ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/14
ᠨᠢᠭᠡ᠂ ᠭᠤᠣᠯ ᠡᠭᠦᠷᠭᠡ ᠬᠠᠷᠢᠭᠤᠴᠠᠯᠭ᠎ᠠ      ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠪᠡ᠄          ︵ᠨᠢᠭᠡ︶ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠲᠣᠰ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃          ︵ᠬᠤᠶᠠᠷ︶ᠪᠦᠬᠦ ᠲᠣᠭᠤᠷᠢᠭ ‍ᠤᠨ‌‍ᠬᠥ᠋ᠮᠥᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢ ᠪᠦᠷᠢᠳᠬᠡᠬᠦ ᠪᠠ ᠡᠮᠬᠢᠯᠡᠨ ᠨᠡᠶᠢᠯᠡᠭᠦᠯᠬᠦ ᠠᠵᠢᠯ ᠢ ᠬᠠᠷᠢᠭᠤᠴᠠᠵᠤ᠂ ᠬᠥᠮᠥᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠣᠣᠷ ᠰᠦᠯᠵᠢᠶ᠎ᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠨᠢᠭᠡᠳᠦᠯᠲᠡᠢ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ ᠪᠦᠬᠦ ᠲᠣᠭᠤᠷᠢᠭ ᠤᠨ ᠠᠵᠢᠯ ᠣᠯᠬᠤ᠂ ᠠᠵᠢᠯ ᠠᠯᠳᠠᠯᠲᠠ ᠶᠢ ᠲᠥᠰᠥᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠤᠭᠤᠳᠬᠤ ᠶᠢ ᠬᠠᠷᠢᠭᠤᠴᠠᠵᠤ᠂ ᠰᠡᠷᠭᠡᠶᠢᠯᠡᠬᠦ᠂ ᠲᠣᠬᠢᠷᠠᠭᠤᠯᠬᠤ ᠪᠠ ᠡᠵᠡᠮᠳᠡᠬᠦ ᠶᠢ ᠬᠡᠷᠡᠭᠵᠢᠭᠦᠯᠵᠦ᠂ ᠪᠦᠬᠦ ᠲᠣᠭᠤᠷᠢᠭ ‍ᠤᠨ‌ᠠᠵᠢᠯ ᠣᠯᠭᠤᠬᠤ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠨ᠎ᠠ᠃          ︵ᠭᠤᠷᠪᠠ︶ᠪᠦᠬᠦ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠨᠢᠭᠡᠳᠦᠯᠲᠡᠢ ᠵᠢᠷᠤᠮᠵᠢᠭᠰᠠᠨ ᠵᠠᠬ᠎ᠠ ᠳᠡᠯᠭᠡᠭᠦᠷ ᠢ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠢ ᠰᠢᠯᠵᠢᠯᠲᠡ᠂ ᠪᠦᠲᠦᠮᠵᠢᠲᠡᠶ ᠲᠣᠬᠢᠷᠠᠭᠤᠯᠤᠯᠲᠠ ᠶᠢ ᠠᠬᠢᠭᠤᠯᠤᠨ᠎ᠠ᠃          ︵ᠳᠥᠷᠪᠡ︶ᠪᠦᠬᠦ ᠲᠣᠭᠤᠷᠢᠭ ‍ᠤᠨ‌ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠠᠵᠢᠯ ᠢ ᠬᠠᠷᠢᠭᠤᠴᠠᠨ ᠠᠬᠢᠭᠤᠯᠵᠤ᠂ ᠪᠦᠬᠦ ᠲᠣᠭᠤᠷᠢᠭ ᠤᠨ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠠᠵᠢᠯ ᠣᠯᠭᠤᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠣᠯᠠᠨ ᠨᠡᠶᠢᠲᠡ ᠶᠢᠨ ᠠᠵᠢᠯ ᠣᠯᠭᠤᠯᠲᠠ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃          ︵ᠲᠠᠪᠤ︶ᠬᠤᠲᠠ ᠬᠥᠳᠡᠭᠡ ᠶᠢᠨ ᠨᠡᠶᠢᠭᠡᠮ ᠤᠨ ᠳᠠᠭᠠᠳᠬᠠᠯ ᠵᠢᠴᠢ ᠨᠥᠬᠦᠪᠦᠷᠢ ᠳᠠᠭᠠᠳᠬᠠᠯ ᠤᠨ ᠲᠥᠷᠥ ᠶᠢᠨ ᠪᠣᠳᠣᠯᠭ᠎ᠠ ᠪᠣᠯᠣᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠲᠣᠭᠤᠷᠢᠭ ᠤᠨ ᠬᠤᠲᠠ ᠬᠥᠳᠡᠭᠡ ᠶᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ᠂ ᠪᠦᠬᠦ ᠲᠣᠭᠤᠷᠢᠭ ᠤᠨ ᠠᠯᠪᠠᠨ ᠪᠠᠶᠢᠭᠤᠯᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ ᠵᠡᠷᠭᠡ ᠨᠡᠶᠢᠭᠡᠮ ᠤᠨ ᠳᠠᠭᠠᠳᠬᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠪᠣᠯᠣᠨ ᠡᠷᠬᠢᠯᠡᠨ ᠭᠦᠢᠴᠡᠳᠬᠡᠬᠦ ᠶᠢ ᠬᠠᠷᠢᠭᠤᠴᠠᠨ᠎ᠠ᠃ ᠬᠤᠲᠠ ᠬᠥᠳᠡᠭᠡ ᠶᠢᠨ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠯᠡᠬᠦ ᠲᠥᠷᠥ ᠶᠢᠨ ᠪᠣᠳᠣᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠨ᠂ ᠠᠵᠢᠯ ᠣᠯᠬᠤ ᠠᠴᠠ ᠨᠠᠰᠤᠵᠢᠯ ᠤᠨ ᠦᠢᠯᠡᠴᠢᠯᠡᠭᠡᠨ ᠪᠣᠯᠣᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠢ ᠨᠢᠭᠡᠳᠦᠯᠲᠡᠢ ᠲᠥᠯᠥᠪᠯᠡᠬᠦ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠰᠠᠭᠤᠷᠢ ᠮᠥᠩᠭᠦ ᠶᠢ ᠨᠢᠭᠡᠳᠦᠯᠲᠡᠢ ᠲᠥᠯᠥᠪᠯᠡᠬᠦ ᠳᠡᠰ ᠳᠠᠪᠬᠤᠷᠭ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠡᠷᠡᠭᠲᠡᠢ᠃            ︵ᠵᠢᠷᠭᠤᠭ᠎ᠠ︶ ᠪᠦᠬᠦ ᠲᠣᠭᠤᠷᠢᠭ ‍ᠤᠨ‌ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠢᠯᠤᠭᠤᠳᠴᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃            ︵ᠳᠤᠯᠤᠭ᠎ᠠ︶ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ᠂ ᠠᠰᠠᠷᠠᠮᠵᠢ ᠪᠣᠯᠣᠨ ᠠᠵᠢᠯ ᠠᠴᠠ ᠪᠠᠨ ᠠᠮᠠᠷᠠᠵᠤ ᠪᠠᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠬᠦ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠨ᠂ ᠬᠥᠳᠡᠯᠮᠦᠷᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠎ᠠ᠃      ︵ᠨᠠᠢᠮᠠ︶ ᠬᠥᠳᠡᠯᠮᠦᠷᠢ᠂ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠬᠤᠯᠪᠣᠭᠳᠠᠯ ᠪᠦᠬᠦᠢ ᠳᠦᠷᠢᠮ ᠪᠠ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ᠃      ︵ᠶᠢᠰᠦ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠠᠵᠢᠯᠲᠠᠨ ᠤ ᠶᠠᠪᠤᠳᠠᠯ ᠤᠨ ᠴᠢᠳᠠᠪᠤᠷᠢᠲᠠᠨ᠂ ᠬᠥᠳᠡᠯᠮᠦᠷᠢ ᠶᠢᠨ ᠬᠠᠷᠢᠴᠠᠭ᠎ᠠ ᠵᠡᠷᠭᠡ ᠬᠠᠮᠢᠶ᠎ᠠ ᠪᠦᠬᠦᠢ ᠤᠴᠢᠷ ᠶᠠᠪᠤᠳᠠᠯ ᠢ ᠬᠢᠨᠠᠨ ᠵᠥᠪᠰᠢᠶᠡᠷᠡᠵᠦ ᠳᠠᠩᠰᠠᠯᠠᠬᠤ ᠠᠵᠢᠯ ᠢ ᠡᠭᠦᠷᠭᠡᠯᠡᠨ᠎ᠡ᠃      ︵ᠠᠷᠪᠠ︶  ᠡᠭᠦᠷᠭᠡ  ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ︵ᠠᠷᠪᠠᠨ ᠨᠢᠭᠡ︶ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ᠃ ᠬᠤᠶᠠᠷ᠂ ᠳᠣᠲᠣᠭᠠᠳᠤ ᠪᠠᠶᠢᠭᠤᠯᠤᠮᠵᠢ                ︵ᠨᠢᠭᠡ︶ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠲᠣᠪᠴᠢᠶ᠎ᠠ ᠶᠢᠨ ᠪᠠᠶᠢᠭᠤᠯᠭ᠎ᠠ ᠶᠢᠨ ᠡᠳᠦᠷ ᠲᠤᠲᠤᠮ ᠤᠨ ᠬᠡᠷᠡᠭ ᠶᠠᠪᠤᠳᠠᠯ ᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠲᠣᠪᠴᠢᠶ᠎ᠠ ᠶᠢᠨ ᠵᠠᠰᠠᠭ ᠵᠠᠬᠢᠷᠭᠠᠨ ᠤ ᠬᠤᠷᠠᠯ ᠤᠨ ᠵᠣᠬᠢᠶᠠᠨ ᠪᠠᠶᠢᠭᠤᠯᠬᠤ᠂ ᠡᠬᠡ ᠪᠢᠴᠢᠭ ᠲᠤᠭᠤᠷᠪᠢᠬᠤ᠂ ᠪᠢᠴᠢᠭ ᠴᠠᠬᠢᠯᠭᠠᠨ ᠮᠡᠳᠡᠭᠡ ᠶᠢ ᠰᠢᠢᠳᠪᠦᠷᠢᠯᠡᠬᠦ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠪᠢᠴᠢᠭ ᠬᠠᠷ᠎ᠠ ᠳᠠᠩᠰᠠ ᠡᠪᠬᠡᠮᠡᠯ ᠵᠡᠷᠭᠡ ᠠᠵᠢᠯ ᠢ ᠡᠭᠦᠷᠭᠡᠯᠡᠨ᠎ᠡ᠃              ᠲᠣᠰ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠦᠷᠦᠭᠦᠯᠡᠨ ᠲᠤᠭᠤᠷᠪᠢᠨ ᠲᠣᠭᠲᠠᠭᠠᠨ᠎ᠠ᠃            ᠪᠠᠶᠢᠭᠤᠯᠭ᠎ᠠ ᠶᠢᠨ ᠨᠠᠮ ᠤᠨ ᠠᠵᠢᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠣᠶᠤᠨ ᠤ ᠪᠣᠯᠪᠠᠰᠤᠨ᠂ ᠲᠥᠯᠥᠪᠯᠡᠭᠡᠲᠦ ᠦᠷᠡᠵᠢᠯ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠵᠤ᠂ ᠲᠤᠰ ᠨᠢᠭᠡᠴᠢ ᠶᠢᠨ ᠢᠶᠠᠨ ᠠᠵᠢᠯᠴᠢᠨ ᠤ ᠡᠪᠯᠡᠯ᠂  ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠠᠵᠢᠯ ᠢ ᠵᠢᠯᠣᠭᠤᠳᠤᠨ᠎ᠠ᠃              ︵ᠬᠤᠶᠠᠷ︶ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠲᠠᠰᠤᠭ᠃ ᠬᠠᠮᠢᠶᠠᠷᠤᠯᠲᠠ ᠶᠢᠨ ᠡᠷᠬᠡ ᠮᠡᠳᠡᠯ ᠬᠢᠭᠡᠳ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠪᠦᠬᠦ ᠲᠣᠭᠤᠷᠢᠭ ᠤᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠬᠠᠮᠢᠶᠠᠷᠤᠯᠲᠠ ᠶᠢᠨ ᠠᠵᠢᠯ  ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃            ᠤᠯᠤᠰ ᠤᠨ ᠠᠵᠢᠯ ᠦᠢᠯᠡᠰ ᠤᠨ ᠨᠢᠭᠡᠴᠡ ᠶᠢᠨ ᠴᠠᠯᠢᠩ᠂ ᠨᠡᠮᠡᠭᠦᠷᠢ᠂ ᠨᠥᠬᠦᠪᠦᠷᠢ᠂ ᠠᠰᠠᠷᠠᠮᠵᠢ ᠵᠡᠷᠭᠡ ᠲᠠᠯᠪᠢᠬᠤ ᠲᠦᠷᠦ ᠶᠢᠨ ᠪᠣᠳᠣᠯᠭ᠎ᠠ᠂ ᠳᠦᠷᠢᠮ ᠢ ᠲᠤᠤᠱᠠᠯᠠᠭᠤᠯᠤᠨ ᠬᠡᠷᠡᠭᠵᠢᠭᠦᠯᠦᠵᠦ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠡᠯ᠎ᠡ ᠲᠦᠷᠦᠯ ᠤᠨ ᠴᠠᠯᠢᠩ ᠤᠨ ᠣᠯᠭᠤᠮᠵᠢ ᠵᠢᠴᠢ ᠨᠡᠮᠡᠭᠦᠷᠢ ᠮᠥᠩᠭᠦ ᠶᠢᠨ ᠭᠠᠷ ᠭᠦᠶᠢᠴᠡᠳᠭᠡᠯ ᠢ ᠬᠠᠷᠢᠭᠤᠴᠠᠨ᠎ᠠ᠃            ︵ᠭᠤᠷᠪᠠ︶ᠠᠵᠢᠯ ᠣᠯᠵᠤ ᠦᠶ᠋ᠯᠡᠰ ᠴᠣᠭᠴᠠᠯᠠᠬᠤ ᠰᠲ᠋ᠣᠺ᠃ ᠪᠦᠬᠦ ᠲᠣᠭᠤᠷᠢᠭ ᠤᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠬᠠᠮᠢᠶᠠᠷᠤᠯᠲᠠ ᠶᠢ ᠵᠢᠯᠣᠭᠤᠳᠤᠨ ᠵᠢᠷᠤᠮᠵᠢᠭᠤᠯᠵᠤ᠂ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠪᠠ ᠦᠨᠳᠦᠰᠦᠨ ᠱᠠᠲᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠠᠵᠢᠯ ᠠᠯᠳᠠᠬᠤ ᠶᠢ ᠰᠡᠷᠡᠮᠵᠢᠯᠡᠭᠦᠯᠬᠦ ᠳᠦᠷᠢᠮ ᠢ ᠪᠠᠶᠢᠭᠤᠯᠤᠨ᠎ᠠ︔ ᠪᠦᠬᠦ ᠲᠣᠭᠤᠷᠢᠭ ᠤᠨ ᠠᠵᠢᠯ ᠣᠯᠭᠤᠯᠲᠠ ᠶᠢ ᠠᠬᠢᠭᠤᠯᠬᠤ ᠠᠵᠢᠯ ᠢ ᠬᠠᠷᠢᠭᠤᠴᠠᠵᠤ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃            ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠣᠨ ᠤ ᠠᠵᠢᠯ ᠤᠨ ᠲᠥᠯᠦᠪᠵᠢᠭᠦᠯᠭᠡ ᠪᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃            ᠴᠢᠳᠠᠪᠤᠷᠢᠲᠠᠨ ᠢ ᠨᠡᠭᠡᠭᠡᠬᠦ ᠲᠥᠷᠥ ᠶᠢᠨ ᠪᠣᠳᠣᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠢᠳᠠᠪᠤᠷᠢᠲᠠᠨ ᠢ ᠪᠡᠯᠡᠳᠬᠡᠬᠦ ᠳᠦᠷᠢᠮ ᠢ ᠠᠬᠢᠭᠤᠯᠤᠨ ᠲᠡᠭᠦᠯᠳᠡᠷᠵᠢᠭᠦᠯᠦᠨ᠎ᠡ᠃ ᠬᠠᠮᠢᠶ᠎ᠠ ᠪᠦᠬᠦᠢ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠪᠣᠯᠣᠨ ᠴᠢᠳᠠᠪᠤᠷᠢᠲᠠᠨ ᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠥᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠠᠵᠢᠯ ᠤᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠪᠠ ᠠᠵᠢᠯ ᠮᠡᠷᠭᠡᠵᠢᠯ ᠤᠨ ᠵᠠᠭᠤᠴᠢ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠠᠵᠢᠯᠯᠠᠭ᠎ᠠ ᠶᠢ ᠵᠢᠯᠣᠭᠤᠳᠤᠨ ᠵᠢᠷᠤᠮᠵᠢᠭᠤᠯᠤᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠳᠥᠷᠪᠡ︶ ᠬᠥᠳᠡᠯᠮᠦᠷᠢ ᠶᠢᠨ ᠬᠠᠷᠢᠴᠠᠭ᠎ᠠ ᠶᠢᠨ ᠲᠠᠰᠤᠭ ︵ᠰᠠᠶᠢᠬᠠᠨ ᠲᠣᠭᠤᠷᠢᠭ ᠤᠨ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠵᠥᠪᠯᠡᠯ ᠤᠨ ᠠᠯᠪᠠᠨ ᠭᠡᠷ︶᠃ ᠬᠥᠳᠡᠯᠮᠦᠷᠢ ᠶᠢᠨ ᠬᠠᠷᠢᠴᠠᠭ᠎ᠠ ᠶᠢᠨ ᠲᠦᠷᠦ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠤᠨ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ ᠤᠯᠤᠰ ᠤᠨ ᠬᠥᠳᠡᠯᠮᠦᠷᠢ ᠶᠢᠨ ᠬᠠᠤᠯᠢ ᠶᠢ ᠲᠤᠤᠱᠯᠠᠭᠤᠯᠤᠨ ᠬᠡᠷᠡᠭᠵᠢᠭᠦᠯᠵᠦ᠂ ᠬᠥᠳᠡᠯᠮᠦᠷᠢᠴᠢᠨ ᠤ ᠡᠷᠬᠡ ᠶᠢ ᠬᠠᠮᠠᠭᠠᠯᠠᠬᠤ ᠠᠵᠢᠯ ᠢ ᠲᠣᠬᠢᠷᠠᠭᠤᠯᠤᠨ᠎ᠠ᠃ ᠪᠦᠬᠦ ᠲᠣᠭᠤᠷᠢᠭ ᠤᠨ ᠬᠥᠳᠡᠯᠮᠦᠷᠢ᠂ ᠠᠵᠢᠯᠲᠠᠨ ᠤ ᠶᠠᠪᠤᠳᠠᠯ  ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠠᠵᠢᠯ ᠢ ᠬᠠᠷᠢᠭᠤᠴᠠᠵᠤ᠂ ᠭᠤᠣᠯᠳᠠᠯᠭ᠎ᠠ ᠲᠠᠢ ᠪᠠ ᠪᠡᠷᠬᠡᠲᠡᠢ ᠬᠥᠳᠡᠯᠮᠦᠷᠢ᠂ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ᠃       ︵ᠲᠠᠪᠤ︶ᠨᠡᠶᠢᠭᠡᠮ ᠤᠨ ᠳᠠᠭᠠᠳᠬᠠᠯ ᠤᠨ ᠰᠲ᠋ᠣᠺ᠃ ᠬᠤᠲᠠ ᠬᠥᠳᠡᠭᠡ ᠶᠢᠨ ᠨᠡᠶᠢᠭᠡᠮ ᠦᠨ ᠳᠠᠭᠠᠳᠭᠠᠯ ᠵᠢᠴᠢ ᠨᠥᠬᠦᠪᠦᠷᠢ ᠳᠠᠭᠠᠳᠭᠠᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠨᠡᠶᠢᠭᠡᠮ ᠦᠨ ᠳᠠᠭᠠᠳᠭᠠᠯ ᠤᠨ ᠦᠢᠯᠡᠴᠢᠯᠡᠭᠡᠨ ᠤ ᠱᠢᠰᠲ᠋ᠧᠮᠵᠢ ᠶᠢᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠨᠡᠶᠢᠭᠡᠮ ᠦᠨ ᠳᠠᠭᠠᠳᠭᠠᠯ ᠢ ᠭᠠᠷᠳᠠᠨ ᠭᠦᠢᠴᠡᠳᠬᠡᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠨᠠᠶᠢᠳᠠᠪᠤᠷᠢᠵᠢᠭᠤᠯᠤᠨ᠎ᠠ᠃      ᠲᠣᠪᠴᠢᠶ᠎ᠠ ᠶᠢᠨ ᠪᠠᠶᠢᠭᠤᠯᠭ᠎ᠠ ᠶᠢᠨ ᠠᠵᠢᠯᠯᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠲᠠ ᠶᠢᠨ ᠠᠷᠠᠳ ᠤᠨ ᠦᠢᠯᠡᠴᠢᠯᠡᠭᠡᠨ ᠤ ᠲᠥᠪ ᠤᠨ 15 ᠳ᠋ᠤᠭᠠᠷ ᠠᠰᠠᠷ᠃      ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 ︱ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠬᠡᠯᠪᠡᠷᠢ᠄ 0471-4211741      ᠬᠠᠷᠢᠭᠤᠴᠠᠯᠭ᠎ᠠ ᠡᠭᠦᠷᠭᠡᠯᠡᠭᠴᠢ᠄ ᠵᠠᠩ ᡁᠢ ᠴᠢᠶᠠᠩ      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号