| | ᠨᠢᠭᠡ᠂ ᠭᠤᠣᠯ ᠡᠭᠦᠷᠭᠡ ᠬᠠᠷᠢᠭᠤᠴᠠᠯᠭ᠎ᠠ᠄ | | ︵ᠨᠢᠭᠡ︶ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠪᠦᠬᠦ ᠬᠤᠲᠠ ᠶᠢᠨ ᠰᠢᠨ᠎ᠡ ᠮᠠᠶᠢᠭ ᠤᠨ ᠠᠵᠤ | ᠦᠢᠯᠡᠳᠪᠦᠷᠢᠵᠢᠭᠦᠯᠦᠯᠲᠡ ᠶᠢ ᠬᠥᠭᠵᠢᠭᠦᠯᠬᠦ ᠲᠤᠬᠠᠢ ᠪᠠᠶᠢᠯᠳᠤᠬᠤ ᠪᠣᠳᠣᠯᠭ᠎ᠠ ᠪᠣᠯᠣᠨ ᠲᠥᠷᠥ ᠶᠢᠨ ᠪᠣᠳᠣᠯᠭ᠎ᠠ ᠶᠢ | ᠲᠤᠤᠱᠯᠠᠭᠤᠯᠵᠤ᠂ ᠪᠦᠬᠦ ᠲᠣᠭᠤᠷᠢᠭ ᠤᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ | ᠲᠥᠯᠦᠪᠵᠢᠭᠦᠯᠭᠡ ᠶᠢ ᠲᠤᠭᠤᠷᠪᠢᠵᠤ᠂ ᠰᠢᠨ᠎ᠡ ᠮᠠᠶᠢᠭ ᠤᠨ ᠠᠵᠤ ᠦᠢᠯᠡᠳᠪᠦᠷᠢᠵᠢᠯᠲᠡ ᠶᠢᠨ ᠶᠠᠪᠤᠴᠠ ᠳᠠᠬᠢ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠠᠵᠤ ᠦᠢᠯᠡᠰ ᠤᠨ | ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠬᠢᠬᠦ ᠪᠠ ᠰᠢᠯᠢᠳᠡᠭᠵᠢᠭᠦᠯᠦᠨ ᠳᠡᠰ | ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ | | ︵ᠬᠤᠶᠠᠷ︶ᠪᠦᠬᠦ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ | ᠬᠢᠨᠠᠨ ᠰᠢᠨᠵᠢᠵᠦ ᠵᠠᠳᠠᠯᠤᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠵᠦ᠂ ᠲᠥᠰᠥᠭᠡᠯᠡᠵᠦ ᠰᠡᠷᠡᠮᠵᠢᠯᠡᠭᠦᠯᠬᠦ ᠪᠠ | ᠮᠡᠳᠡᠭᠡ ᠵᠠᠩᠭᠢ ᠶᠢ ᠬᠥᠲᠥᠯᠥᠨ ᠵᠢᠯᠤᠭᠤᠳᠴᠤ᠂ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ | ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠨᠡᠭᠦᠷᠡᠰᠦ ᠴᠠᠬᠢᠯᠭᠠᠨ ᠲᠣᠰᠣ | ᠲᠡᠭᠡᠭᠡᠪᠦᠷᠢ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠴᠠᠬᠢᠯᠭᠠᠨ ᠭᠠᠷᠭᠠᠬᠤ ᠠᠵᠤ | ᠠᠬᠤᠶᠢᠯᠠᠯ ᠤᠨ ᠣᠨ ᠤ ᠴᠠᠬᠢᠯᠭᠠᠨ ᠭᠠᠷᠭᠠᠬᠤ ᠬᠡᠮᠵᠢᠶ᠎ᠡ ᠶᠢ ᠵᠢᠱᠢᠭᠰᠡᠨ ᠲᠣᠬᠢᠷᠠᠭᠤᠯᠭ᠎ᠠ ᠡᠵᠡᠮᠳᠡᠯ ᠤᠨ ᠬᠠᠷᠠᠯᠲᠠ᠂ | ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠵᠢᠴᠢ ᠣᠨ ᠤ ᠬᠡᠷᠡᠭᠵᠢᠭᠦᠯᠬᠦ | ᠲᠥᠯᠥᠪᠯᠡᠭᠡ ᠶᠢ ᠰᠤᠳᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ | | ︵ᠭᠤᠷᠪᠠ︶ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ ᠢ ᠬᠠᠷᠢᠭᠤᠴᠠᠨ ᠳᠤᠷᠠᠳᠤᠨ᠎ᠠ᠃ ᠭᠤᠣᠯᠳᠠᠯᠭ᠎ᠠ ᠲᠠᠢ ᠣᠷᠣᠨ ᠪᠦᠰᠡ᠂ | ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ | ᠵᠢᠯᠣᠭᠤᠳᠤᠨ᠎ᠠ᠃ | | ︵ᠳᠥᠷᠪᠡ︶ᠪᠦᠬᠦ ᠲᠣᠭᠤᠷᠢᠭ ᠤᠨ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ | ᠶᠡᠷᠦᠩᠬᠡᠢ ᠲᠥᠯᠦᠪᠵᠢᠭᠦᠯᠭᠡ ᠪᠣᠯᠣᠨ ᠠᠵᠤ ᠦᠢᠯᠡᠰ ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠦᠨᠳᠦᠰᠦᠯᠡᠨ᠂ | ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠪᠣᠯᠣᠨ ᠠᠵᠤ ᠦᠢᠯᠡᠳᠪᠦᠷᠢ ᠶᠢᠨ ᠠᠵᠤ | ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ | ᠭᠤᠣᠯᠳᠠᠯᠭ᠎ᠠ ᠲᠠᠢ ᠠᠵᠢᠯ ᠲᠥᠷᠥᠯ ᠤᠨ ᠵᠥᠪᠰᠢᠶᠡᠷᠡᠨ ᠣᠷᠣᠭᠤᠯᠬᠤ ᠳᠦᠷᠢᠮ ᠢ ᠬᠡᠷᠡᠭᠵᠢᠭᠦᠯᠵᠦ᠂ ᠠᠵᠤ | ᠦᠢᠯᠡᠳᠪᠦᠷᠢ ᠶᠢᠨ ᠪᠠᠶᠢᠷᠢᠰᠢᠭᠤᠯᠤᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ | ᠦᠢᠯᠡᠳᠪᠦᠷᠢ ᠶᠢᠨ ᠬᠦᠷᠢᠶ᠎ᠡ ᠴᠠᠷᠠᠭ᠎ᠠ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ | ᠲᠣᠭᠤᠷᠢᠭ ᠤᠨ ᠳᠠᠪᠤᠰᠤᠨ ᠤ ᠦᠢᠯᠡᠰ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ ᠳᠥᠷᠦᠯ ᠤᠨ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ ᠪᠦᠬᠦ | ᠲᠣᠭᠤᠷᠢᠭ ᠤᠨᠠᠷᠠᠳ ᠤᠨ ᠬᠡᠷᠡᠭᠴᠡᠭᠡᠨ ᠤ ᠳᠡᠯᠪᠡᠷᠡᠬᠦ ᠡᠳ᠋ ᠪᠣᠳᠠᠰ ᠤᠨ ᠠᠶᠤᠯ ᠦᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | | ︵ᠲᠠᠪᠤ︶ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠵᠢᠴᠢ ᠠᠷᠠᠯᠵᠢᠶ᠎ᠠ ᠬᠤᠳᠠᠯᠳᠤᠭᠠᠨ ᠤ | ᠭᠦᠢᠯᠭᠡᠭᠡᠨ ᠤ ᠲᠥᠷᠥᠯ ᠤᠨ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ | ᠰᠠᠶᠢᠲᠤᠷ ᠠᠳᠬᠤᠵᠤ᠂ ᠪᠣᠳᠠᠲᠠᠶᠢᠵᠢᠭᠤᠯᠤᠭᠰᠠᠨ ᠲᠥᠷᠥᠯ ᠵᠦᠢᠯ ᠳᠤ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ | ᠭᠠᠷᠳᠠᠮ ᠢ ᠭᠦᠢᠴᠡᠳᠬᠡᠬᠦ ᠶᠢ ᠵᠣᠬᠢᠴᠠᠭᠤᠯᠤᠨ ᠠᠬᠢᠭᠤᠯᠤᠨ᠎ᠠ᠃ | | ︵ᠵᠢᠷᠭᠤᠭ᠎ᠠ︶ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠵᠢᠯᠣᠭᠤᠳᠤᠨ᠎ᠠ᠃ ᠳᠡᠭᠡᠳᠦ | ᠱᠠᠲᠤᠨ ᠤ ᠰᠠᠯᠠᠭ᠎ᠠ ᠮᠥᠴᠢᠷ ᠤᠨ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ᠂ ᠰᠠᠶᠢᠨ ᠳᠤᠷ᠎ᠠ ᠶᠢᠨ ᠬᠡᠯᠪᠡᠷᠢ ᠶᠢᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠥᠷᠥ ᠶᠢᠨ | ᠪᠣᠳᠣᠯᠭ᠎ᠠ ᠵᠢᠴᠢ ᠲᠥᠯᠦᠪᠵᠢᠭᠦᠯᠭᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ | ᠵᠦᠢᠯ ᠪᠠ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠢᠢᠨ ᠡᠨᠧᠷᠬ | ᠠᠷᠪᠢᠯᠠᠭ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | | ︵ᠳᠤᠯᠤᠭ᠎ᠠ︶ᠠᠵᠤ ᠦᠢᠯᠡᠳᠪᠦᠷᠢ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ | ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ | ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ | ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃ ᠬᠤᠯᠪᠣᠭᠳᠠᠯ ᠪᠦᠬᠦᠢ ᠤᠯᠤᠰ᠂ ᠥᠪᠡᠷᠲᠡᠭᠡᠨ ᠵᠠᠰᠠᠬᠤ ᠣᠷᠣᠨ | ᠪᠣᠯᠣᠨ ᠬᠥᠬᠡᠬᠤᠲᠠ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠭᠤᠯᠤᠯᠲᠠ ᠶᠢᠨ ᠠᠵᠤ ᠦᠢᠯᠡᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠳᠤ ᠣᠷᠣᠯᠴᠠᠵᠤ᠂ ᠬᠠᠮᠢᠶ᠎ᠠ ᠪᠦᠬᠦᠢ ᠰᠢᠨᠵᠢᠯᠡᠬᠦ | ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠤᠨ ᠠᠵᠤ ᠦᠢᠯᠡᠰᠴᠢᠯᠡᠬᠦ ᠶᠢ ᠲᠦᠯᠬᠢᠨ ᠠᠬᠢᠭᠤᠯᠤᠨ᠎ᠠ᠃ ᠠᠵᠤ | ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭᠲᠦ ᠶᠢ | ᠪᠣᠶᠢᠵᠢᠭᠤᠯᠬᠤ ᠶᠢ ᠵᠢᠯᠣᠭᠤᠳᠤᠨ᠎ᠠ᠃ | | ︵ᠨᠠᠢᠮᠠ︶ᠲᠣᠨᠤᠭ ᠲᠥᠬᠦᠭᠡᠷᠦᠮᠵᠢ ᠶᠢᠨ ᠦᠢᠯᠡᠳᠬᠡᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠬᠥᠭᠵᠢᠯᠲᠡ ᠪᠠ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠤᠯᠤᠰ᠂ | ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠢ ᠵᠦᠢᠯ ᠤᠨ ᠬᠡᠷᠡᠭᠵᠢᠭᠦᠯᠦᠯᠲᠡ ᠶᠢ | ᠵᠣᠬᠢᠴᠠᠭᠤᠯᠵᠤ᠂ ᠮᠡᠷᠭᠡᠵᠢᠯ ᠲᠣᠨᠣᠭᠯᠠᠯ ᠢ ᠤᠯᠤᠰ ᠤᠨ ᠠᠵᠤ ᠦᠢᠯᠡᠰᠵᠢᠭᠦᠯᠬᠦ ᠶᠢ ᠲᠦᠯᠬᠢᠨ ᠠᠬᠢᠭᠤᠯᠵᠤ᠂ ᠮᠡᠷᠭᠡᠵᠢᠯ | ᠲᠣᠨᠣᠭᠯᠠᠯ ᠢ ᠣᠷᠣᠭᠤᠯᠤᠨ ᠠᠪᠴᠢᠷᠠᠬᠤ ᠶᠢ ᠵᠢᠯᠣᠭᠤᠳᠤᠨ ᠰᠢᠨ᠎ᠡ ᠶᠢ ᠡᠭᠦᠳᠴᠦ᠂ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠪᠥᠬᠦ ᠲᠣᠭᠤᠷᠢᠭ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ | ᠦᠢᠯᠡᠰ ᠤᠨ ᠬᠥᠭᠵᠢᠯᠲᠡ ᠪᠠ ᠳᠡᠯᠭᠡᠷᠡᠭᠦᠯᠦᠨ ᠬᠡᠷᠡᠭᠯᠡᠬᠦ ᠶᠢ ᠬᠠᠷᠢᠭᠤᠴᠠᠨ᠎ᠠ᠃ | | | ︵ᠶᠢᠰᠦ︶ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃ | ᠮᠡᠳᠡᠭᠡ ᠵᠠᠩᠭᠢᠵᠢᠯᠲᠠ ᠪᠠ ᠠᠵᠤ ᠦᠢᠯᠡᠳ᠋ᠪᠦᠷᠢᠵᠢᠯᠲᠡ ᠶᠢᠨ ᠨᠡᠶᠢᠯᠡᠯ ᠬᠥᠭᠵᠢᠯᠲᠡ ᠶᠢ ᠠᠬᠢᠭᠤᠯᠤᠨ᠎ᠠ᠃ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠤᠨᠤᠭ ᠤᠨ ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠶ᠋ᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ | ᠲᠣᠣᠷ ᠰᠦ᠋ᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠣᠪᠰᠢᠨ ᠢ ᠬᠠᠷᠢᠭᠤᠴᠠᠨ᠋ᠠ᠃ ᠴᠢᠮᠡᠭᠡ ᠬᠤᠯᠪᠣᠭᠠᠨ ᠤ | ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ | | ︵ᠠᠷᠪᠠ︶ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ | ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠬᠤᠷᠸ᠎ᠠ ᠵᠢᠯᠣᠭᠤᠳᠤᠯᠭ᠎ᠠ ᠶᠢ ᠬᠠᠷᠢᠭᠤᠴᠠᠨ᠎ᠠ᠃ ᠳᠤᠮᠳᠠ | ᠵᠢᠵᠢᠭ ᠠᠵᠤ ᠠᠬᠤᠶᠢᠯᠠᠯ ᠪᠣᠯᠣᠨ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠣᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠢ᠃ | | ︵ᠠᠷᠪᠠᠨ ᠨᠢᠭᠡ︶ ᠴᠡᠷᠢᠭ ᠠᠷᠠᠳ ᠤᠨ ᠬᠤᠶᠠᠷ ᠬᠡᠷᠡᠭᠴᠡᠭᠡᠲᠦ ᠮᠡᠷᠭᠡᠵᠢᠯ ᠢ ᠬᠤᠣᠰ ᠴᠢᠭᠯᠡᠯ ᠢᠶᠠᠷ | ᠰᠢᠯᠵᠢᠭᠦᠯᠬᠦ᠂ ᠴᠡᠷᠢᠭ ᠠᠷᠠᠳ ᠤᠨ ᠨᠡᠶᠢᠳᠡᠮ ᠬᠡᠷᠡᠭᠯᠡᠬᠦ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠵᠡᠷᠭᠡ | ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠤᠨ ᠬᠥᠭᠵᠢᠭᠦᠯᠬᠦ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠨ᠎ᠠ᠃ | ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠤᠶᠠᠯᠳᠤᠭᠤᠯᠤᠭᠰᠠᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠲᠦᠯᠬᠢᠨ ᠠᠬᠢᠭᠤᠯᠤᠨ᠎ᠠ᠃ | | ︵ᠠᠷᠪᠠᠨ ᠬᠤᠶᠠᠷ︶ᠪᠦᠬᠦ ᠲᠣᠭᠤᠷᠢᠭ ᠤᠨ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠪᠦᠲᠦᠴᠡ ᠶᠢᠨ | ᠲᠣᠬᠢᠷᠠᠭᠤᠯᠤᠯᠲᠠ ᠵᠡᠷᠭᠡ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ | ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠨᠡᠭᠦᠷᠡᠰᠦᠨ ᠤ ᠠᠵᠢᠯ ᠲᠥᠷᠥᠯ ᠢ | ᠪᠦᠷᠢᠳᠬᠡᠨ ᠵᠠᠳᠠᠯᠬᠤ᠂ ᠠᠵᠢᠯᠯᠠᠭᠠᠨ ᠢ ᠬᠢᠨᠠᠨ ᠬᠡᠮᠵᠢᠬᠦ ᠵᠡᠷᠭᠡ ᠠᠵᠢᠯ ᠢ ᠬᠠᠷᠢᠭᠤᠴᠠᠨ᠎ᠠ᠃ ᠨᠡᠭᠦᠷᠡᠰᠦᠨ ᠠᠭᠤᠷᠬᠠᠢ ᠶᠢᠨ | ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠡᠮᠬᠢ ᠳᠢᠭᠯᠢᠮ ᠵᠢᠴᠢ ᠮᠠᠯᠲᠠᠵᠤ ᠬᠥᠨᠳᠡᠶᠢᠷᠡᠭᠦᠯᠦᠭᠰᠡᠨ ᠣᠷᠣᠨ᠂ | ᠭᠠᠯ ᠨᠣᠴᠣᠭᠰᠠᠨ ᠣᠷᠣᠨ ᠪᠣᠯᠣᠨ ᠳᠣᠷᠣᠭᠰᠢ ᠰᠠᠭᠤᠭᠰᠠᠨ ᠣᠷᠣᠨ ᠵᠡᠷᠭᠡ ᠭᠠᠮᠰᠢᠭ ᠢ ᠶᠡᠷᠦᠩᠬᠡᠶᠢᠯᠡᠨ ᠵᠠᠰᠠᠬᠤ | ᠠᠵᠢᠯ ᠢ ᠬᠠᠷᠢᠭᠤᠴᠠᠨ᠎ᠠ᠃ ᠨᠡᠭᠦᠷᠡᠰᠦᠨ ᠤ ᠦᠢᠯᠡᠳᠪᠦᠷᠢᠯᠡᠯ ᠲᠡᠭᠡᠭᠡᠪᠦᠷᠢ ᠶᠢᠨ ᠬᠡᠷᠡᠭᠴᠡᠭᠡ ᠶᠢ ᠵᠣᠯᠭᠠᠭᠤᠯᠬᠤ ᠶᠢ | ᠬᠠᠷᠢᠭᠤᠴᠠᠵᠤ᠂ ᠨᠡᠭᠦᠷᠡᠰᠦᠨ ᠤ ᠬᠠᠩᠭᠠᠯᠭ᠎ᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ ᠨᠡᠭᠦᠷᠡᠰᠦᠨ ᠤ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ | ᠦᠷ᠎ᠡ ᠪᠦᠲᠦᠭᠡᠯ ᠵᠢᠴᠢ ᠲᠡᠷᠢᠭᠦᠨ ᠤ ᠮᠡᠷᠭᠡᠵᠢᠯ᠂ ᠭᠠᠷ ᠤᠷᠠᠯᠠᠯ᠂ ᠲᠣᠨᠤᠭ ᠲᠥᠬᠦᠭᠡᠷᠦᠮᠵᠢ ᠶᠢ ᠳᠡᠯᠭᠡᠷᠡᠭᠦᠯᠦᠨ | ᠬᠡᠷᠡᠭᠯᠡᠬᠦ ᠶᠢ ᠬᠠᠷᠢᠭᠤᠴᠠᠨ᠎ᠠ᠃ | | ︵ᠠᠷᠪᠠᠨ ᠭᠤᠷᠪᠠ︶ᠪᠦᠬᠦ ᠲᠣᠭᠤᠷᠢᠭ ᠤᠨᠴᠠᠬᠢᠯᠭᠠᠨ ᠬᠦᠴᠦᠨ ᠤ ᠠᠵᠢᠯ ᠲᠥᠷᠥᠯ ᠤᠨ ᠬᠠᠮᠢᠶᠠᠷᠤᠯᠲᠠ᠂ | ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ | ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ | ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠵᠦ᠃ ᠠᠵᠤ ᠦᠢᠯᠡᠳᠪᠦᠷᠢ ᠶᠢᠨ ᠴᠠᠬᠢᠯᠭᠠᠨ ᠬᠦᠴᠦᠨ ᠤ ᠬᠡᠷᠡᠭᠴᠡᠭᠡ ᠶᠢᠨ | ᠲᠠᠯ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ | ᠠᠶᠤᠯᠭᠦᠢ ᠪᠠ ᠴᠠᠬᠢᠯᠭᠠᠨ ᠬᠦᠴᠦᠨ ᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠴᠠᠬᠢᠯᠭᠠᠨ | ᠬᠦᠴᠦᠨ ᠤ ᠪᠡᠯᠡᠳᠬᠡᠮᠵᠢ ᠶᠢᠨ ᠬᠠᠮᠠᠭᠠᠯᠠᠯᠲᠠ ᠪᠣᠯᠣᠨ ᠴᠠᠬᠢᠯᠭᠠᠨ ᠬᠦᠴᠦᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠴᠠᠬᠢᠯᠭᠠᠨ ᠬᠦᠴᠦᠨ ᠤ ᠬᠠᠤᠯᠢ ᠴᠠᠭᠠᠵᠠ ᠬᠠᠤᠯᠢ | ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠴᠠᠬᠢᠯᠭᠠᠨ ᠬᠦᠴᠦᠨ ᠤ ᠰᠢᠰᠲ᠋ᠧᠮ ᠤᠨ | ᠠᠵᠢᠯᠯᠠᠭᠠᠨ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠴᠠᠬᠢᠯᠭᠠᠨ ᠬᠦᠴᠦᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | | ︵ᠠᠷᠪᠠᠨ ᠳᠥᠷᠪᠡᠳᠦᠭᠡᠷ︶ᠪᠦᠬᠦ ᠲᠣᠭᠤᠷᠢᠭ ᠤᠨᠨᠡᠭᠦᠷᠡᠰᠦᠨ ᠠᠭᠤᠷᠬᠠᠢ ᠶᠢᠨ ᠠᠵᠢᠯ ᠲᠥᠷᠥᠯ ᠤᠨ ᠠᠶᠤᠯ | ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠣᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ | ᠬᠠᠷᠢᠭᠤᠴᠠᠵᠤ᠂ ᠠᠶᠤᠯ ᠦᠭᠡᠢ ᠦᠢᠯᠡᠳᠪᠦᠷᠢᠯᠡᠯ ᠤᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠨ᠎ᠠ᠃ ᠨᠡᠭᠦᠷᠡᠰᠦᠨ | ᠠᠭᠤᠷᠬᠠᠢ᠂ ᠴᠠᠬᠢᠯᠭᠠᠨ ᠬᠦᠴᠦᠨ ᠬᠢᠭᠡᠳ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠪᠠᠶᠢᠴᠠᠭᠠᠨ᠎ᠠ᠃ ᠨᠡᠭᠦᠷᠡᠰᠦᠨ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠵᠢᠴᠢ ᠪᠣᠯᠪᠠᠰᠤᠷᠠᠭᠤᠯᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | | ︵ᠠᠷᠪᠠᠨ ᠲᠠᠪᠤ︶ᠪᠦᠬᠦ ᠲᠣᠭᠤᠷᠢᠭ ᠤᠨ ᠰᠢᠨ᠎ᠡ ᠡᠨᠧᠷᠭᠢ ᠪᠣᠯᠣᠨ ᠳᠠᠬᠢᠨ ᠡᠭᠦᠰᠴᠦ ᠪᠣᠯᠬᠤ ᠡᠨᠧᠷᠭᠢ ᠶᠢᠨ | ᠦᠢᠯᠡᠳᠪᠦᠷᠢᠯᠡᠯ ᠤᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠦᠬᠦ ᠲᠣᠭᠤᠷᠢᠭ ᠤᠨ ᠰᠢᠨ᠎ᠡ | ᠡᠨᠧᠷᠭᠢ ᠪᠣᠯᠣᠨ ᠳᠠᠬᠢᠨ ᠡᠭᠦᠰᠴᠦ ᠪᠣᠯᠬᠤ ᠡᠨᠧᠷᠭᠢ ᠶᠢ ᠪᠦᠷᠢᠳᠬᠡᠨ ᠲᠣᠬᠢᠷᠠᠭᠤᠯᠬᠤ᠂ ᠲᠥᠰᠥᠭᠡᠯᠡᠵᠦ ᠰᠡᠷᠡᠮᠵᠢᠯᠡᠭᠦᠯᠬᠦ᠂ | ᠪᠠᠶᠢᠳᠠᠯ ᠤᠨ ᠵᠠᠳᠠᠯᠤᠯᠲᠠ᠂ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯ ᠢ ᠬᠠᠷᠢᠭᠤᠴᠠᠨ᠎ᠠ᠃ | | ︵ᠠᠷᠪᠠᠨ ᠵᠢᠷᠭᠤᠭ᠎ᠠ︶ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ | ᠤᠯᠤᠰ ᠤᠨ ᠳᠣᠲᠣᠭᠠᠳᠤ ᠶᠢᠨ ᠠᠷᠠᠯᠵᠢᠶᠠᠨ ᠤ ᠭᠦᠢᠯᠭᠡᠭᠡ᠂ ᠭᠠᠳᠠᠭᠠᠳᠤ ᠠᠷᠠᠯᠵᠢᠶ᠎ᠠ᠂ ᠣᠯᠠᠨ ᠤᠯᠤᠰ ᠤᠨ ᠠᠵᠤ | ᠠᠬᠤᠢ ᠶᠢᠨ ᠬᠠᠮᠵᠢᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠠᠵᠢᠯ ᠤᠨ | ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ | ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠵᠤ᠂ ᠬᠤᠳᠠᠯᠳᠤᠭᠠᠨ ᠤ ᠶᠠᠪᠤᠳᠠᠯ ᠤᠨ | ᠬᠤᠯᠪᠣᠭᠳᠠᠯ ᠪᠦᠬᠦᠢ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | | ︵ᠠᠷᠪᠠᠨ ᠳᠣᠯᠤᠭ᠎ᠠ︶ ᠭᠦᠢᠯᠭᠡᠭᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ | ᠬᠠᠷᠢᠭᠤᠴᠠᠨ ᠠᠬᠢᠭᠤᠯᠵᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠪᠠ ᠨᠡᠶᠢᠭᠡᠮ ᠲᠣᠭᠤᠷᠢᠭ ᠤᠨ | ᠬᠤᠳᠠᠯᠳᠤᠭᠠᠨ ᠤ ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ ᠠᠷᠠᠯᠵᠢᠶ᠎ᠠ ᠬᠤᠳᠠᠯᠳᠤᠭᠠᠨ ᠤ ᠠᠵᠤ | ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠨᠠᠶᠢᠳᠠᠪᠤᠷᠢᠵᠢᠭᠤᠯᠬᠤ | ᠪᠤᠶᠤ ᠳᠤᠷᠠᠳᠴᠤ᠂ ᠭᠦᠢᠯᠭᠡᠭᠡᠨ ᠤ ᠪᠠᠷᠢᠮᠵᠢᠶᠠᠵᠢᠯᠲᠠ ᠪᠠ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ | ᠵᠥᠪᠰᠢᠶᠡᠷᠡᠯ ᠤᠨ ᠡᠵᠡᠩᠨᠡᠯᠲᠡ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠡᠯᠧᠺᠲᠷᠣᠨ | ᠬᠤᠳᠠᠯᠳᠤᠭᠠᠨ ᠤ ᠶᠠᠪᠤᠳᠠᠯ ᠵᠡᠷᠭᠡ ᠣᠲᠣ ᠦᠶ᠎ᠡ ᠶᠢᠨ ᠭᠦᠢᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ | ᠠᠬᠢᠭᠤᠯᠤᠨ᠎ᠠ᠃ | | ︵ᠠᠷᠪᠠᠨ ᠨᠠᠶᠢᠮᠠ︶ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠤᠯᠪᠣᠭᠳᠠᠯ ᠪᠦᠬᠦᠢ | ᠠᠷᠭ᠎ᠠ ᠬᠡᠮᠵᠢᠶ᠎ᠡ ᠪᠠ ᠠᠷᠭ᠎ᠠ ᠶᠢ ᠰᠤᠳᠤᠯᠤᠨ ᠳᠤᠷᠠᠳᠬᠤ ᠪᠤᠶᠤ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠵᠠᠬ᠎ᠠ | ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠶᠡᠭᠡ ᠬᠡᠮᠵᠢᠶᠡᠨ ᠤ ᠦᠢᠯᠡᠳᠬᠦᠨ ᠤ ᠪᠥᠭᠡᠮ ᠢᠶᠠᠷ ᠬᠤᠳᠠᠯᠳᠤᠬᠤ | ᠵᠠᠬ᠎ᠠ ᠳᠡᠯᠭᠡᠭᠦᠷ ᠤᠨ ᠲᠥᠯᠦᠪᠵᠢᠭᠦᠯᠭᠡ ᠪᠣᠯᠣᠨ ᠬᠤᠲᠠ ᠶᠢᠨ ᠬᠤᠳᠠᠯᠳᠤᠭᠠᠨ ᠤ ᠲᠣᠣᠷ ᠴᠢᠭ ᠤᠨ | ᠲᠥᠯᠦᠪᠵᠢᠭᠦᠯᠭᠡ ᠶᠢ ᠵᠢᠯᠤᠭᠤᠳᠴᠤ᠂ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ | ᠠᠬᠢᠭᠤᠯᠤᠨ᠎ᠠ᠃ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠬᠥᠳᠡᠭᠡ ᠲᠣᠰᠬᠤᠨ ᠤ ᠣᠳᠣ ᠦᠶ᠎ᠡ ᠶᠢᠨ ᠭᠦᠢᠯᠭᠡᠭᠡᠨ ᠤ ᠲᠣᠣᠷ ᠰᠦᠯᠵᠢᠶ᠎ᠡ ᠶᠢᠨ ᠢᠨᠵᠧᠨᠧᠷᠢᠩ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠠᠵᠢᠯ ᠢ ᠲᠦᠯᠬᠢᠨ ᠠᠬᠢᠭᠤᠯᠬᠤ ᠬᠡᠷᠡᠭᠲᠡᠢ᠃ | | ︵ᠠᠷᠪᠠ ᠶᠢᠰᠦ︶ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠪᠠᠶᠢᠭᠤᠯᠤᠯᠲᠠ ᠶᠢ | ᠠᠬᠢᠭᠤᠯᠵᠤ᠂ ᠬᠤᠳᠠᠯᠳᠤᠭᠠᠨ ᠤ ᠢᠲᠡᠭᠡᠮᠵᠢ ᠶᠢᠨ ᠪᠣᠷᠤᠯᠠᠭᠤᠯᠭ᠎ᠠ ᠶᠢ ᠠᠬᠢᠭᠤᠯᠤᠨ᠎ᠠ᠃ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠣᠨᠴᠣᠭᠤᠢ ᠭᠦᠢᠯᠭᠡᠭᠡᠨ ᠤ ᠠᠵᠢᠯ ᠲᠥᠷᠥᠯ ᠳᠤ ᠬᠢᠨᠠᠯᠲᠠ ᠬᠠᠮᠢᠶᠠᠷᠤᠯᠲᠠ ᠬᠢᠬᠦ | ᠬᠡᠷᠡᠭᠲᠡᠢ᠃ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠬᠠᠮᠢᠶ᠎ᠠ ᠪᠦᠬᠦᠢ ᠠᠵᠢᠯᠯᠠᠭᠠᠨ ᠤ ᠲᠠᠯᠠᠪᠤᠷ | ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠢᠮᠳᠠᠭᠤᠯᠤᠨ ᠵᠢᠯᠤᠭᠤᠳᠬᠤ ᠶᠢ ᠬᠠᠷᠢᠭᠤᠴᠠᠨ᠎ᠠ᠃ | | ︵ᠬᠤᠷᠢ︶ᠪᠦᠬᠦ ᠲᠣᠭᠤᠷᠢᠭ ᠤᠨᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ | ᠡᠵᠡᠮᠳᠡᠯ ᠪᠠ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠵᠠᠬ᠎ᠠ ᠳᠡᠯᠭᠡᠭᠦᠷ ᠤᠨ | ᠠᠵᠢᠯᠯᠠᠭᠠᠨ᠂ ᠲᠠᠸᠠᠷ ᠤᠨ ᠬᠠᠩᠬᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠨ᠎ᠡ᠃ ᠮᠢᠬᠠᠨ ᠤ ᠵᠦᠢᠯ ᠵᠡᠷᠭᠡ | ᠴᠢᠬᠤᠯᠠ ᠬᠡᠷᠡᠭᠯᠡᠭᠡᠨ ᠤ ᠵᠦᠢᠯ ᠤᠨ ᠨᠥᠭᠡᠴᠡᠯᠡᠯᠲᠡ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠲᠣᠬᠢᠷᠠᠭᠤᠯᠤᠯᠲᠠ | ᠡᠵᠡᠮᠳᠡᠯ ᠤᠨ ᠠᠵᠢᠯ ᠢ ᠬᠠᠷᠢᠭᠤᠴᠠᠨ᠎ᠠ᠃ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠭᠦᠢᠯᠭᠡᠭᠡ ᠶᠢ ᠬᠠᠤᠯᠢ | ᠶᠣᠰᠣᠭᠠᠷ ᠬᠢᠨᠠᠨ ᠬᠠᠮᠢᠶᠠᠷᠬᠤ ᠬᠡᠷᠡᠭᠲᠡᠢ᠃ | | ︵ᠬᠤᠷᠢᠨ ᠨᠢᠭᠡ︶ᠪᠦᠬᠦ ᠲᠣᠭᠤᠷᠢᠭ ᠤᠨ ᠭᠠᠳᠠᠭᠠᠳᠤ ᠠᠷᠠᠯᠵᠢᠶ᠎ᠠ ᠶᠢᠨ ᠨᠡᠮᠡᠭᠳᠡᠯ ᠤᠨ ᠠᠷᠭ᠎ᠠ ᠬᠡᠯᠪᠡᠷᠢ ᠶᠢ | ᠬᠤᠪᠢᠷᠠᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠦᠬᠦ | ᠣᠷᠣᠨ ᠤ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠪᠣᠯᠣᠨ ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮᠵᠢ ᠶᠢᠨ | ᠪᠠᠶᠢᠭᠤᠯᠤᠯᠲᠠ ᠶᠢ ᠵᠢᠯᠣᠭᠤᠳᠤᠨ᠎ᠠ᠃ ᠤᠯᠤᠰ ᠤᠨ ᠭᠠᠳᠠᠭᠠᠳᠤ ᠠᠷᠠᠯᠵᠢᠶᠠᠨ ᠤ ᠬᠠᠮᠢᠶ᠎ᠠ ᠪᠦᠬᠦᠢ ᠲᠠᠸᠠᠷ᠂ ᠮᠡᠷᠭᠡᠵᠢᠯ ᠢ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠤᠯᠤᠰ ᠤᠨ ᠭᠠᠳᠠᠭᠠᠳᠤ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠭᠠᠷᠭᠠᠯᠲᠠ ᠶᠢᠨ ᠵᠠᠬᠢᠷᠤᠯᠲᠠ | ᠬᠠᠮᠢᠶᠠᠷᠤᠯᠲᠠ ᠵᠢᠴᠢ ᠮᠡᠷᠭᠡᠵᠢᠯ ᠪᠣᠯᠣᠨ ᠲᠥᠬᠦᠷ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠶᠢ ᠵᠣᠷᠢᠭᠵᠢᠭᠤᠯᠬᠤ ᠠᠷᠠᠯᠵᠢᠶᠠᠨ ᠤ ᠲᠥᠷᠥ ᠶᠢᠨ ᠪᠣᠳᠣᠯᠭ᠎ᠠ ᠪᠣᠯᠣᠨ ᠡᠳ᠋ᠰᠢᠭᠦᠯᠭᠡ ᠶᠢᠨ ᠠᠷᠠᠯᠵᠢᠶᠠᠨ ᠤ | ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠬᠡᠷᠡᠭᠲᠡᠢ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠠᠷᠠᠯᠵᠢᠶ᠎ᠠ ᠶᠢ ᠪᠠᠷᠢᠮᠵᠢᠶᠠᠵᠢᠭᠤᠯᠬᠤ ᠠᠵᠢᠯ ᠢ ᠠᠬᠢᠭᠤᠯᠤᠨ᠎ᠠ᠃ ᠮᠡᠷᠭᠡᠵᠢᠯ ᠢ ᠣᠷᠣᠭᠤᠯᠵᠤ ᠢᠷᠡᠬᠦ᠂ ᠲᠥᠬᠦᠭᠡᠷᠦᠮᠵᠢ ᠶᠢ | ᠭᠠᠳᠠᠭᠠᠳᠤ ᠠᠴᠠ ᠣᠷᠣᠭᠤᠯᠬᠤ᠂ ᠤᠯᠤᠰ ᠠᠴᠠ ᠭᠠᠳᠠᠭᠠᠳᠤ ᠳᠤ ᠭᠠᠷᠭᠠᠬᠤ ᠶᠢ ᠬᠢᠵᠠᠭᠠᠷᠯᠠᠬᠤ ᠮᠡᠷᠭᠡᠵᠢᠯ ᠤᠨ | ᠠᠵᠢᠯ ᠳᠤ ᠬᠠᠤᠯᠢ ᠶᠣᠰᠣᠭᠠᠷ ᠬᠢᠨᠠᠯᠲᠠ ᠲᠠᠯᠪᠢᠨ᠎ᠠ᠃ | | ︵ᠬᠤᠷᠢᠨ ᠬᠤᠶᠠᠷ︶ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠦᠢᠯᠡᠴᠢᠯᠡᠭᠡᠨ ᠤ | ᠠᠷᠠᠯᠵᠢᠶᠠᠨ ᠤ ᠬᠥᠭᠵᠢᠯᠲᠡ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠦᠬᠦᠢ ᠠᠵᠢᠯ ᠢ | ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠯᠤᠰ ᠤᠨ ᠦᠢᠯᠡᠴᠢᠯᠡᠭᠡᠨ ᠤ | ᠭᠠᠳᠠᠭᠠᠳᠤ ᠭᠠᠷᠭᠠᠯᠲᠠ ᠶᠢ ᠠᠬᠢᠭᠤᠯᠬᠤ ᠪᠠ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ ᠬᠥᠭᠵᠢᠯᠲᠡ ᠶᠢᠨ | ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠦᠢᠯᠡᠴᠢᠯᠡᠭᠡᠨ ᠤ ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠪᠦᠬᠦ | ᠲᠣᠭᠤᠷᠢᠭ ᠤᠨ ᠦᠢᠯᠡᠴᠢᠯᠡᠬᠦ ᠬᠤᠯᠪᠣᠭᠳᠠᠯ ᠪᠦᠬᠦᠢ ᠦᠵᠡᠰᠬᠦᠯᠡᠩ ᠤᠨ ᠠᠵᠢᠯᠯᠠᠭ᠎ᠠ ᠶᠢ ᠬᠠᠷᠢᠭᠤᠴᠠᠨ᠎ᠠ᠃ | | ︵ᠬᠤᠷᠢᠨ ᠭᠤᠷᠪᠠᠨ︶ᠮᠠᠨ ᠤ ᠤᠯᠤᠰ ᠤᠨ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ | ᠣᠷᠣᠯᠴᠠᠭᠰᠠᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ | ᠨᠠᠶᠢᠳᠠᠪᠤᠷᠢᠵᠢᠭᠤᠯᠬᠤ ᠶᠢᠨ ᠬᠠᠮᠲᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢ ᠬᠠᠮᠵᠢᠨ ᠬᠠᠮᠢᠶ᠎ᠠ | ᠪᠦᠬᠦᠢ ᠠᠵᠢᠯ ᠢ ᠥᠷᠨᠢᠭᠦᠯᠦᠨ᠎ᠡ᠃ | | ︵ᠬᠤᠷᠢᠨ ᠳᠥᠷᠪᠡᠨ︶ᠲᠣᠭᠤᠷᠢᠭ ᠤᠨ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭᠠᠨ ᠤ ᠠᠵᠢᠯ ᠢ | ᠬᠠᠷᠢᠭᠤᠴᠠᠵᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠤᠳᠤᠷᠢᠳᠤᠯᠭ᠎ᠠ ᠳᠣᠣᠷ᠎ᠠ ᠣᠷᠣᠰ᠂ | ᠮᠣᠩᠭᠤᠯ ᠤᠯᠤᠰ ᠪᠣᠯᠣᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠠᠵᠤ ᠠᠬᠤᠢ | ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ | | ︵ᠬᠤᠷᠢᠨ ᠲᠠᠪᠤᠨ︶ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ | ᠬᠠᠮᠢᠶᠠᠷᠤᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ ᠪᠠᠢᠭᠤᠯᠬᠤ᠂ | ᠬᠤᠪᠢᠷᠠᠭᠤᠯᠬᠤ ᠵᠡᠷᠭᠡ ᠵᠦᠢᠯ ᠳᠤ ᠬᠠᠤᠯᠢ ᠶᠣᠰᠣᠭᠠᠷ ᠦᠢᠯᠡᠴᠢᠯᠡᠬᠦ ᠠᠩᠬᠠᠨ ᠤ ᠬᠢᠨᠠᠯᠲᠠ ᠪᠠ ᠳᠠᠩᠰᠠᠯᠠᠭᠤᠯᠬᠤ | ᠠᠵᠢᠯ᠃ | | ︵ᠬᠤᠷᠢᠨ ᠵᠢᠷᠭᠤᠭᠠᠨ) ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ | ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠭᠠᠭᠴᠠ ᠬᠡᠷᠡᠭᠴᠡᠭᠡᠨ ᠤ | ᠬᠤᠳᠠᠯᠳᠤᠭᠠᠨ ᠤ ᠤᠷᠢᠳᠴᠢᠯᠠᠨ ᠥᠭᠬᠦ ᠺᠠᠷᠲ᠂ ᠳᠠᠬᠢᠯᠲᠠ ᠡᠬᠢ ᠪᠠᠶᠠᠯᠢᠭ ᠵᠡᠷᠭᠡ ᠬᠠᠮᠢᠶ᠎ᠠ ᠪᠦᠬᠦᠢ ᠵᠦᠢᠯᠡᠰ ᠢ ᠬᠢᠨᠠᠨ | ᠵᠥᠪᠰᠢᠶᠡᠷᠡᠵᠦ ᠳᠠᠩᠰᠠᠯᠠᠬᠤ ᠠᠵᠢᠯ ᠢ ᠡᠭᠦᠷᠭᠡᠯᠡᠨ᠎ᠡ᠃ | | ︵ᠬᠤᠷᠢᠨ ᠳᠣᠯᠤᠭ᠎ᠠ︶ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ | ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ | ᠬᠠᠷᠢᠭᠤᠴᠠᠨ᠎ᠠ᠃ | | ︵ᠬᠤᠷᠢᠨ ᠨᠠᠶᠢᠮᠠ)ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | | | | | ᠬᠤᠶᠠᠷ᠂ ᠳᠣᠲᠣᠭᠠᠳᠤ ᠪᠠᠶᠢᠭᠤᠯᠤᠮᠵᠢ᠄ | | | ︵ᠨᠢᠭᠡ︶ ᠠᠯᠪᠠᠨ ᠭᠡᠷ | ᠲᠣᠪᠴᠢᠶ᠎ᠠ ᠶᠢ ᠬᠠᠮᠵᠢᠨ ᠪᠠᠶᠢᠭᠤᠯᠭ᠎ᠠ ᠶᠢᠨ ᠡᠳᠦᠷ ᠲᠤᠳᠤᠮ ᠤᠨ ᠠᠵᠢᠯ ᠢ ᠤᠳᠤᠷᠢᠳᠤᠨ ᠰᠢᠢᠳᠪᠦᠷᠢᠯᠡᠵᠦ᠂ | ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠠᠵᠢᠯ ᠢ ᠪᠠᠶᠢᠭᠤᠯᠭ᠎ᠠ ᠶᠢᠨ ᠨᠠᠮ ᠪᠠ ᠤᠯᠠᠨ ᠲᠦᠮᠡᠨ᠂ ᠰᠠᠬᠢᠯᠭ᠎ᠠ ᠪᠠᠲᠤ | ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ | ᠮᠠᠲ᠋ᠧᠷᠢᠶᠠᠯ᠂ ᠲᠠᠩᠰᠠ ᠡᠪᠬᠡᠮᠡᠯ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ | ᠬᠠᠷᠢᠭᠤᠴᠠᠨ᠎ᠠ᠃ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ᠂ ᠰᠢᠮᠳᠠᠭᠤᠯᠤᠨ ᠪᠠᠶᠢᠴᠠᠭᠠᠵᠤ | ᠰᠢᠮᠳᠠᠭᠤᠯᠤᠨ ᠭᠦᠢᠴᠡᠳᠬᠡᠬᠦ ᠠᠵᠢᠯ ᠢ ᠡᠭᠦᠷᠭᠡᠯᠡᠨ᠎ᠡ᠃ ᠲᠣᠪᠴᠢᠶᠠᠨ ᠳᠠᠬᠢ ᠮᠡᠳᠡᠭᠡ ᠵᠠᠩᠭᠢ᠂ ᠠᠮᠤᠷ ᠲᠦᠪᠰᠢᠨ᠂ | ᠦᠵᠡᠯ ᠤᠬᠠᠮᠰᠠᠷ ᠤᠨ ᠬᠡᠯᠪᠡᠷᠢ ᠪᠠ ᠨᠢᠭᠤᠴᠠ ᠶᠢ ᠬᠠᠮᠠᠭᠠᠯᠠᠬᠤ ᠠᠵᠢᠯ ᠢ ᠡᠭᠦᠷᠭᠡᠯᠡᠨ᠎ᠡ᠃ ᠰᠣᠨᠢᠨ ᠮᠡᠳᠡᠭᠡ ᠨᠡᠶᠢᠲᠡᠯᠡᠬᠦ | ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠵᠣᠬᠢᠶᠠᠨ ᠪᠠᠶᠢᠭᠤᠯᠬᠤ ᠠᠵᠢᠯ ᠢ ᠡᠭᠦᠷᠭᠡᠯᠡᠨ᠎ᠡ᠃ ᠲᠣᠪᠴᠢᠶ᠎ᠠ ᠶᠢᠨ | ᠪᠠᠶᠢᠭᠤᠯᠤᠯᠭ᠎ᠠ ᠵᠢᠴᠢ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ᠂ | ᠺᠠᠳ᠋ᠷ ᠠᠵᠢᠯᠲᠠᠨ ᠤ ᠶᠠᠪᠤᠳᠠᠯ᠂ ᠣᠨ ᠤ ᠬᠢᠨᠠᠨ ᠰᠢᠯᠭᠠᠯᠲᠠ ᠵᠢᠴᠢ ᠴᠠᠯᠢᠩ ᠠᠰᠠᠷᠠᠮᠵᠢ ᠵᠡᠷᠭᠡ ᠬᠠᠮᠢᠶ᠎ᠠ ᠪᠦᠬᠦᠢ | ᠠᠵᠢᠯ ᠢ ᠬᠠᠷᠢᠭᠤᠴᠠᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠪᠠ ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠳᠠᠬᠢᠨ | ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠡᠭᠦᠷᠭᠡᠯᠡᠨ᠎ᠡ᠃ ᠥᠭᠡᠷᠡᠴᠢᠯᠡᠯᠲᠡ ᠶᠢᠨ ᠬᠠᠮᠢᠶ᠎ᠠ ᠪᠦᠬᠦᠢ | ᠠᠵᠢᠯ ᠢ ᠬᠠᠷᠢᠭᠤᠴᠠᠨ᠎ᠠ᠃ | | (ᠬᠤᠶᠠᠷ)ᠠᠵᠤ ᠦᠢᠯᠡᠳᠪᠦᠷᠢ ᠶᠢᠨ ᠲᠠᠰᠤᠭ | | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠢ ᠰᠠᠶᠢᠲᠤᠷ ᠠᠳᠬᠤᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠡᠯ᠎ᠡ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠵᠣᠬᠢᠴᠠᠭᠤᠯᠤᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ | ᠪᠣᠯᠣᠨ ᠬᠥᠬᠡᠬᠤᠲᠠ ᠶᠢᠨ ᠬᠢᠨᠠᠨ ᠵᠥᠪᠰᠢᠶᠡᠷᠡᠬᠦ᠂ ᠳᠠᠩᠰᠠᠯᠠᠭᠤᠯᠬᠤ ᠵᠢᠴᠢ ᠬᠤᠪᠢᠷᠠᠭᠤᠯᠬᠤ ᠴᠢᠬᠤᠯᠠᠲᠠᠢ ᠠᠵᠤ | ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠠᠩᠬᠠᠨ ᠤ ᠬᠢᠨᠠᠯᠲᠠ ᠵᠢᠴᠢ ᠲᠠᠨᠢᠯᠴᠠᠭᠤᠯᠭ᠎ᠠ | ᠵᠡᠷᠭᠡ ᠵᠦᠢᠯᠡᠰ ᠢ ᠡᠭᠦᠷᠭᠡᠯᠡᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠬᠡᠪᠴᠢᠶ᠎ᠡ ᠪᠣᠯᠣᠨ ᠴᠢᠭᠯᠡᠯ ᠢ ᠵᠠᠳᠠᠯᠵᠤ᠂ ᠠᠵᠤ ᠦᠢᠯᠡᠳᠪᠦᠷᠢ ᠪᠣᠯᠣᠨ ᠮᠡᠳᠡᠭᠡ | ᠵᠠᠩᠭᠢᠵᠢᠯᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ᠂ ᠠᠵᠤ | ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠵᠣᠬᠢᠴᠠᠭᠤᠯᠬᠤ | ᠠᠵᠢᠯ ᠢ ᠬᠠᠷᠢᠭᠤᠴᠠᠨ᠎ᠠ᠃ | | ᠠᠵᠤ ᠦᠢᠯᠡᠳᠪᠦᠷᠢ ᠶᠢᠨ ᠮᠡᠳᠡᠭᠡ ᠵᠠᠩᠭᠢᠵᠢᠯᠲᠠ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠮᠡᠳᠡᠭᠡ ᠵᠠᠩᠭᠢᠵᠢᠯᠲᠠ ᠬᠢᠭᠡᠳ᠋ ᠠᠵᠤ ᠦᠢᠯᠡᠳ᠋ᠪᠦᠷᠢᠵᠢᠯᠲᠡ ᠶᠢᠨ | ᠨᠡᠶᠢᠯᠡᠯ ᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠵᠢᠴᠢ ᠮᠡᠳᠡᠭᠡ | ᠵᠠᠩᠭᠢ ᠶᠢᠨ ᠠᠮᠤᠷ ᠲᠦᠪᠰᠢᠨ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠡᠯᠧᠺᠲᠷᠣᠨ ᠭᠡᠷᠡᠴᠢᠯᠡᠯ ᠤᠨ ᠠᠵᠢᠯ ᠢ | ᠡᠭᠦᠷᠭᠡᠯᠡᠨ᠎ᠡ᠃ ᠠᠵᠤ ᠦᠢᠯᠡᠳᠪᠦᠷᠢ ᠶᠢᠨ ᠲᠣᠭᠠᠴᠢᠯᠠᠯᠲᠠ᠂ ᠣᠶᠤᠨᠴᠢᠯᠠᠯᠲᠠ᠂ ᠰᠦᠯᠵᠢᠶᠡᠵᠢᠭᠰᠡᠨ ᠦᠢᠯᠡᠳᠬᠦ ᠪᠠ | ᠬᠡᠷᠡᠭᠯᠡᠬᠦ ᠶᠢ ᠵᠢᠯᠣᠭᠤᠳᠤᠨ ᠠᠬᠢᠭᠤᠯᠤᠨ᠎ᠠ᠃ ᠵᠥᠭᠡᠯᠡᠨ ᠬᠡᠷᠡᠭᠰᠡᠯ ᠪᠣᠯᠣᠨ ᠮᠡᠳᠡᠭᠡ ᠵᠠᠩᠭᠢ ᠶᠢᠨ ᠮᠡᠷᠭᠡᠵᠢᠯ ᠤᠨ | ᠦᠢᠯᠡᠴᠢᠯᠡᠭᠡᠨ ᠤ ᠦᠢᠯᠡᠰ ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠥᠬᠦ ᠣᠷᠣᠨ ᠤ | ᠴᠢᠮᠡᠭᠡ ᠬᠤᠯᠪᠣᠭᠠᠨ ᠤ ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠵᠣᠬᠢᠴᠠᠭᠤᠯᠤᠨ᠎ᠠ᠃ ᠮᠡᠳᠡᠭᠡ ᠬᠤᠯᠪᠣᠭᠠᠨ ᠤ ᠠᠵᠤ ᠦᠢᠯᠡᠳ᠋ᠪᠦᠷᠢᠯᠡᠯ ᠤᠨ ᠬᠥᠭᠵᠢᠯᠲᠡ ᠶᠢ ᠵᠣᠬᠢᠴᠠᠭᠤᠯᠤᠨ᠎ᠠ᠃ | | ᠪᠦᠬᠦ ᠲᠣᠭᠤᠷᠢᠭ ᠤᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠪᠣᠯᠣᠨ ᠲᠡᠭᠦᠯᠳᠡᠷᠵᠢᠭᠦᠯᠬᠦ ᠶᠢ ᠬᠠᠷᠢᠭᠤᠴᠠᠨ᠎ᠠ᠃ | ᠠᠵᠢᠯ ᠲᠥᠷᠥᠯ ᠤᠨ ᠶᠠᠰᠤ ᠴᠢᠨᠠᠷ᠂ ᠪᠠᠷᠢᠮᠵᠢᠶᠠᠵᠢᠭᠤᠯᠤᠯᠲᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ | ᠨᠡᠷᠡᠲᠦ ᠲᠥᠷᠥᠯ ᠲᠡᠮᠳᠡᠭᠲᠦ ᠶᠢᠨ ᠪᠠᠶᠢᠭᠤᠯᠤᠯᠲᠠ ᠪᠠ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠯᠬᠢᠨ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠪᠣᠯᠣᠨ ᠬᠥᠬᠡᠬᠤᠲᠠ ᠶᠢᠨ ᠲᠣᠭᠲᠠᠭᠠᠭᠰᠠᠨ ᠠᠵᠤ ᠦᠢᠯᠡᠳᠪᠦᠷᠢ ᠶᠢᠨ | ᠠᠵᠢᠯ ᠲᠥᠷᠥᠯ ᠤᠨ ᠮᠡᠷᠭᠡᠵᠢᠯ ᠤᠨ ᠵᠢᠷᠤᠮᠵᠢᠯ ᠢ ᠬᠡᠷᠡᠭᠵᠢᠭᠦᠯᠦᠨ᠎ᠡ᠃ ᠡᠯᠧᠺᠲᠷᠣᠨ ᠢᠶᠠᠷ ᠦᠢᠯᠡᠳᠬᠦ ᠠᠵᠢᠯ | ᠲᠥᠷᠥᠯ ᠤᠨ ᠦᠢᠯᠡᠳᠪᠦᠷᠢᠯᠡᠯ ᠪᠠ ᠡᠵᠡᠩᠨᠡᠯᠲᠡ ᠶᠢ ᠬᠠᠮᠢᠶᠠᠷᠴᠤ᠂ ᠬᠢᠨᠠᠨ ᠬᠡᠮᠵᠢᠵᠦ᠂ ᠡᠯᠧᠺᠲᠷᠣᠨ ᠢᠶᠠᠷ ᠦᠢᠯᠡᠳᠬᠦ | ᠠᠵᠢᠯ ᠲᠥᠷᠥᠯ ᠤᠨ ᠦᠢᠯᠡᠳᠪᠦᠷᠢᠯᠡᠯ ᠪᠠ ᠡᠵᠡᠩᠨᠡᠯᠲᠡ ᠶᠢ ᠲᠦᠯᠬᠢᠨ ᠠᠬᠢᠭᠤᠯᠤᠨ᠎ᠠ᠃ | | ᠪᠦᠬᠦ ᠲᠣᠭᠤᠷᠢᠭ ᠤᠨ ᠠᠵᠤ ᠦᠢᠯᠡᠳᠪᠦᠷᠢ ᠶᠢᠨ ᠠᠵᠢᠯᠯᠠᠭᠠᠨ ᠤ ᠡᠳᠦᠷ ᠲᠤᠲᠤᠮ ᠤᠨ ᠬᠢᠨᠠᠨ ᠬᠡᠮᠵᠢᠬᠦ ᠪᠠ | ᠵᠠᠳᠠᠯᠬᠤ ᠠᠵᠢᠯ ᠢ ᠡᠭᠦᠷᠭᠡᠯᠡᠵᠦ᠂ ᠲᠥᠰᠥᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠨ᠂ ᠪᠦᠬᠦ ᠣᠷᠣᠨ ᠤ | ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ᠂ ᠠᠵᠤ | ᠦᠢᠯᠡᠳᠪᠦᠷᠢ ᠶᠢᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ | ᠵᠣᠬᠢᠶᠠᠨ ᠪᠠᠶᠢᠭᠤᠯᠤᠨ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ | ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ᠃ ᠠᠵᠤ | ᠦᠢᠯᠡᠳᠪᠦᠷᠢ ᠶᠢᠨ ᠠᠵᠢᠯᠯᠠᠭᠠᠨ ᠳᠤᠮᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢᠨ ᠶᠡᠷᠦᠩᠬᠡᠶᠢᠯᠡᠭᠰᠡᠨ | ᠵᠣᠬᠢᠴᠠᠭᠤᠯᠭ᠎ᠠ ᠶᠢ ᠡᠭᠦᠷᠭᠡᠯᠡᠨ᠎ᠡ᠃ | | ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠣᠯᠪᠠᠰᠤᠷᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ | ᠲᠥᠷᠥᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ | ᠬᠤᠯᠪᠣᠭᠳᠠᠯ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠲᠦᠭᠦᠬᠡᠢ ᠮᠠᠲ᠋ᠧᠷᠢᠶᠠᠯ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠨ | ᠂ ᠲᠦᠭᠦᠬᠡᠢ ᠮᠠᠲ᠋ᠧᠷᠢᠶᠠᠯ ᠤᠨ ᠠᠵᠢᠯ ᠲᠥᠷᠥᠯ ᠤᠨ ᠵᠢᠷᠤᠮᠵᠢᠯ᠂ ᠪᠠᠷᠢᠮᠵᠢᠶ᠎ᠠ ᠬᠢᠭᠡᠳ ᠵᠥᠪᠰᠢᠶᠡᠷᠡᠨ ᠣᠷᠣᠭᠤᠯᠬᠤ | ᠳᠦᠷᠢᠮ ᠢ ᠬᠡᠷᠡᠭᠵᠢᠭᠦᠯᠦᠨ᠎ᠡ᠃ ︽ᠬᠢᠮᠢ ᠶᠢᠨ ᠵᠡᠪᠰᠡᠭ ᠢ ᠴᠠᠭᠠᠵᠠᠯᠠᠬᠤ ᠨᠡᠶᠢᠲᠡ ᠶᠢᠨ ᠭᠡᠷ᠎ᠡ︾ ᠶᠢ ᠵᠣᠬᠢᠶᠠᠨ | ᠪᠠᠶᠢᠭᠤᠯᠤᠨ ᠵᠣᠬᠢᠴᠠᠭᠤᠯᠬᠤ ᠠᠵᠢᠯ ᠢ ᠬᠠᠷᠢᠭᠤᠴᠠᠨ ᠭᠦᠢᠴᠡᠳᠬᠡᠨ᠎ᠡ᠃ | | ᠪᠦᠬᠦ ᠲᠣᠭᠤᠷᠢᠭ ᠤᠨᠲ᠋ᠣᠨᠣᠭᠯᠠᠯ ᠦᠢᠯᠡᠳᠬᠦ ᠦᠢᠯᠡᠰ ᠪᠣᠯᠣᠨ ᠬᠥᠩᠭᠡᠨ ᠠᠵᠤ ᠦᠢᠯᠡᠳᠪᠦᠷᠢ᠂ ᠨᠡᠬᠡᠮᠡᠯ᠂ | ᠢᠳᠡᠭᠡᠨ᠂ ᠡᠮ ᠡᠮᠨᠡᠯᠭᠡ ᠵᠡᠷᠭᠡ ᠬᠡᠷᠡᠭᠯᠡᠭᠡᠨ ᠤ ᠬᠡᠷᠡᠭᠰᠡᠯ ᠤᠨ ᠠᠵᠤ ᠦᠢᠯᠡᠳᠪᠦᠷᠢ ᠶᠢᠨ ᠠᠵᠢᠯ ᠲᠥᠷᠥᠯ ᠤᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠶᠢᠨ ᠲᠥᠯᠦᠪᠵᠢᠭᠦᠯᠭᠡ ᠶᠢ | ᠨᠠᠶᠢᠳᠠᠪᠤᠷᠢᠵᠢᠭᠤᠯᠤᠨ᠂ ᠠᠵᠢᠯ ᠲᠥᠷᠥᠯ ᠤᠨ ᠬᠠᠮᠢᠶᠠᠷᠤᠯᠲᠠ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠰᠠᠨᠠᠭᠤᠯᠭ᠎ᠠ | ᠳᠤᠷᠠᠳᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠭᠤᠣᠯᠳᠠᠯᠭ᠎ᠠ ᠲᠠᠢ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ ᠪᠦᠬᠦᠢ ᠴᠢᠬᠤᠯᠠ ᠶᠡᠭᠡ ᠲᠤᠰᠬᠠᠢ ᠵᠦᠢᠯ ᠤᠨ | ᠬᠡᠷᠡᠭᠵᠢᠭᠦᠯᠦᠯᠲᠡ ᠶᠢ ᠵᠣᠬᠢᠴᠠᠭᠤᠯᠤᠨ᠎ᠠ᠃ ᠣᠶᠤᠨᠴᠢᠯᠠᠨ ᠦᠢᠯᠡᠳᠬᠦ ᠬᠥᠭᠵᠢᠯᠲᠡ ᠶᠢ ᠠᠬᠢᠭᠤᠯᠵᠤ᠂ ᠮᠡᠷᠭᠡᠵᠢᠯ | ᠲᠣᠨᠣᠭᠯᠠᠯ ᠤᠨ ᠮᠡᠷᠭᠡᠵᠢᠯ ᠢ ᠣᠷᠣᠭᠤᠯᠤᠨ ᠠᠪᠴᠢᠷᠠᠬᠤ᠂ ᠰᠢᠩᠭᠡᠬᠡᠨ ᠠᠪᠬᠤ ᠪᠠ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠶᠢ ᠠᠬᠢᠭᠤᠯᠤᠨ᠎ᠠ᠃ ᠪᠦᠬᠦ ᠲᠣᠭᠤᠷᠢᠭ ᠤᠨ ᠦᠢᠯᠡᠴᠢᠯᠡᠭᠡᠨ ᠤ ᠬᠡᠯᠪᠡᠷᠢ ᠶᠢᠨ ᠦᠢᠯᠡᠳᠬᠦ᠂ ᠠᠵᠤ | ᠦᠢᠯᠡᠳᠪᠦᠷᠢ ᠶᠢᠨ ᠵᠢᠷᠤᠭ ᠲᠥᠯᠥᠪᠯᠡᠭᠡ ᠪᠠ ᠤᠯᠠᠮᠵᠢᠯᠠᠯᠲᠤ ᠭᠠᠷ ᠤᠷᠠᠯᠠᠯ ᠤᠷᠠᠨ ᠵᠢᠷᠤᠭ ᠤᠨ ᠬᠠᠮᠢᠶ᠎ᠠ ᠪᠦᠬᠦᠢ | ᠠᠵᠢᠯ ᠢ ᠡᠭᠦᠷᠭᠡᠯᠡᠨ᠎ᠡ᠃ ᠪᠥᠬᠦ ᠲᠣᠭᠤᠷᠢᠭ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ | ᠬᠥᠭᠵᠢᠯᠲᠡ ᠪᠠ ᠳᠡᠯᠭᠡᠷᠡᠭᠦᠯᠦᠨ ᠬᠡᠷᠡᠭᠯᠡᠬᠦ ᠶᠢ ᠬᠠᠷᠢᠭᠤᠴᠠᠨ᠎ᠠ᠃ | | | | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠡᠨᠧᠷᠭᠢ ᠶᠢᠨ ᠰᠤᠷᠪᠤᠯᠵᠢ ᠶᠢ ᠠᠷᠪᠢᠯᠠᠬᠤ᠂ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠪᠣᠬᠢᠷᠲᠤᠯ ᠦᠭᠡᠢ ᠦᠢᠯᠡᠳᠬᠦ ᠰᠢᠰᠲ᠋ᠧᠮ ᠤᠨ ᠪᠠᠶᠢᠭᠤᠯᠤᠯᠲᠠ ᠪᠠ ᠰᠠᠶᠢᠨ | ᠳᠤᠷ᠎ᠠ ᠶᠢᠨ ᠬᠡᠯᠪᠡᠷᠢ ᠶᠢᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠦᠷᠦ ᠶᠢᠨ ᠪᠣᠳᠣᠯᠭ᠎ᠠ ᠪᠠ | ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢᠨ | ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠵᠢᠴᠢ ᠡᠨᠧᠷᠭᠢ ᠠᠷᠪᠢᠯᠠᠬᠤ ᠰᠢᠨ᠎ᠡ ᠦᠢᠯᠡᠳᠬᠦᠨ᠂ ᠰᠢᠨ᠎ᠡ | ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ | ᠠᠵᠤ ᠦᠢᠯᠡᠳᠪᠦᠷᠢ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠶᠢ ᠳᠠᠬᠢᠯᠲᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠠᠵᠤ ᠦᠢᠯᠡᠰ ᠤᠨ ᠬᠥᠭᠵᠢᠯᠲᠡ ᠶᠢ | ᠵᠢᠯᠣᠭᠤᠳᠤᠨ ᠠᠬᠢᠭᠤᠯᠤᠨ᠎ᠠ᠃ | | ᠪᠦᠬᠦ ᠲᠣᠭᠤᠷᠢᠭ ᠤᠨᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠢᠯ ᠲᠦᠷᠦᠯ ᠤᠨᠦᠢᠯᠡᠳᠪᠦᠷᠢᠯᠡᠯ᠂ | ᠪᠣᠷᠤᠯᠠᠭᠤᠯᠭ᠎ᠠ ᠶᠢᠨ ᠵᠠᠩᠭᠢᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠠᠷᠠᠳ ᠤᠨ ᠬᠡᠷᠡᠭᠯᠡᠭᠡᠨ ᠤ | ᠳᠡᠯᠪᠡᠷᠡᠬᠦ ᠡᠳ᠋ ᠪᠣᠳᠠᠰ ᠢ ᠦᠢᠯᠡᠳᠪᠦᠷᠢᠯᠡᠬᠦ᠂ ᠪᠣᠷᠣᠯᠠᠭᠤᠯᠬᠤ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠪᠥᠬᠦ ᠲᠣᠭᠤᠷᠢᠭ ᠤᠨ ᠠᠷᠠᠳ ᠤᠨ ᠬᠡᠷᠡᠭᠯᠡᠭᠡᠨ ᠤ ᠳᠡᠯᠪᠡᠴᠢᠬᠦ ᠠᠵᠢᠯ ᠲᠥᠷᠥᠯ ᠤᠨᠦᠢᠯᠡᠳᠬᠦᠨ | ᠤ ᠪᠦᠲᠦᠴᠡ ᠶᠢᠨ ᠲᠣᠬᠢᠷᠠᠭᠤᠯᠤᠯᠲᠠ ᠪᠠ ᠮᠡᠷᠭᠡᠵᠢᠯ ᠤᠨᠲ᠋ᠠᠪᠰᠢᠯᠳᠠ ᠶᠢᠨ ᠠᠵᠢᠯ ᠢ ᠲᠦᠯᠬᠢᠨ ᠠᠬᠢᠭᠤᠯᠤᠨ᠎ᠠ᠃ | | ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ | ᠠᠵᠤ ᠠᠬᠤᠢ ᠶᠢᠨ ᠬᠤᠷᠸ᠎ᠠ ᠵᠢᠯᠣᠭᠤᠳᠤᠯᠭ᠎ᠠ᠂ ᠶᠡᠷᠦᠩᠬᠡᠶᠢᠯᠡᠨ ᠵᠣᠬᠢᠴᠠᠭᠤᠯᠬᠤ ᠪᠠ ᠦᠢᠯᠡᠴᠢᠯᠡᠬᠦ ᠶᠢ ᠬᠠᠷᠢᠭᠤᠴᠠᠵᠤ᠂ | ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠰᠠᠭᠤᠷᠢᠨ ᠭᠠᠵᠠᠷ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠳᠤᠮᠳᠠ ᠵᠢᠵᠢᠭ ᠠᠵᠤ ᠠᠬᠤᠶᠢᠯᠠᠯ ᠵᠢᠴᠢ ᠨᠡᠶᠢᠲᠡ ᠶᠢᠨ ᠥᠮᠴᠢᠯᠡᠯ ᠤᠨ ᠪᠤᠰᠤ ᠠᠵᠤ | ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠬᠢᠨᠠᠨ ᠬᠡᠮᠵᠢᠵᠦ ᠵᠠᠳᠠᠯᠬᠤ ᠶᠢ ᠪᠦᠬᠦ ᠲᠣᠭᠤᠷᠢᠭ ᠤᠨ ᠳᠤᠮᠳᠠ | ᠪᠠᠭ᠎ᠠ ᠠᠵᠤ ᠠᠬᠤᠶᠢᠯᠠᠯ ᠤᠨ ᠭᠠᠳᠠᠭᠠᠳᠤ ᠯᠤᠭ᠎ᠠ ᠠᠵᠤ ᠠᠬᠤᠢ ᠮᠡᠷᠭᠡᠵᠢᠯ ᠤᠨ ᠰᠣᠯᠢᠯᠴᠠᠭ᠎ᠠ ᠬᠢᠬᠦ ᠪᠠ | ᠬᠤᠷᠰᠢᠯᠴᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠳᠤᠮᠳᠠ ᠵᠢᠵᠢᠭ ᠠᠵᠤ ᠠᠬᠤᠶᠢᠯᠠᠯ ᠤᠨ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠵᠢᠨᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | | | ᠳᠠᠪᠤᠰᠤᠨ ᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠳᠠᠪᠤᠰᠤᠨ ᠤ | ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ᠠᠵᠤ ᠦᠢᠯᠡᠰ ᠤᠨ ᠲᠥᠷᠥ ᠶᠢᠨ ᠳᠠᠪᠤᠰᠤᠨ ᠤ ᠦᠢᠯᠡᠰ ᠤᠨ | ᠠᠵᠢᠯ ᠲᠥᠷᠥᠯ ᠤᠨ ᠬᠠᠮᠢᠶᠠᠷᠤᠯᠲᠠ ᠵᠢᠴᠢ ᠠᠵᠢᠯ ᠲᠥᠷᠥᠯ ᠤᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ | ᠬᠠᠤᠯᠢ ᠶᠣᠰᠣᠭᠠᠷ ᠭᠦᠢᠴᠡᠳᠬᠡᠨ᠎ᠡ᠃ ᠳᠠᠪᠤᠰᠤᠨ ᠤ ᠦᠢᠯᠡᠰ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠠᠮᠢᠶ᠎ᠠ | ᠪᠦᠬᠦᠢ᠂ ᠵᠢᠨᠴᠢᠶᠣᠣ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨᠬᠥ᠋ᠭᠵᠢᠯᠲᠡ ᠶᠢᠨ ᠲᠥᠯᠦᠪᠵᠢᠭᠦᠯᠭᠡ | ᠪᠣᠯᠣᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠬᠤ᠂ ᠲᠠᠰ ᠳᠡᠪᠰᠢᠭᠦᠯᠬᠦ᠂ ᠣᠷᠣᠨ ᠲᠣᠭᠤᠷᠢᠭ ᠢ | ᠥᠷᠭᠡᠳᠬᠡᠬᠦ᠂ ᠣᠷᠣᠨ ᠪᠠᠶᠢᠷᠢ ᠶᠢ ᠲᠣᠬᠢᠷᠠᠭᠤᠯᠬᠤ ᠵᠡᠷᠭᠡ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠵᠢᠯᠤᠭᠤᠳᠴᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯᠯᠠᠭᠠᠨ ᠢ ᠬᠢᠨᠠᠨ ᠬᠡᠮᠵᠢᠬᠦ᠂ ᠬᠢᠨᠠᠨ | ᠰᠢᠯᠭᠠᠵᠤ ᠦᠨᠡᠯᠡᠬᠦ ᠵᠡᠷᠭᠡ ᠠᠵᠢᠯ ᠢ ᠡᠭᠦᠷᠭᠡᠯᠡᠨ᠎ᠡ᠃ | | | ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠤᠶᠠᠯᠳᠤᠭᠤᠯᠤᠭᠰᠠᠨ ᠴᠢᠬᠤᠯᠠ ᠶᠡᠭᠡ ᠠᠰᠠᠭᠤᠳᠠᠯ ᠤᠨ | ᠲᠤᠬᠠᠢ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ | ᠬᠠᠮᠵᠢᠯᠴᠠᠨ ᠬᠤᠯᠪᠣᠭᠳᠠᠯ ᠪᠦᠬᠦᠢ ᠪᠠᠶᠢᠭᠤᠯᠤᠯ ᠤᠨ ᠴᠡᠷᠢᠭ ᠠᠷᠠᠳ ᠤᠨ ᠬᠤᠶᠠᠷ ᠬᠡᠷᠡᠭᠴᠡᠭᠡᠲᠦ ᠮᠡᠷᠭᠡᠵᠢᠯ ᠢ ᠬᠤᠣᠰ | ᠴᠢᠭᠯᠡᠯ ᠢᠶᠠᠷ ᠰᠢᠯᠵᠢᠭᠦᠯᠬᠦ᠂ ᠴᠡᠷᠢᠭ ᠠᠷᠠᠳ ᠤᠨ ᠨᠡᠶᠢᠳᠡᠮ ᠬᠡᠷᠡᠭᠯᠡᠬᠦ ᠪᠠᠷᠢᠮᠵᠢᠶᠠᠨ ᠤ ᠰᠢᠰᠲ᠋ᠧᠮ ᠤᠨ ᠪᠠᠶᠢᠭᠤᠯᠤᠯᠲᠠ | ᠵᠡᠷᠭᠡ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠤᠨ ᠬᠥᠭᠵᠢᠭᠦᠯᠬᠦ ᠲᠥᠯᠦᠪᠵᠢᠭᠦᠯᠭᠡ ᠶᠢ | ᠨᠠᠶᠢᠳᠠᠪᠤᠷᠢᠵᠢᠭᠤᠯᠤᠨ᠎ᠠ᠃ ᠴᠡᠷᠢᠭ ᠠᠷᠠᠳ ᠤᠨ ᠬᠤᠶᠠᠷ ᠬᠡᠷᠡᠭᠴᠡᠭᠡᠲᠦ ᠮᠡᠷᠭᠡᠵᠢᠯ ᠤᠨ ᠦᠷ᠎ᠡ ᠪᠦᠲᠦᠭᠡᠯ ᠢ | ᠳᠡᠯᠭᠡᠷᠡᠭᠦᠯᠬᠦ᠂ ᠬᠠᠷᠢᠯᠴᠠᠨ ᠬᠤᠪᠢᠷᠠᠭᠤᠯᠬᠤ ᠪᠠ ᠠᠵᠤ ᠦᠢᠯᠡᠰᠵᠢᠭᠦᠯᠬᠦ ᠠᠵᠢᠯ ᠢ ᠥᠷᠨᠢᠭᠦᠯᠵᠦ᠂ ᠴᠡᠷᠢᠭ ᠠᠷᠠᠳ ᠤᠨ | ᠬᠡᠷᠡᠭᠯᠡᠭᠡᠨ ᠤ ᠪᠠᠷᠢᠮᠵᠢᠶ᠎ᠠ ᠶᠢ ᠨᠢᠭᠡᠳᠦᠯᠲᠡᠢ ᠲᠥᠯᠥᠪᠯᠡᠬᠦ ᠪᠠ ᠵᠣᠯᠭᠠᠭᠤᠯᠬᠤ ᠶᠢ ᠠᠬᠢᠭᠤᠯᠤᠨ᠎ᠠ᠃ ᠴᠡᠷᠢᠭ ᠤᠨ | ᠬᠡᠷᠡᠭᠯᠡᠭᠡᠨ ᠤ ᠵᠦᠢᠯ ᠢ ᠠᠷᠠᠳ ᠤᠨ ᠬᠡᠷᠡᠭᠯᠡᠭᠡᠨ ᠤ ᠵᠦᠢᠯ ᠪᠣᠯᠭᠠᠨ ᠬᠤᠪᠢᠷᠠᠭᠤᠯᠬᠤ᠂ ᠠᠷᠠᠳ ᠠᠴᠠ ᠴᠡᠷᠢᠭ ᠲᠤ | ᠣᠷᠣᠬᠤ ᠬᠤᠯᠪᠣᠭᠳᠠᠯ ᠪᠦᠬᠦᠢ ᠠᠵᠢᠯ ᠢ | | | ᠪᠥᠬᠦ ᠲᠣᠭᠤᠷᠢᠭ ᠤᠨ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠪᠦᠲᠦᠴᠡ ᠶᠢᠨ | ᠲᠣᠬᠢᠷᠠᠭᠤᠯᠤᠯᠲᠠ ᠵᠡᠷᠭᠡ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠶᠢᠨ ᠲᠥᠯᠦᠪᠵᠢᠭᠦᠯᠭᠡ | ᠬᠢᠭᠡᠳ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠨᠡᠭᠦᠷᠡᠰᠦᠨ ᠤ ᠠᠵᠢᠯ | ᠲᠥᠷᠥᠯ ᠤᠨ ᠪᠦᠷᠢᠳᠬᠡᠨ ᠵᠠᠳᠠᠯᠬᠤ᠂ ᠠᠵᠢᠯᠯᠠᠭᠠᠨ ᠢ ᠬᠢᠨᠠᠨ ᠬᠡᠮᠵᠢᠬᠦ ᠵᠡᠷᠭᠡ ᠠᠵᠢᠯ ᠢ ᠬᠠᠷᠢᠭᠤᠴᠠᠨ᠎ᠠ᠃ ᠨᠡᠭᠦᠷᠡᠰᠦᠨ | ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠡᠮᠬᠢ ᠳᠢᠭᠯᠢᠮ ᠬᠢᠭᠡᠳ ᠮᠠᠯᠲᠠᠵᠤ | ᠬᠥᠨᠳᠡᠶᠢᠷᠡᠭᠦᠯᠦᠭᠰᠡᠨ ᠣᠷᠣᠨ᠂ ᠭᠠᠯ ᠨᠣᠴᠣᠭᠰᠠᠨ ᠣᠷᠣᠨ ᠪᠣᠯᠣᠨ ᠳᠣᠷᠣᠭᠰᠢ ᠰᠠᠭᠤᠭᠰᠠᠨ ᠣᠷᠣᠨ ᠵᠡᠷᠭᠡ ᠶᠢᠨ | ᠭᠠᠮᠰᠢᠭ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ ᠨᠡᠭᠦᠷᠡᠰᠦᠨ ᠤ ᠦᠢᠯᠡᠳᠪᠦᠷᠢᠯᠡᠯ ᠲᠡᠭᠡᠭᠡᠪᠦᠷᠢ | ᠬᠡᠷᠡᠭᠴᠡᠭᠡ ᠶᠢ ᠵᠣᠯᠭᠠᠭᠤᠯᠬᠤ ᠶᠢ ᠬᠠᠷᠢᠭᠤᠴᠠᠵᠤ᠂ ᠨᠡᠭᠦᠷᠡᠰᠦᠨ ᠤ ᠬᠠᠩᠭᠠᠯᠭ᠎ᠠ ᠶᠢᠨ ᠳᠤᠮᠳᠠᠬᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠨᠡᠭᠦᠷᠡᠰᠦᠨ ᠤ ᠠᠵᠢᠯ ᠲᠥᠷᠥᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠵᠢᠴᠢ ᠲᠡᠷᠢᠭᠦᠨ ᠤ ᠮᠡᠷᠭᠡᠵᠢᠯ᠂ ᠤᠷᠠᠯᠠᠯ᠂ | ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠬᠠᠷᠢᠭᠤᠴᠠᠨ᠎ᠠ᠃ | | | ᠪᠥᠬᠦ ᠲᠣᠭᠤᠷᠢᠭ ᠤᠨᠴᠠᠬᠢᠯᠭᠠᠨ ᠬᠦᠴᠦᠨ ᠤ ᠠᠵᠢᠯ ᠲᠥᠷᠥᠯ ᠤᠨ ᠬᠠᠮᠢᠶᠠᠷᠤᠯᠲᠠ᠂ ᠴᠠᠬᠢᠯᠭᠠᠨ ᠬᠦᠴᠦᠨ ᠤ | ᠤᠯᠠᠨ ᠲᠠᠯᠠᠲᠤ ᠠᠷᠠᠯᠵᠢᠶ᠎ᠠ ᠵᠡᠷᠭᠡ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠵᠦ᠂ ᠠᠵᠢᠯ ᠲᠥᠷᠥᠯ | ᠤᠨ ᠬᠥᠭᠵᠢᠯᠲᠡ ᠶᠢᠨ ᠲᠥᠯᠦᠪᠵᠢᠭᠦᠯᠭᠡ ᠬᠢᠭᠡᠳ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ ᠪᠠᠶᠢᠳᠠᠯ ᠢ ᠬᠢᠨᠠᠨ | ᠬᠡᠮᠵᠢᠵᠦ ᠵᠠᠳᠠᠯᠤᠯᠲᠠ ᠬᠢᠨ᠎ᠡ᠃ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠴᠡᠭᠡᠨ ᠤ ᠬᠠᠵᠠᠭᠤ ᠶᠢᠨ | ᠬᠠᠮᠢᠶᠠᠷᠤᠯᠲᠠ ᠶᠢ ᠬᠠᠷᠢᠭᠤᠴᠠᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ ᠠᠶᠤᠯ ᠦᠭᠡᠢ | ᠪᠠᠶᠢᠬᠤ ᠪᠠ ᠴᠠᠬᠢᠯᠭᠠᠨ ᠬᠦᠴᠦᠨ ᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠢ ᠵᠢᠯᠣᠭᠤᠳᠤᠨ᠎ᠠ᠃ ᠴᠠᠬᠢᠯᠭᠠᠨ | ᠬᠦᠴᠦᠨ ᠤ ᠪᠡᠯᠡᠳᠬᠡᠮᠵᠢ ᠶᠢ ᠬᠠᠮᠠᠭᠠᠯᠠᠬᠤ ᠪᠠ ᠴᠠᠬᠢᠯᠭᠠᠨ ᠬᠦᠴᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠢ ᠬᠠᠤᠯᠢ ᠶᠣᠰᠣᠭᠠᠷ ᠥᠷᠨᠢᠭᠦᠯᠵᠦ᠂ ᠴᠠᠬᠢᠯᠭᠠᠨ ᠬᠦᠴᠦᠨ ᠤ ᠬᠠᠤᠯᠢ ᠴᠠᠭᠠᠵᠠ ᠬᠠᠤᠯᠢ ᠲᠣᠭᠲᠠᠭᠠᠯ ᠢ | ᠬᠡᠷᠡᠭᠵᠢᠭᠦᠯᠵᠦ ᠪᠠᠶᠢᠭ᠎ᠠ ᠪᠠᠶᠢᠳᠠᠯ ᠲᠤ ᠬᠢᠨᠠᠯᠲᠠ ᠲᠠᠯᠪᠢᠨ᠎ᠠ᠃ ᠴᠠᠬᠢᠯᠭᠠᠨ ᠬᠦᠴᠦᠨ ᠤ ᠰᠢᠰᠲ᠋ᠧᠮ ᠤᠨ ᠠᠵᠢᠯᠯᠠᠭᠠᠨ ᠤ | ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠴᠠᠬᠢᠯᠭᠠᠨ ᠬᠦᠴᠦᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | | | ᠪᠥᠬᠦ ᠲᠣᠭᠤᠷᠢᠭ ᠤᠨ ᠨᠡᠭᠦᠷᠡᠰᠦᠨ ᠠᠭᠤᠷᠬᠠᠢ ᠶᠢᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ | ᠤᠨ ᠬᠢᠨᠠᠯᠲᠠ ᠬᠠᠮᠢᠶᠠᠷᠤᠯᠲᠠ ᠪᠣᠯᠣᠨ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ᠂ ᠠᠶᠤᠯ | ᠦᠭᠡᠢ ᠦᠢᠯᠡᠳᠪᠦᠷᠢᠯᠡᠯ ᠤᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠨ᠎ᠠ᠃ ᠨᠡᠭᠦᠷᠡᠰᠦᠨ ᠠᠭᠤᠷᠬᠠᠢ᠂ ᠴᠠᠬᠢᠯᠭᠠᠨ | ᠬᠦᠴᠦᠨ ᠤ ᠠᠵᠢᠯ ᠲᠥᠷᠥᠯ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ | ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠨᠡᠭᠦᠷᠡᠰᠦᠨ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠯᠲᠠ ᠬᠢᠭᠡᠳ ᠪᠣᠯᠪᠠᠰᠤᠷᠠᠭᠤᠯᠤᠯ ᠤᠨ ᠠᠵᠢᠯ ᠢ ᠵᠢᠯᠤᠭᠤᠳᠴᠤ ᠬᠢᠨᠠᠯᠲᠠ ᠲᠠᠯᠪᠢᠨ᠎ᠠ᠃ | | | ᠪᠥᠬᠦ ᠲᠣᠭᠤᠷᠢᠭ ᠤᠨ ᠰᠢᠨ᠎ᠡ ᠡᠨᠧᠷᠭᠢ ᠪᠣᠯᠣᠨ ᠳᠠᠬᠢᠨ ᠡᠭᠦᠰᠴᠦ ᠪᠣᠯᠬᠤ ᠡᠨᠧᠷᠭᠢ ᠶᠢᠨ ᠦᠢᠯᠡᠳᠪᠦᠷᠢᠯᠡᠯ | ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠪᠥᠬᠦ ᠲᠣᠭᠤᠷᠢᠭ ᠤᠨ ᠰᠢᠨ᠎ᠡ ᠡᠨᠧᠷᠭᠢ ᠪᠣᠯᠣᠨ ᠳᠠᠬᠢᠨ | ᠡᠭᠦᠰᠴᠦ ᠪᠣᠯᠬᠤ ᠡᠨᠧᠷᠭᠢ ᠶᠢᠨ ᠲᠤᠭ᠎ᠠ ᠪᠦᠷᠢᠳᠬᠡᠯ ᠤᠨ ᠲᠣᠬᠢᠷᠠᠭᠤᠯᠤᠯᠲᠠ᠂ ᠤᠷᠢᠳᠴᠢᠯᠠᠨ ᠲᠥᠰᠥᠭᠡᠯᠡᠵᠦ | ᠤᠷᠢᠳᠴᠢᠯᠠᠨ ᠰᠡᠷᠡᠮᠵᠢᠯᠡᠭᠦᠯᠬᠦ᠂ ᠪᠠᠶᠢᠳᠠᠯ ᠢ ᠵᠠᠳᠠᠯᠬᠤ᠂ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯ ᠢ ᠬᠠᠷᠢᠭᠤᠴᠠᠨ᠎ᠠ᠃ | | | | | | ︵ᠭᠤᠷᠪᠠ︶ ᠬᠤᠳᠠᠯᠳᠤᠭᠠᠨ ᠤ ᠶᠠᠪᠤᠳᠠᠯ ᠤᠨᠦᠢᠯᠡᠴᠢᠯᠡᠭᠡᠨ ᠤ ᠲᠠᠰᠤᠭ | | | ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ | ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠬᠠᠨᠳᠤᠰᠢ ᠶᠢ ᠰᠤᠳᠤᠯᠬᠤ ᠶᠢᠨ ᠬᠠᠮᠲᠤ ᠴᠢᠬᠤᠯᠠ ᠶᠡᠭᠡ | ᠠᠰᠠᠭᠤᠳᠠᠯ ᠤᠨ ᠲᠤᠬᠠᠢ ᠲᠥᠷᠥ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ | ᠠᠵᠢᠯ ᠢ ᠡᠭᠦᠷᠭᠡᠯᠡᠨ᠎ᠡ᠃ | | | ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠪᠠ ᠬᠤᠳᠠ ᠬᠥᠳᠡᠭᠡ ᠶᠢᠨ ᠵᠠᠬ᠎ᠠ ᠳᠡᠯᠭᠡᠭᠦᠷ ᠤᠨ | ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠨᠡᠶᠢᠭᠡᠮ | ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠤᠭᠤᠳᠴᠤ᠂ ᠬᠤᠳᠠᠯᠳᠤᠭᠠᠨ ᠤ ᠲᠣᠣᠷ ᠴᠡᠭ ᠤᠨ | ᠲᠥᠯᠦᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠤᠨ᠎ᠠ᠃ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ | ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠦᠢᠯᠭᠡᠭᠡ᠂ ᠬᠦᠢᠲᠡᠨ | ᠬᠡᠯᠬᠢᠶᠡᠲᠦ ᠪᠠᠷᠠᠭᠠᠨ ᠤ ᠭᠦᠢᠯᠭᠡᠭᠡ ᠵᠡᠷᠭᠡ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠦᠢᠯᠡᠳᠪᠦᠷᠢᠯᠡᠯ | ᠪᠣᠷᠤᠯᠠᠭᠤᠯᠭ᠎ᠠ ᠶᠢ ᠵᠣᠯᠭᠠᠭᠤᠯᠬᠤ ᠪᠠ ᠲᠠᠷᠢᠶᠠᠯᠠᠩ ᠪᠠ ᠬᠡᠲᠦ ᠳᠡᠯᠭᠡᠭᠦᠷ ᠢ ᠵᠣᠯᠭᠠᠭᠤᠯᠬᠤ ᠶᠢ ᠠᠬᠢᠭᠤᠯᠵᠤ᠂ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠠᠵᠢᠯ ᠢ ᠠᠬᠢᠭᠤᠯᠤᠨ᠎ᠠ᠃ | ᠮᠠᠰᠢᠨ ᠲᠡᠷᠭᠡᠨ ᠤ ᠭᠦᠢᠯᠭᠡᠭᠡᠨ ᠤ ᠠᠵᠢᠯ ᠲᠥᠷᠥᠯ ᠳᠤ ᠬᠢᠨᠠᠯᠲᠠ ᠲᠠᠯᠪᠢᠵᠤ ᠳᠣᠲᠣᠭᠠᠳᠤ ᠠᠷᠠᠯᠵᠢᠶᠠᠨ ᠤ | ᠭᠦᠢᠯᠭᠡᠭᠡᠨ ᠤ ᠬᠥᠭᠵᠢᠯᠲᠡ ᠶᠢᠨ ᠲᠦᠷᠦ ᠶᠢᠨ ᠪᠣᠳᠣᠯᠭ᠎ᠠ ᠶᠢ ᠲᠦᠯᠬᠢᠨ ᠠᠬᠢᠭᠤᠯᠵᠤ ᠬᠡᠷᠡᠭᠵᠢᠭᠦᠯᠦᠨ᠎ᠡ᠃ ᠳᠣᠲᠣᠭᠠᠳᠤ | ᠠᠷᠠᠯᠵᠢᠶ᠎ᠠ ᠶᠢᠨ ᠭᠦᠢᠯᠭᠡᠭᠡᠨ ᠢ ᠠᠬᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠪᠠ ᠪᠠᠷᠢᠮᠵᠢᠶᠠᠵᠢᠭᠤᠯᠤᠯᠲᠠ ᠶᠢᠨ | ᠠᠵᠢᠯ ᠢ ᠬᠠᠷᠢᠭᠤᠴᠠᠨ᠎ᠠ᠃ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠳᠠᠬᠢᠯᠲᠠ ᠡᠬᠢ ᠪᠠᠶᠠᠯᠢᠭ ᠢ ᠡᠭᠡᠭᠦᠯᠦᠨ | ᠬᠤᠷᠢᠶᠠᠬᠤ ᠪᠠ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ | ᠵᠢᠯᠣᠭᠤᠳᠤᠨ᠎ᠠ᠃ ᠬᠤᠯᠪᠣᠯᠳᠤᠭᠰᠠᠨ ᠡᠵᠡᠩᠨᠡᠯᠲᠡ ᠵᠡᠷᠭᠡ ᠤᠳᠤ ᠦᠶ᠎ᠡ ᠶᠢᠨ ᠭᠦᠢᠯᠭᠡᠭᠡᠨ ᠤ ᠠᠷᠭ᠎ᠠ ᠮᠠᠶ᠋ᠢᠭ ᠤᠨ | ᠬᠥᠭᠵᠢᠯᠲᠡ ᠶᠢ ᠲᠦᠯᠬᠢᠨ ᠠᠬᠢᠭᠤᠯᠤᠨ᠎ᠠ᠃ ᠦᠨ᠎ᠡ ᠬᠠᠶᠠᠵᠤ ᠬᠤᠳᠠᠯᠳᠤᠬᠤ᠂ ᠬᠤᠳᠠᠯᠳᠤᠭᠠᠨ ᠤ ᠣᠨᠴᠠ | ᠵᠥᠪᠰᠢᠶᠡᠷᠡᠯ ᠲᠠᠢ ᠡᠵᠡᠩᠨᠡᠯᠲᠡ ᠵᠡᠷᠭᠡ ᠶᠢ ᠬᠠᠤᠯᠢ ᠶᠣᠰᠣᠭᠠᠷ ᠬᠠᠮᠢᠶᠠᠷᠤᠨ᠎ᠠ᠃ ᠪᠥᠬᠦ ᠲᠣᠭᠤᠷᠢᠭ ᠤᠨ ᠬᠠᠮᠢᠶ᠎ᠠ ᠪᠦᠬᠦᠢ | ᠦᠵᠡᠰᠬᠦᠯᠡᠩ ᠤᠨ ᠠᠵᠢᠯᠯᠠᠭ᠎ᠠ ᠳᠤ ᠦᠢᠯᠡᠴᠢᠯᠡᠬᠦ ᠶᠢ ᠬᠠᠷᠢᠭᠤᠴᠠᠨ᠎ᠠ᠃ ᠪᠥᠬᠦ ᠲᠣᠭᠤᠷᠢᠭ ᠤᠨ ᠠᠷᠠᠯᠵᠢᠶ᠎ᠠ | ᠬᠤᠳᠠᠯᠳᠤᠭᠠᠨ ᠤ ᠦᠢᠯᠡᠴᠢᠯᠡᠭᠡᠨ ᠤ ᠦᠢᠯᠡᠰ ︵ᠢᠳᠡᠭᠡᠨ ᠤᠮᠳᠠᠭᠠᠨ᠂ ᠬᠤᠨᠤᠭ ᠪᠠᠭᠤᠳᠠᠯ ᠤᠨ ᠦᠢᠯᠡᠰ ᠪᠠᠭᠲᠠᠨ᠎ᠠ︶ | ᠤᠨ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠠᠵᠤ ᠠᠬᠤᠢ ᠶᠢᠨ | ᠡᠮᠬᠢ ᠳᠢᠭᠯᠢᠮ ᠢ ᠵᠣᠬᠢᠴᠠᠭᠤᠯᠤᠨ ᠴᠡᠭᠴᠡᠯᠡᠵᠦ ᠵᠢᠷᠤᠮᠵᠢᠭᠤᠯᠤᠨ᠂ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ | ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠᠯᠳᠤᠭᠠᠨ ᠤ ᠢᠲᠡᠭᠡᠮᠵᠢ ᠶᠢᠨ ᠬᠤᠳᠠᠯᠳᠤᠭᠠᠨ ᠤ | ᠶᠠᠪᠤᠳᠠᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ | ᠠᠷᠠᠯᠵᠢᠶᠠᠨ ᠤ ᠠᠵᠢᠯᠯᠠᠭ᠎ᠠ ᠶᠢ ᠵᠢᠷᠤᠮᠵᠢᠭᠤᠯᠵᠤ᠂ ᠰᠢᠭᠤᠳ ᠪᠣᠷᠣᠯᠠᠭᠤᠯᠬᠤ ᠬᠠᠮᠢᠶᠠᠷᠤᠯᠲᠠ ᠶᠢ ᠬᠠᠷᠢᠭᠤᠴᠠᠨ᠎ᠠ᠃ | | | ᠲᠣᠭᠤᠷᠢᠭ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ | ᠲᠤᠭᠤᠷᠪᠢᠨ ᠲᠣᠭᠲᠠᠭᠠᠵᠤ᠂ ᠬᠥᠭᠵᠢᠯᠲᠡ ᠶᠢᠨ ᠲᠥᠯᠦᠪᠵᠢᠭᠦᠯᠭᠡ ᠪᠠ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢ | ᠰᠦᠯᠵᠢᠶ᠎ᠡ ᠪᠠᠷ ᠵᠢᠵᠢᠭᠯᠡᠨ ᠬᠤᠳᠠᠯᠳᠤᠬᠤ ᠶᠢ ᠪᠦᠷᠢᠳᠬᠡᠬᠦ ᠪᠠ ᠦᠨᠡᠯᠡᠬᠦ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠵᠠᠬ᠎ᠠ | ᠳᠡᠯᠭᠡᠭᠦᠷ ᠤᠨ ᠠᠵᠢᠯᠯᠠᠭᠠᠨ ᠢ ᠲᠣᠬᠢᠷᠠᠭᠤᠯᠤᠨ ᠡᠵᠡᠮᠳᠡᠬᠦ ᠪᠠ ᠬᠡᠷᠡᠭᠯᠡᠭᠡ ᠶᠢ ᠠᠬᠢᠭᠤᠯᠬᠤ ᠲᠠᠯ᠎ᠠ ᠶᠢᠨ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠦᠨ᠎ᠡ᠃ ᠪᠥᠬᠦ ᠲᠣᠭᠤᠷᠢᠭ ᠤᠨ ᠵᠠᠬ᠎ᠠ ᠳᠡᠯᠭᠡᠭᠦᠷ ᠤᠨ ᠠᠵᠢᠯᠯᠠᠭᠠᠨ ᠢ ᠬᠢᠨᠠᠨ ᠬᠡᠮᠵᠢᠬᠦ ᠪᠠ | ᠳᠣᠲᠣᠭᠠᠳᠤ ᠠᠷᠠᠯᠵᠢᠶ᠎ᠠ ᠶᠢᠨ ᠪᠦᠷᠢᠳᠬᠡᠬᠦ ᠠᠵᠢᠯ ᠢ ᠬᠠᠷᠢᠭᠤᠴᠠᠨ᠎ᠠ᠃ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ | ᠳᠡᠯᠭᠡᠭᠦᠷ ᠤᠨ ᠲᠣᠬᠢᠷᠠᠭᠤᠯᠤᠯ ᠡᠵᠡᠮᠳᠡᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ | ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠮᠢᠬᠠᠨ ᠤ ᠵᠦᠢᠯ | ᠵᠡᠷᠭᠡ ᠴᠢᠬᠤᠯᠠ ᠲᠠᠸᠠᠷ ᠤᠨ ᠨᠥᠭᠡᠴᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠴᠢᠬᠤᠯᠠ ᠲᠠᠸᠠᠷ ︵ | ᠪᠣᠯᠪᠠᠰᠤᠷᠠᠭᠤᠯᠤᠭᠰᠠᠨ ᠴᠢᠯᠠᠭᠤᠨ ᠲᠣᠰᠣ᠂ ᠬᠦᠷᠢ ᠶᠢᠨ ᠲᠣᠷᠭ᠎ᠠ ᠳᠤᠷᠳᠤᠩ︶ ᠪᠣᠯᠣᠨ ᠦᠢᠯᠡᠳᠪᠦᠷᠢᠯᠡᠯ ᠤᠨ | ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠵᠢᠴᠢ ᠠᠵᠢᠯ ᠲᠥᠷᠥᠯ ᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | | | | ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠤᠯᠤᠰ ᠤᠨ ᠮᠠᠰᠢᠨ ᠴᠠᠬᠢᠯᠭᠠᠨ ᠤ ᠦᠢᠯᠡᠳᠬᠦᠨ ︵ᠤᠯᠠᠨ ᠤᠯᠤᠰ ᠤᠨ | ᠳᠠᠭᠠᠭᠠᠴᠢᠯᠠᠯᠲᠠ ᠵᠠᠷᠯᠠᠬᠤ ᠶᠢ ᠪᠠᠭᠲᠠᠭᠠᠨ᠎ᠠ︶ ᠪᠠ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ᠂ ᠢᠵᠢ ᠪᠦᠷᠢᠨ ᠲᠥᠬᠦᠭᠡᠷᠦᠮᠵᠢ ᠶᠢ ᠭᠠᠳᠠᠭᠠᠳᠤ ᠳᠤ ᠭᠠᠷᠭᠠᠬᠤ᠂ | ᠲᠠᠷᠬᠠᠬᠤ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠲᠠᠢ ᠬᠤᠯᠪᠣᠭᠳᠠᠬᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ᠂ ᠪᠣᠯᠪᠠᠰᠤᠷᠠᠭᠤᠯᠬᠤ ᠠᠷᠠᠯᠵᠢᠶ᠎ᠠ ᠶᠢᠨ ᠬᠠᠮᠢᠶᠠᠷᠤᠯᠲᠠ ᠵᠡᠷᠭᠡ ᠲᠦᠷᠦ ᠶᠢᠨ ᠪᠣᠳᠣᠯᠭ᠎ᠠ ᠪᠠ | ᠬᠤᠯᠪᠣᠭᠳᠠᠯ ᠪᠦᠬᠦᠢ ᠭᠠᠷᠴᠠᠭ ᠢ ᠬᠡᠷᠡᠭᠵᠢᠭᠦᠯᠦᠨ᠎ᠡ᠃ ᠪᠥᠬᠦ ᠲᠣᠭᠤᠷᠢᠭ ᠤᠨ ᠭᠠᠳᠠᠭᠠᠳᠤ ᠠᠷᠠᠯᠵᠢᠶ᠎ᠠ ᠶᠢᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢᠨ ᠠᠵᠢᠯ ᠢ ᠲᠦᠷᠦᠭᠦᠯᠡᠨ ᠤᠯᠤᠰ᠂ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠱᠠᠲᠤᠨ ᠤ ᠦᠢᠯᠡᠴᠢᠯᠡᠭᠡᠨ ᠤ ᠠᠷᠠᠯᠵᠢᠶ᠎ᠠ᠂ ᠮᠡᠷᠭᠡᠵᠢᠯ ᠤᠨ ᠠᠷᠠᠯᠵᠢᠶ᠎ᠠ᠂ ᠦᠢᠯᠡᠴᠢᠯᠡᠭᠡᠨ ᠢ | ᠭᠠᠳᠠᠭᠰᠢ ᠳᠠᠭᠠᠭᠠᠴᠢᠯᠠᠭᠤᠯᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | | | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠬᠠᠤᠯᠢ ᠶᠣᠰᠣᠭᠠᠷ ᠬᠠᠮᠢᠶᠠᠷᠴᠤ᠂ | ᠭᠠᠳᠠᠭᠠᠳᠤ ᠶᠢᠨ ᠪᠡᠯᠡ ᠣᠷᠣᠭᠤᠯᠵᠤ ᠡᠵᠡᠩᠨᠡᠭᠰᠡᠨ ᠠᠵᠤ ᠠᠬᠤᠶᠢᠯᠠᠯ ᠢ ᠪᠠᠶᠢᠭᠤᠯᠬᠤ᠂ ᠬᠤᠪᠢᠷᠠᠭᠤᠯᠬᠤ ᠵᠢᠴᠢ | ᠭᠠᠳᠠᠭᠠᠳᠤ ᠶᠢᠨ ᠬᠤᠳᠠᠯᠳᠤᠭᠠᠴᠢᠨ ᠤ ᠵᠠᠭᠠᠯᠳᠤᠯᠭ᠎ᠠ ᠭᠠᠷᠭᠠᠬᠤ ᠵᠡᠷᠭᠡ ᠬᠤᠯᠪᠣᠭᠳᠠᠯ ᠪᠦᠬᠦᠢ ᠠᠵᠢᠯ ᠢ ᠬᠠᠤᠯᠢ | ᠶᠣᠰᠣᠭᠠᠷ ᠳᠠᠩᠰᠠᠯᠠᠭᠤᠯᠤᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ᠂ ᠭᠡᠷ᠎ᠡ ᠶᠢᠨ ᠳᠦᠷᠢᠮ᠂ | ᠳᠠᠩᠰᠠᠯᠠᠭᠤᠯᠤᠭᠰᠠᠨ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠶᠢᠨ ᠬᠠᠮᠲᠤ ᠭᠠᠳᠠᠭᠠᠳᠤ ᠶᠢᠨ | ᠬᠤᠳᠠᠯᠳᠤᠭᠠᠴᠢᠨ ᠤ ᠵᠠᠭᠠᠯᠳᠤᠯᠭ᠎ᠠ ᠵᠡᠷᠭᠡ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ ᠰᠢᠢᠳᠪᠦᠷᠢᠯᠡᠨ᠎ᠡ᠃ | | | ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠲᠥᠷᠥᠯ ᠤᠨ ᠲᠥᠷᠥᠯ ᠵᠦᠢᠯ ᠤᠨ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠵᠤ ᠂ ᠪᠣᠳᠠᠲᠠᠶᠢᠵᠢᠭᠤᠯᠤᠭᠰᠠᠨ ᠲᠥᠷᠥᠯ ᠵᠦᠢᠯ ᠳᠤ ᠡᠯ᠎ᠡ | ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠵᠣᠬᠢᠴᠠᠭᠤᠯᠤᠨ ᠠᠬᠢᠭᠤᠯᠤᠨ᠎ᠠ᠃ | | | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠰᠢᠰᠲ᠋ᠧᠮᠵᠢᠭᠦᠯᠦᠨ ᠬᠠᠮᠢᠶᠠᠷᠬᠤ ᠡᠯ᠎ᠡ | ᠲᠥᠷᠥᠯ ᠤᠨ ᠲᠤᠰᠬᠠᠢ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠬᠢᠭᠡᠳ ᠡᠳ᠋ ᠤᠨ ᠶᠠᠪᠤᠳᠠᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | | | ᠠᠵᠢᠯᠯᠠᠬᠤ ᠭᠠᠵᠠᠷ᠄ ᠰᠠᠶᠢᠬᠠᠨ ᠲᠣᠭᠤᠷᠢᠭ ᠤᠨ ᠨᠠᠮ ᠵᠠᠰᠠᠭ ᠤᠨ ᠪᠠᠶᠢᠭᠤᠯᠤᠯᠭ᠎ᠠ ᠶᠢᠨ ᠶᠡᠭᠡ ᠠᠰᠠᠷ ᠤᠨ 1 | ᠳ᠋ᠦ᠋ᠭᠡᠷ ᠠᠰᠠᠷ ᠤᠨ 120 ᠳ᠋ᠤᠭᠠᠷ ᠥᠷᠥᠭᠡ | | ᠠᠵᠢᠯᠯᠠᠬᠤ ᠴᠠᠭ᠄ ᠦᠳᠡ ᠶᠢᠨ ᠡᠮᠦᠨᠡᠬᠢ 9᠄ 00 ︱ 12᠄ 00 ᠦᠳᠡ ᠶᠢᠨ ᠬᠤᠶᠢᠨᠠᠬᠢ 1᠄ 30 | ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ | ᠭᠠᠳᠠᠨ᠎ᠠ︶ | | ᠬᠠᠷᠢᠭᠤᠴᠠᠯᠭᠠᠲᠠᠨ᠄ ᠸᠠᠩ ᠶᠧ | | ᠬᠠᠷᠢᠯᠴᠠᠬᠤ ᠤᠲᠠᠰᠤ᠄ ︵0471︶ 6270897 | | ᠭᠤᠣᠯᠯᠠᠨ ᠡᠷᠬᠢᠯᠡᠭᠰᠡᠨ ᠨᠢᠭᠡᠴᠡ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠤᠤ ᠤᠳᠠ ᠵᠠᠮ | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |