ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2024/3/14
     ᠨᠢᠭᠡ᠂ ᠭᠤᠣᠯ ᠡᠭᠦᠷᠭᠡ ᠲᠤᠰᠢᠶᠠᠯ            ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠷᠠᠳ ᠤᠨ ᠶᠠᠪᠤᠳᠠᠯ ᠤᠨ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠲᠣᠭᠤᠷᠢᠭ ᠤᠨ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠲᠥᠯᠥᠪᠯᠡᠭᠡ ᠪᠣᠯᠣᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃                ︵ᠬᠤᠶᠠᠷ︶ ᠪᠥᠬᠦ ᠲᠣᠭᠤᠷᠢᠭ ᠤᠨ ᠨᠡᠶᠢᠭᠡᠮ  ᠤᠨ ᠲᠡᠩᠬᠡᠷᠡᠭᠦᠯᠦᠨ ᠲᠤᠰᠠᠯᠠᠬᠤ ᠠᠵᠢᠯ ᠢ ᠬᠠᠷᠢᠭᠤᠴᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰ‌ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠎ᠡ᠃ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ ᠶᠢ ᠲᠡᠩᠬᠡᠷᠡᠭᠦᠯᠦᠨ ᠲᠤᠰᠠᠯᠠᠬᠤ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠲᠡᠩᠬᠡᠷᠡᠭᠦᠯᠦᠨ ᠲᠤᠰᠠᠯᠠᠬᠤ᠂ ᠠᠮᠢᠳᠤᠷᠠᠬᠤ ᠶᠢᠨ ᠠᠷᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠲᠡᠩᠬᠡᠷᠡᠭᠦᠯᠦᠨ ᠲᠤᠰᠠᠯᠠᠬᠤ ᠠᠵᠢᠯ ᠢ ᠬᠠᠷᠢᠭᠤᠴᠠᠨ᠎ᠠ᠃ ᠰᠠᠭᠤᠭᠠᠯᠢ ᠠᠷᠠᠳ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠠᠵᠢᠯ ᠢ ᠥᠷᠨᠢᠭᠦᠯᠦᠨ᠎ᠡ᠃                ︵ᠭᠤᠷᠪᠠ︶ ᠨᠡᠶᠢᠭᠡᠮ ᠲᠣᠭᠤᠷᠢᠭ ᠤᠨ ᠵᠠᠰᠠᠬᠤ ᠰᠢᠰᠲ᠋ᠧᠮ᠂ ᠵᠠᠰᠠᠬᠤ ᠴᠢᠳᠠᠪᠤᠷᠢ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠯᠤᠭᠤᠳᠴᠤ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠶᠢ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃          ︵ᠳᠥᠷᠪᠡ︶ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠡᠷᠡᠭ ᠶᠠᠪᠤᠳᠠᠯ ᠢ ᠳᠠᠭᠠᠭᠠᠨ ᠭᠦᠢᠴᠡᠳᠬᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠶᠢ ᠡᠭᠦᠷᠭᠡᠯᠡᠨ᠎ᠡ᠃ ᠵᠠᠰᠠᠭ ᠵᠠᠬᠢᠷᠭᠠᠨ ᠤ ᠣᠷᠣᠨ ᠤ ᠵᠠᠭᠠᠭ ᠬᠢᠵᠠᠭᠠᠷ ᠤᠨ ᠲᠤᠬᠠᠢ ᠬᠢᠯᠢ ᠶᠢᠨ ᠮᠠᠷᠭᠤᠯᠳᠤᠭᠠᠨ ᠢ ᠡᠶᠡᠳᠡᠭᠦᠯᠦᠨ ᠰᠢᠢᠳᠪᠦᠷᠢᠯᠡᠨ᠎ᠡ᠃                ︵ᠲᠠᠪᠤ︶ ᠪᠥᠬᠦ ᠲᠣᠭᠤᠷᠢᠭ ᠤᠨ ᠨᠡᠶᠢᠭᠡᠮ ᠤᠨ ᠠᠰᠠᠷᠠᠮᠵᠢ ᠶᠢᠨ ᠠᠵᠢᠯ ᠢ ᠬᠠᠷᠢᠭᠤᠴᠠᠵᠤ᠂ ᠳᠦᠷᠢᠮ ᠤᠨ ᠬᠡᠯᠪᠡᠷᠢ ᠶᠢᠨ ᠨᠡᠶᠢᠭᠡᠮ ᠤᠨ ᠠᠰᠠᠷᠠᠮᠵᠢ ᠶᠢᠨ ᠰᠢᠰᠲ᠋ᠧᠮᠵᠢ ᠶᠢ ᠪᠠᠶᠢᠭᠤᠯᠤᠨ᠂ ᠬᠠᠷᠢᠶᠠᠲᠤ ᠣᠷᠣᠨ ᠤ ᠡᠯ᠎ᠡ ᠲᠥᠷᠥᠯ ᠤᠨ ᠠᠰᠠᠷᠠᠮᠵᠢ ᠶᠢᠨ ᠪᠡᠯᠡᠳᠬᠡᠮᠵᠢ᠂ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠦᠢᠯᠡᠴᠢᠯᠡᠭᠡ ᠥᠷᠨᠢᠭᠦᠯᠬᠦ ᠶᠢ ᠵᠢᠯᠣᠭᠤᠳᠤᠨ᠎ᠠ᠃ ᠬᠠᠷᠢᠶᠠᠲᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠢᠭᠡᠳᠦᠯᠲᠡᠢ ᠲᠥᠯᠥᠪᠯᠡᠨ ᠠᠬᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠠᠵᠢᠯ ᠢ ᠰᠢᠮᠳᠠᠭᠤᠯᠤᠨ ᠵᠢᠯᠤᠭᠤᠳᠴᠤ᠂ ᠬᠢᠨᠠᠯᠲᠠ ᠲᠠᠯᠪᠢᠨ ᠬᠠᠮᠢᠶᠠᠷᠴᠤ᠂ ᠨᠠᠰᠤᠲᠠᠶᠢᠴᠤᠳ ᠤᠨ ᠠᠰᠠᠷᠠᠮᠵᠢ ᠪᠠ ᠲᠡᠩᠬᠡᠷᠡᠭᠦᠯᠦᠨ ᠲᠤᠰᠠᠯᠠᠬᠤ ᠠᠵᠢᠯ ᠢ ᠳᠠᠭᠠᠭᠠᠨ ᠡᠭᠦᠷᠭᠡᠯᠡᠵᠦ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠭᠳᠠᠬᠤ ᠶᠢ ᠠᠬᠢᠭᠤᠯᠤᠨ᠎ᠠ᠃ ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠪᠠᠲᠤᠯᠠᠭ᠎ᠠ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ᠂ ᠡᠷᠭᠦᠨ ᠲᠡᠵᠢᠭᠡᠬᠦ ᠶᠢ ᠳᠠᠩᠰᠠᠯᠠᠬᠤ ᠵᠡᠷᠭᠡ ᠠᠵᠢᠯ ᠢ ᠡᠭᠦᠷᠭᠡᠯᠡᠵᠦ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃      ︵ᠵᠢᠷᠭᠤᠭ᠎ᠠ︶ ᠪᠥᠬᠦ ᠲᠣᠭᠤᠷᠢᠭ ᠤᠨ ᠨᠡᠶᠢᠭᠡᠮ ᠤᠨ ᠠᠵᠢᠯ ᠢ ᠬᠠᠷᠢᠭᠤᠴᠠᠵᠤ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠂ ᠣᠷᠣᠨ ᠤ ᠪᠠᠶᠢᠳᠠᠯ ᠳᠤ ᠲᠣᠬᠢᠷᠠᠬᠤ ᠨᠡᠶᠢᠭᠡᠮ ᠤᠨ ᠠᠵᠢᠯ ᠤᠨ ᠰᠢᠰᠲ᠋ᠧᠮᠵᠢ ᠶᠢ ᠪᠠᠶᠢᠭᠤᠯᠤᠨ᠎ᠠ᠃      ︵ᠳᠣᠯᠤᠭ᠎ᠠ︶ ᠬᠠᠷᠢᠶ᠎ᠠ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠲᠡᠮᠳᠡᠭᠯᠡᠬᠦ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠣᠨ ᠤ ᠪᠠᠶᠢᠴᠠᠭᠠᠯᠲᠠ᠂ ᠬᠢᠨᠠᠨ ᠪᠣᠳᠣᠯᠲᠠ ᠶᠢ ᠬᠠᠤᠯᠢ ᠶᠣᠰᠣᠭᠠᠷ ᠬᠡᠷᠡᠭᠵᠢᠭᠦᠯᠵᠦ᠂ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠪᠠ ᠣᠯᠠᠨ ᠲᠦᠮᠡᠨ ᠤ ᠪᠠᠶᠢᠭᠤᠯᠤᠯᠲᠠ ᠶᠢᠨ ᠠᠵᠢᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃      ︵ᠨᠠᠢᠮᠠ︶ ᠪᠥᠬᠦ ᠲᠣᠭᠤᠷᠢᠭ ‍ᠤᠨ‌ᠣᠷᠤᠭ ᠤᠨ ᠳᠠᠩᠰᠠᠯᠠᠯᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠶᠢᠰᠦ︶ ᠬᠠᠷᠢᠶᠠᠲᠤ ᠣᠷᠣᠨ ᠤ  ᠣᠷᠣᠰᠢᠭᠤᠯᠭ᠎ᠠ  ᠶᠢᠨ ᠦᠢᠯᠡᠰ ᠤᠨ ᠬᠥᠭᠵᠢᠯᠲᠡ ᠶᠢ ᠬᠠᠤᠯᠢ ᠶᠣᠰᠣᠭᠠᠷ ᠠᠬᠢᠭᠤᠯᠵᠤ  ᠂ ᠪᠥᠬᠦ ᠲᠣᠭᠤᠷᠢᠭ ᠤᠨ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠬᠡᠷᠡᠭ ᠶᠠᠪᠤᠳᠠᠯ ᠢ ᠳᠠᠭᠠᠭᠠᠨ ᠡᠭᠦᠷᠭᠡᠯᠡᠵᠦ᠂ ᠣᠷᠣᠰᠢᠭᠤᠯᠭ᠎ᠠ ᠶᠢᠨ ᠵᠠᠩ ᠳᠠᠳᠬᠠᠯ ᠤᠨ ᠥᠭᠡᠷᠡᠴᠢᠯᠡᠯᠲᠡ ᠶᠢ ᠵᠢᠯᠣᠭᠤᠳᠤᠨ᠎ᠠ᠃      ︵ᠠᠷᠪᠠ︶ᠬᠠᠷᠢᠶ᠎ᠠ ᠣᠷᠣᠨ ᠤ ᠨᠡᠶᠢᠭᠡᠮ ᠤᠨ ᠬᠠᠨᠳᠢᠪᠯᠡᠨ ᠲᠤᠰᠠᠯᠠᠬᠤ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠠᠵᠢᠯ ᠢ ᠵᠣᠬᠢᠴᠠᠭᠤᠯᠤᠨ ᠵᠢᠯᠤᠭᠤᠳᠴᠤ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃      ᠬᠤᠶᠠᠷ᠂ ᠳᠣᠲᠣᠭᠠᠳᠤ ᠪᠠᠶᠢᠭᠤᠯᠤᠮᠵᠢ᠄ ᠶᠡᠷᠦᠩᠬᠡᠢ ᠬᠤᠪᠢ ᠪᠠ ᠲᠤᠬᠠᠶᠢᠯᠠᠭᠰᠠᠨ ᠠᠵᠢᠯ ᠤᠨ ᠬᠤᠪᠢ      ᠶᠡᠷᠦᠩᠬᠡᠶᠢᠯᠡᠭᠰᠡᠨ ᠰᠲ᠋ᠣᠺ  ᠄ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠯᠴᠠᠬᠤ ᠵᠡᠷᠭᠡ ᠠᠵᠢᠯ ᠢ ᠡᠭᠦᠷᠭᠡᠯᠡᠨ᠎ᠡ᠃ ᠬᠠᠮᠢᠶ᠎ᠠ ᠪᠦᠬᠦᠢ ᠵᠢᠷᠤᠮᠵᠢᠯ  ᠤᠨ ᠴᠢᠨᠠᠷᠲᠠᠢ ᠪᠢᠴᠢᠭ ᠮᠠ‌ᠧᠷᠢᠶᠠᠯ ᠢ ᠲᠤᠭᠤᠷᠪᠢᠨ ᠪᠢᠴᠢᠬᠦ  ᠶᠢ ᠬᠠᠷᠢᠭᠤᠴᠠᠨ᠎ᠠ᠃ ᠠᠷᠠᠳ ᠤᠨ ᠶᠠᠪᠤᠳᠠᠯ ᠤᠨ ᠠᠵᠢᠯ ᠲᠥᠷᠥᠯ  ᠤᠨ ᠪᠠᠷᠢᠮᠵᠢᠶᠠᠵᠢᠭᠤᠯᠬᠤ ᠠᠵᠢᠯ ᠢ ᠡᠭᠦᠷᠭᠡᠯᠡᠨ᠎ᠡ᠃ ᠵᠢᠷᠤᠮᠵᠢᠯ ᠤᠨ ᠴᠢᠨᠠᠷᠲᠠᠢ ᠪᠢᠴᠢᠭ ᠮᠠ‌ᠧᠷᠢᠶᠠᠯ  ᠤᠨ ᠬᠠᠤᠯᠢ ᠶᠣᠰᠣᠨ  ᠤ ᠴᠢᠨᠠᠷᠲᠠᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠲᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠢᠬᠦ ᠵᠡᠷᠭᠡ ᠠᠵᠢᠯ ᠢ ᠡᠭᠦᠷᠭᠡᠯᠡᠨ᠎ᠡ᠃      ᠲᠠᠰᠤᠭ ᠤᠨ ᠳᠠᠷᠤᠭ᠎ᠠ᠄ ᠬᠦᠥᠸ᠋ ᠯᠢ ᠵᠧᠨ          ᠲᠤᠬᠠᠶᠢᠯᠠᠭᠰᠠᠨ ᠠᠵᠢᠯ ᠤᠨ ᠲᠠᠰᠤᠭ᠄ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ ᠪᠠ ᠨᠢᠭᠦᠯᠡᠰᠦᠩᠭᠦᠢ ᠶᠢᠨ ᠦᠢᠯᠡᠰ᠂ ᠨᠡᠶᠢᠭᠡᠮ ᠤᠨ ᠬᠡᠷᠡᠭ ᠶᠠᠪᠤᠳᠠᠯ᠂ ᠨᠡᠶᠢᠭᠡᠮ ᠤᠨ ᠠᠵᠢᠯ᠂ ᠦᠨᠳᠦᠰᠦᠨ ᠱᠠᠲᠤᠨ ᠤ ᠵᠠᠰᠠᠭ ᠤᠨ ᠵᠠᠰᠠᠭ᠂ ᠣᠷᠣᠨ ᠤ ᠬᠤᠪᠢᠶᠠᠷᠢᠯᠠᠯ ᠤᠨ ᠭᠠᠵᠠᠷ ᠤᠨ ᠨᠡᠷ᠎ᠡ ︵ᠵᠠᠭᠠᠭ ᠬᠠᠶᠢᠬᠤ︶᠂ ᠠᠷᠠᠳ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠬᠠᠷᠢᠭᠤᠴᠠᠨ᠎ᠠ᠃ ᠲᠠᠰᠤᠭ ᠤᠨ ᠳᠠᠷᠤᠭ᠎ᠠ᠄ ᠯᠢ ᠵᠦᠩ ᠬᠤᠸᠠ           ᠬᠠᠷᠢᠶ᠎ᠠ ᠨᠢᠭᠡᠴᠢ           ︵ᠨᠢᠭᠡ︶ ᠰᠠᠶᠢᠬᠠᠨ ᠲᠣᠭᠤᠷᠢᠭ ᠤᠨ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠲᠥᠪ      ᠭᠤᠣᠯ ᠡᠭᠦᠷᠭᠡ ᠲᠤᠰᠢᠶᠠᠯ ᠬᠠᠷᠢᠭᠤᠴᠠᠯᠭ᠎ᠠ          1. ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔ ᠲᠣᠪᠴᠢᠶ᠎ᠠ ᠶᠢᠨ ᠪᠠᠶᠢᠭᠤᠯᠭ᠎ᠠ ᠶᠢᠨ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠢᠯᠡᠴᠢᠯᠡᠭᠡ᠂ ᠳᠠᠩᠰᠠ ᠡᠪᠬᠡᠮᠡᠯ᠂ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠠᠵᠢᠯ ᠢ ᠬᠠᠮᠵᠢᠨ ᠰᠠᠶᠢᠲᠤᠷ ᠬᠢᠨ᠎ᠡ᠃      2. ᠪᠥᠬᠦ  ᠲᠣᠭᠤᠷᠢᠭ ᠤᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠪᠠ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠵᠡᠷᠭᠡ ᠵᠠᠰᠠᠭ ᠵᠠᠬᠢᠷᠭᠠᠨ ᠤ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ᠃            3. ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠤᠨ ᠬᠠᠮᠢᠶᠠᠷᠤᠯᠲᠠ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ᠃      4. ᠣᠷᠤᠭ ᠤᠨ ᠬᠠᠮᠢᠶᠠᠷᠤᠯᠲᠠ᠂ ᠣᠷᠤᠭ ᠤᠨ ᠵᠠᠩᠰᠢᠯ ᠤᠨ ᠥᠭᠡᠷᠡᠴᠢᠯᠡᠯᠲᠡ᠂ ᠣᠷᠤᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠯᠲᠡ ᠵᠡᠷᠭᠡ ᠵᠠᠰᠠᠭ ᠵᠠᠬᠢᠷᠭᠠᠨ ᠤ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ᠃      5᠂ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠵᠠᠰᠠᠭ ᠵᠠᠬᠢᠷᠭᠠᠨ ᠤ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ᠃      6. ᠣᠷᠣᠰᠢᠭᠤᠯᠭ᠎ᠠ  ᠶᠢᠨ ᠦᠢᠯᠡᠴᠢᠯᠡᠭᠡ ᠪᠠ ᠣᠷᠣᠰᠢᠭᠤᠯᠭ᠎ᠠ  ᠶᠢᠨ ᠬᠠᠮᠢᠶᠠᠷᠤᠯᠲᠠ  ᠶᠢᠨ ᠮᠡᠳᠡᠭᠡ ᠵᠠᠩᠭᠢ  ᠶᠢᠨ ᠰᠢᠰᠲ᠋ᠧᠮ ᠳᠤ ᠬᠡᠷᠡᠭᠯᠡᠬᠦ ᠵᠠᠰᠠᠭ ᠵᠠᠬᠢᠷᠭᠠᠨ ᠤ ᠲᠤᠰᠠᠯᠠᠬᠤ ᠴᠢᠨᠠᠷᠲᠠᠢ ᠠᠵᠢᠯ  ᠢ ᠡᠭᠦᠷᠭᠡᠯᠡᠨ᠎ᠡ᠃      7. ᠨᠡᠶᠢᠭᠡᠮ ᠤᠨ ᠠᠵᠢᠯᠲᠠᠨ᠂ ᠨᠢᠭᠦᠯᠡᠰᠦᠩᠭᠦᠢ ᠶᠢᠨ ᠦᠢᠯᠡᠰ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠮᠢᠶ᠎ᠠ ᠪᠦᠬᠦᠢ ᠠᠵᠢᠯ ᠤᠨ ᠵᠠᠰᠠᠭ ᠵᠠᠬᠢᠷᠭᠠᠨ ᠤ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ᠃      8᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ᠰᠠᠶᠢᠬᠠᠨ ᠲᠣᠭᠤᠷᠢᠭ ᠤᠨ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ᠄ ᠭᠦᠸᠧ ᠯᠢ ᠵᠧᠨ      ᠠᠵᠢᠯᠯᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ ᠤᠨ 12 ᠳ᠋ᠤᠭᠠᠷ ᠳᠠᠪᠬᠤᠷᠯᠢᠭ ᠤᠨ ᠠᠵᠢᠯᠯᠠᠬᠤ ᠲᠣᠭᠤᠷᠢᠭ      ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 13᠄ 30 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠬᠡᠯᠪᠡᠷᠢ᠄ 0471-4211726 ︵ᠬᠤᠶᠠᠷ︶ ᠰᠠᠶᠢᠬᠠᠨ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠪ      ᠭᠤᠣᠯ ᠡᠭᠦᠷᠭᠡ ᠲᠤᠰᠢᠶᠠᠯ ᠬᠠᠷᠢᠭᠤᠴᠠᠯᠭ᠎ᠠ      1. ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠲᠡᠩᠬᠡᠷᠡᠭᠦᠯᠦᠨ ᠲᠤᠰᠠᠯᠠᠬᠤ ᠵᠡᠷᠭᠡ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠵᠠᠰᠠᠭ ᠵᠠᠬᠢᠷᠭᠠᠨ ᠤ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ︔ ᠨᠡᠶᠢᠭᠡᠮ ᠤᠨ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠬᠠᠮᠠᠭᠠᠯᠠᠬᠤ᠂ ᠵᠠᠳᠠᠯᠬᠤ᠂ ᠬᠢᠨᠠᠨ ᠬᠡᠮᠵᠢᠬᠦ ᠵᠡᠷᠭᠡ ᠠᠵᠢᠯ ᠢ ᠰᠠᠶᠢᠲᠤᠷ ᠬᠢᠨ᠎ᠡ︔ ᠣᠷᠣᠯᠭ᠎ᠠ ᠪᠠᠭᠠᠲᠠᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠨ ᠯᠠᠪᠯᠠᠬᠤ ᠠᠵᠢᠯ ᠢ ᠰᠠᠶᠢᠲᠤᠷ ᠬᠢᠨ᠎ᠡ᠃      2. ᠠᠮᠢᠳᠤᠷᠠᠯ ᠤᠨ ᠠᠷᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠭᠴᠢᠳ ᠢ ᠠᠪᠤᠷᠠᠨ ᠲᠤᠰᠠᠯᠠᠬᠤ ᠵᠠᠰᠠᠭ ᠵᠠᠬᠢᠷᠭᠠᠨ ᠤ ᠲᠤᠰᠠᠯᠠᠮᠵᠢ ᠶᠢᠨ ᠴᠢᠨᠠᠷᠲᠠᠢ ᠠᠵᠢᠯ ᠢ ᠡᠭᠦᠷᠭᠡᠯᠡᠨ᠎ᠡ᠃       3. ᠬᠡᠦᠬᠡᠳ ᠤᠨ ᠠᠰᠠᠷᠠᠮᠵᠢ᠂ ᠥᠨᠥᠴᠢᠨ ᠵᠡᠮᠳᠡᠭ ᠬᠡᠦᠬᠡᠳ ᠤᠨ ᠪᠠᠲᠤᠯᠠᠭ᠎ᠠ᠂ ᠬᠡᠦᠬᠡᠳ  ᠢ ᠠᠰᠠᠷᠠᠨ ᠲᠡᠵᠢᠭᠡᠬᠦ᠂ ᠬᠡᠦᠬᠡᠳ ᠢ ᠠᠪᠤᠷᠠᠨ ᠲᠤᠰᠠᠯᠠᠬᠤ ᠶᠢᠨ ᠵᠠᠰᠠᠭ ᠵᠠᠬᠢᠷᠭᠠᠨ ᠤ ᠲᠤᠰᠠᠯᠠᠮᠵᠢ  ᠶᠢᠨ ᠠᠵᠢᠯ ᠢ ᠡᠭᠦᠷᠭᠡᠯᠡᠨ᠎ᠡ︔ ᠬᠥᠳᠡᠭᠡ ᠲᠣᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠦᠨᠳᠦᠰᠦᠨ ᠮᠡᠳᠡᠭᠡ ᠵᠠᠩᠭᠢ ᠶᠢᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ᠂ ᠳᠡᠩᠰᠡᠯᠡᠨ ᠳᠠᠩᠰᠠ ᠡᠪᠬᠡᠮᠡᠯ ᠪᠠᠶᠢᠭᠤᠯᠬᠤ ᠪᠠ  ᠬᠥᠳᠡᠯᠦᠩᠭᠦᠢ ᠰᠢᠨᠡᠳᠬᠡᠬᠦ ᠶᠢ ᠬᠠᠮᠵᠢᠨ ᠥᠷᠨᠢᠭᠦᠯᠦᠨ᠎ᠡ︔ ᠬᠡᠦᠬᠡᠳ ᠤᠨ ᠬᠢᠨᠠᠨ ᠵᠢᠯᠣᠭᠤᠳᠤᠭᠴᠢ᠂ ᠬᠡᠦᠬᠡᠳ ᠤᠨ ᠡᠷᠬᠢᠯᠡᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠢᠴᠢ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠦᠨ᠎ᠡ᠃      4. ᠵᠡᠮᠳᠡᠭᠴᠦᠳ ᠤᠨ ᠠᠰᠠᠷᠠᠮᠵᠢ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠦᠷᠢ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠯᠲᠡ ᠵᠡᠷᠭᠡ ᠵᠠᠰᠠᠭ ᠵᠠᠬᠢᠷᠭᠠᠨ ᠤ ᠲᠤᠰᠠᠯᠠᠬᠤ ᠴᠢᠨᠠᠷᠲᠠᠢ ᠠᠵᠢᠯ ᠢ ᠡᠭᠦᠷᠭᠡᠯᠡᠨ᠎ᠡ᠃      5. ᠪᠥᠬᠦ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠵᠠᠰᠠᠭ ᠵᠠᠬᠢᠷᠭᠠᠨ ᠤ ᠲᠤᠰᠠᠯᠠᠬᠤ ᠠᠵᠢᠯ ᠢ ᠡᠭᠦᠷᠭᠡᠯᠡᠨ᠎ᠡ᠃ ᠨᠠᠰᠤᠲᠠᠶᠢᠴᠤᠳ ᠤᠨ ᠠᠰᠠᠷᠠᠮᠵᠢ ᠪᠠ ᠣᠨᠴᠣᠭᠤᠢ ᠬᠦᠴᠢᠷᠳᠡᠯᠲᠡᠢ ᠨᠠᠰᠤᠲᠠᠶᠢᠴᠤᠳ ᠤᠨ ᠲᠤᠭ᠎ᠠ ᠪᠠᠷᠢᠮᠲᠠ ᠶᠢ ᠬᠠᠮᠠᠭᠠᠯᠠᠬᠤ᠂ ᠵᠠᠳᠠᠯᠬᠤ᠂ ᠬᠠᠷᠢᠴᠠᠭᠤᠯᠬᠤ᠂ ᠬᠢᠨᠠᠨ ᠬᠡᠮᠵᠢᠬᠦ ᠵᠡᠷᠭᠡ ᠠᠵᠢᠯ ᠢ ᠰᠠᠶᠢᠲᠤᠷ ᠬᠢᠨ᠎ᠡ᠃      6᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ᠰᠠᠶᠢᠬᠠᠨ ᠲᠣᠭᠤᠷᠢᠭ ᠤᠨ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ᠄ ᠼᠦᠢ ᠰᠢ ᠸᠥ᠋ᠨ      ᠠᠵᠢᠯᠯᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ ᠤᠨ 12 ᠳ᠋ᠤᠭᠠᠷ ᠳᠠᠪᠬᠤᠷᠯᠢᠭ ᠤᠨ ᠠᠵᠢᠯᠯᠠᠬᠤ ᠲᠣᠭᠤᠷᠢᠭ      ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 13᠄ 30 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠬᠡᠯᠪᠡᠷᠢ᠄ 0471-4211562      ᠢᠷᠡᠯᠲᠡ᠄  ᠰᠠᠶᠢᠬᠠᠨ ᠲᠣᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号