ᠰᠠᠶᠢᠬᠠᠨ ᠲᠣᠭᠤᠷᠢᠭ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ︽ᠠᠮᠤᠷ ᠲᠦᠪᠰᠢᠨ ᠤ ᠪᠣᠭᠤᠮᠲᠠ︾ ᠶᠢ ᠴᠢᠩᠭ᠎ᠠ ᠰᠠᠬᠢᠵᠤ ᠪᠠᠶᠢᠨ᠎ᠠ
ᠨᠡᠶᠢᠲᠡᠯᠡᠭᠰᠡᠨ ᠴᠠᠭ᠄
2024/3/15
     2024 ᠣᠨ ᠤ ᠬᠠᠪᠤᠷ ᠤᠨ ᠤᠯᠠᠷᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠦᠨᠡᠨ ᠬᠦ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ︽ᠡᠭᠦᠳᠡ ᠪᠠᠨ ᠨᠡᠭᠡᠭᠡᠵᠦ ᠲᠣᠭᠲᠠᠭᠤᠨ︾ ︽ᠡᠭᠦᠳᠡ ᠪᠠᠨ ᠨᠡᠭᠡᠭᠡᠵᠦ ᠠᠮᠤᠷ ᠲᠦᠪᠰᠢᠨ︾ ᠢ ᠪᠠᠲᠤᠯᠠᠬᠤ ᠶᠢᠨ ᠲᠥᠯᠥᠭᠡ᠂ ᠣᠶᠢᠷ᠎ᠠ  ᠳᠤ᠂ ᠰᠠᠶᠢᠬᠠᠨ ᠲᠣᠭᠤᠷᠢᠭ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠬᠥᠮᠦᠵᠢᠯ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠷᠢᠯᠭ᠎ᠠ ᠶᠢᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠦᠨᠡᠨ ᠬᠦ ᠴᠢᠩᠭᠠᠳᠬᠠᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠪᠡ᠃
           ᠪᠠᠶᠠᠷ ᠤᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠣᠯ ᠶᠡᠷᠦ ᠠᠴᠠ ᠠᠶᠤᠯᠭᠦᠢ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ 3 ᠰᠠᠷ᠎ᠠ ᠶᠢᠨ 11 ᠤ ᠡᠳᠦᠷ ᠠᠴᠠ ᠡᠬᠢᠯᠡᠨ᠂ ᠰᠠᠶᠢᠬᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠤᠰᠬᠠᠢ ᠮᠡᠷᠭᠡᠵᠢᠯ ᠤᠨ ᠠᠵᠢᠯᠲᠠᠨ ᠵᠢᠴᠢ ᠬᠠᠷᠢᠶᠠᠲᠤ ᠣᠷᠣᠨ ᠤ ᠡᠯ᠎ᠡ ᠪᠠᠷᠢᠯᠭ᠎ᠠ ᠶᠢᠨ ᠭᠠᠵᠠᠷ ᠤᠨ ᠲᠥᠷᠥᠯ ᠵᠦᠢᠯ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ︽ᠠᠵᠢᠯ ᠡᠬᠢᠯᠡᠭᠦᠯᠬᠦ ᠠᠩᠬᠠᠨ ᠤ ᠬᠢᠴᠢᠶᠡᠯ︾ ᠤᠨ ᠰᠦᠯᠵᠢᠶᠡᠨ ᠳᠡᠭᠡᠷᠡᠬᠢ ᠲᠥᠪᠯᠡᠷᠡᠩᠭᠦᠢ ᠪᠣᠯᠪᠠᠰᠤᠷᠠᠯ ᠰᠤᠷᠤᠯᠴᠠᠯᠭ᠎ᠠ ᠶᠢ ᠥᠷᠨᠢᠭᠦᠯᠵᠦ᠂ ᠪᠣᠯᠪᠠᠰᠤᠷᠠᠭᠤᠯᠤᠯ ᠨᠢ ᠠᠷᠠᠳ ᠤᠨ ᠬᠡᠷᠡᠭᠯᠡᠭᠡᠨ ᠵᠢᠴᠢ ᠠᠵᠤ ᠦᠢᠯᠡᠳᠪᠦᠷᠢ ᠶᠢᠨ ᠪᠠᠷᠢᠯᠭ᠎ᠠ ᠶᠢᠨ ᠢᠨᠵᠧᠨᠧᠷᠢᠩ ᠤᠨ ᠠᠵᠢᠯ ᠡᠬᠢᠯᠡᠭᠦᠯᠬᠦ ᠪᠠ ᠰᠡᠷᠭᠦᠭᠡᠬᠦ ᠠᠮᠤᠷ ᠲᠦᠪᠰᠢᠨ ᠤ ᠪᠠᠶᠢᠴᠠᠭᠠᠯᠲᠠ ᠶᠢᠨ ᠭᠤᠣᠯᠳᠠᠯᠭ᠎ᠠ᠂ ᠪᠠᠷᠢᠮᠵᠢᠶ᠎ᠠ ᠶᠢ ᠵᠢᠷᠤᠮᠵᠢᠭᠤᠯᠬᠤ᠂ ᠥᠩᠭᠡᠷᠡᠭᠰᠡᠨ ᠤ ᠠᠶᠤᠯᠭᠦᠢ ᠦᠢᠯᠡᠳᠪᠦᠷᠢᠯᠡᠯ ᠤᠨ ᠠᠳᠡᠯ ᠤᠨ ᠬᠡᠷᠡᠭ ᠤᠨ ᠵᠢᠱᠢᠶ᠎ᠡ ᠳᠤ ᠴᠢᠭᠯᠡᠭᠦᠯᠦᠨ ᠭᠦᠨᠵᠡᠭᠡᠢ ᠲᠠᠶᠢᠯᠤᠮᠵᠢ ᠬᠢᠵᠦ᠂ ᠵᠠᠳᠠᠯᠤᠯᠲᠠ ᠬᠢᠵᠦ᠂ ︽ᠠᠵᠢᠯ ᠡᠬᠢᠯᠡᠭᠦᠯᠪᠡᠯ ᠪᠣᠳᠠᠲᠠᠢ ᠠᠵᠢᠯᠯᠠᠬᠤ ᠬᠡᠷᠡᠭᠲᠡᠢ︾ ᠭᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃
           3 ᠰᠠᠷ᠎ᠠ ᠶᠢᠨ 13  ᠤ ᠡᠳᠦᠷ᠂ ᠰᠤᠷᠪᠤᠯᠵᠢᠯᠠᠭᠴᠢ ᠰᠠᠶᠢᠬᠠᠨ ᠲᠣᠭᠤᠷᠢᠭ ᠤᠨ ᠱᠤᠸᠠᠩ ᠲᠠᠢ ᠱᠢ ᠰᠤᠷᠭᠠᠭᠤᠯᠢ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠠᠵᠢᠯᠲᠠᠳ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠵᠦ᠂ ᠠᠵᠢᠯ ᠡᠬᠢᠯᠡᠭᠦᠯᠬᠦ ᠭᠡᠵᠦ ᠪᠠᠶᠢᠭ᠎ᠠ ᠭᠠᠵᠠᠷ ᠤᠨ ᠠᠮᠤᠷ ᠲᠦᠪᠱᠢᠨ ᠤ ᠬᠥᠮᠦᠵᠢᠯ ᠪᠣᠯᠪᠠᠰᠤᠷᠠᠯ᠂ ᠬᠠᠮᠢᠶᠠᠷᠤᠯᠲᠠ ᠶᠢᠨ ᠠᠵᠢᠯᠲᠠᠨ ᠤ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠭᠠᠵᠠᠷ ᠤᠨ ᠲᠦᠷ ᠴᠠᠭ ᠤᠨ ᠴᠠᠬᠢᠯᠭᠠᠨ ᠬᠡᠷᠡᠭᠯᠡᠬᠦ᠂ ᠬᠦᠨᠳᠦ ᠡᠷᠭᠦᠯ ᠲᠠ ᠶᠢᠨ ᠮᠠᠱᠢᠨ ᠵᠡᠷᠭᠡ ᠠᠶᠤᠯᠲᠠᠢ ᠲᠣᠮᠣ ᠪᠠᠷᠢᠯᠭ᠎ᠠ ᠳᠤ ᠠᠮᠤᠷ ᠲᠦᠪᠱᠢᠨ ᠤ ᠲᠣᠭᠤᠷᠢᠨ ᠪᠠᠶᠢᠴᠠᠭᠠᠯᠲᠠ ᠬᠢᠪᠡ᠃   ᠲᠣᠭᠤᠷᠢᠨ ᠪᠠᠶᠢᠴᠠᠭᠠᠬᠤ ᠪᠠᠷ ᠳᠡᠮᠵᠢᠨ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠲᠠ ᠦᠭᠡᠢ ᠪᠠᠬᠢᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠲᠥᠷᠥᠯ ᠵᠦᠢᠯ ᠤᠨ ᠠᠵᠢᠯ ᠢᠶᠠᠨ ᠤᠷᠤᠭᠰᠢᠲᠠᠢ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃
     ᠲᠠᠷᠠᠭᠠᠴᠢ ᠶᠢᠨ ᠠᠯᠬᠤᠮ ᠳᠤ᠂ ᠬᠠᠷᠢᠶᠠᠲᠤ ᠣᠷᠣᠨ ᠤ ᠡᠯ᠎ᠡ ᠪᠠᠷᠢᠯᠭ᠎ᠠ ᠶᠢᠨ ᠭᠠᠵᠠᠷ ᠵᠠᠯᠭᠠᠭ᠎ᠠ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠴᠢᠭᠯᠡᠭᠦᠯᠦᠨ᠂ ᠰᠠᠶᠢᠬᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠤᠰᠬᠠᠢ ᠮᠡᠷᠭᠡᠵᠢᠯ ᠤᠨ ᠠᠵᠢᠯᠲᠠᠨ ᠲᠣᠮᠢᠯᠠᠨ ᠡᠯ᠎ᠡ ᠲᠥᠷᠥᠯ ᠵᠦᠢᠯ ᠳᠤ ᠪᠠᠶᠢᠴᠠᠭᠠᠯᠲᠠ ᠬᠢᠯᠭᠡᠵᠦ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠠᠶᠢᠬᠠᠨ ᠲᠣᠭᠤᠷᠢᠭ ᠤᠨ ᠡᠯ᠎ᠡ ᠪᠠᠷᠢᠯᠭ᠎ᠠ ᠶᠢᠨ ᠭᠠᠵᠠᠷ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠪᠣᠭᠤᠮᠲᠠ ᠶᠢ ᠰᠠᠶᠢᠲᠤᠷ ᠰᠠᠬᠢᠵᠤ᠂ ᠰᠠᠶᠢᠲᠤᠷ ᠡᠬᠢᠯᠡᠭᠦᠯᠬᠦ ᠪᠠᠷ ᠪᠠᠶᠢᠨ᠎ᠠ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号