| | ᠨᠢᠭᠡ᠂ ᠭᠤᠣᠯ ᠡᠭᠦᠷᠭᠡ ᠬᠠᠷᠢᠭᠤᠴᠠᠯᠭ᠎ᠠ | | | ︵ᠨᠢᠭᠡ︶ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠵᠤ ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠤᠭᠤᠳᠴᠤ ᠂ | ᠨᠢᠭᠡᠳᠦᠯᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠪᠠᠷᠢᠮᠵᠢᠶ᠎ᠠ ᠶᠢᠨ ᠵᠢᠷᠤᠮᠵᠢᠯ ᠪᠠ ᠢᠵᠢ | ᠪᠦᠷᠢᠳᠦᠭᠦᠯᠬᠦ ᠳᠦᠷᠢᠮ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠴᠤᠪᠤᠷᠠᠯ ᠢ | ᠳᠠᠬᠢᠨ ᠵᠣᠬᠢᠶᠠᠨ ᠪᠠᠶᠢᠭᠤᠯᠬᠤ᠂ ᠭᠤᠭᠴᠤᠭ᠎ᠠ ᠶᠢ ᠰᠢᠯᠢᠳᠡᠭᠵᠢᠭᠦᠯᠬᠦ᠂ ᠴᠠᠭ ᠤᠨ ᠬᠢᠵᠠᠭᠠᠷ ᠢ ᠪᠠᠭᠠᠰᠬᠠᠬᠤ ᠶᠢ | ᠬᠠᠷᠢᠭᠤᠴᠠᠬᠤ ᠶᠢᠨ ᠬᠠᠮᠲᠤ᠂ ᠭᠦᠢᠴᠡᠳᠬᠡᠭᠰᠡᠨ ᠪᠠᠶᠢᠳᠠᠯ ᠢ ᠮᠥᠷᠳᠡᠵᠦ ᠰᠢᠮᠳᠠᠭᠤᠯᠤᠨ ᠭᠦᠢᠴᠡᠳᠬᠡᠨ᠎ᠡ᠃ | | | ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠳᠦᠷᠢᠮ ᠤᠨᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠳᠦᠷᠢᠮ ᠤᠨᠥᠭᠡᠷᠡᠴᠢᠯᠡᠯᠲᠡ ᠶᠢᠨ ᠰᠠᠨᠠᠭᠤᠯᠭ᠎ᠠ ᠶᠢ ᠳᠤᠷᠠᠳᠤᠨ᠎ᠠ᠃ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨᠦᠢᠯᠡᠴᠢᠯᠡᠭᠡᠨ ᠤ ᠲᠣᠪᠴᠢᠶ᠎ᠠ ᠶᠢᠨ ᠡᠯ᠎ᠡ ᠵᠦᠢᠯ ᠤᠨᠲ᠋ᠦ᠋ᠷᠢᠮ | ᠲᠣᠭᠲᠠᠭᠠᠯ ᠪᠣᠯᠣᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | | | ︵ᠭᠤᠷᠪᠠ︶ ᠪᠥᠬᠦ ᠲᠣᠭᠤᠷᠢᠭ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ | ᠪᠦᠬᠦᠯᠢ ᠴᠣᠭᠴᠠ ᠪᠠᠷ ᠠᠬᠢᠭᠤᠯᠬᠤ ᠠᠵᠢᠯ ᠢ ᠬᠠᠷᠢᠭᠤᠴᠠᠬᠤ ᠶᠢᠨ ᠬᠠᠮᠲᠤ᠂ ᠲᠣᠭᠤᠷᠢᠭ ᠤᠨ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠥᠭᠡᠷᠡᠴᠢᠯᠡᠯᠲᠡ ᠶᠢ | ᠠᠬᠢᠭᠤᠯᠬᠤ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ | ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ | ᠳᠤᠷᠠᠳᠤᠨ᠎ᠠ᠃ ᠪᠥᠬᠦ ᠲᠣᠭᠤᠷᠢᠭ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠥᠳᠡᠯᠦᠩᠭᠦᠢ ᠪᠠᠷ | ᠲᠣᠬᠢᠷᠠᠭᠤᠯᠬᠤ᠂ ᠢᠯᠭᠠᠷᠠᠭᠤᠯᠬᠤ ᠪᠠ ᠨᠡᠶᠢᠲᠡᠯᠡᠬᠦ ᠠᠵᠢᠯ ᠢ ᠡᠭᠦᠷᠭᠡᠯᠡᠨ᠎ᠡ᠃ | | | ︵ᠳᠥᠷᠪᠡ︶ ᠲᠣᠰ ᠰᠠᠯᠠᠭ᠎ᠠ ᠮᠥᠴᠢᠷ ᠲᠤ ᠲᠥᠪᠯᠡᠷᠡᠵᠦ ᠪᠠᠶᠢᠭ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠵᠦᠢᠯᠡᠰ ᠢ ᠳᠠᠭᠠᠭᠠᠨ ᠭᠦᠢᠴᠡᠳᠬᠡᠬᠦ ᠶᠢ ᠬᠠᠷᠢᠭᠤᠴᠠᠵᠤ᠂ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠪᠠᠨ ᠬᠠᠤᠯᠢ | ᠲᠣᠭᠲᠠᠭᠠᠯ ᠶᠣᠰᠣᠭᠠᠷ ᠭᠦᠢᠴᠡᠳᠬᠡᠬᠦ ᠶᠢᠨ ᠬᠠᠮᠲᠤ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ | ᠃ ᠬᠢᠨᠠᠨ ᠵᠥᠪᠰᠢᠶᠡᠷᠡᠬᠦ ᠵᠦᠢᠯᠡᠰ ᠲᠤ ᠲᠤᠬᠠᠢ ᠶᠢᠨ ᠭᠠᠵᠠᠷ ᠲᠤᠨᠢ ᠬᠠᠶᠢᠨ ᠰᠢᠯᠭᠠᠯᠲᠠ ᠬᠢᠬᠦ ᠶᠢ ᠬᠠᠷᠢᠭᠤᠴᠠᠵᠤ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠯᠦᠭᠡ ᠬᠤᠯᠪᠣᠭᠳᠠᠬᠤ ᠬᠢᠨᠠᠨ ᠲᠣᠭᠲᠠᠭᠠᠬᠤ᠂ ᠨᠤᠲᠠᠯᠠᠯᠲᠠ ᠬᠢᠬᠦ | ᠪᠠ ᠭᠡᠷᠡᠴᠢᠯᠡᠭᠡ ᠰᠣᠨᠣᠰᠬᠤ ᠵᠡᠷᠭᠡ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠢᠶᠠᠷ ᠬᠢᠨᠠᠨ | ᠵᠥᠪᠰᠢᠶᠡᠷᠡᠭᠦᠯᠬᠦ ᠴᠢᠬᠤᠯᠠᠲᠠᠢ ᠵᠦᠢᠯᠡᠰ ᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ | ᠬᠠᠷᠢᠭᠤᠴᠠᠨ᠎ᠠ᠃ | | | ︵ᠲᠠᠪᠤ︶ ᠲᠣᠭᠤᠷᠢᠭ ᠤᠨ ᠲᠣᠰ ᠱᠠᠲᠤᠨ ᠤ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠲᠢᠩᠬᠢᠮ ᠤᠨ | ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠵᠣᠬᠢᠶᠠᠨ ᠪᠠᠶᠢᠭᠤᠯᠤᠨ ᠵᠣᠬᠢᠴᠠᠭᠤᠯᠬᠤ ᠵᠦᠢᠯᠡᠰ ᠢ | ᠲᠥᠪᠯᠡᠷᠡᠭᠦᠯᠦᠨ ᠭᠦᠢᠴᠡᠳᠬᠡᠬᠦ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ | ᠦᠨᠡᠯᠡᠨ ᠵᠢᠱᠢᠬᠦ ᠠᠵᠢᠯ ᠶᠡᠭᠡ ᠲᠢᠩᠬᠢᠮ ᠳᠤ ᠣᠷᠣᠵᠤ ᠰᠠᠭᠤᠬᠤ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠠᠵᠢᠯ ᠢ ᠵᠢᠷᠤᠮᠵᠢᠭᠤᠯᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ᠣᠷᠣᠵᠤ ᠰᠠᠭᠤᠭᠰᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠶᠡᠭᠡ ᠲᠢᠩᠬᠢᠮ ᠤᠨ ᠠᠵᠢᠯᠲᠠᠨ ᠢ | ᠪᠣᠯᠪᠠᠰᠤᠷᠠᠭᠤᠯᠬᠤ᠂ ᠬᠠᠮᠢᠶᠠᠷᠬᠤ ᠪᠠ ᠰᠢᠯᠭᠠᠨ ᠬᠢᠨᠠᠬᠤ ᠶᠢ ᠬᠠᠷᠢᠭᠤᠴᠠᠨ᠎ᠠ᠃ | | | ︵ᠵᠢᠷᠭᠤᠭ᠎ᠠ︶ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢ ᠡᠭᠦᠷᠭᠡᠯᠡᠨ᠎ᠡ᠃ ᠰᠦᠯᠵᠢᠶᠡᠨ ᠳᠡᠭᠡᠷ᠎ᠡ | ᠬᠢᠨᠠᠨ ᠵᠥᠪᠰᠢᠶᠡᠷᠡᠬᠦ ᠪᠠ ᠦᠢᠯᠡᠴᠢᠯᠡᠬᠦ ᠶᠢ ᠬᠠᠷᠢᠭᠤᠴᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ | ᠨᠢᠭᠡ ᠴᠣᠭᠴᠠᠵᠢᠭᠤᠯᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠬᠢᠭᠡᠳ ᠰᠦᠯᠵᠢᠶᠡᠨ | ᠳᠡᠭᠡᠷᠡᠬᠢ ᠬᠢᠨᠠᠨ ᠵᠥᠪᠰᠢᠶᠡᠷᠡᠬᠦ ᠲᠠᠪᠴᠠᠩ ᠤᠨ ᠪᠠᠶᠢᠭᠤᠯᠤᠯᠲᠠ᠂ ᠬᠠᠮᠢᠶᠠᠷᠤᠯᠲᠠ ᠪᠠ ᠠᠵᠢᠯᠯᠠᠭᠠᠨ ᠢ ᠬᠠᠷᠢᠭᠤᠴᠠᠨ᠎ᠠ᠃ | | | | ︵ᠳᠣᠯᠤᠭ᠎ᠠ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ | ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | | | ︵ᠨᠠᠢᠮᠠ︶ ᠲᠣᠭᠤᠷᠢᠭ ᠤᠨ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ | ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ᠃ | | | ︵ᠶᠢᠰᠦ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ | | ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠪᠦᠲᠦᠮᠵᠢᠲᠡᠶ ᠰᠠᠯᠭᠠᠬᠤ ᠵᠠᠷᠴᠢᠮ ᠶᠣᠰᠣᠭᠠᠷ᠂ ᠣᠷᠣᠨ ᠤ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠬᠠᠮᠢᠶ᠎ᠠ | ᠪᠦᠬᠦᠢ ᠬᠤᠪᠢᠶᠠᠷᠢᠯᠠᠨ ᠰᠢᠯᠵᠢᠭᠦᠯᠬᠦ ᠵᠦᠢᠯᠡᠰ ᠢ ᠬᠢᠨᠠᠨ ᠵᠥᠪᠰᠢᠶᠡᠷᠡᠬᠦ ᠶᠢ ᠬᠠᠷᠢᠭᠤᠴᠠᠵᠤ᠂ ᠡᠯ᠎ᠡ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠵᠦᠢᠯᠡᠰ ᠤᠨ ᠤᠴᠢᠷ ᠶᠠᠪᠤᠳᠠᠯ ᠤᠨ ᠳᠤᠮᠳᠠᠬᠢ ᠪᠠ ᠤᠴᠢᠷ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | | | | | ᠬᠤᠶᠠᠷ᠂ ᠳᠣᠲᠣᠭᠠᠳᠤ ᠪᠠᠶᠢᠭᠤᠯᠤᠮᠵᠢ | | | ︵ᠨᠢᠭᠡ︶ ᠠᠯᠪᠠᠨ ᠭᠡᠷ ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠨ᠎ᠠ᠃ | ᠴᠢᠬᠤᠯᠠ ᠪᠢᠴᠢᠭ ᠮᠠᠲ᠋ᠧᠷᠢᠶᠠᠯ᠂ ᠶᠡᠷᠦᠩᠬᠡᠶᠢᠯᠡᠭᠰᠡᠨ ᠴᠢᠨᠠᠷᠲᠠᠢ ᠮᠡᠳᠡᠭᠦᠯᠦᠯᠲᠡ ᠶᠢ ᠲᠤᠭᠤᠷᠪᠢᠬᠤ ᠠᠵᠢᠯ ᠢ | ᠬᠠᠷᠢᠭᠤᠴᠠᠨ᠎ᠠ᠃ ᠴᠠᠬᠢᠯᠭᠠᠨ ᠮᠡᠳᠡᠭᠡ᠂ ᠨᠢᠭᠤᠴᠠ ᠴᠢᠬᠤᠯᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠳᠠᠩᠰᠠ | ᠡᠪᠬᠡᠮᠡᠯ᠂ ᠠᠮᠤᠷ ᠲᠦᠪᠰᠢᠨ ᠵᠡᠷᠭᠡ ᠠᠵᠢᠯ ᠢ ᠬᠠᠷᠢᠭᠤᠴᠠᠨ᠎ᠠ᠃ ᠳᠣᠲᠣᠭᠠᠳᠤ ᠬᠠᠮᠢᠶᠠᠷᠤᠯᠲᠠ ᠶᠢᠨ ᠳᠦᠷᠢᠮ | ᠲᠣᠭᠲᠠᠭᠠᠯ ᠢ ᠵᠣᠬᠢᠶᠠᠨ ᠪᠠᠶᠢᠭᠤᠯᠵᠤ ᠲᠣᠭᠲᠠᠭᠠᠬᠤ ᠶᠢ ᠬᠠᠷᠢᠭᠤᠴᠠᠨ᠎ᠠ᠃ ᠡᠳ᠋ ᠤᠨ ᠶᠠᠪᠤᠳᠠᠯ ᠤᠨ ᠠᠵᠢᠯ ᠢ | ᠬᠠᠷᠢᠭᠤᠴᠠᠨ᠎ᠠ᠃ ᠰᠣᠨᠢᠨ ᠮᠡᠳᠡᠭᠡᠯᠡᠯ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠢ ᠢᠯᠡ | ᠪᠣᠯᠭᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ | ᠲᠦᠷᠦ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠵᠣᠬᠢᠶᠠᠨ ᠪᠠᠶᠢᠭᠤᠯᠵᠤ ᠵᠣᠬᠢᠴᠠᠭᠤᠯᠬᠤ ᠭᠤᠣᠯ ᠳᠡᠳ᠋ ᠠᠰᠠᠷ ᠤᠨ | ᠪᠤᠶ ᠪᠦᠬᠦᠢ ᠬᠤᠷᠠᠯ ᠤᠨ ᠭᠡᠷ ᠤᠨ ᠬᠠᠮᠢᠶᠠᠷᠤᠯᠲᠠ ᠵᠢᠴᠢ ᠬᠤᠷᠠᠯ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃ | ᠲᠣᠪᠴᠢᠶ᠎ᠠ ᠶᠢᠨ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠲᠣᠪᠴᠢᠶ᠎ᠠ ᠶᠢᠨ ᠠᠯᠪᠠᠨ ᠲᠠᠮᠠᠭ᠎ᠠ ᠶᠢ ᠬᠡᠷᠡᠭᠯᠡᠵᠦ | ᠬᠠᠮᠢᠶᠠᠷᠬᠤ ᠠᠵᠢᠯ ᠢ ᠬᠠᠷᠢᠭᠤᠴᠠᠨ᠎ᠠ᠃ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠂ ᠡᠭᠦᠨ ᠳᠤ | ᠲᠣᠰ ᠲᠣᠪᠴᠢᠶ᠎ᠠ ᠵᠢᠴᠢ ᠵᠠᠰᠠᠭ ᠤᠨ ᠶᠠᠪᠤᠳᠠᠯ ᠤᠨ ᠶᠡᠭᠡ ᠲᠢᠩᠬᠢᠮ ᠪᠣᠯᠣᠨ ᠭᠤᠣᠯ ᠠᠰᠠᠷ ᠤᠨ ᠠᠮᠤᠷ ᠲᠦᠪᠰᠢᠨ ᠤ | ᠪᠠᠶᠢᠴᠠᠭᠠᠯᠲᠠ᠂ ᠲᠣᠭᠤᠷᠢᠨ ᠪᠠᠶᠢᠴᠠᠭᠠᠬᠤ ᠠᠵᠢᠯ ᠢ ᠪᠠᠭᠲᠠᠭᠠᠵᠤ᠂ ᠠᠳᠠᠯ ᠠᠬᠤᠢ ᠶᠢ ᠵᠢᠯᠣᠭᠤᠳᠤᠨ ᠵᠣᠬᠢᠴᠠᠭᠤᠯᠵᠤ | ᠪᠠᠶᠢᠭᠠᠳ ᠠᠷᠢᠭᠤᠨ ᠴᠡᠪᠡᠷ᠂ ᠠᠮᠤᠷ ᠢ ᠬᠠᠮᠠᠭᠠᠯᠠᠬᠤ ᠪᠠ ᠣᠷᠣᠵᠤ ᠭᠠᠷᠬᠤ ᠲᠡᠷᠭᠡ ᠬᠥᠰᠬᠡ ᠶᠢᠨ ᠬᠠᠮᠢᠶᠠᠷᠤᠯᠲᠠ ᠶᠢᠨ | ᠠᠵᠢᠯ ᠢ ᠰᠠᠶᠢᠲᠤᠷ ᠬᠢᠨ᠎ᠡ᠃ ᠠᠯᠪᠠᠨ ᠠᠰᠠᠷ ᠤᠨ ᠤᠰᠤᠨ ᠴᠠᠬᠢᠯᠭᠠᠨ ᠤ ᠬᠠᠮᠠᠭᠠᠯᠠᠯᠲᠠ ᠪᠠ ᠠᠵᠢᠯᠲᠠᠨ ᠠᠵᠢᠯᠴᠢᠨ ᠤ | ᠬᠤᠭᠤᠯᠠᠨ ᠭᠡᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠭᠤᠣᠯ ᠪᠠ ᠳᠡᠳ᠋ ᠠᠰᠠᠷ ᠤᠨ ᠲᠣᠭᠲᠠᠮᠠᠯ | ᠬᠥᠷᠥᠩᠭᠡ ᠶᠢᠨ ᠬᠠᠮᠢᠶᠠᠷᠤᠯᠲᠠ ᠪᠠ ᠪᠠᠢᠴᠠᠭᠠᠯᠲᠠ ᠶᠢ ᠬᠠᠷᠢᠭᠤᠴᠠᠨ᠎ᠠ᠃ ᠪᠠᠶᠢᠭᠤᠯᠭ᠎ᠠ ᠪᠠ ᠬᠠᠷᠢᠶ᠎ᠠ | ᠨᠢᠭᠡᠴᠢ ᠶᠢᠨ ᠢᠶᠠᠨ ᠨᠠᠮ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ᠂ ᠨᠠᠮ ᠤᠨ ᠠᠵᠢᠯ ᠢ ᠢᠯᠡ ᠪᠣᠯᠭᠠᠬᠤ | ᠠᠵᠢᠯ ᠢ ᠬᠠᠷᠢᠭᠤᠴᠠᠨ᠎ᠠ᠃ ᠲᠤᠰ ᠲᠣᠪᠴᠢᠶ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠠᠵᠢᠯ᠂ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ᠂ ᠰᠤᠷᠲᠠᠯ | ᠤᠬᠠᠭᠤᠯᠭ᠎ᠠ ᠦᠵᠡᠯ ᠰᠠᠨᠠᠭᠠᠨ ᠤ ᠠᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢᠨ ᠥᠷᠨᠢᠯᠲᠡ ᠶᠢ ᠬᠠᠷᠢᠭᠤᠴᠠᠨ᠎ᠠ᠃ ᠨᠠᠮ ᠤᠨ ᠤᠳᠤᠷᠢᠳᠬᠤ ᠳᠤᠭᠤᠶᠢᠯᠠᠩ ᠪᠠ ᠨᠠᠮ ᠤᠨ ᠡᠭᠦᠷ ᠤᠨ | ᠠᠯᠪᠠᠨ ᠲᠠᠮᠠᠭ᠎ᠠ ᠶᠢ ᠬᠡᠷᠡᠭᠯᠡᠵᠦ ᠬᠠᠮᠢᠶᠠᠷᠬᠤ ᠠᠵᠢᠯ ᠢ ᠬᠠᠷᠢᠭᠤᠴᠠᠨ᠎ᠠ᠃ ᠨᠠᠮ ᠤᠨ ᠤᠳᠤᠷᠢᠳᠬᠤ ᠳᠤᠭᠤᠶᠢᠯᠠᠩ ᠵᠢᠴᠢ | ᠨᠠᠮ ᠤᠨ ᠡᠭᠦᠷ ᠤᠨ ᠠᠵᠢᠯ ᠤᠨ ᠠᠵᠢᠯᠯᠠᠭ᠎ᠠ ᠶᠢ ᠥᠷᠨᠢᠭᠦᠯᠬᠦ ᠶᠢ ᠬᠠᠷᠢᠭᠤᠴᠠᠨ᠎ᠠ᠃ | | | ︵ᠬᠤᠶᠠᠷ᠂ ᠠᠵᠢᠯᠲᠠᠨ ᠤ ᠶᠠᠪᠤᠳᠠᠯ ᠤᠨ ᠰᠤᠷᠭᠠᠨ ᠬᠥᠮᠦᠵᠢᠯ ᠤᠨ ᠲᠠᠰᠤᠭ ᠪᠠᠶᠢᠭᠤᠯᠭ᠎ᠠ ᠵᠢᠴᠢ ᠬᠠᠷᠢᠶ᠎ᠠ ᠠᠵᠢᠯ | ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠣᠨ ᠤ ᠬᠢᠨᠠᠨ ᠰᠢᠯᠭᠠᠯᠲᠠ ᠪᠠ ᠺᠠᠳ᠋ᠷ ᠠᠵᠢᠯᠲᠠᠨ ᠤ | ᠶᠠᠪᠤᠳᠠᠯ ᠤᠨ ᠳᠠᠩᠰᠠ ᠡᠪᠬᠡᠮᠡᠯ ᠵᠡᠷᠭᠡ ᠠᠵᠢᠯ ᠢ ᠬᠠᠷᠢᠭᠤᠴᠠᠨ᠎ᠠ᠃ ᠬᠥᠮᠦᠵᠢᠯ ᠪᠣᠯᠪᠠᠰᠤᠷᠠᠯ᠂ ᠴᠠᠯᠢᠩ ᠠᠰᠠᠷᠠᠮᠵᠢ᠂ | ᠤᠯᠤᠰ ᠠᠴᠠ ᠭᠠᠷᠬᠤ ( ᠬᠢᠯᠢ) ᠳᠤ ᠭᠠᠷᠬᠤ ᠶᠢ ᠬᠠᠷᠢᠭᠤᠴᠠᠨ᠎ᠠ᠃︶ᠠᠵᠢᠯᠲᠠᠨ ᠤ ᠬᠢᠨ᠋ᠠᠨ ᠲᠤᠭᠲᠠᠬᠠᠵᠤ ᠬᠠᠮᠢᠶᠠᠷᠬᠤ | ᠵᠡᠷᠭᠡ ᠠᠵᠢᠯ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠪᠠᠷ ᠬᠢ ᠭᠠᠳᠠᠭᠠᠳᠤ ᠯᠤᠭ᠎ᠠ ᠶᠢᠨ ᠰᠣᠯᠢᠯᠴᠠᠭ᠎ᠠ | ᠪᠠ ᠬᠠᠮᠲᠤᠷᠠᠯᠴᠠᠭ᠎ᠠ ᠶᠢ ᠬᠠᠷᠢᠭᠤᠴᠠᠨ᠎ᠠ᠃ ᠬᠢᠨᠠᠨ ᠵᠥᠪᠰᠢᠶᠡᠷᠡᠬᠦ ᠠᠵᠢᠯᠲᠠᠨ ᠤ ᠰᠡᠳᠬᠢᠴᠡ ᠶᠢᠨ ᠬᠠᠪᠰᠤᠷᠤᠨ | ᠵᠢᠯᠣᠭᠤᠳᠤᠯᠭ᠎ᠠ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ | ᠠᠵᠢᠯ ᠢ ᠬᠠᠷᠢᠭᠤᠴᠠᠨ᠎ᠠ᠃ | | ︵ᠭᠤᠷᠪᠠ︶ᠬᠢᠨᠠᠨ ᠪᠠᠶᠢᠴᠠᠭᠠᠬᠤ ᠲᠠᠰᠤᠭ᠃ ᠵᠠᠰᠠᠭ ᠤᠨ ᠶᠠᠪᠤᠳᠠᠯ ᠤᠨ ᠲᠢᠩᠬᠢᠮ ᠤᠨ ᠬᠦᠴᠦᠨ ᠴᠢᠳᠠᠪᠤᠷᠢ ᠶᠢ | ᠰᠢᠮᠳᠠᠭᠤᠯᠤᠨ ᠪᠠᠶᠢᠴᠠᠭᠠᠬᠤ᠂ ᠡᠯᠧᠺᠲᠷᠣᠨ ᠢᠶᠠᠷ ᠬᠢᠨᠠᠨ ᠪᠠᠶᠢᠴᠠᠭᠠᠬᠤ᠂ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠵᠡᠷᠭᠡ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠦᠢᠯᠡᠴᠢᠯᠡᠬᠦ | ᠡᠲᠡᠭᠡᠳ ᠤᠨ ᠵᠠᠭᠠᠯᠳᠤᠯᠭ᠎ᠠ ᠶᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠬᠠᠮᠲᠤᠯᠢᠭ · ᠣᠯᠠᠨ ᠤ ᠬᠠᠨᠤᠮᠵᠢ ᠶᠢᠨ | ᠬᠡᠮᠵᠢᠶ᠎ᠡ ᠶᠢ ᠰᠢᠯᠭᠠᠨ ᠦᠨᠡᠯᠡᠬᠦ ᠠᠵᠢᠯ ᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ | ᠴᠢᠨᠠᠷ ᠢ ᠦᠨᠡᠯᠡᠨ ᠵᠢᠱᠢᠬᠦ ᠠᠵᠢᠯ ᠢ ᠬᠠᠷᠢᠭᠤᠴᠠᠨ ᠥᠷᠨᠢᠭᠦᠯᠦᠨ᠎ᠡ᠃ ᠪᠥᠬᠦ ᠲᠣᠭᠤᠷᠢᠭ ᠤᠨᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ᠃ ᠡᠯ᠎ᠡ ᠱᠠᠲᠤᠨ ᠤ ᠴᠣᠩᠬᠤᠪᠴᠢ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠭᠰᠠᠨ᠂ | ᠵᠢᠷᠤᠮᠵᠢᠭᠤᠯᠤᠯᠲᠠ ᠶᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠪᠥᠬᠦ ᠣᠷᠣᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠣᠰ | ᠲᠣᠪᠴᠢᠶ᠎ᠠ ᠶᠢᠨ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ | ᠬᠠᠷᠢᠭᠤᠴᠠᠨ᠎ᠠ᠃ | | | | ︵ᠳᠥᠷᠪᠡ︶ᠪᠠᠭᠤᠯᠭᠠᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠠᠬᠢᠭᠤᠯᠬᠤ ᠪᠠ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠰᠲ᠋ᠣᠺ᠃ ᠪᠦᠬᠦ ᠲᠣᠭᠤᠷᠢᠭ ᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠪᠥᠬᠦ ᠲᠣᠭᠤᠷᠢᠭ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠠᠬᠢᠭᠤᠯᠬᠤ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠪᠦᠬᠦ ᠲᠣᠭᠤᠷᠢᠭ ᠤᠨᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠵᠢᠯᠤᠭᠤᠳᠴᠤ᠂ ᠵᠣᠬᠢᠴᠠᠭᠤᠯᠵᠤ᠂ | ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠬᠢᠨᠠᠨ | ᠵᠥᠪᠰᠢᠶᠡᠷᠡᠬᠦ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠶᠢ ᠠᠬᠢᠭᠤᠯᠤᠨ᠎ᠠ᠃ ᠰᠠᠭᠤᠷᠢ ᠨᠠᠷᠢᠨ ᠲᠠᠩᠰᠠ ᠶᠢ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠶᠢ ᠬᠠᠷᠢᠭᠤᠴᠠᠵᠤ᠂ ᠲᠣᠭᠤᠷᠢᠭ ᠤᠨ ᠲᠣᠰ ᠱᠠᠲᠤᠨ ᠤ ᠡᠷᠬᠡ | ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠬᠥᠳᠡᠯᠦᠩᠭᠦᠢ ᠲᠣᠬᠢᠷᠠᠭᠤᠯᠤᠯᠲᠠ᠂ ᠢᠯᠭᠠᠷᠠᠭᠤᠯᠬᠤ ᠪᠠ ᠨᠡᠶᠢᠲᠡᠯᠡᠬᠦ | ᠠᠵᠢᠯ ᠢ ᠡᠭᠦᠷᠭᠡᠯᠡᠨ᠎ᠡ᠃ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠳᠤᠯᠭᠠᠨ ᠢ ᠬᠠᠷᠢᠭᠤᠴᠠᠨ᠎ᠠ᠃ ᠲᠤᠰ | ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ | ᠬᠠᠷᠢᠭᠤᠴᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠪᠣᠯᠣᠨ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ᠃ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠭᠡᠷᠡᠴᠢᠯᠡᠭᠡ ᠰᠣᠨᠣᠰᠬᠤ᠂ ᠳᠠᠬᠢᠨ ᠵᠥᠪᠯᠡᠬᠦ᠂ ᠵᠠᠭᠠᠯᠳᠤᠬᠤ᠂ | ᠲᠥᠯᠥᠬᠦ ᠠᠵᠢᠯ ᠢ ᠬᠠᠷᠢᠭᠤᠴᠠᠨ᠎ᠠ᠃ ᠬᠠᠤᠯᠢ ᠳᠦᠷᠢᠮ ᠤᠨ ᠤᠬᠠᠭᠤᠯᠭ᠎ᠠ᠂ ᠬᠠᠤᠯᠢ ᠲᠦᠭᠡᠮᠡᠯᠵᠢᠭᠦᠯᠬᠦ ᠰᠤᠷᠤᠯᠴᠠᠬᠤ | ᠠᠵᠢᠯ ᠢ ᠬᠠᠷᠢᠭᠤᠴᠠᠨ᠎ᠠ᠃ | | ︵ᠲᠠᠪᠤ︶ᠲᠣᠣᠷ ᠰᠦᠯᠵᠢᠶᠡᠨ ᠤ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠲ᠋ᠣᠺ᠃ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠢᠭᠡᠳ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠲᠠᠪᠴᠠᠩ ᠤᠨ ᠪᠠᠶᠢᠭᠤᠯᠤᠯᠲᠠ᠂ ᠬᠠᠮᠢᠶᠠᠷᠤᠯᠲᠠ | ᠪᠠ ᠠᠵᠢᠯᠯᠠᠭᠠᠨ ᠢ ᠬᠠᠷᠢᠭᠤᠴᠠᠨ᠎ᠠ᠃ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠰᠢᠰᠲ᠋ᠧᠮ ᠤᠨ ᠪᠠᠶᠢᠭᠤᠯᠤᠯᠲᠠ | ᠵᠢᠴᠢ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢ | ᠬᠠᠷᠢᠯᠴᠠᠨ ᠬᠠᠮᠵᠢᠯᠴᠠᠨ ᠬᠡᠷᠡᠭᠯᠡᠬᠦ ᠶᠢ ᠬᠠᠷᠢᠭᠤᠴᠠᠨ᠎ᠠ᠃ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠠ | ᠦᠢᠯᠡᠴᠢᠯᠡᠬᠦ ᠶᠢ ᠬᠠᠷᠢᠭᠤᠴᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠬᠤ ᠶᠢ | ᠠᠬᠢᠭᠤᠯᠤᠨ᠎ᠠ᠃ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠰᠦᠯᠵᠢᠶᠡᠨ ᠤ ᠪᠠᠶᠢᠭᠤᠯᠤᠯᠲᠠ᠂ ᠠᠵᠢᠯᠯᠠᠭᠠᠨ᠂ | ᠬᠠᠮᠠᠭᠠᠯᠠᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠠᠮᠢᠶᠠᠷᠤᠯᠲᠠ ᠶᠢᠨ ᠲᠠᠪᠴᠠᠩ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠦᠢᠯᠡᠰ ᠤᠨ ᠬᠠᠮᠢᠶᠠᠷᠤᠯᠲᠠ ᠶᠢᠨ ᠲᠠᠪᠴᠠᠩ ᠢ ᠬᠠᠷᠢᠭᠤᠴᠠᠨ᠎ᠠ᠃ | | | | (ᠵᠢᠷᠭᠤᠭ᠎ᠠ) ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠭᠥᠯᠢᠶᠡᠨ ᠠᠪᠴᠤ ᠰᠢᠢᠳᠪᠦᠷᠢᠯᠡᠬᠦ ᠬᠤᠪᠢ᠃ | ᠲᠥᠪᠯᠡᠷᠡᠭᠦᠯᠦᠨ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ | ᠲᠤᠬᠠᠶᠢᠯᠠᠭᠰᠠᠨ ᠠᠵᠢᠯ ᠤᠨ ᠶᠡᠷᠦᠩᠬᠡᠶᠢᠯᠡᠬᠦ ᠶᠢ ᠬᠠᠷᠢᠭᠤᠴᠠᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠠᠵᠢᠯ ᠢ ᠲᠦᠯᠬᠢᠨ ᠠᠬᠢᠭᠤᠯᠬᠤ ᠪᠠ | ᠭᠦᠨᠵᠡᠭᠡᠶᠢᠷᠡᠭᠦᠯᠬᠦ ᠶᠢ ᠬᠠᠷᠢᠭᠤᠴᠠᠨ᠎ᠠ᠃ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ | ᠪᠦᠷᠢᠳᠬᠡᠨ ᠵᠠᠳᠠᠯᠬᠤ ᠠᠵᠢᠯ ᠢ ᠬᠠᠷᠢᠭᠤᠴᠠᠨ᠎ᠠ᠃ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠰᠢᠰᠲ᠋ᠧᠮᠵᠢ ᠶᠢ ᠵᠢᠯᠤᠭᠤᠳᠬᠤ᠂ | ᠵᠣᠬᠢᠴᠠᠭᠤᠯᠬᠤ᠂ ᠪᠣᠯᠪᠠᠰᠤᠷᠠᠭᠤᠯᠬᠤ ᠶᠢ ᠬᠠᠷᠢᠭᠤᠴᠠᠨ᠎ᠠ᠃ ᠬᠢᠨᠠᠨ ᠵᠥᠪᠰᠢᠶᠡᠷᠡᠬᠦ ᠵᠦᠢᠯᠡᠰ ᠤᠨ ᠴᠤᠪᠤᠷᠠᠯ ᠢ ᠳᠠᠬᠢᠨ | ᠵᠣᠬᠢᠶᠠᠬᠤ᠂ ᠭᠤᠭᠴᠤᠭ᠎ᠠ ᠶᠢ ᠰᠢᠯᠢᠳᠡᠭᠵᠢᠭᠦᠯᠬᠦ᠂ ᠴᠠᠭ ᠤᠨ ᠬᠢᠵᠠᠭᠠᠷ ᠢ ᠪᠠᠭᠠᠰᠬᠠᠬᠤ᠂ ᠮᠥᠷᠳᠡᠵᠦ ᠰᠢᠮᠳᠠᠭᠤᠯᠤᠨ | ᠭᠦᠢᠴᠡᠳᠬᠡᠬᠦ ᠶᠢ ᠬᠠᠷᠢᠭᠤᠴᠠᠵᠤ᠂ ᠵᠦᠢᠯᠡᠰ ᠢ ᠭᠦᠢᠴᠡᠳᠬᠡᠬᠦ ᠳᠤᠮᠳᠠ ᠣᠷᠣᠰᠢᠵᠤ ᠪᠠᠶᠢᠭ᠎ᠠ ᠬᠠᠮᠢᠶ᠎ᠠ ᠪᠦᠬᠦᠢ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠵᠤ᠂ | ᠲᠣᠰ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠵᠣᠬᠢᠶᠠᠨ | ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠲᠣᠰ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠲᠤᠤᠱᠯᠠᠭᠤᠯᠤᠨ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠵᠢᠴᠢ | ᠰᠠᠨᠠᠭᠤᠯᠭ᠎ᠠ ᠶᠢ ᠰᠤᠳᠤᠯᠤᠨ ᠳᠤᠷᠠᠳᠪᠠ᠃ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ | ᠲᠥᠪᠯᠡᠷᠡᠭᠦᠯᠦᠨ ᠦᠢᠯᠡᠴᠢᠯᠡᠬᠦ︾ ᠥᠭᠡᠷᠡᠴᠢᠯᠡᠯᠲᠡ ᠶᠢ ᠬᠠᠷᠢᠭᠤᠴᠠᠨ ᠠᠬᠢᠭᠤᠯᠵᠤ᠂ ︽ᠡᠮᠦᠨ᠎ᠡ ᠲᠠᠪᠴᠠᠩ ᠳᠤ | ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ | ᠨᠢᠭᠡᠳᠦᠯᠲᠡᠢ ᠴᠣᠩᠬᠤ ᠪᠠᠷ ᠮᠠᠲ᠋ᠧᠷᠢᠶᠠᠯ ᠭᠠᠷᠭᠠᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ | ᠪᠠᠶᠢᠭᠤᠯᠤᠨ᠎ᠠ᠃ ᠠᠰᠠᠭᠤᠨ ᠯᠠᠪᠯᠠᠬᠤ᠂ ᠬᠥᠲᠥᠯᠥᠨ ᠵᠢᠯᠤᠭᠤᠳᠬᠤ ᠠᠵᠢᠯ ᠢ ᠬᠠᠷᠢᠭᠤᠴᠠᠨ᠎ᠠ᠃ ᠪᠠᠷᠢᠨ ᠭᠦᠢᠴᠡᠳᠬᠡᠬᠦ | ᠪᠤᠰᠤ ᠲᠥᠷᠥᠯ ᠤᠨ ᠬᠢᠨᠠᠨ ᠵᠥᠪᠰᠢᠶᠡᠷᠡᠬᠦ ᠵᠦᠢᠯᠡᠰ ᠢ ᠨᠢᠭᠡᠳᠦᠯᠲᠡᠢ ᠭᠥᠯᠢᠶᠡᠨ ᠠᠪᠴᠤ ᠰᠢᠢᠳᠪᠦᠷᠢᠯᠡᠬᠦ᠂ | ᠵᠥᠪᠰᠢᠶᠡᠷᠡᠯ ᠤᠨ ᠦᠨᠡᠮᠯᠡᠯ ᠢ ᠨᠢᠭᠡ ᠯᠡ ᠳᠡᠭᠡᠷ᠎ᠡ ᠬᠦᠷᠭᠡᠬᠦ ᠠᠵᠢᠯ ᠢ ᠬᠠᠷᠢᠭᠤᠴᠠᠨ᠎ᠠ᠃ ᠬᠡᠷᠡᠭ ᠡᠷᠬᠢᠯᠡᠬᠦ | ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠵᠤ᠂ ᠭᠤᠶᠤᠴᠢᠯᠠᠯ ᠤᠨ ᠮᠠᠲ᠋ᠧᠷᠢᠶᠠᠯ ᠢ ᠨᠢᠭᠡ ᠯᠡ | ᠳᠡᠭᠡᠷ᠎ᠡ ᠮᠡᠳᠡᠭᠳᠡᠨ᠎ᠡ᠃ ᠮᠡᠳᠡᠭᠦᠯᠬᠦ ᠮᠠᠲ᠋ᠧᠷᠢᠶᠠᠯ ᠢ ᠬᠢᠨᠠᠨ ᠰᠢᠯᠭᠠᠬᠤ᠂ ᠲᠤᠰᠢᠶᠠᠨ ᠰᠢᠢᠳᠪᠦᠷᠢᠯᠡᠭᠦᠯᠬᠦ᠂ ᠲᠠᠩᠰᠠ | ᠡᠪᠬᠡᠮᠡᠯ ᠳᠤ ᠣᠷᠣᠭᠤᠯᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠨᠡᠶᠢᠯᠡᠭᠦᠯᠦᠨ ᠬᠤᠯᠪᠣᠵᠤ ᠬᠢᠨᠠᠨ | ᠵᠥᠪᠰᠢᠶᠡᠷᠡᠬᠦ ᠰᠢᠨᠵᠢ ᠴᠢᠨᠠᠷ ᠲᠠᠢ ᠴᠢᠬᠤᠯᠠ ᠥᠭᠡᠷᠡᠴᠢᠯᠡᠯᠲᠡ ᠶᠢᠨ ᠡᠭᠦᠷᠭᠡ ᠶᠢ ᠵᠣᠬᠢᠶᠠᠨ ᠪᠠᠶᠢᠭᠤᠯᠤᠨ | ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | | | | ︵ᠲᠤᠯᠤᠭ᠎ᠠ︶ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠰᠲ᠋ᠣᠺ᠃ ᠳᠣᠣᠷᠠᠬᠢ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠯ ᠤᠨ ᠬᠠᠮᠢᠶ᠎ᠠ ᠪᠦᠬᠦᠢ ᠵᠦᠢᠯᠡᠰ ᠢ ᠬᠠᠷᠢᠭᠤᠴᠠᠵᠤ᠂ ᠰᠲ᠋ᠣᠺ ᠤᠨ ᠡᠷᠬᠡ ᠶᠢᠨ ᠳᠠᠨᠵᠢᠯᠠᠬᠤ | ᠳᠠᠩᠰᠠᠯᠠᠯᠲᠠ ᠬᠢᠨ᠎ᠡ︔ ᠠᠵᠤ ᠠᠬᠤᠶᠢᠯᠠᠯ ᠢ ᠪᠠᠶᠢᠭᠤᠯᠬᠤ᠂ ᠬᠤᠪᠢᠷᠠᠭᠤᠯᠬᠤ᠂ ᠬᠦᠴᠦᠨ ᠦᠭᠡᠢ ᠪᠣᠯᠭᠠᠬᠤ | ᠳᠠᠩᠰᠠᠯᠠᠯᠲᠠ ︵ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠳᠠᠩᠰᠠᠯᠠᠯᠲᠠ ᠪᠠᠭᠲᠠᠨ᠎ᠠ︶︔ ᠺᠣᠮᠫᠠᠨᠢ ᠶᠢᠨ | ᠪᠤᠰᠤ ᠠᠵᠤ ᠠᠬᠤᠶᠢᠯᠠᠯ ᠤᠨ ᠬᠠᠤᠯᠢ ᠶᠢᠨ ᠬᠥᠮᠥᠨ ᠢ ᠪᠠᠶᠢᠭᠤᠯᠬᠤ᠂ ᠬᠤᠪᠢᠷᠠᠭᠤᠯᠬᠤ᠂ ᠳᠠᠩᠰᠠᠯᠠᠯᠲᠠ ᠶᠢ ᠬᠦᠴᠦᠨ | ᠦᠭᠡᠢ ᠪᠣᠯᠭᠠᠬᠤ; ᠬᠤᠳᠠᠯᠳᠤᠭ᠎ᠠ᠂ ᠣᠯᠠᠨ ᠨᠡᠶᠢᠲᠡ ᠶᠢᠨ ᠢᠳᠡᠭᠡᠨ ᠤᠮᠳᠠᠭᠠᠨ᠂ ᠦᠢᠯᠡᠴᠢᠯᠡᠭᠡ ᠵᠡᠷᠭᠡ ᠠᠵᠢᠯ | ᠲᠥᠷᠥᠯ ᠤᠨ ᠠᠵᠤ ᠠᠬᠤᠶᠢᠯᠠᠯ ᠤᠨ ᠨᠡᠷᠡᠶᠢᠳᠦᠯ ᠫᠠᠶᠢᠰᠠ ᠢᠯᠡᠷᠬᠡᠶᠢᠯᠡᠯ ᠢ ᠳᠥᠭᠦᠮᠴᠢᠯᠡᠨ ᠳᠠᠩᠰᠠᠯᠠᠭᠤᠯᠤᠨ᠎ᠠ︔ | ᠢᠳᠡᠭᠡᠨ ᠡᠵᠡᠩᠨᠡᠬᠦ ᠵᠥᠪᠰᠢᠶᠡᠷᠡᠯ; ᠳᠡᠭᠡᠳᠦ ᠱᠠᠲᠤᠨ ᠤ ᠪᠠᠶᠢᠭᠤᠯᠭ᠎ᠠ ᠶᠢᠨ ᠬᠢᠨᠠᠨ ᠵᠥᠪᠰᠢᠶᠡᠷᠡᠬᠦ ᠴᠢᠬᠤᠯᠠᠲᠠᠢ | ᠵᠦᠢᠯᠡᠰ ᠢ ᠬᠢᠨᠠᠨ ᠬᠠᠷᠭᠤᠭᠤᠯᠵᠤ᠂ ᠳᠡᠭᠡᠭᠰᠢ ᠮᠡᠳᠡᠭᠦᠯᠦᠨ᠎ᠡ᠃ | | | | ︵ᠨᠠᠢᠮᠠ︶ ᠲᠥᠷᠥᠯ ᠵᠦᠢᠯ ᠲᠣᠭᠲᠠᠭᠠᠬᠤ ᠪᠡᠯᠡ ᠣᠷᠣᠭᠤᠯᠤᠯᠲᠠ ᠪᠠ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠰᠲ᠋ᠣᠺ᠃ ᠳᠣᠣᠷᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠵᠦᠢᠯᠡᠰ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠦᠨᠡᠯᠡᠨ | ᠵᠢᠱᠢᠬᠦ ᠪᠠ ᠬᠢᠨᠠᠨ ᠪᠠᠶᠢᠴᠠᠭᠠᠬᠤ ᠶᠢ ᠬᠠᠷᠢᠭᠤᠴᠠᠨ᠎ᠠ︔ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠵᠦᠢᠯ ᠢ | ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠢ ᠮᠠᠭᠠᠳᠯᠠᠨ ᠲᠣᠭᠲᠠᠭᠠᠬᠤ; ᠠᠮᠤ ᠪᠤᠳᠠᠭ᠎ᠠ ᠲᠣᠰᠣ ᠶᠢ | ᠬᠥᠮᠥᠷᠭᠡᠯᠡᠨ ᠬᠠᠳᠠᠭᠠᠯᠠᠬᠤ ᠨᠢᠭᠡᠴᠢ ᠶᠢ ᠳᠠᠩᠰᠠᠯᠠᠭᠤᠯᠤᠨ᠎ᠠ; ᠴᠠᠬᠢᠯᠭᠠᠨ ᠬᠦᠴᠦᠨ ᠤ ᠲᠥᠬᠦᠭᠡᠷᠦᠮᠵᠢ ᠶᠢᠨ | ᠬᠠᠮᠠᠭᠠᠯᠠᠯᠲᠠ ᠶᠢᠨ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠵᠦᠢᠯᠡᠰ ᠤᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠨᠡᠭᠦᠷᠡᠰᠦᠨ ᠤ ᠡᠵᠡᠩᠨᠡᠯᠲᠡ ᠶᠢᠨ ᠠᠵᠤ | ᠠᠬᠤᠶᠢᠯᠠᠯ ᠢ ᠡᠩ ᠤᠨ ᠠᠵᠤ ᠦᠢᠯᠡᠳᠪᠦᠷᠢ ᠶᠢᠨ ᠲᠥᠷᠥᠯ ᠵᠦᠢᠯ ᠵᠢᠴᠢ ᠡᠩ ᠤᠨ ᠴᠢᠨᠠᠷᠲᠠᠢ ᠮᠡᠷᠭᠡᠵᠢᠯ ᠤᠨ | ᠥᠭᠡᠷᠡᠴᠢᠯᠡᠯᠲᠡ ᠶᠢᠨ ᠠᠵᠤ ᠦᠢᠯᠡᠳᠪᠦᠷᠢ ᠶᠢᠨ ᠲᠥᠷᠥᠯ ᠡᠷᠬᠡ ᠮᠡᠳᠡᠯ ᠤᠨ ᠬᠡᠪᠴᠢᠶᠡᠨ ᠳᠣᠲᠣᠷᠠᠬᠢ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ | ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠳᠡᠭᠡᠳᠦ | ᠱᠠᠲᠤᠨ ᠤ ᠪᠠᠶᠢᠭᠤᠯᠭ᠎ᠠ ᠶᠢᠨ ᠬᠢᠨᠠᠨ ᠵᠥᠪᠰᠢᠶᠡᠷᠡᠬᠦ ᠴᠢᠬᠤᠯᠠᠲᠠᠢ ᠵᠦᠢᠯᠡᠰ ᠢ ᠬᠢᠨᠠᠨ ᠬᠠᠷᠭᠤᠭᠤᠯᠵᠤ᠂ ᠳᠡᠭᠡᠭᠰᠢ | ᠮᠡᠳᠡᠭᠦᠯᠦᠨ᠎ᠡ᠃ | | | | ︵ᠶᠢᠰᠦ︶ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠬᠦ ᠰᠲ᠋ᠣᠺ᠃ ᠳᠣᠣᠷᠠᠬᠢ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠬᠠᠮᠢᠶ᠎ᠠ ᠪᠦᠬᠦᠢ ᠵᠦᠢᠯᠡᠰ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠪᠠᠷᠢᠯᠭ᠎ᠠ ᠪᠠᠷᠢᠬᠤ ᠵᠥᠪᠰᠢᠶᠡᠷᠡᠯ ᠢ ᠬᠠᠷᠢᠭᠤᠴᠠᠨ᠎ᠠ︔ ᠣᠩᠭᠤᠴᠠ ᠰᠠᠯ ᠤᠨ ᠲᠤᠰᠦᠠ ᠤ ᠪᠣᠬᠢᠷᠲᠤᠯ ᠤᠨ | ᠬᠤᠬᠢᠷᠠᠯ ᠤᠨ ᠢᠷᠭᠡᠨ ᠤ ᠬᠡᠷᠡᠭ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠦᠨᠡᠮᠯᠡᠯ ᠪᠤᠶᠤ ᠡᠳ᠋ ᠤᠨ ᠶᠠᠪᠤᠳᠠᠯ ᠤᠨ | ᠣᠩᠭᠤᠴᠠᠴᠢᠨ ᠤ ᠲᠤᠰᠢᠶᠠᠯ ᠳᠤ ᠲᠣᠬᠢᠷᠠᠬᠤ ᠦᠨᠡᠮᠯᠡᠯ ᠢ ᠬᠢᠨᠠᠨ ᠣᠯᠭᠤᠨ᠎ᠠ; ᠣᠩᠭᠤᠴᠠ ᠰᠠᠯ ᠢ ᠳᠠᠩᠰᠠᠯᠠᠭᠤᠯᠬᠤ | ᠵᠥᠪᠰᠢᠶᠡᠷᠡᠯ; ᠵᠢᠭᠠᠰᠤᠨ ᠠᠵᠤ ᠠᠬᠤᠢ ᠶᠢᠨ ᠣᠩᠭᠤᠴᠠ ᠰᠠᠯ ᠢ ᠳᠠᠩᠰᠠᠯᠠᠬᠤ; ᠵᠢᠭᠠᠰᠤᠨ ᠠᠵᠤ ᠠᠬᠤᠢ ᠶᠢᠨ | ᠣᠩᠭᠤᠴᠠᠴᠢᠨ ᠤ ᠦᠨᠡᠮᠯᠡᠯ ᠣᠯᠭᠤᠨ᠎ᠠ︔ ᠣᠩᠭᠤᠴᠠ ᠰᠠᠯ ᠤᠨ ᠨᠡᠷᠡᠶᠢᠳᠦᠯ ᠢ ᠬᠢᠨᠠᠨ ᠵᠥᠪᠰᠢᠶᠡᠷᠡᠬᠦ; ᠡᠩ ᠤᠨ | ᠪᠠᠷᠠᠭᠠᠨ ᠤ ᠣᠩᠭᠤᠴᠠ ᠶᠢᠨ ᠲᠡᠭᠡᠭᠡᠪᠦᠷᠢ ᠶᠢᠨ ᠬᠦᠴᠦᠨ ᠢ ᠰᠢᠨ᠎ᠡ ᠪᠠᠷ ᠳᠠᠩᠰᠠᠯᠠᠭᠤᠯᠤᠨ᠎ᠠ︔ ᠵᠠᠮ ᠳᠤ | ᠬᠤᠯᠪᠣᠭᠳᠠᠬᠤ ᠪᠠᠷᠢᠯᠭ᠎ᠠ ᠶᠢᠨ ᠠᠵᠢᠯᠯᠠᠭ᠎ᠠ ᠶᠢ ᠵᠥᠪᠰᠢᠶᠡᠷᠡᠬᠦ; ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠪᠠ ᠵᠠᠰᠠᠮᠠᠯ ᠵᠠᠮ ᠢ ᠵᠠᠰᠠᠨ ᠰᠡᠷᠭᠦᠭᠡᠬᠦ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠬᠤ︔ | ᠬᠡᠮᠵᠢᠶ᠎ᠡ ᠠᠴᠠ ᠬᠡᠲᠦᠷᠡᠭᠰᠡᠨ ᠲᠡᠭᠡᠭᠡᠪᠦᠷᠢ ᠶᠢᠨ ᠲᠡᠷᠭᠡ ᠬᠥᠰᠬᠡ ᠶᠢᠨ ᠶᠠᠪᠤᠭᠤᠯᠬᠤ ᠵᠥᠪᠰᠢᠶᠡᠷᠡᠯ; ᠵᠠᠰᠠᠮᠠᠯ ᠵᠠᠮ ᠤᠨ | ᠬᠡᠷᠡᠭᠯᠡᠬᠦ ᠭᠠᠵᠠᠷ ᠤᠨ ᠤᠢ ᠮᠣᠳᠣ ᠶᠢ ᠰᠢᠨᠡᠳᠬᠡᠨ ᠣᠭᠲᠣᠯᠬᠤ ᠵᠥᠪᠰᠢᠶᠡᠷᠡᠯ; ᠵᠠᠰᠠᠮᠠᠯ ᠵᠠᠮ ᠤᠨ ᠬᠥᠭᠦᠷᠭᠡ ᠶᠢᠨ | ᠠᠮᠤᠷ ᠲᠦᠪᠰᠢᠨ ᠢ ᠨᠤᠲᠠᠯᠠᠨ ᠲᠣᠭᠲᠠᠭᠠᠬᠤ; ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠠᠵᠢᠯ ᠲᠤᠰᠢᠶᠠᠵᠤ ᠰᠢᠯᠭᠠᠨ ᠠᠪᠤᠭᠰᠠᠨ ᠮᠡᠳᠡᠭᠦᠯᠦᠯᠲᠡ ᠶᠢ ᠳᠠᠩᠰᠠᠯᠠᠭᠤᠯᠬᠤ ᠬᠡᠷᠡᠭᠲᠡᠢ︔ ᠵᠠᠰᠠᠮᠠᠯ ᠵᠠᠮ ᠤᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠳᠠᠩᠰᠠᠯᠠᠭᠤᠯᠬᠤ ᠠᠵᠢᠯ︔ ᠳᠣᠲᠣᠭᠠᠳᠤ ᠭᠤᠣᠯ ᠮᠥᠷᠡᠨ ᠤ | ᠠᠶᠠᠯᠠᠯ ᠨᠡᠪᠲᠡᠷᠡᠬᠦ ᠤᠰᠤᠨ ᠣᠷᠣᠨ ᠤ ᠠᠶᠤᠯᠭᠦᠢ ᠪᠠᠷ ᠠᠵᠢᠯᠯᠠᠬᠤ ᠶᠢ ᠮᠡᠳᠡᠭᠦᠯᠦᠨ ᠳᠠᠩᠰᠠᠯᠠᠭᠤᠯᠤᠨ᠎ᠠ; ᠡᠭᠡᠯᠵᠢ ᠶᠢᠨ | ᠬᠥᠯᠭᠡ ᠣᠩᠭᠤᠴᠠ ᠶᠢᠨ ᠮᠡᠳᠡᠭᠡ ᠵᠠᠩᠭᠢ ᠵᠢᠴᠢ ᠮᠡᠳᠡᠭᠡ ᠵᠠᠩᠭᠢ ᠶᠢᠨ ᠬᠤᠪᠢᠷᠠᠯᠲᠠ ᠶᠢ ᠳᠠᠩᠰᠠᠯᠠᠭᠤᠯᠬᠤ︔ | ᠭᠠᠷᠠᠮ ᠤᠨ ᠪᠠᠷᠢᠯᠭ᠎ᠠ ᠶᠢ ᠲᠤᠷᠰᠢᠨ ᠠᠵᠢᠯᠯᠠᠭᠤᠯᠬᠤ ᠶᠢ ᠳᠠᠩᠰᠠᠯᠠᠭᠤᠯᠬᠤ ᠬᠡᠷᠡᠭᠲᠡᠢ; ᠳᠠᠬᠢᠨᠲᠠ ᠬᠢᠷᠢ ᠬᠡᠮ ᠢ | ᠤᠷᠢᠳᠴᠢᠯᠠᠨ ᠬᠢᠨᠠᠬᠤ ᠪᠤᠶᠤ ᠳᠠᠭᠠᠭᠠᠴᠢᠯᠠᠯᠲᠠ ᠵᠠᠷᠯᠠᠬᠤ ᠶᠢ ᠪᠢᠴᠢᠭ ᠢᠶᠠᠷ ᠮᠡᠳᠡᠭᠦᠯᠵᠦ ᠳᠠᠩᠰᠠᠯᠠᠭᠤᠯᠤᠨ᠎ᠠ︔ | ᠣᠩᠭᠤᠴᠠ ᠰᠠᠯ ᠤᠨ ᠭᠠᠷᠠᠮ ᠤᠨ ᠲᠣᠭᠤᠷᠢᠭ ᠲᠤ ᠠᠶᠤᠯᠭᠦᠢ ᠠᠵᠢᠯᠯᠠᠬᠤ ᠶᠢ ᠮᠡᠳᠡᠭᠦᠯᠵᠦ ᠳᠠᠩᠰᠠᠯᠠᠭᠤᠯᠤᠨ᠎ᠠ; | ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ ᠤᠷᠢᠵᠤ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠳᠠᠩᠰᠠᠯᠠᠭᠤᠯᠬᠤ ᠶᠢ ᠬᠡᠷᠡᠭᠵᠢᠭᠦᠯᠦᠨ᠎ᠡ; ᠵᠢᠭᠠᠰᠤᠨ ᠠᠵᠤ | ᠠᠬᠤᠢ ᠶᠢᠨ ᠣᠩᠭᠤᠴᠠ ᠰᠠᠯ ᠢ ᠰᠢᠯᠭᠠᠨ ᠪᠠᠶᠢᠴᠠᠭᠠᠬᠤ ᠸᠢᠰᠠ︔ ᠪᠠᠷᠢᠯᠭ᠎ᠠ ᠶᠢᠨ ᠭᠠᠳᠠᠷ ᠲᠠᠯ᠎ᠠ ᠶᠢᠨ ᠵᠠᠰᠠᠯ | ᠴᠢᠮᠡᠭᠯᠡᠯ ᠢ ᠬᠢᠨᠠᠨ ᠬᠠᠷᠭᠤᠭᠤᠯᠬᠤ; ᠲᠡᠷᠭᠡᠨ ᠵᠣᠭᠰᠣᠭᠠᠯ ᠳᠤ ᠡᠵᠡᠩᠨᠡᠯᠲᠡ ᠶᠢᠨ ᠬᠢᠨᠠᠨ ᠵᠥᠪᠰᠢᠶᠡᠷᠡᠯ ᠭᠠᠷᠭᠠᠬᠤ; | ᠬᠤᠲᠠ ᠶᠢᠨ ᠣᠯᠠᠨ ᠨᠡᠶᠢᠲᠡ ᠶᠢᠨ ᠬᠡᠷᠡᠭᠯᠡᠬᠦ ᠭᠠᠵᠠᠷ ᠢ ᠲᠦᠷ ᠴᠠᠭ ᠡᠵᠡᠯᠡᠨ ᠬᠡᠷᠡᠭᠯᠡᠵᠦ ᠤᠬᠠᠭᠤᠯᠭ᠎ᠠ᠂ ᠪᠠᠶᠠᠷ ᠤᠨ | ᠶᠣᠰᠣᠯᠠᠯ᠂ ᠪᠠᠶᠠᠷ ᠳᠤᠷᠠᠰᠬᠠᠯ ᠤᠨ ᠡᠳᠦᠷ᠂ ᠬᠤᠳᠠᠯᠳᠤᠭᠠᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠵᠠᠰᠠᠭ | ᠵᠠᠬᠢᠷᠭᠠᠨ ᠤ ᠵᠥᠪᠰᠢᠶᠡᠷᠡᠯ ᠣᠯᠭᠤᠨ᠎ᠠ︔ ᠭᠡᠷ ᠤᠨ ᠭᠠᠳᠠᠨᠠᠬᠢ ᠵᠠᠷ ᠮᠡᠳᠡᠭᠡ ᠭᠠᠷᠭᠠᠬᠤ ᠶᠢ ᠵᠥᠪᠰᠢᠶᠡᠷᠡᠬᠦ᠂ ᠨᠡᠶᠢᠲᠡᠯᠡᠬᠦ᠂ | ᠡᠯᠭᠦᠬᠦ᠂ ᠨᠠᠭᠠᠬᠤ ᠶᠢ ᠬᠢᠨᠠᠨ ᠵᠥᠪᠰᠢᠶᠡᠷᠡᠬᠦ; ᠠᠵᠢᠯ ᠡᠷᠬᠢᠯᠡᠬᠦ ᠮᠠᠯ ᠤᠨ ᠡᠮᠴᠢ ᠶᠢ ᠳᠠᠩᠰᠠᠯᠠᠭᠤᠯᠬᠤ; ᠬᠥᠳᠡᠭᠡ | ᠲᠣᠰᠬᠤᠨ ᠤ ᠮᠠᠯ ᠡᠮᠨᠡᠯᠭᠡ ᠶᠢᠨ ᠳᠠᠩᠰᠠᠯᠠᠭᠤᠯᠬᠤ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ | ᠵᠥᠪᠰᠢᠶᠡᠷᠡᠯ; ᠲᠠᠷᠢᠮᠠᠯ ᠤᠨ ᠦᠷ᠎ᠡ ᠶᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ; ᠮᠠᠯ ᠤᠨ ᠡᠮ ᠡᠵᠡᠩᠨᠡᠬᠦ | ᠵᠥᠪᠰᠢᠶᠡᠷᠡᠯ; ᠲᠠᠷᠢᠶᠠᠨ ᠡᠮ ᠡᠵᠡᠩᠨᠡᠬᠦ ᠵᠥᠪᠰᠢᠶᠡᠷᠡᠯ; ᠠᠮᠢᠲᠠᠨ ᠢ ᠣᠨᠣᠰᠢᠯᠠᠨ ᠡᠮᠨᠡᠬᠦ ᠵᠥᠪᠰᠢᠶᠡᠷᠡᠯ; ᠲᠷᠠᠺᠲ᠋ᠣᠷ ᠪᠠ | ᠬᠠᠳᠤᠵᠤ ᠬᠤᠷᠢᠶᠠᠬᠤ ᠬᠠᠮ ᠮᠠᠰᠢᠨ ᠢ ᠳᠠᠩᠰᠠᠯᠠᠵᠤ᠂ ᠲᠦᠷ ᠴᠠᠭ ᠤᠨ ᠫᠠᠶᠢᠰᠠ ᠦᠨᠡᠮᠯᠡᠯ ᠢ ᠣᠯᠭᠤᠨ᠎ᠠ; ᠲᠷᠠᠺᠲ᠋ᠣᠷ᠂ | ᠬᠠᠳᠤᠵᠤ ᠬᠤᠷᠢᠶᠠᠬᠤ ᠬᠠᠮ ᠮᠠᠰᠢᠨ ᠤ ᠵᠢᠯᠤᠭᠤᠳᠬᠤ ᠦᠨᠡᠮᠯᠡᠯ ᠢ ᠬᠢᠨᠠᠨ ᠣᠯᠭᠤᠬᠤ; ᠲᠦᠭᠦᠬᠡᠢ ᠰᠦ᠋ ᠬᠤᠳᠠᠯᠳᠤᠨ | ᠠᠪᠬᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠨ᠎ᠠ︔ ᠲᠦᠭᠦᠬᠡᠢ ᠰᠦᠨ ᠤ ᠲᠡᠭᠡᠭᠡᠪᠦᠷᠢ ᠶᠢᠨ | ᠵᠥᠪᠰᠢᠶᠡᠷᠡᠯ ᠤᠨ ᠦᠨᠡᠮᠯᠡᠯ ᠢ ᠲᠣᠳᠣᠷᠬᠠᠢ ᠬᠢᠨᠠᠨ ᠣᠯᠭᠤᠨ᠎ᠠ︔ ᠵᠢᠭᠠᠰᠤᠨ ᠠᠵᠤ ᠠᠬᠤᠢ ᠶᠢᠨ ᠠᠩᠨᠠᠵᠤ ᠱᠦᠭᠦᠬᠦ | ᠵᠥᠪᠰᠢᠶᠡᠷᠡᠯ; ᠤᠰᠤᠨ ᠭᠠᠷᠤᠯᠲᠠ ᠶᠢᠨ ᠦᠷ᠎ᠡ ᠵᠢᠷᠠᠭᠠᠬᠠᠢ ᠶᠢ ᠦᠢᠯᠡᠳᠪᠦᠷᠢᠯᠡᠬᠦ ᠵᠥᠪᠰᠢᠶᠡᠷᠡᠯ ᠪᠠ ᠤᠰᠤᠨ | ᠭᠠᠷᠤᠯᠲᠠ ᠶᠢᠨ ᠦᠷ᠎ᠡ ᠵᠢᠷᠠᠭᠠᠬᠠᠢ ᠶᠢᠨ ᠲᠠᠯᠠᠪᠠᠢ ᠶᠢᠨ ᠬᠢᠷᠢ ᠬᠡᠮ ᠢ ᠭᠡᠷᠡᠴᠢᠯᠡᠬᠦ; ᠤᠰᠤᠨ ᠣᠷᠣᠨ ᠤ ᠲᠠᠩ | ᠭᠠᠵᠠᠷ ᠲᠤ ᠲᠡᠵᠢᠭᠡᠨ ᠦᠷᠡᠵᠢᠭᠦᠯᠬᠦ ᠵᠥᠪᠰᠢᠶᠡᠷᠡᠯ; ᠠᠵᠢᠯ ᠡᠷᠬᠢᠯᠡᠬᠦ ᠲᠤᠰᠠᠯᠠᠬᠤ ᠮᠠᠯ ᠤᠨ ᠡᠮᠴᠢ ᠶᠢ ᠳᠠᠩᠰᠠᠯᠠᠬᠤ; | ᠭᠤᠣᠯ ᠤᠨ ᠵᠠᠮ ᠠᠴᠠ ᠡᠯᠡᠰᠦ ᠮᠠᠯᠲᠠᠬᠤ ᠵᠥᠪᠰᠢᠶᠡᠷᠡᠯ; ᠤᠰᠤ ᠲᠠᠲᠠᠬᠤ ᠡᠷᠬᠡ ᠶᠢ ᠲᠥᠯᠥᠪᠦᠷᠢ ᠲᠠᠢ ᠪᠠᠷ | ᠰᠢᠯᠵᠢᠭᠦᠯᠦᠨ ᠥᠭᠬᠦ ᠶᠢ ᠵᠥᠪᠰᠢᠶᠡᠷᠡᠬᠦ; ᠤᠰᠤ ᠠᠪᠬᠤ ᠵᠥᠪᠰᠢᠶᠡᠷᠡᠯ; ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠵᠦᠢᠯᠡᠰ ᠤᠨ ᠬᠥᠷᠥᠰᠥ ᠰᠢᠷᠣᠢ ᠶᠢ ᠬᠠᠮᠠᠭᠠᠯᠠᠬᠤ ᠲᠥᠰᠥᠯ ᠢ ᠤᠰᠤᠨ ᠠᠰᠢᠭᠯᠠᠯᠲᠠ ᠶᠢᠨ | ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠩᠬ᠎ᠠ ᠠᠯᠬᠤᠮ ᠤᠨ ᠵᠢᠷᠤᠭ ᠲᠠᠷᠢᠶᠠᠯᠠᠩ ᠤᠨ | ᠤᠰᠤᠯᠠᠯᠲᠠ ᠶᠢᠨ ᠤᠰᠤᠨ ᠰᠤᠷᠪᠤᠯᠵᠢ᠂ ᠤᠰᠤᠯᠠᠬᠤ ᠤᠰᠤ ᠵᠠᠯᠠᠬᠤ ᠪᠠᠷᠢᠯᠭ᠎ᠠ ᠶᠢᠨ ᠲᠥᠬᠦᠭᠡᠷᠦᠮᠵᠢ ᠶᠢ ᠡᠵᠡᠯᠡᠨ | ᠬᠡᠷᠡᠭᠯᠡᠬᠦ ᠶᠢ ᠬᠢᠨᠠᠨ ᠵᠥᠪᠰᠢᠶᠡᠷᠡᠬᠦ; ᠬᠤᠳᠠ ᠶᠢᠨ ᠪᠦᠲᠦᠭᠡᠨ ᠪᠠᠶᠢᠭᠤᠯᠤᠯᠲᠠ ᠳᠤ ᠤᠰᠤᠨ ᠣᠷᠣᠨ ᠢ ᠪᠥᠭᠯᠡᠵᠦ᠂ | ᠬᠠᠰᠢᠯᠭ᠎ᠠ ᠬᠠᠰᠢᠯᠭ᠎ᠠ ᠶᠢ ᠬᠢᠨᠠᠨ ᠬᠠᠷᠭᠤᠭᠤᠯᠬᠤ ᠶᠢ ᠬᠦᠴᠦᠨ ᠦᠭᠡᠢ ᠪᠣᠯᠭᠠᠨ᠎ᠠ; ᠭᠤᠣᠯ ᠤᠨ ᠵᠠᠮ ᠤᠨ | ᠬᠠᠮᠢᠶᠠᠷᠤᠯᠲᠠ ᠶᠢᠨ ᠬᠡᠪᠴᠢᠶᠡᠨ ᠳᠤ ᠦᠶᠡᠷ ᠢ ᠰᠡᠷᠭᠡᠶᠢᠯᠡᠬᠦ ᠪᠤᠰᠤ ᠠᠵᠢᠯᠯᠠᠭ᠎ᠠ ︵ᠭᠤᠣᠯ ᠤᠨ ᠵᠠᠮ ᠠᠴᠠ ᠡᠯᠡᠰᠦ | ᠮᠠᠯᠲᠠᠬᠤ ᠪᠠᠭᠲᠠᠬᠤ ᠦᠭᠡᠢ︶ ᠬᠢᠬᠦ ᠶᠢ ᠵᠥᠪᠰᠢᠶᠡᠷᠡᠬᠦ︔ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ | ᠴᠥᠭᠦᠷᠥᠮ ᠪᠠᠶᠢᠭᠤᠯᠬᠤ ᠶᠢ ᠬᠢᠨᠠᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ | ᠪᠠᠶᠢᠭᠤᠯᠬᠤ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠬᠠᠩᠭᠠᠯᠭ᠎ᠠ ᠶᠢᠨ ᠢᠨᠵᠧᠨᠧᠷᠢᠩ ᠤᠨ ᠬᠢᠨᠠᠨ | ᠪᠠᠶᠢᠴᠠᠭᠠᠯᠲᠠ︔ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠬᠤᠲᠠ ᠶᠢᠨ ᠣᠯᠠᠨ ᠨᠡᠶᠢᠲᠡ ᠶᠢᠨ ᠤᠰᠤ | ᠬᠠᠩᠭᠠᠬᠤ ᠪᠡᠯᠡᠳᠬᠡᠮᠵᠢ ᠶᠢ ᠥᠭᠡᠷᠡᠴᠢᠯᠡᠨ ᠤᠭᠰᠠᠷᠠᠬᠤ᠂ ᠨᠤᠷᠠᠭᠠᠬᠤ ᠪᠤᠶᠤ ᠨᠡᠭᠦᠯᠭᠡᠬᠦ ᠶᠢ ᠬᠢᠨᠠᠨ ᠵᠥᠪᠰᠢᠶᠡᠷᠡᠨ᠎ᠡ︔ | ᠠᠷᠠᠳ ᠠᠴᠠ ᠡᠷᠭᠢᠯᠡᠭᠰᠡᠨ ᠰᠤᠷᠭᠠᠭᠤᠯᠢ ᠪᠠᠶᠢᠭᠤᠯᠬᠤ ᠶᠢ ᠬᠢᠨᠠᠨ ᠵᠥᠪᠰᠢᠶᠡᠷᠡᠬᠦ︔ ᠪᠠᠭᠰᠢ ᠶᠢᠨ ᠬᠢᠷᠢ ᠬᠡᠮ ᠢ | ᠮᠠᠭᠠᠳᠯᠠᠨ ᠲᠣᠭᠲᠠᠭᠠᠬᠤ; ᠬᠡᠪᠯᠡᠭᠳᠡᠬᠦᠨ ᠢ ᠡᠵᠡᠩᠨᠡᠬᠦ ᠵᠥᠪᠰᠢᠶᠡᠷᠡᠯ ︵ᠨᠣᠮ ᠪᠢᠴᠢᠭ᠂ ᠬᠤᠭᠤᠴᠠᠭᠠᠲᠤ ᠰᠡᠳᠬᠦᠯ᠂ | ᠲᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠢ ᠵᠢᠵᠢᠭᠯᠡᠨ ᠬᠤᠳᠠᠯᠳᠤᠬᠤ ᠨᠢᠭᠡᠴᠢ ᠠᠴᠠ ᠪᠠᠶᠢᠭᠤᠯᠤᠨ᠎ᠠ︶; | | ᠺᠢᠨᠣ᠋ ᠭᠠᠷᠭᠠᠬᠤ ᠨᠢᠭᠡᠴᠢ ᠪᠠᠶᠢᠭᠤᠯᠬᠤ ᠵᠥᠪᠰᠢᠶᠡᠷᠡᠯ; ᠵᠤᠭ᠎ᠠ ᠴᠡᠩᠭᠡᠯ ᠤᠨ ᠭᠠᠵᠠᠷ ᠢ ᠪᠠᠶᠢᠭᠤᠯᠬᠤ᠂ | ᠬᠤᠪᠢᠷᠠᠭᠤᠯᠬᠤ; ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠣᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ | ᠭᠠᠵᠠᠷ ᠢ ᠪᠠᠶᠢᠭᠤᠯᠬᠤ᠂ ᠬᠤᠪᠢᠷᠠᠭᠤᠯᠬᠤ ᠵᠥᠪᠰᠢᠶᠡᠷᠡᠯ; ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ | ᠠᠵᠢᠯᠯᠠᠭ᠎ᠠ ᠡᠷᠭᠢᠯᠡᠬᠦ ᠵᠢᠴᠢ ᠥᠷᠲᠡᠭᠡ ᠴᠢᠭ᠋ ᠪᠠᠶᠢᠭᠤᠯᠬᠤ ᠶᠢ ᠬᠢᠨᠠᠨ ᠵᠥᠪᠰᠢᠶᠡᠷᠡᠬᠦ︔ ᠡᠵᠡᠩᠨᠡᠯᠲᠡ ᠶᠢᠨ ᠴᠢᠨᠠᠷᠲᠠᠢ | ᠲᠣᠭᠯᠠᠯᠲᠠ ᠶᠢ ᠬᠢᠨᠠᠨ ᠵᠥᠪᠰᠢᠶᠡᠷᠡᠬᠦ ᠪᠡᠶ᠎ᠡ ᠶᠢᠨ ᠲᠠᠮᠢᠷ ᠤᠨ ᠲᠥᠷᠥᠯ ᠤᠨ ᠠᠷᠠᠳ ᠠᠴᠠ ᠡᠷᠭᠢᠯᠡᠭᠰᠡᠨ ᠠᠵᠤ | ᠠᠬᠤᠶᠢᠯᠠᠯ ᠤᠨ ᠪᠤᠰᠤ ᠨᠢᠭᠡᠴᠡ ᠪᠠᠶᠢᠭᠤᠯᠬᠤ ᠪᠠᠷ ᠭᠤᠶᠤᠴᠢᠯᠠᠬᠤ ᠪᠠ ᠬᠤᠪᠢᠷᠠᠭᠤᠯᠬᠤ ᠶᠢ ᠬᠢᠨᠠᠨ ᠪᠡᠶ᠎ᠡ ᠶᠢᠨ | ᠲᠠᠮᠢᠷ ᠤᠨ ᠨᠡᠶᠢᠭᠡᠮ ᠤᠨ ᠪᠦᠯᠬᠦᠮ ᠪᠠᠶᠢᠭᠤᠯᠬᠤ ᠪᠠᠷ ᠭᠤᠶᠤᠴᠢᠯᠠᠬᠤ ᠪᠠ ᠬᠤᠪᠢᠷᠠᠭᠤᠯᠬᠤ ᠶᠢ ᠬᠢᠨᠠᠨ ᠪᠠᠶᠢᠴᠠᠭᠠᠬᠤ; | ᠠᠶᠤᠯ ᠶᠡᠬᠡᠲᠡᠢ ᠪᠡᠶ᠎ᠡ ᠶᠢᠨ ᠲᠠᠮᠢᠷ ᠤᠨ ᠵᠦᠢᠯᠡᠰ ᠢ ᠡᠵᠡᠩᠨᠡᠬᠦ ᠵᠥᠪᠰᠢᠶᠡᠷᠡᠯ ; ᠠᠶᠤᠯ ᠲᠦᠭᠰᠢᠭᠦᠷᠢ ᠶᠡᠬᠡᠲᠡᠢ ᠪᠤᠰᠤ | ᠪᠡᠶ᠎ᠡ ᠶᠢᠨ ᠲᠠᠮᠢᠷ ᠤᠨ ᠵᠦᠢᠯᠡᠰ ᠪᠠ ᠪᠤᠰᠤᠳ ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠠᠵᠢᠯᠯᠠᠭ᠎ᠠ ᠶᠢ | ᠳᠠᠩᠰᠠᠯᠠᠭᠤᠯᠬᠤ︔ ᠤᠷᠠᠯᠢᠭ ᠤᠨ ᠪᠦᠲᠦᠭᠡᠯ ᠤᠨ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠡᠵᠡᠩᠨᠡᠯᠲᠡ ᠶᠢᠨ | ᠨᠢᠭᠡᠴᠢ ᠶᠢ ᠳᠠᠩᠰᠠᠯᠠᠭᠤᠯᠬᠤ ᠲᠣᠭᠯᠠᠯᠲᠠ ᠶᠢᠨ ᠲᠠᠯᠠᠪᠤᠷ ᠭᠠᠵᠠᠷ ᠤᠨ ᠡᠵᠡᠩᠨᠡᠯᠲᠡ ᠶᠢᠨ ᠨᠢᠭᠡᠴᠢ ᠶᠢ ᠳᠠᠩᠰᠠᠯᠠᠬᠤ; | ᠬᠤᠪᠢ ᠶᠢᠨ ᠲᠣᠭᠯᠠᠭᠴᠢ᠂ ᠬᠤᠪᠢ ᠶᠢᠨ ᠲᠣᠭᠯᠠᠯᠲᠠ ᠶᠢᠨ ᠵᠠᠭᠤᠴᠢᠯᠠᠭᠴᠢ ᠶᠢ ᠳᠠᠩᠰᠠᠯᠠᠬᠤ; ᠪᠡᠶ᠎ᠡ ᠶᠢᠨ ᠲᠠᠮᠢᠷ ᠤᠨ | ᠤᠷᠤᠯᠳᠤᠭᠠᠨ ᠤ ᠠᠵᠢᠯᠯᠠᠭ᠎ᠠ ᠡᠷᠭᠢᠯᠡᠬᠦ ᠵᠥᠪᠰᠢᠶᠡᠷᠡᠯ ︵ᠪᠥᠬᠦ ᠬᠤᠲᠠ ᠶᠢᠨ ᠴᠢᠨᠠᠷᠲᠠᠢ︶︔ ᠲᠠᠮᠢᠷᠴᠢᠨ ᠤ ᠵᠡᠷᠭᠡ | ᠳᠡᠰ ᠤᠨ ᠴᠣᠯᠠ ᠣᠯᠭᠤᠬᠤ ︵ᠭᠤᠷᠪᠠᠳᠤᠭᠠᠷ ᠳᠡᠰ︶; ᠭᠤᠷᠪᠠᠳᠤᠭᠠᠷ ᠳᠡᠰ ᠤᠨ ᠲᠠᠮᠢᠷ ᠤᠨ ᠤᠷᠤᠯᠳᠤᠭᠠᠨ ᠤ | ᠬᠢᠨᠠᠭᠴᠢ ᠶᠢᠨ ᠬᠢᠷᠢ ᠬᠡᠮ ᠤᠨ ᠭᠡᠷᠡᠴᠢᠯᠡᠯ︔ ᠳᠠᠭᠠᠭᠤᠯᠢ ᠣᠳᠣᠨ ᠤ ᠭᠠᠵᠠᠷ ᠳᠡᠭᠡᠷᠡᠬᠢ ᠭᠥᠯᠢᠶᠡᠨ ᠠᠪᠬᠤ | ᠪᠡᠯᠡᠳᠬᠡᠮᠵᠢ ᠲᠣᠬᠢᠷᠠᠭᠤᠯᠵᠤ ᠬᠢᠯᠢ ᠶᠢᠨ ᠳᠣᠲᠣᠷᠠᠬᠢ ᠳᠠᠭᠠᠭᠤᠯᠢ ᠣᠳᠣᠨ ᠤ ᠲᠧᠯᠸᠢᠰ ᠤᠨ ᠫᠷᠣᠭ᠍ᠷᠠᠮ ᠢ ᠭᠥᠯᠢᠶᠡᠨ | ᠠᠪᠬᠤ ᠬᠢᠨᠠᠨ ᠵᠥᠪᠰᠢᠶᠡᠷᠡᠯ ︵ᠠᠩᠬᠠᠨ ᠤ ᠬᠢᠨᠠᠯᠲᠠ︶︔ ᠳᠠᠭᠠᠭᠤᠯᠢ ᠣᠳᠣᠨ ᠤ ᠳᠠᠮᠵᠢᠭᠤᠯᠭ᠎ᠠ ᠶᠢ ᠭᠥᠯᠢᠶᠡᠨ | ᠠᠪᠬᠤ ᠬᠢᠯᠢ ᠶᠢᠨ ᠭᠠᠳᠠᠨᠠᠬᠢ ᠲᠧᠯᠸᠢᠰ ᠤᠨ ᠫᠷᠣᠭ᠍ᠷᠠᠮ ᠤᠨ ᠬᠢᠨᠠᠨ ᠵᠥᠪᠰᠢᠶᠡᠷᠡᠯ ︵ᠠᠩᠬᠠᠨ ᠤ ᠬᠢᠨᠠᠯᠲᠠ︶︔ | ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠡ ᠶᠢ ᠰᠡᠯᠪᠢᠨ ᠵᠠᠰᠠᠬᠤ ᠵᠥᠪᠰᠢᠶᠡᠷᠡᠯ ︵ᠬᠤᠰᠢᠭᠤ | ᠰᠢᠶᠠᠨ ᠤ ᠱᠠᠲᠤᠨ ᠤ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠨᠢᠭᠡᠴᠡ︶︔ | ᠰᠠᠴᠤᠷᠠᠭ ᠤᠨ ᠡᠮᠴᠢᠯᠡᠭᠡᠨ ᠤ ᠵᠥᠪᠰᠢᠶᠡᠷᠡᠯ; ᠡᠮᠴᠢᠯᠡᠭᠡᠨ ᠤ ᠪᠠᠶᠢᠭᠤᠯᠤᠮᠵᠢ ᠪᠠᠶᠢᠭᠤᠯᠬᠤ ᠶᠢ ᠬᠢᠨᠠᠨ ᠵᠥᠪᠰᠢᠶᠡᠷᠡᠬᠦ ᠪᠠ | ᠠᠵᠢᠯ ᠡᠷᠬᠢᠯᠡᠬᠦ ᠳᠠᠩᠰᠠᠯᠠᠯᠲᠠ ᠬᠢᠯᠭᠡᠬᠦ︔ ᠣᠯᠠᠨ ᠨᠡᠶᠢᠲᠡ ᠶᠢᠨ ᠲᠠᠯᠠᠪᠤᠷ ᠭᠠᠵᠠᠷ ︵ᠴᠡᠴᠡᠷᠯᠢᠭ᠂ ᠪᠡᠶ᠎ᠡ ᠶᠢᠨ | ᠲᠠᠮᠢᠷ ᠤᠨ ᠲᠠᠯᠠᠪᠤᠷ ᠣᠷᠳᠣᠨ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠠᠴᠠ ᠪᠤᠰᠤᠳ︶ ᠤᠨ ᠡᠷᠡᠭᠦᠯ | ᠬᠠᠮᠠᠭᠠᠯᠠᠯ ᠤᠨ ᠵᠥᠪᠰᠢᠶᠡᠷᠡᠯ ᠤᠤᠭᠤᠬᠤ ᠤᠰᠤ ᠬᠠᠩᠭᠠᠬᠤ ᠨᠢᠭᠡᠴᠢ ᠶᠢᠨ ᠡᠷᠡᠭᠦᠯ ᠬᠠᠮᠠᠭᠠᠯᠠᠯ ᠤᠨ ᠵᠥᠪᠰᠢᠶᠡᠷᠡᠯ; | ᠰᠤᠪᠢᠯᠠᠭᠴᠢ ᠶᠢᠨ ᠠᠵᠢᠯ ᠮᠡᠷᠭᠡᠵᠢᠯ ᠤᠨ ᠳᠠᠩᠰᠠᠯᠠᠯ᠃ ᠭᠤᠷᠪᠠᠨ ᠬᠡᠦᠬᠡᠳ ᠠᠪᠬᠤ ᠵᠢᠴᠢ ᠭᠤᠷᠪᠠᠨ ᠬᠡᠦᠬᠡᠳ ᠠᠴᠠ | ᠳᠡᠭᠡᠭᠰᠢ ᠳᠠᠭᠢᠵᠤ ᠬᠡᠦᠬᠡᠳ ᠠᠪᠬᠤ ᠶᠢ ᠬᠢᠨᠠᠨ ᠵᠥᠪᠰᠢᠶᠡᠷᠡᠬᠦ︔ ᠰᠡᠷᠭᠡᠶᠢᠯᠡᠬᠦ ᠲᠠᠷᠢᠯᠭ᠎ᠠ ᠶᠢᠨ ᠠᠵᠢᠯ ᠢ ᠡᠭᠦᠷᠭᠡᠯᠡᠵᠦ | ᠪᠠᠶᠢᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ︵ᠲᠠᠷᠢᠯᠭ᠎ᠠ ᠶᠢᠨ ᠨᠢᠭᠡᠴᠢ︶ ᠶᠢᠨ ᠨᠤᠲᠠᠯᠠᠯᠲᠠ; | ᠰᠠᠴᠤᠷᠠᠭ ᠡᠮᠴᠢᠯᠡᠭᠡᠨ ᠤ ᠠᠵᠢᠯᠲᠠᠨ ᠤ ᠦᠨᠡᠮᠯᠡᠯ ᠢ ᠬᠢᠨᠠᠨ ᠣᠯᠭᠤᠨ᠎ᠠ︔ ᠬᠥᠳᠡᠭᠡ ᠲᠣᠰᠬᠤᠨ ᠤ ᠡᠮᠴᠢ ᠶᠢᠨ ᠠᠵᠢᠯ | ᠡᠷᠭᠢᠯᠡᠬᠦ ᠳᠠᠩᠰᠠᠯᠠᠯᠲᠠ︔ ᠡᠮᠴᠢᠯᠡᠭᠡᠨ ᠤ ᠪᠠᠶᠢᠭᠤᠯᠤᠮᠵᠢ ᠶᠢᠨ ᠨᠡᠷᠡᠶᠢᠳᠦᠯ ᠢ ᠬᠢᠨᠠᠨ ᠵᠥᠪᠰᠢᠶᠡᠷᠡᠭᠰᠡᠨ ᠲᠠᠰᠤᠯᠤᠯᠲᠠ︔ | ᠨᠢᠭᠲᠠᠯᠠᠨ ᠪᠣᠳᠣᠭᠴᠢ ᠶᠢᠨ ᠣᠷᠣᠯᠠᠨ ᠳᠠᠩᠰᠠᠯᠠᠬᠤ ᠲᠤᠬᠠᠶᠢᠯᠠᠭᠰᠠᠨ ᠠᠵᠢᠯ ᠢ ᠡᠷᠬᠢᠯᠡᠬᠦ ᠵᠥᠪᠰᠢᠶᠡᠷᠡᠯ; ᠨᠡᠶᠢᠭᠡᠮ ᠤᠨ | ᠪᠦᠯᠬᠦᠮ ᠢ ᠪᠠᠶᠢᠭᠤᠯᠬᠤ᠂ ᠬᠤᠪᠢᠷᠠᠭᠤᠯᠬᠤ᠂ ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠵᠢᠴᠢ ᠳᠦᠷᠢᠮ ᠳᠤ | ᠵᠠᠰᠠᠪᠤᠷᠢ ᠣᠷᠣᠭᠤᠯᠬᠤ ᠶᠢ ᠬᠢᠨᠠᠨ ᠵᠥᠪᠰᠢᠶᠡᠷᠡᠬᠦ︔ ᠣᠷᠣᠰᠢᠭᠤᠯᠭ᠎ᠠ ᠶᠢᠨ ᠭᠠᠵᠠᠷ᠂ ᠭᠠᠯ ᠢᠶᠠᠷ ᠳᠡᠭᠳᠡᠭᠡᠬᠦ ᠭᠠᠵᠠᠷ᠂ | ᠣᠷᠣᠰᠢᠭᠤᠯᠭ᠎ᠠ ᠶᠢᠨ ᠦᠢᠯᠡᠴᠢᠯᠡᠭᠡᠨ ᠤ ᠦᠷᠳᠡᠭᠡ᠂ ᠴᠢᠨᠳᠠᠷ ᠤᠨ ᠲᠠᠩᠬᠢᠮ᠂ ᠴᠢᠨᠳᠠᠷ ᠤᠨ ᠬᠡᠷᠡᠮ ᠢ ᠪᠠᠶᠢᠭᠤᠯᠬᠤ ᠶᠢ | ᠬᠢᠨᠠᠨ ᠵᠥᠪᠰᠢᠶᠡᠷᠡᠬᠦ᠂ ᠨᠡᠶᠢᠲᠡ ᠶᠢᠨ ᠤᠩᠭᠤᠨ ᠢ ᠬᠢᠨᠠᠨ ᠬᠠᠷᠭᠤᠭᠤᠯᠬᠤ᠂ ᠬᠥᠳᠡᠭᠡ ᠲᠣᠰᠬᠤᠨ ᠠᠴᠠ ᠲᠣᠰᠬᠤᠨ ᠤ | ᠠᠷᠠᠳ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠤᠩᠭᠤᠨ ᠤ ᠭᠠᠵᠠᠷ ᠭᠠᠷᠭᠠᠬᠤ ᠶᠢ ᠬᠢᠨᠠᠨ ᠵᠥᠪᠰᠢᠶᠡᠷᠡᠬᠦ; | ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠢᠯᠡ ᠪᠠᠷ ᠬᠠᠨᠳᠢᠪ ᠴᠤᠭᠯᠠᠭᠤᠯᠬᠤ ᠬᠢᠷᠢ ᠬᠡᠮ ᠢ ᠬᠢᠨᠠᠨ | ᠵᠥᠪᠰᠢᠶᠡᠷᠡᠬᠦ; ᠰᠠᠭᠤᠷᠢ ᠮᠥᠩᠭᠦᠨ ᠤ ᠨᠡᠶᠢᠭᠡᠮᠯᠢᠭ ᠢ ᠪᠠᠶᠢᠭᠤᠯᠬᠤ᠂ ᠬᠤᠪᠢᠷᠠᠭᠤᠯᠬᠤ᠂ ᠳᠠᠩᠰᠠᠯᠠᠯᠲᠠ ᠶᠢ ᠬᠦᠴᠦᠨ | ᠦᠭᠡᠢ ᠪᠣᠯᠭᠠᠬᠤ ᠵᠢᠴᠢ ᠳᠦᠷᠢᠮ ᠳᠤ ᠵᠠᠰᠠᠪᠤᠷᠢ ᠣᠷᠣᠭᠤᠯᠬᠤ ᠶᠢ ᠬᠢᠨᠠᠨ ᠵᠥᠪᠰᠢᠶᠡᠷᠡᠬᠦ︔ ᠨᠢᠭᠦᠯᠡᠰᠦᠩᠭᠦᠢ ᠶᠢᠨ | ᠵᠣᠬᠢᠶᠠᠨ ᠪᠠᠶᠢᠭᠤᠯᠤᠯᠲᠠ ᠠᠴᠠ ᠮᠠᠭᠠᠳᠯᠠᠨ ᠲᠣᠭᠲᠠᠭᠠᠬᠤ; ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠡᠯᠡᠨ | ᠵᠢᠱᠢᠯᠲᠡ; ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠣᠨ ᠮᠡᠳᠡᠭᠦᠯᠦᠯᠲᠡ︔ ᠨᠢᠭᠦᠯᠡᠰᠦᠩᠭᠦᠢ ᠶᠢᠨ | ᠢᠲᠡᠭᠡᠮᠵᠢᠲᠦ ᠨᠠᠶᠢᠳᠠᠯᠭ᠎ᠠ ᠶᠢᠨ ᠪᠢᠴᠢᠭ ᠨᠢᠭᠦᠯᠡᠰᠦᠩᠭᠦᠢ ᠶᠢᠨ ᠢᠲᠡᠭᠡᠮᠵᠢᠲᠦ ᠨᠠᠶᠢᠳᠠᠯᠭ᠎ᠠ ᠶᠢᠨ | ᠬᠤᠪᠢᠷᠠᠭᠤᠯᠤᠯᠲᠠ ᠶᠢᠨ ᠨᠠᠶᠢᠳᠠᠯᠭ᠎ᠠ ᠢᠲᠡᠭᠡᠮᠵᠢᠲᠦ ᠨᠠᠶᠢᠳᠠᠯᠭ᠎ᠠ ᠶᠢᠨ ᠬᠡᠷᠡᠭ ᠶᠠᠪᠤᠳᠠᠯ ᠢ ᠰᠢᠢᠳᠪᠦᠷᠢᠯᠡᠭᠰᠡᠨ ᠪᠠᠶᠢᠳᠠᠯ | ᠵᠢᠴᠢ ᠡᠳ᠋ ᠤᠨ ᠶᠠᠪᠤᠳᠠᠯ ᠤᠨ ᠪᠠᠶᠢᠳᠠᠯ ᠤᠨ ᠣᠨ ᠤ ᠮᠡᠳᠡᠭᠦᠯᠦᠯᠲᠡ; ᠬᠠᠨᠳᠢᠪ ᠴᠤᠭᠯᠠᠭᠤᠯᠬᠤ ᠲᠥᠰᠥᠯ ᠳᠤ | ᠲᠣᠭᠲᠠᠭᠠᠭᠰᠠᠨ ᠬᠠᠨᠳᠢᠪᠯᠡᠨ ᠬᠦᠷᠭᠡᠬᠦ ᠡᠳ᠋ ᠬᠥᠷᠥᠩᠭᠡ ᠶᠢᠨ ᠬᠡᠷᠡᠭᠯᠡᠯᠲᠡ ᠶᠢ ᠬᠤᠪᠢᠷᠠᠭᠤᠯᠬᠤ ᠶᠢ ᠳᠠᠩᠰᠠᠯᠠᠭᠤᠯᠬᠤ; | ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠣᠨ ᠤ ᠬᠠᠮᠢᠶᠠᠷᠤᠯᠲᠠ ᠶᠢᠨ ᠵᠠᠷᠤᠳᠠᠯ ᠨᠢ ᠵᠠᠭᠤᠨ ᠤ | ᠠᠷᠪᠠ ᠠᠴᠠ ᠬᠡᠲᠦᠷᠡᠭᠰᠡᠨ ᠮᠡᠳᠡᠭᠦᠯᠦᠯᠲᠡ; ᠳᠠᠩᠰᠠᠯᠠᠭᠤᠯᠤᠭᠰᠠᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ | ᠬᠠᠷᠢᠶᠠᠯᠠᠯ ᠤᠨ ᠣᠷᠣᠨ ᠤ ᠭᠠᠳᠠᠨ᠎ᠠ ᠢᠯᠡ ᠪᠠᠷ ᠬᠠᠨᠳᠢᠪ ᠴᠤᠭᠯᠠᠭᠤᠯᠬᠤ ᠶᠢ ᠳᠠᠩᠰᠠᠯᠠᠭᠤᠯᠤᠨ᠎ᠠ; ᠵᠣᠭᠤᠰ | ᠴᠤᠭᠯᠠᠭᠤᠯᠬᠤ ᠲᠥᠰᠥᠯ ᠢ ᠳᠠᠩᠰᠠᠯᠠᠬᠤ; ᠬᠠᠨᠳᠢᠪᠯᠡᠨ ᠬᠦᠷᠭᠡᠬᠦ ᠡᠭᠦᠷᠭᠡ ᠪᠠᠨ ᠲᠠᠬᠢᠵᠤ ᠭᠦᠢᠴᠡᠳᠬᠡᠬᠦ ᠦᠭᠡᠢ | ᠪᠣᠯᠤᠭᠰᠠᠨ ᠮᠡᠳᠡᠭᠦᠯᠦᠯᠲᠡ; ᠨᠠᠰᠤᠵᠢᠯ ᠤᠨ ᠪᠠᠶᠢᠭᠤᠯᠤᠮᠵᠢ ᠶᠢ ᠳᠠᠩᠰᠠᠯᠠᠬᠤ︔ ᠳᠡᠭᠡᠳᠦ ᠱᠠᠲᠤᠨ ᠤ ᠪᠠᠶᠢᠭᠤᠯᠭ᠎ᠠ ᠶᠢᠨ | ᠬᠢᠨᠠᠨ ᠵᠥᠪᠰᠢᠶᠡᠷᠡᠬᠦ ᠴᠢᠬᠤᠯᠠᠲᠠᠢ ᠵᠦᠢᠯᠡᠰ ᠢ ᠬᠢᠨᠠᠨ ᠬᠠᠷᠭᠤᠭᠤᠯᠵᠤ᠂ ᠳᠡᠭᠡᠭᠰᠢ ᠮᠡᠳᠡᠭᠦᠯᠦᠨ᠎ᠡ᠃ | | ︵ᠠᠷᠪᠠ︶ ᠬᠢᠨᠠᠨ ᠲᠣᠭᠲᠠᠭᠠᠬᠤ ᠰᠲ᠋ᠣᠺ ᠢ ᠬᠠᠶᠢᠨ ᠰᠢᠯᠭᠠᠬᠤ᠃ ᠪᠡᠯᠡ ᠣᠷᠣᠭᠤᠯᠵᠤ ᠪᠦᠲᠦᠭᠡᠨ ᠪᠠᠶᠢᠭᠤᠯᠬᠤ | ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠠᠶᠢᠨ ᠰᠢᠯᠭᠠᠬᠤ ᠭᠤᠭᠴᠤᠭ᠎ᠠ ᠶᠢᠨ ᠪᠥᠬᠦ | ᠶᠠᠪᠤᠴᠠ ᠶᠢ ᠳᠠᠭᠠᠭᠠᠨ ᠭᠦᠢᠴᠡᠳᠬᠡᠬᠦ ᠲᠤᠬᠠᠢ ᠶᠢᠨ ᠲᠠᠯᠠᠪᠠᠶ ᠶᠢᠨ ᠬᠠᠶᠢᠨ ᠰᠢᠨᠵᠢᠬᠦ᠂ ᠲᠤᠰᠬᠠᠢ ᠮᠡᠷᠭᠡᠵᠢᠯᠲᠡᠨ ᠤ | ᠬᠢᠨᠠᠨ ᠲᠣᠭᠲᠠᠭᠠᠬᠤ᠂ ᠴᠡᠭᠴᠡᠯᠡᠨ ᠰᠠᠶᠢᠵᠢᠷᠠᠭᠤᠯᠵᠤ ᠰᠢᠯᠭᠠᠨ ᠠᠪᠬᠤ ᠶᠢ ᠵᠣᠬᠢᠶᠠᠨ ᠪᠠᠶᠢᠭᠤᠯᠬᠤ ᠪᠠ | ᠵᠣᠬᠢᠴᠠᠭᠤᠯᠬᠤ ᠶᠢ ᠬᠠᠷᠢᠭᠤᠴᠠᠨ᠎ᠠ᠃ ᠬᠠᠶᠢᠨ ᠰᠢᠯᠭᠠᠯᠲᠠ ᠶᠢᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠢ | ᠰᠢᠯᠢᠳᠡᠭᠵᠢᠭᠦᠯᠦᠨ ᠰᠠᠶᠢᠵᠢᠷᠠᠭᠤᠯᠤᠨ᠎ᠠ᠃ ᠬᠠᠶᠢᠨ ᠰᠢᠯᠭᠠᠭᠰᠠᠨ ᠪᠢᠴᠢᠭ ᠬᠠᠷ᠎ᠠ ᠲᠠᠩᠰᠠ ᠡᠪᠬᠡᠮᠡᠯ ᠤᠨ ᠬᠠᠮᠢᠶᠠᠷᠤᠯᠲᠠ | ᠵᠢᠴᠢ ᠵᠠᠰᠠᠭ ᠤᠨ ᠶᠠᠪᠤᠳᠠᠯ ᠤᠨ ᠲᠠᠪᠴᠠᠩ ᠤᠨ ᠡᠯᠧᠺᠲ᠋ᠣᠷᠣᠨᠴᠢᠯᠠᠭᠰᠠᠨ ᠲᠤᠭ᠎ᠠ ᠪᠠᠷᠢᠮᠲᠠ ᠶᠢ ᠬᠠᠶᠢᠨ ᠰᠢᠯᠭᠠᠬᠤ | ᠲᠠᠩᠰᠠᠨ ᠡᠷᠦᠬᠡ ᠶᠢᠨ ᠡᠳᠦᠷ ᠲᠤᠲᠤᠮ ᠤᠨ ᠬᠠᠮᠢᠶᠠᠷᠤᠯᠲᠠ ᠪᠠ ᠬᠠᠶᠢᠨ ᠰᠢᠯᠭᠠᠭᠰᠠᠨ ᠲᠤᠬᠠᠢ ᠶᠢᠨ ᠲᠠᠯᠠᠪᠠᠶ ᠶᠢᠨ | ᠵᠢᠷᠤᠭ ᠳᠦᠷᠰᠦ᠂ ᠭᠠᠷ ᠤᠨ ᠥᠰᠥᠭ ᠵᠢᠷᠤᠭᠰᠠᠨ ᠪᠢᠴᠢᠭ ᠬᠠᠷ᠎ᠠ ᠵᠡᠷᠭᠡ ᠳ᠋ᠠᠶᠢᠲ᠋ᠠ ᠶᠢᠨ ᠬᠥᠮᠥᠷᠭᠡ ᠶᠢᠨ ᠵᠠᠭᠪᠤᠷ ᠤᠨ | ᠬᠠᠮᠢᠶᠠᠷᠤᠯᠲᠠ ᠶᠢ ᠬᠠᠷᠢᠭᠤᠴᠠᠨ᠎ᠠ᠃ ᠥᠪᠡᠷᠲᠡᠭᠡᠨ ᠬᠠᠶᠢᠨ ᠰᠢᠯᠭᠠᠬᠤ᠂ ᠬᠠᠮᠲᠤᠷᠠᠨ ᠬᠠᠶᠢᠨ ᠰᠢᠯᠭᠠᠬᠤ ᠵᠢᠴᠢ | ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠠᠶᠢᠨ ᠰᠢᠯᠭᠠᠵᠤ ᠬᠢᠨᠠᠨ ᠲᠣᠭᠲᠠᠭᠠᠬᠤ ᠶᠢ ᠨᠢᠭᠡᠳᠦᠯᠲᠡᠢ ᠲᠥᠯᠥᠪᠯᠡᠨ | ᠲᠣᠬᠢᠷᠠᠭᠤᠯᠬᠤ ᠶᠢ ᠬᠠᠷᠢᠭᠤᠴᠠᠨ᠎ᠠ᠃ ᠬᠠᠶᠢᠨ ᠰᠢᠯᠭᠠᠬᠤ ᠰᠠᠯᠠᠭ᠎ᠠ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ | ᠳᠦᠷᠢᠮ ᠬᠢᠭᠡᠳ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠬᠤ ᠶᠢ ᠬᠠᠷᠢᠭᠤᠴᠠᠨ᠎ᠠ᠃ ᠬᠠᠶᠢᠨ ᠰᠢᠯᠭᠠᠬᠤ᠂ ᠬᠢᠨᠠᠨ | ᠲᠣᠭᠲᠠᠭᠠᠬᠤ ᠰᠠᠨᠠᠯ ᠳᠤᠷᠠᠳᠬᠤ ᠶᠢ ᠬᠠᠷᠢᠭᠤᠴᠠᠨ᠎ᠠ᠃ | | | ᠠᠵᠢᠯᠯᠠᠬᠤ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠦᠨ᠎ᠡ ᠬᠤᠶᠠᠳᠤᠭᠠᠷ ᠲᠣᠭᠤᠷᠢᠯ ᠵᠠᠮ | ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 ︱ 14᠄ 00 ︱ 17᠄ 00 ︵ | ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠭᠤᠴᠠᠯᠭᠠᠲᠠᠨ᠄ ᠴᠧᠨ ᠰᠢᠤᠸᠠᠢ ᠲᠢᠩ | ᠬᠠᠷᠢᠯᠴᠠᠬᠤ ᠬᠡᠯᠪᠡᠷᠢ᠄ 0471-5184826 | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |