ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
ᠨᠡᠶᠢᠲᠡᠯᠡᠭᠰᠡᠨ ᠴᠠᠭ᠄
2024/3/14
         ᠭᠤᠣᠯ ᠡᠭᠦᠷᠭᠡ ᠬᠠᠷᠢᠭᠤᠴᠠᠯᠭ᠎ᠠ ᠨᠢ᠄            ︵ᠨᠢᠭᠡ︶ᠪᠦᠬᠦ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠥᠰᠥᠯ ᠢ ᠲᠤᠭᠤᠷᠪᠢᠵᠤ᠂ ᠣᠷᠣᠨ ᠨᠤᠲᠤᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢᠰᠢᠭᠦᠯᠬᠦ᠂ ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵ᠬᠤᠶᠠᠷ︶ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠤᠨ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠡᠶᠡᠴᠢ ᠴᠣᠭᠴᠠ ᠶᠢᠨ ᠣᠯᠠᠨ ᠡᠰᠢᠵᠢᠯᠲᠡ᠂ ᠬᠠᠩᠭᠠᠬᠤ ᠠᠷᠭ᠎ᠠ ᠮᠠᠶ᠋ᠢᠭ ᠢ ᠣᠯᠠᠨ ᠶᠠᠩᠵᠤ ᠶᠢᠨ ᠪᠣᠯᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠪᠠ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃          ︵ᠭᠤᠷᠪᠠ︶ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠦᠪᠵᠢᠭᠦᠯᠭᠡ ᠵᠢᠴᠢ ᠠᠷᠠᠳ ᠣᠯᠠᠨ ᠤ ᠡᠷᠡᠭᠦᠯ ᠮᠡᠨᠳᠦ ᠶᠢ ᠬᠦᠨᠳᠦ ᠨᠣᠴᠢᠲᠠᠢ ᠬᠤᠬᠢᠷᠠᠭᠤᠯᠬᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠢ ᠬᠠᠮᠢᠶᠠᠷᠬᠤ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠦᠯᠦ ᠬᠠᠯᠳᠠᠭᠠᠬᠤ ᠲᠥᠯᠦᠪᠵᠢᠭᠦᠯᠭᠡ ᠶᠢ ᠬᠡᠷᠡᠭᠵᠢᠭᠦᠯᠵᠦ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠪᠠ ᠭᠡᠨᠡᠳᠲᠡ ᠡᠭᠦᠰᠬᠦ ᠣᠯᠠᠨ ᠨᠡᠶᠢᠲᠡ ᠶᠢᠨ ᠡᠯ᠎ᠡ ᠲᠥᠷᠥᠯ ᠤᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠵᠣᠬᠢᠴᠠᠭᠤᠯᠬᠤ ᠬᠡᠷᠡᠭᠲᠡᠢ᠃          ︵ᠳᠥᠷᠪᠡ︶ᠬᠥᠮᠥᠨ ᠠᠮᠠ ᠶᠢᠨ ᠨᠠᠰᠤᠵᠢᠯ ᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠣᠭᠤᠷᠢᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠤᠨ᠎ᠠ᠃          ︵ᠲᠠᠪᠤ︶ᠤᠯᠤᠰ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠠ ᠦᠨᠳᠦᠰᠦᠨ ᠡᠮ ᠤᠨ ᠵᠦᠢᠯ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠯᠡᠵᠦ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠶᠢ ᠬᠠᠤᠯᠢ ᠶᠣᠰᠣᠭᠠᠷ ᠲᠣᠭᠲᠠᠭᠠᠬᠤ ᠶᠢᠨ ᠬᠠᠮᠲᠤ ᠨᠡᠶᠢᠲᠡᠯᠡᠨ᠎ᠡ᠃        ︵ᠵᠢᠷᠭᠤᠭ᠎ᠠ︶ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠠᠷᠢᠭᠤᠨ ᠴᠡᠪᠡᠷ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠦᠨ᠎ᠡ᠃ ︽ᠲᠠᠮᠠᠬᠢ ᠶᠢ ᠬᠢᠵᠠᠭᠠᠷᠯᠠᠬᠤ ᠪᠦᠳᠦᠭᠦᠪᠴᠢ ᠨᠡᠶᠢᠲᠡ ᠶᠢᠨ ᠭᠡᠷ᠎ᠡ︾ ᠶᠢ ᠭᠦᠢᠴᠡᠳᠬᠡᠬᠦ ᠠᠵᠢᠯ ᠢ ᠲᠦᠷᠦᠭᠦᠯᠡᠨ ᠬᠢᠪᠡ᠃          ︵ᠳᠤᠯᠤᠭ᠎ᠠ︶ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠳᠤ ᠬᠠᠮᠢᠶᠠᠷᠤᠯᠲᠠ ᠶᠢᠨ ᠠᠷᠭ᠎ᠠ ᠪᠣᠯᠣᠨ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠡᠮᠴᠢᠯᠡᠭᠡᠨ ᠤ ᠦᠢᠯᠡᠴᠢᠯᠡᠭᠡ ᠶᠢᠨ ᠦᠨᠡᠯᠡᠯᠲᠡ ᠬᠢᠬᠦ ᠪᠠ ᠬᠢᠨᠠᠯᠲᠠ ᠲᠠᠯᠪᠢᠬᠤ ᠶᠢ ᠪᠠᠶᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠳᠦᠷᠢᠮ᠂ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃          ︵ᠨᠠᠢᠮᠠ︶ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠥᠨ ᠠᠮᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠥᠷᠨᠢᠭᠦᠯᠦᠨ᠂ ᠬᠥᠮᠥᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃          ︵ᠶᠢᠰᠦ︶ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠪᠠ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃          ︵ᠠᠷᠪᠠ︶ᠮᠣᠩᠭᠤᠯ ᠡᠮ ᠡᠮᠨᠡᠯᠬᠡ ᠬᠢᠲᠠᠳ ᠡᠮ ᠡᠮᠨᠡᠯᠬᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠪᠠᠲᠤᠯᠠᠬᠤ ᠪᠠ ᠠᠬᠢᠭᠤᠯᠵᠤ᠂ ᠮᠣᠩᠭᠤᠯ ᠡᠮ ᠡᠮᠨᠡᠯᠬᠡ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠨ ᠬᠥᠭᠵᠢᠬᠦ ᠶᠢ ᠠᠬᠢᠭᠤᠯᠤᠨ᠎ᠠ᠃          ︵ᠠᠷᠪᠠᠨ ᠨᠢᠭᠡ︶ᠴᠢᠬᠤᠯᠠ ᠬᠤᠷᠠᠯ ᠬᠢᠭᠡᠳ ᠴᠢᠬᠤᠯᠠ ᠶᠡᠭᠡ ᠠᠵᠢᠯᠯᠠᠭ᠎ᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃          ︵ᠠᠷᠪᠠᠨ ᠬᠤᠶᠠᠷ︶ᠪᠥᠬᠦ ᠲᠣᠭᠤᠷᠢᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃        ︵ᠠᠷᠪᠠᠨ ᠭᠤᠷᠪᠠ︶ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃          ︵ᠠᠷᠪᠠᠨ ᠳᠥᠷᠪᠡᠳᠦᠭᠡᠷ︶ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃          ︵ᠠᠷᠪᠠᠨ ᠲᠠᠪᠤ︶ᠳᠣᠲᠣᠭᠠᠳᠤ ᠪᠠᠶᠢᠭᠤᠯᠤᠮᠵᠢ ᠨᠢ᠃         1. ᠶᠡᠷᠦᠩᠬᠡᠶᠢᠯᠡᠭᠰᠡᠨ ᠠᠯᠪᠠᠨ ᠭᠡᠷ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠵᠤ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠬᠦ ᠶᠢ ᠬᠠᠷᠢᠭᠤᠴᠠᠨ ᠵᠣᠬᠢᠴᠠᠭᠤᠯᠤᠨ᠎ᠠ᠃          2. ᠡᠷᠡᠭᠦᠯ ᠬᠠᠮᠠᠭᠠᠯᠠᠯ ᠤᠨ ᠬᠠᠤᠯᠢ ᠳᠦᠷᠢᠮ ᠬᠢᠭᠡᠳ ᠬᠢᠨᠠᠯᠲᠠ ᠲᠠᠯᠪᠢᠬᠤ ᠲᠠᠰᠤᠭ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠬᠢᠨᠠᠯᠲᠠ ᠲᠠᠯᠪᠢᠬᠤ ᠠᠵᠢᠯ ᠢ ᠡᠭᠦᠷᠭᠡᠯᠡᠵᠦ᠂ ᠡᠮᠴᠢᠯᠡᠭᠡ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠡᠷᠡᠭᠦᠯ ᠬᠠᠮᠠᠭᠠᠯᠠᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠯᠣᠭᠤᠳᠤᠨ ᠵᠢᠷᠤᠮᠵᠢᠭᠤᠯᠤᠨ᠎ᠠ᠃             3. ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠠᠰᠤᠭ᠂ ᠪᠦᠬᠦ  ᠲᠣᠭᠤᠷᠢᠭ ᠤᠨ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ᠂ ᠦᠯᠦ ᠬᠠᠯᠳᠠᠭᠠᠬᠤ ᠲᠥᠯᠦᠪᠵᠢᠭᠦᠯᠭᠡ᠂ ᠠᠷᠠᠳ ᠲᠦᠮᠡᠨ ᠤ ᠡᠷᠡᠭᠦᠯ ᠮᠡᠨᠳᠤ ᠶᠢ ᠬᠦᠨᠳᠦ ᠨᠣᠴᠢᠲᠠᠢ ᠬᠤᠬᠢᠷᠠᠭᠤᠯᠬᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠢ ᠬᠠᠮᠢᠶᠠᠷᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠠᠤᠯᠢ ᠪᠠᠷ ᠲᠣᠭᠲᠠᠭᠠᠭᠰᠠᠨ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠭᠦᠯᠬᠦ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠨ᠎ᠡ᠃ ︽ᠲᠠᠮᠠᠬᠢ ᠶᠢ ᠬᠢᠵᠠᠭᠠᠷᠯᠠᠬᠤ ᠲᠥᠰᠥᠪ ᠤᠨ ᠨᠡᠶᠢᠲᠡ ᠶᠢᠨ ᠭᠡᠷ᠎ᠡ︾ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠵᠣᠬᠢᠴᠠᠭᠤᠯᠤᠨ ᠠᠬᠢᠭᠤᠯᠬᠤ ᠵᠥᠪᠯᠡᠯ ᠤᠨ ᠠᠯᠪᠠᠨ ᠭᠡᠷ ᠤᠨ ᠠᠵᠢᠯ ᠢ ᠡᠭᠦᠷᠭᠡᠯᠡᠨ᠎ᠡ᠃          4᠂ ᠡᠷᠡᠭᠦᠯ ᠮᠡᠨᠳᠦ ᠶᠢᠨ ᠬᠥᠮᠦᠵᠢᠯ ᠤᠨ ᠲᠠᠰᠤᠭ ᠪᠥᠬᠦ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠡᠮᠨᠡᠯᠭᠡ ᠳᠤ ᠰᠠᠭᠤᠭᠰᠠᠨ ᠶᠡᠭᠡ ᠡᠮᠴᠢ᠂ ᠲᠤᠰᠬᠠᠢ ᠡᠮᠨᠡᠯᠭᠡ ᠶᠢᠨ ᠶᠡᠭᠡ ᠡᠮᠴᠢ ᠶᠢᠨ ᠪᠣᠯᠪᠠᠰᠤᠷᠠᠭᠤᠯᠤᠯ ᠵᠡᠷᠭᠡ ᠲᠡᠭᠦᠰᠦᠭᠰᠡᠨ ᠤ ᠳᠠᠷᠠᠭᠠᠬᠢ ᠠᠨᠠᠭᠠᠬᠤ ᠤᠬᠠᠭᠠᠨ ᠤ ᠰᠤᠷᠭᠠᠨ ᠬᠥᠮᠦᠵᠢᠯ ᠪᠣᠯᠣᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ  ᠢ ᠵᠣᠬᠢᠶᠠᠨ ᠪᠠᠶᠢᠭᠤᠯᠤᠨ ᠥᠷᠨᠢᠭᠦᠯᠵᠦ  ᠂ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ  ᠢ ᠬᠠᠮᠵᠢᠯᠴᠠᠨ ᠵᠢᠯᠤᠭᠤᠳᠬᠤ ᠬᠡᠷᠡᠭᠲᠡᠢ᠃          5. ᠬᠥᠮᠥᠨ ᠠᠮᠠ ᠶᠢ ᠬᠢᠨᠠᠨ ᠬᠡᠮᠵᠢᠬᠦ ᠬᠢᠭᠡᠳ ᠭᠡᠷ ᠪᠦᠯᠢ ᠶᠢᠨ ᠬᠥᠭᠵᠢᠯᠲᠡ ᠶᠢᠨ ᠲᠠᠰᠤᠭ᠂ ᠬᠥᠮᠥᠨ ᠠᠮᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠬᠦ ᠶᠢᠨ ᠬᠠᠮᠲᠤ ᠬᠥᠮᠥᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠭᠡᠷ ᠪᠦᠯᠢ ᠶᠢ ᠲᠡᠳᠬᠦᠨ ᠲᠤᠰᠠᠯᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠣᠨᠴᠣᠭᠤᠢ ᠭᠡᠷ ᠪᠦᠯᠢ ᠶᠢ ᠲᠡᠳᠬᠦᠨ ᠲᠤᠰᠠᠯᠠᠬᠤ ᠳᠦᠷᠢᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ ᠨᠠᠰᠤᠵᠢᠯ ᠢ ᠠᠷᠭᠠᠴᠠᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠡᠮᠴᠢᠯᠡᠭᠡ ᠨᠠᠰᠤᠵᠢᠯ ᠢ ᠤᠶᠠᠯᠳᠤᠭᠤᠯᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠣᠯᠣᠨ ᠵᠢᠷᠤᠮᠵᠢᠯ ᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃          6. ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠶᠢᠨ ᠲᠠᠰᠤᠭ ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠨ᠂ ᠡᠮᠴᠢᠯᠡᠭᠡᠨ ᠤ ᠮᠡᠷᠭᠡᠵᠢᠯ ᠤᠨ ᠬᠡᠷᠡᠭᠯᠡᠯᠲᠡ᠂ ᠡᠮᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ᠂ ᠡᠮᠴᠢᠯᠡᠭᠡᠨ ᠤ ᠦᠢᠯᠡᠴᠢᠯᠡᠭᠡ᠂ ᠴᠢᠰᠤ ᠠᠪᠬᠤ ᠬᠠᠩᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠵᠢᠴᠢ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠵᠢᠷᠤᠮᠵᠢᠯ᠂ ᠪᠠᠷᠢᠮᠵᠢᠶ᠎ᠠ ᠶᠢ ᠬᠢᠨᠠᠯᠲᠠ ᠲᠠᠯᠪᠢᠨ ᠬᠡᠷᠡᠭᠵᠢᠭᠦᠯᠵᠦ᠂ ᠰᠤᠪᠢᠯᠠᠬᠤ᠂ ᠡᠷᠡᠭᠦᠯᠵᠢᠭᠦᠯᠬᠦ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠢ ᠡᠭᠦᠷᠭᠡᠯᠡᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠯᠠᠭᠠᠨ ᠢ ᠬᠢᠨᠠᠨ ᠬᠠᠮᠢᠶᠠᠷᠬᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠪᠠ ᠰᠢᠯᠭᠠᠨ ᠬᠢᠨᠠᠬᠤ ᠳᠦᠷᠢᠮ ᠢ ᠲᠤᠭᠤᠷᠪᠢᠨ ᠲᠣᠭᠲᠠᠭᠠᠨ᠎ᠠ᠃          ᠪᠠᠶᠢᠭᠤᠯᠤᠮᠵᠢ ᠶᠢᠨ ᠨᠡᠷᠡᠶᠢᠳᠦᠯ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ          ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠢᠤᠸᠠᠢ ᠶᠤᠸᠠᠨ ᠪᠠᠷᠠᠭᠤᠨ ᠵᠡᠭᠡᠯᠢ ᠶᠢᠨ ᡁᠢ ᠨᠦᠩ ᠭᠤᠳᠤᠮᠵᠢ ᠶᠢᠨ 62 ᠳ᠋ᠤᠭᠠᠷ ᠲᠣᠭᠠᠲᠤ      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00 13᠄ 30 - 17᠄ 00      ᠬᠠᠷᠢᠯᠴᠠᠬᠤ ᠤᠲᠠᠰᠤ᠄ 0471 - 6684138      ᠬᠠᠷᠢᠭᠤᠴᠠᠯᠭᠠᠲᠠᠨ᠄ ᠸᠠᠩ ᠽᠠᠢ ᠫᠢᠩ          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号