠯ ᠤᠨ ᠡᠷᠬᠡ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢᠨ ᠵᠣᠬᠢᠴᠠᠯᠳᠤᠨ ᠬᠥᠭᠵᠢᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠤ ᠲᠤᠰᠬᠠᠢ ᠠᠰᠢᠭ ᠤᠨ ᠱᠠᠩᠨᠠᠯ ᠢᠶᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ | ᠤᠷᠮᠠᠰᠢᠭᠤᠯᠬᠤ ᠳᠦᠷᠢᠮ ᠤᠨ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰᠬᠠᠢ ᠠᠰᠢᠭ ᠢ | ᠣᠨᠳᠣᠣᠰᠢᠭᠤᠯᠤᠨ ᠬᠡᠷᠡᠭᠯᠡᠬᠦ ᠵᠠᠩᠭᠢᠯᠠᠭ᠎ᠠ ᠶᠢᠨ ᠲᠦᠭᠵᠢᠷᠡᠯ ᠤᠨ ᠠᠰᠠᠭᠤᠳᠠᠯ ᠢ ᠬᠦᠴᠦᠯᠡᠨ ᠨᠠᠪᠲᠠᠷᠡᠭᠦᠯᠵᠦ᠂ ᠨᠢᠭᠡ | ᠪᠦᠯᠦᠭ ᠥᠨᠳᠥᠷ ᠥᠷᠲᠡᠭ ᠲᠠᠢ ᠡᠭᠦᠳᠦᠯᠲᠡ ᠶᠢᠨ ᠲᠤᠰᠬᠠᠢ ᠠᠰᠢᠭ ᠢ ᠪᠣᠶᠢᠵᠢᠭᠤᠯᠤᠨ᠂ ᠮᠡᠳᠡᠯᠭᠡ ᠶᠢᠨ | ᠦᠮᠴᠢᠯᠡᠯ ᠤᠨ ᠡᠷᠬᠡ ᠶᠢᠨ ᠬᠡᠯᠬᠢᠶ᠎ᠡ ᠶᠢ ᠬᠦᠴᠦᠷᠬᠡᠭᠵᠢᠭᠦᠯᠦᠨ ᠬᠠᠮᠠᠭᠠᠯᠠᠬᠤ ᠲᠦᠪᠰᠢᠨ ᠢ ᠪᠦᠭᠦ ᠲᠠᠯ᠎ᠠ ᠪᠠᠷ | ᠳᠡᠭᠡᠭᠰᠢᠯᠡᠭᠦᠯᠦᠨ᠎ᠡ᠃ |