ᠰᠠᠶᠢᠬᠠᠨ ᠲᠣᠭᠤᠷᠢᠭ ᠴᠡᠴᠡᠷᠯᠢᠭ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠲᠤᠰᠬᠠᠢ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/3/15
       ᠴᠡᠴᠡᠷᠯᠢᠭ ᠤᠨ ᠠᠵᠢᠯᠲᠠᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠦᠢᠯᠡᠳᠦᠯᠭᠡ ᠶᠢᠨ ᠠᠵᠢᠯᠯᠠᠭᠠᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠱᠢᠯᠡᠭᠦᠯᠵᠦ᠂ ᠴᠡᠴᠡᠷᠯᠢᠭ  ᠤᠨ ᠨᠣᠭᠤᠭᠠᠨ ᠬᠥᠷᠥᠰᠥ ᠶᠢ ᠨᠠᠷᠢᠯᠢᠭ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠬᠢᠷᠢ ᠲᠦᠪᠱᠢᠨ ᠢ ᠳᠡᠭᠡᠭᠱᠢᠯᠡᠭᠦᠯᠬᠦ ᠶᠢᠨ ᠲᠤᠰᠠᠳᠠ᠂ 3 ᠰᠠᠷ᠎ᠠ ᠶᠢᠨ 11  ᠤ ᠡᠳᠦᠷ᠂ ᠰᠠᠶᠢᠬᠠᠨ ᠲᠣᠭᠤᠷᠢᠭ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠴᠡᠴᠡᠷᠯᠢᠭ ᠤᠨ ᠤᠷᠭᠤᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠨᠢᠭᠡ ᠤᠳᠠᠭᠠᠨ ᠤ ᠲᠤᠬᠠᠢ ᠶᠢᠨ ᠲᠠᠯᠠᠪᠠᠢ ᠶᠢᠨ ᠪᠣᠯᠪᠠᠰᠤᠷᠠᠯ ᠬᠢᠪᠡ᠃          ᠬᠤᠲᠠ ᠶᠢᠨ ᠴᠡᠴᠡᠷᠯᠢᠭ ᠤᠨ ᠤᠷᠭᠤᠮᠠᠯ ᠬᠠᠮᠠᠭᠠᠯᠠᠯᠲᠠ ᠶᠢᠨ ᠥᠷᠲᠡᠭᠡ ᠶᠢᠨ ᠲᠤᠰᠬᠠᠢ ᠮᠡᠷᠭᠡᠵᠢᠯᠲᠡᠨ ᠢ ᠤᠷᠢᠵᠤ ᠲᠠᠶᠢᠯᠤᠮᠵᠢ ᠬᠢᠯᠭᠡᠨ᠂ ᠰᠠᠶᠢᠬᠠᠨ ᠲᠣᠭᠤᠷᠢᠭ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠮᠡᠷᠭᠡᠵᠢᠯ ᠤᠨ ᠠᠵᠢᠯᠲᠠᠨ᠂ ᠡᠯ᠎ᠡ ᠠᠷᠠᠴᠢᠯᠠᠨ ᠬᠠᠮᠢᠶᠠᠷᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠵᠠᠢ᠃ ᠪᠣᠯᠪᠠᠰᠤᠷᠠᠭᠤᠯᠤᠯ ᠤᠨ ᠠᠭᠤᠯᠭ᠎ᠠ ᠨᠢ ᠭᠤᠣᠯᠳᠠᠭᠤ ᠴᠡᠴᠡᠷᠯᠢᠭ ᠤᠨ ᠤᠷᠭᠤᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠢᠯᠭᠠᠨ ᠲᠠᠨᠢᠬᠤ᠂ ᠡᠭᠦᠰᠬᠦ ᠵᠢᠮ᠎ᠡ ᠶᠣᠰᠣ᠂ ᠰᠡᠷᠭᠡᠶᠢᠯᠡᠨ ᠵᠠᠰᠠᠬᠤ ᠠᠷᠭ᠎ᠠ ᠵᠡᠷᠭᠡ ᠶᠢ ᠬᠠᠮᠤᠷᠤᠭᠰᠠᠨ ᠪᠥᠭᠡᠳ ᠪᠣᠳᠠᠲᠠᠢ ᠪᠠᠷ ᠠᠵᠢᠯᠯᠠᠬᠤ ᠪᠠᠷ ᠳᠠᠮᠵᠢᠭᠤᠯᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠤᠷ᠎ᠠ ᠮᠡᠷᠭᠡᠵᠢᠯ ᠢ ᠦᠵᠡᠭᠦᠯᠦᠭᠰᠡᠨ ᠪᠠᠶᠢᠨ᠎ᠠ᠃
         ᠲᠤᠰᠬᠠᠢ ᠮᠡᠷᠭᠡᠵᠢᠯᠲᠡᠳ ᠲᠤᠬᠠᠢ ᠶᠢᠨ ᠲᠠᠯᠠᠪᠠᠶ ᠳᠤ ᠵᠢᠢ ᠳ᠋ᠢᠩ ᠬᠤᠷᠣᠬᠠᠢ᠂ ᠮᠣᠳᠣᠨ ᠬᠤᠷᠣᠬᠠᠢ᠂ ᠵᠢᠵᠢᠭ ᠵᠠᠷᠮ᠎ᠠ ᠬᠤᠷᠣᠬᠠᠢ ᠵᠡᠷᠭᠡ ᠦᠷᠭᠦᠯᠵᠢ ᠲᠣᠬᠢᠶᠠᠯᠳᠤᠳᠠᠭ ᠡᠪᠡᠳᠴᠢᠨ ᠤ ᠬᠥᠨᠥᠭᠡᠯᠳᠦ ᠬᠤᠷᠣᠬᠠᠢ ᠡᠭᠦᠰᠬᠦ ᠠᠯᠢ ᠣᠯᠠᠨ ᠵᠢᠮ᠎ᠡ ᠶᠣᠰᠣ ᠶᠢ ᠲᠠᠶᠢᠯᠪᠤᠷᠢᠯᠠᠵᠤ᠂ ᠡᠪᠡᠳᠴᠢᠨ ᠤ ᠬᠥᠨᠥᠭᠡᠯᠳᠦ ᠬᠤᠷᠣᠬᠠᠢ ᠳᠤ ᠳᠠᠯᠳᠠ ᠴᠢᠨᠠᠷ ᠢᠶᠠᠷ ᠴᠢᠩᠭ᠎ᠠ᠂ ᠰᠡᠷᠭᠡᠶᠢᠯᠡᠨ ᠵᠠᠰᠠᠬᠤ ᠳᠤ ᠪᠡᠷᠬᠡ ᠭᠤᠣᠯ ᠣᠨᠴᠠᠯᠢᠭ ᠲᠠᠢ ᠪᠣᠯᠬᠤᠷ ᠬᠠᠪᠤᠷ ᠤᠨ ᠡᠬᠢᠨ ᠤ ᠤᠯᠠᠷᠢᠯ ᠳᠤ ᠣᠶ ᠮᠣᠳᠣ ᠶᠢ ᠤᠰᠤᠯᠠᠬᠤ᠂ ᠰᠠᠯᠬᠢ ᠨᠡᠪᠲᠡᠷᠡᠭᠦᠯᠬᠦ ᠵᠢᠴᠢ ᠡᠮ ᠢᠶᠠᠷ ᠤᠰᠤᠯᠠᠬᠤ ᠵᠡᠷᠭᠡ ᠰᠡᠷᠭᠡᠶᠢᠯᠡᠨ ᠬᠠᠮᠠᠭᠠᠯᠠᠬᠤ ᠠᠷᠭ᠎ᠠ ᠬᠡᠯᠪᠡᠷᠢ ᠶᠢ ᠥᠭᠭᠦᠭᠰᠡᠨ ᠪᠠᠶᠢᠨ᠎ᠠ᠃ ᠡᠭᠦᠨ ᠤ ᠬᠠᠮᠲᠤ᠂ ᠨᠢᠭᠡᠨᠲᠡ ᠡᠪᠡᠳᠴᠢᠨ ᠤ ᠬᠥᠨᠥᠭᠡᠯᠳᠦ ᠬᠤᠷᠣᠬᠠᠢ ᠳᠤ ᠢᠳᠡᠭᠳᠡᠭᠰᠡᠨ ᠣᠶ ᠮᠣᠳᠣᠨ ᠳᠤ ᠴᠢᠭᠯᠡᠭᠦᠯᠦᠨ᠂ ᠪᠠᠭᠠᠨ᠎ᠠ ᠶᠢ ᠬᠠᠭᠤᠷᠠᠢ ᠪᠠᠷ ᠤᠬᠢᠶᠠᠬᠤ ᠡᠮ᠂ ᠡᠮ ᠴᠢᠳᠬᠤᠬᠤ ᠵᠡᠷᠭᠡ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠶᠢ ᠰᠠᠨᠠᠭᠤᠯᠪᠠ᠃ ᠪᠣᠯᠪᠠᠰᠤᠷᠠᠯ ᠤᠨ ᠲᠤᠬᠠᠢ ᠶᠢᠨ ᠲᠠᠯᠠᠪᠤᠷ ᠤᠨ ᠠᠭᠤᠷ ᠠᠮᠢᠰᠬᠤᠯ ᠬᠥᠭᠵᠢᠶᠡᠨᠲᠡᠢ ᠪᠠᠶᠢᠵᠤ᠂ ᠡᠯ᠎ᠡ ᠠᠷᠠᠴᠢᠯᠠᠨ ᠬᠠᠮᠢᠶᠠᠷᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠠᠷᠢᠯᠴᠠᠭᠠᠨ ᠤ ᠳᠤᠮᠳᠠ ᠪᠣᠳᠠᠲᠠᠢ ᠠᠵᠢᠯᠯᠠᠬᠤ ᠳᠤᠮᠳᠠ ᠲᠤᠯᠭᠠᠷᠠᠭᠰᠠᠨ ᠠᠰᠠᠭᠤᠳᠠᠯ ᠢ ᠢᠳᠡᠪᠬᠢᠲᠡᠢ ᠳᠤᠷᠠᠳᠬᠤ ᠶᠢᠨ ᠬᠠᠮᠲᠤ ᠲᠤᠰᠬᠠᠢ ᠮᠡᠷᠭᠡᠵᠢᠯᠲᠡᠨ ᠤ ᠰᠠᠨᠠᠯ ᠰᠠᠨᠠᠭᠤᠯᠭ᠎ᠠ ᠶᠢ ᠡᠷᠢᠯᠬᠢᠯᠡᠪᠡ᠃
         ᠲᠣᠰ ᠤᠳᠠᠭᠠᠨ ᠤ ᠪᠣᠯᠪᠠᠰᠤᠷᠠᠭᠤᠯᠤᠯ ᠨᠢ ᠥᠪᠥᠷ ᠮᠣᠩᠭᠤᠯ ᠤᠨ ᠮᠧᠩ ᠷᠦᠩ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠯᠢᠦ ᠵᠢᠩ ᠹᠧᠩ ᠢ ᠮᠠᠰᠢ ᠣᠯᠠᠨ ᠳᠣᠭᠳᠣᠯᠤᠭᠤᠯᠵᠤ᠂ ︽ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠪᠢ ᠥᠩᠭᠡᠷᠡᠭᠰᠡᠨ ᠳᠤ ᠣᠶᠢᠯᠠᠭᠠᠭᠠᠳᠤᠢ ᠮᠠᠰᠢ ᠣᠯᠠᠨ ᠬᠤᠷᠣᠬᠠᠢ ᠶᠢᠨ ᠬᠥᠨᠥᠭᠡᠯ ᠤᠨ ᠮᠡᠳᠡᠯᠭᠡ ᠲᠠᠢ ᠣᠶᠢᠷᠠᠲᠤᠵᠤ᠂ ᠡᠯᠪᠡᠭ ᠬᠤᠷᠢᠶᠠᠯᠲᠠ ᠣᠯᠪᠠ᠃ ᠢᠷᠡᠭᠡᠳᠦᠢ ᠶᠢᠨ ᠠᠵᠢᠯ ᠤᠨ ᠳᠤᠮᠳᠠ᠂ ᠪᠢᠳᠡ ᠬᠠᠪᠤᠷ ᠤᠨ ᠤᠯᠠᠷᠢᠯ ᠪᠠ ᠨᠠᠮᠤᠷ ᠤᠨ ᠤᠯᠠᠷᠢᠯ ᠤᠨ ᠬᠦᠷᠢᠶᠡᠯᠡᠩ ᠲᠣᠭᠤᠷᠢᠭ ᠢ ᠴᠡᠪᠡᠷᠯᠡᠬᠦ ᠠᠵᠢᠯ ᠢ ᠭᠤᠣᠯᠳᠠᠯᠭ᠎ᠠ ᠲᠠᠢ ᠴᠢᠩᠭᠠᠳᠬᠠᠵᠤ᠂ ᠤᠰᠤᠯᠠᠬᠤ᠂ ᠪᠣᠷᠳᠣᠭᠤᠷ ᠣᠷᠣᠭᠤᠯᠬᠤ ᠵᠡᠷᠭᠡ ᠠᠷᠠᠴᠢᠯᠠᠨ ᠬᠠᠮᠠᠭᠠᠯᠠᠬᠤ ᠠᠷᠭ᠎ᠠ ᠬᠡᠮᠵᠢᠶ᠎ᠡ ᠨᠢ ᠴᠦ ᠺᠣᠮᠫᠠᠨᠢ ᠶᠢᠨ ᠲᠠᠷᠠᠭᠠᠴᠢ ᠶᠢᠨ ᠠᠵᠢᠯ ᠤᠨ ᠭᠤᠣᠯᠳᠠᠯᠭ᠎ᠠ ᠪᠣᠯᠵᠤ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠪᠠᠲᠤᠯᠠᠬᠤ ᠪᠣᠯᠣᠨ᠎ᠠ᠃     ︽ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠣᠯ ᠴᠡᠴᠡᠷᠯᠢᠭ ᠤᠨ ᠨᠣᠭᠤᠭᠠᠷᠠᠭᠤᠯᠤᠯᠲᠠ ᠠᠷᠠᠴᠢᠯᠠᠯᠲᠠ ᠬᠠᠮᠢᠶᠠᠷᠤᠯᠲᠠ ᠶᠢᠨ ᠳᠤᠮᠳᠠᠬᠢ ᠨᠢᠭᠡᠨ ᠴᠢᠬᠤᠯᠠ ᠠᠵᠢᠯ ᠮᠥᠨ᠂ ᠵᠠᠯᠭᠠᠭᠠᠳ ᠪᠢᠳᠡ ᠬᠠᠷᠢᠶ᠎ᠠ ᠣᠷᠣᠨ ᠤ ᠪᠠᠨ ᠴᠡᠴᠡᠷᠯᠢᠭ ᠤᠨ ᠤᠷᠭᠤᠮᠠᠯ ᠢ ᠲᠠᠷᠢᠶᠠᠨ ᠡᠮ ᠰᠦᠷᠴᠢᠵᠦ᠂ ᠴᠠᠭ ᠲᠤᠬᠠᠢ ᠳᠤᠨᠢ ᠪᠠᠺᠲ᠋ᠧᠷᠢ ᠶᠢ ᠠᠯᠠᠵᠤ ᠥᠨᠳᠡᠭᠡ ᠶᠢ ᠤᠰᠠᠳᠬᠠᠨ᠂ ᠡᠪᠦᠯᠵᠢᠬᠦ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠪᠣᠯᠣᠨ᠎ᠠ᠃ ᠡᠭᠦᠨ ᠤ ᠬᠠᠮᠲᠤ᠂ ᠬᠤᠷᠣᠬᠠᠢ ᠶᠢᠨ ᠰᠠᠯᠠᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠵᠠᠰᠠᠨ᠂ ᠢᠯᠵᠢᠮᠡᠭ ᠡᠪᠡᠳᠴᠢᠨ᠂ ᠡᠪᠦᠯᠵᠢᠭᠰᠡᠨ ᠬᠤᠷᠣᠬᠠᠢ ᠶᠢᠨ ᠥᠨᠳᠡᠭᠡ᠂ ᠬᠤᠷᠣᠬᠠᠢ ᠶᠢᠨ ᠡᠭᠦᠷ ᠤᠨ ᠨᠠᠮᠠᠭ᠎ᠠ ᠶᠢ ᠲᠤᠶᠢᠯᠪᠤᠷᠢᠲᠠᠢ ᠬᠠᠶᠢᠴᠢᠯᠠᠬᠤ ᠶᠢᠨ ᠬᠠᠮᠲᠤ ᠲᠥᠪᠯᠡᠷᠡᠭᠦᠯᠦᠨ ᠤᠰᠠᠳᠬᠠᠨ᠎ᠠ᠃ ᠣᠶ ᠮᠣᠳᠣ ᠶᠢᠨ ᠳᠣᠣᠷ᠎ᠠ ᠳᠤᠯᠠᠭᠠᠨ ᠤ ᠨᠥᠯᠥᠭᠡ ᠠᠴᠠ ᠪᠣᠯᠵᠤ ᠡᠭᠦᠰᠦᠭᠰᠡᠨ ᠬᠥᠯᠳᠡᠵᠦ ᠠᠩ᠂ ᠲᠠᠲᠠᠷᠠᠩ᠂ ᠰᠤᠭᠤᠯᠬᠤ ᠵᠦᠢᠯ ᠵᠡᠷᠭᠡ ᠹᠢᠽᠢᠣᠯᠣᠭᠢ ᠶᠢᠨ ᠴᠢᠨᠠᠷᠲᠠᠢ ᠡᠪᠡᠳᠴᠢᠨ ᠤ ᠬᠥᠨᠥᠭᠡᠯ ᠳᠤ ᠴᠢᠭᠯᠡᠭᠦᠯᠦᠨ ᠪᠠᠰᠠ ᠴᠠᠭ ᠲᠤᠬᠠᠢ ᠳᠤᠨᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠪᠣᠯᠣᠨ᠎ᠠ︾ ᠭᠡᠵᠦ ᠰᠠᠶᠢᠬᠠᠨ ᠲᠣᠭᠤᠷᠢᠭ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠲᠦᠷ ᠴᠠᠭ ᠲᠤᠰᠢᠶᠠᠯ ᠡᠭᠦᠷᠭᠡᠯᠡᠵᠦ ᠪᠠᠶᠢᠭ᠎ᠠ ᠳᠡᠳ᠋ ᠡᠷᠬᠢᠯᠡᠭᠴᠢ ᠦᠰᠬᠠᠯ ᠰᠤᠷᠪᠤᠯᠵᠢᠯᠠᠭᠴᠢ ᠳᠤ ᠬᠡᠯᠡᠪᠡ᠃
           ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠬᠠᠪᠤᠷ ᠤᠨ ᠤᠯᠠᠷᠢᠯ ᠤᠨ ᠠᠷᠠᠴᠢᠯᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠬᠠᠶᠢᠴᠢᠯᠠᠨ ᠵᠠᠰᠠᠬᠤ᠂ ᠬᠤᠪᠠᠭ᠋ᠠᠶᠢᠷᠠᠨ ᠴᠡᠪᠡᠷᠯᠡᠬᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠤᠰᠤᠯᠠᠬᠤ᠂ ᠨᠣᠭᠤᠭᠠᠷᠠᠭᠤᠯᠵᠤ ᠨᠥᠬᠦᠵᠦ ᠲᠠᠷᠢᠬᠤ᠂ ᠨᠣᠭᠤᠭᠠᠨ ᠭᠠᠵᠠᠷ ᠤᠨ ᠡᠷᠡᠭᠦᠯ ᠬᠠᠮᠠᠭᠠᠯᠠᠯ ᠤᠨ ︽ᠶᠡᠭᠡ ᠴᠡᠪᠡᠷᠯᠡᠯᠲᠡ︾ ᠵᠡᠷᠭᠡ ᠠᠵᠢᠯ ᠢ ᠥᠷᠨᠢᠭᠦᠯᠦᠨ᠎ᠡ᠃ ᠬᠠᠮᠢᠶ᠎ᠠ ᠪᠦᠬᠦᠢ ᠠᠵᠢᠯᠲᠠᠳ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ︾ ᠴᠢᠭᠯᠡᠯᠲᠡ ᠶᠣᠰᠣᠭᠠᠷ᠂ ᠡᠳᠦᠷ ᠲᠤᠲᠤᠮ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠶᠢᠨ ᠬᠠᠮᠲᠤ ᠠᠳᠠᠯᠢ ᠪᠤᠰᠤ ᠬᠤᠷᠣᠬᠠᠢ ᠶᠢᠨ ᠬᠥᠨᠥᠭᠡᠯ ᠤᠨ ᠬᠡᠪᠰᠢᠯ ᠪᠠ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠹᠢᠽᠢᠺ ᠤᠨ ᠠᠷᠭ᠎ᠠ ᠪᠠᠷ ᠰᠡᠷᠭᠡᠶᠢᠯᠡᠨ ᠵᠠᠰᠠᠬᠤ᠂ ᠬᠢᠮᠢ ᠪᠠᠷ ᠰᠡᠷᠭᠡᠶᠢᠯᠡᠨ ᠵᠠᠰᠠᠬᠤ᠂ ᠠᠮᠢᠳᠤ ᠪᠣᠳᠠᠰ ᠤᠨ ᠰᠡᠷᠭᠡᠶᠢᠯᠡᠨ ᠵᠠᠰᠠᠬᠤ ᠶᠢ ᠬᠠᠷᠢᠯᠴᠠᠨ ᠤᠶᠠᠯᠳᠤᠭᠤᠯᠤᠭᠰᠠᠨ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠠᠪᠴᠤ᠂ ᠡᠪᠡᠳᠴᠢᠨ ᠬᠤᠷᠣᠬᠠᠢ ᠶᠢᠨ ᠭᠠᠮᠰᠢᠭ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠪᠠᠷ ᠬᠤᠷᠢᠭᠯᠠᠨ ᠵᠣᠭᠰᠣᠭᠠᠵᠤ᠂ ᠡᠪᠡᠳᠴᠢᠨ ᠬᠤᠷᠣᠬᠠᠢ ᠶᠢᠨ ᠬᠥᠨᠥᠭᠡᠯ ᠤᠨ ᠬᠥᠨᠥᠭᠡᠯ ᠢ ᠴᠠᠭ ᠲᠤᠬᠠᠢ ᠳᠤᠨᠢ ᠬᠢᠵᠠᠭᠠᠷᠯᠠᠵᠤ᠂ ᠴᠡᠴᠡᠷᠯᠢᠭ ᠤᠨ ᠤᠷᠭᠤᠮᠠᠯ ᠢ ᠡᠷᠡᠭᠦᠯ ᠢᠶᠠᠷ ᠤᠷᠭᠤᠯᠤᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号