ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/3/15
     ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 2019 ᠣᠨ ᠤ 2 ᠰᠠᠷ᠎ᠠ ᠶᠢᠨ 25 ᠤ ᠡᠳᠦᠷ ᠵᠢᠩᠬᠢᠨᠢ ᠪᠠᠷ ᠪᠠᠶᠢᠭᠤᠯᠤᠭᠳᠠᠵᠤ᠂ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠤᠲᠠ ᠬᠥᠳᠡᠭᠡ ᠶᠢᠨ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠷᠭᠡ ᠬᠠᠷᠢᠭᠤᠴᠠᠯᠭ᠎ᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠲᠣᠪᠴᠢᠶ᠎ᠠ ᠶᠢᠨ ᠡᠮ ᠤᠨ ᠵᠦᠢᠯ ᠪᠠ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠡᠭᠦᠷᠭᠡ ᠬᠠᠷᠢᠭᠤᠴᠠᠯᠭ᠎ᠠ ᠵᠡᠷᠭᠡ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ ᠪᠠᠶᠢᠭᠤᠯᠤᠭᠰᠠᠨ ᠵᠠᠰᠠᠭ ᠤᠨ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠨᠠᠮ ᠤᠨ ᠲᠥᠪ ᠬᠤᠷᠢᠶ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ‍ᠤᠨ‌ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      ᠨᠢᠭᠡ᠂ ᠭᠤᠣᠯ ᠡᠭᠦᠷᠭᠡ ᠲᠤᠰᠢᠶᠠᠯ            ︵ᠨᠢᠭᠡ︶ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ; ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ᠂ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃            ︵ᠬᠤᠶᠠᠷ︶ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢᠨ ᠬᠠᠮᠢᠶ᠎ᠠ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠤᠨ᠎ᠠ︔ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃            ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠣᠷᠳᠣ ᠬᠤᠭᠤᠴᠠᠭᠠᠨ ᠤ ᠰᠤᠪᠢᠯᠠᠬᠤ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠥᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃          ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠲᠠ ᠬᠥᠳᠡᠭᠡ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃                ︵ᠲᠠᠪᠤ︶ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ ᠨᠡᠶᠢᠭᠡᠮ ᠤᠨ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠪᠠᠶᠢᠭᠤᠯᠬᠤ ᠶᠢ ᠠᠬᠢᠭᠤᠯᠤᠨ᠎ᠠ᠃            ︵ᠵᠢᠷᠭᠤᠭ᠎ᠠ︶ ᠴᠢᠭ᠋ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠥᠪᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ︔ ᠡᠮᠴᠢᠯᠡᠭᠡᠨ ᠤ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡ ᠶᠢᠨ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠤᠨ᠎ᠠ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃                ︵ᠳᠤᠯᠤᠭ᠎ᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ︔ ᠣᠨᠳᠣᠣ ᠭᠠᠵᠠᠷ ᠲᠤ ᠡᠮᠨᠡᠭᠦᠯᠬᠦ ᠬᠠᠮᠢᠶᠠᠷᠤᠯᠲᠠ ᠪᠠ ᠣᠯᠭᠤᠮᠵᠢ ᠶᠢ ᠳ᠋ᠦᠩᠨᠡᠨ ᠪᠤᠳᠤᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠨ᠎ᠡ︔ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠤᠨ ᠪᠠᠶᠢᠭᠤᠯᠤᠯᠲᠠ ᠶᠢ ᠠᠬᠢᠭᠤᠯᠤᠨ᠎ᠠ︔ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃            ︵ᠨᠠᠢᠮᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠨᠢᠭᠡᠳᠦᠯᠲᠡᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠠ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠷᠠᠳ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠬᠦ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠡᠯᠡ ᠮᠥᠩᠭᠦ ᠶᠢ ᠵᠦᠢ ᠵᠣᠬᠢᠰᠲᠠᠢ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ ᠶᠢ ᠦᠨᠡᠨᠬᠦ ᠪᠠᠲᠤᠯᠠᠵᠤ᠂ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ︽ᠭᠤᠷᠪᠠᠨ ᠡᠮᠴᠢᠯᠡᠭᠡᠨ ᠤ ᠬᠤᠯᠪᠤᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠤᠨ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃            ︵ᠶᠢᠰᠦ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ᢭ ᠤᠨ ᠬᠤᠪᠢᠶᠠᠷᠢᠯᠠᠯ᠃  ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠯᠦᠭᠡ ᠶᠢᠨ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂  ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃            ︵ᠠᠷᠪᠠ︶ ᠲᠣᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠡᠮᠴᠢᠯᠡᠭᠡᠨ ᠤ ᠪᠠᠲᠤᠯᠠᠭ᠎ᠠ ᠶᠢᠨ ᠬᠠᠮᠢᠶ᠎ᠠ ᠪᠦᠬᠦᠢ ᠤᠴᠢᠷ ᠶᠠᠪᠤᠳᠠᠯ ᠢ ᠬᠢᠨᠠᠨ ᠵᠥᠪᠰᠢᠶᠡᠷᠡᠵᠦ ᠳᠠᠩᠰᠠᠯᠠᠬᠤ ᠠᠵᠢᠯ ᠢ ᠡᠭᠦᠷᠭᠡᠯᠡᠨ᠎ᠡ᠃            ︵ᠠᠷᠪᠠᠨ ᠨᠢᠭᠡ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃            ︵ᠠᠷᠪᠠᠨ ᠬᠤᠶᠠᠷ︶  ᠲᠣᠭᠤᠷᠢᠭ ᠤᠨ ᠨᠠᠮ ᠤᠨ ᠬᠤᠷᠢᠶ᠎ᠠ᠂  ᠲᠣᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ᠃      ᠬᠤᠶᠠᠷ᠂ ᠳᠣᠲᠣᠭᠠᠳᠤ ᠪᠠᠶᠢᠭᠤᠯᠤᠮᠵᠢ          ︵ᠨᠢᠭᠡ︶ᠠᠯᠪᠠᠨ ᠭᠡᠷ᠃ ᠮᠠᠰᠢᠨ ᠤ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠬᠠᠮᠲᠤᠷᠠᠯᠴᠠᠨ ᠰᠣᠯᠢᠯᠴᠠᠬᠤ ᠵᠡᠷᠭᠡ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃            ︵ᠬᠤᠶᠠᠷ︶ᠰᠠᠶᠢᠬᠠᠨ ᠲᠣᠭᠤᠷᠢᠭ ᠤᠨ ᠡᠮ ᠡᠮᠨ᠋ᠡᠯᠭᠡ ᠶᠢᠨ ᠳᠠᠬᠠᠳᠬᠠᠯ ᠤᠨ ᠦᠢᠯᠡᠴᠢᠯᠡᠭᠡᠨ ᠤ ᠲᠣᠪ᠃ ᠡᠮ ᠡᠮᠨᠡᠯᠭᠡ ᠶᠢᠨ ᠳᠠᠭᠠᠳᠬᠠᠯ ᠤᠨ ᠤᠬᠠᠭᠤᠯᠭ᠎ᠠ ᠶᠢᠨ ᠠᠵᠢᠯ ᠢ ᠡᠭᠦᠷᠭᠡᠯᠡᠵᠦ᠂ ᠪᠠᠶᠢᠴᠠᠭᠠᠨ ᠯᠠᠪᠯᠠᠬᠤ᠂ ᠠᠰᠠᠭᠤᠨ ᠯᠠᠪᠯᠠᠬᠤ ᠠᠵᠢᠯ ᠢ ᠭᠥᠯᠢᠶᠡᠨ ᠠᠪᠴᠤ ᠰᠢᠢᠳᠪᠦᠷᠢᠯᠡᠨ᠎ᠡ︔ ᠪᠥᠬᠦ  ᠲᠣᠭᠤᠷᠢᠭ ᠤᠨ ᠳᠠᠭᠠᠳᠬᠠᠯ ᠳᠤ ᠣᠷᠣᠯᠴᠠᠬᠤ ᠨᠥᠬᠦᠴᠡᠯ ᠳᠤ ᠨᠡᠶᠢᠴᠡᠬᠦ ᠬᠥᠮᠥᠰ ᠤᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ᠂ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠪᠤᠴᠠᠭᠠᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠨᠳᠣᠣ ᠭᠠᠵᠠᠷ ᠲᠤ ᠡᠮᠴᠢᠯᠡᠭᠦᠯᠬᠦ ᠶᠢ ᠳᠠᠩᠰᠠᠯᠠᠭᠤᠯᠬᠤ᠂ ᠬᠠᠷᠠᠭᠠᠯᠵᠠᠯ ᠢ ᠳ᠋ᠦᠩᠨᠡᠨ ᠪᠤᠳᠤᠬᠤ᠂ ᠰᠠᠭᠤᠷᠢ ᠮᠥᠩᠭᠦ ᠶᠢᠨ ᠵᠠᠷᠤᠯᠭ᠎ᠠ᠂ ᠡᠮᠴᠢᠯᠡᠭᠡ ᠶᠢ ᠲᠣᠰ ᠦᠢᠯᠡᠳᠬᠦ ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠠᠷᠲᠠᠨ ᠭᠦᠢᠴᠡᠳᠬᠡᠬᠦ ᠠᠵᠢᠯ ᠢ ᠬᠠᠷᠢᠭᠤᠴᠠᠨ᠎ᠠ︔ ᠪᠥᠬᠦ  ᠲᠣᠭᠤᠷᠢᠭ ᠤᠨ ᠡᠮ ᠡᠮᠨᠡᠯᠭᠡ ᠶᠢᠨ ᠠᠪᠤᠷᠠᠨ ᠲᠤᠰᠠᠯᠠᠬᠤ ᠤᠬᠠᠭᠤᠯᠭ᠎ᠠ ᠶᠢᠨ ᠠᠵᠢᠯ ᠢ ᠡᠭᠦᠷᠭᠡᠯᠡᠵᠦ᠂ ᠪᠠᠶᠢᠴᠠᠭᠠᠨ ᠯᠠᠪᠯᠠᠬᠤ᠂ ᠵᠥᠪᠯᠡᠯᠭᠡ ᠥᠭᠬᠦ ᠠᠵᠢᠯ ᠢ ᠭᠥᠯᠢᠶᠡᠨ ᠠᠪᠴᠤ ᠰᠢᠢᠳᠪᠦᠷᠢᠯᠡᠵᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠣᠨᠴᠠ ᠬᠦᠴᠢᠷᠳᠡᠯᠲᠡᠢ ᠳᠠᠭᠠᠳᠬᠠᠯ ᠳᠤ ᠣᠷᠣᠯᠴᠠᠬᠤ ᠠᠵᠢᠯ ᠢ ᠡᠳ᠋ ᠮᠥᠩᠭᠦ ᠪᠠᠷ ᠲᠤᠰᠠᠯᠠᠬᠤ ᠵᠢᠴᠢ ᠣᠯᠭᠤᠮᠵᠢ ᠶᠢ ᠳ᠋ᠦᠩᠨᠡᠨ ᠪᠤᠳᠤᠵᠤ ᠥᠭᠬᠦ ᠵᠡᠷᠭᠡ ᠭᠠᠷᠲᠠᠨ ᠭᠦᠢᠴᠡᠳᠬᠡᠬᠦ ᠠᠵᠢᠯ ᠢ ᠪᠡᠶᠡᠯᠡᠭᠦᠯᠦᠨ᠎ᠡ᠃ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃            ︵ᠭᠤᠷᠪᠠ︶ ᠰᠠᠶᠢᠬᠠᠨ ᠲᠣᠭᠤᠷᠢᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠲᠥᠪ᠃ ᠰᠠᠶᠢᠬᠠᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢ ᠬᠠᠮᠵᠢᠨ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠲᠠ ᠬᠥᠳᠡᠭᠡ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ ᠤᠬᠠᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠵᠡᠷᠭᠡ ᠵᠠᠰᠠᠭ ᠵᠠᠬᠢᠷᠭᠠᠨ ᠤ ᠲᠤᠰᠠᠯᠠᠬᠤ ᠡᠭᠦᠷᠭᠡ ᠴᠢᠳᠠᠪᠤᠷᠢ ᠶᠢ ᠨᠠᠶᠢᠳᠠᠪᠤᠷᠢᠵᠢᠭᠤᠯᠤᠨ᠎ᠠ︔ ᠬᠠᠷᠢᠶᠠᠲᠤ ᠣᠷᠣᠨ ᠤ ᠳᠣᠲᠣᠷᠠᠬᠢ ᠬᠤᠲᠠ ᠬᠥᠳᠡᠭᠡ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠵᠥᠪᠯᠡᠯᠭᠡᠨ ᠤ ᠦᠨ᠎ᠡ ᠪᠠᠷ ᠭᠠᠷᠲᠠᠨ ᠭᠦᠢᠴᠡᠳᠬᠡᠬᠦ ᠶᠢ ᠡᠭᠦᠷᠭᠡᠯᠡᠵᠦ᠂ ᠬᠠᠷᠢᠶᠠᠲᠤ ᠣᠷᠣᠨ ᠤ ᠳᠣᠲᠣᠷᠠᠬᠢ ᠬᠤᠲᠠ ᠬᠥᠳᠡᠭᠡ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠵᠥᠪᠯᠡᠯᠭᠡᠨ ᠤ ᠦᠨ᠎ᠡ ᠳᠤ ᠳᠡᠮᠵᠢᠯᠭᠡ ᠪᠠᠲᠤᠯᠠᠭ᠎ᠠ ᠶᠢᠨ ᠠᠵᠢᠯ ᠬᠠᠩᠭᠠᠨ᠎ᠠ︔ ᠬᠠᠷᠢᠶᠠᠲᠤ ᠣᠷᠣᠨ ᠤ ᠳᠣᠲᠣᠷᠠᠬᠢ ᠴᠢᠭ᠋ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠥᠪ ᠤᠨ ᠬᠤᠶᠠᠷ ᠢ ᠲᠣᠭᠲᠠᠭᠠᠭᠰᠠᠨ ᠪᠠᠶᠢᠭᠤᠯᠤᠮᠵᠢ ᠶᠢᠨ ᠦᠢᠯᠡᠴᠢᠯᠡᠭᠡᠨ ᠤ ᠵᠥᠪᠳᠡᠯᠴᠡᠭᠡᠷ ᠤᠨ ᠬᠠᠮᠢᠶ᠎ᠠ ᠪᠦᠬᠦᠢ ᠤᠴᠢᠷ ᠶᠠᠪᠤᠳᠠᠯ ᠢ ᠭᠤᠶᠤᠴᠢᠯᠠᠨ ᠮᠡᠳᠡᠭᠦᠯᠬᠦ᠂ ᠳᠠᠭᠠᠭᠠᠨ ᠠᠪᠬᠤ ᠶᠢ ᠬᠠᠷᠢᠭᠤᠴᠠᠨ᠎ᠠ︔ ᠬᠥᠬᠡᠬᠤᠲᠠ ᠶᠢᠨ ᠰᠠᠶᠢᠬᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠠᠵᠢᠯᠯᠠᠬᠤ ᠬᠠᠶ᠋ᠢᠭ᠄  ᠰᠠᠶᠢᠬᠠᠨ ᠲᠣᠭᠤᠷᠢᠭ ᠤᠨ ᠬᠤᠲᠠ ᠶᠢᠨ ᠠᠷᠠᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ 1413 ᠲᠠᠰᠤᠭ ︵ᠳ᠋ᠦᠩ ᠶᠢᠩ ᠡᠮᠦᠨ᠎ᠡ ᠵᠠᠮ ᠤᠨ ᠵᠡᠭᠦᠨ 50 ᠮᠧᠲᠷ︶ ᠬᠠᠷᠢᠯᠴᠠᠬᠤ ᠤᠲᠠᠰᠤ᠄ 0471 - 5920391 ᠠᠵᠢᠯᠯᠠᠬᠤ ᠴᠠᠭ᠄ ᠦᠳᠡ ᠶᠢᠨ ᠡᠮᠦᠨ᠎ᠡ 9᠄ 00 - 17᠄ 00 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 ︱ 14᠄ 00 ︱ 17᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠬᠡᠯᠪᠡᠷᠢ᠄ 0471-5920391      ᠬᠠᠷᠢᠭᠤᠴᠠᠯᠭᠠᠲᠠᠨ᠄ ᠵᠠᠩ ᠪᠢᠩ ᠵᠢᠶᠧ      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号