ᠬᠢᠨᠠᠨ ᠪᠤᠳᠤᠬᠤ ᠲᠣᠪᠴᠢᠶ᠎ᠠ
ᠨᠡᠶᠢᠲᠡᠯᠡᠭᠰᠡᠨ ᠴᠠᠭ᠄
2024/3/15
ᠨᠢᠭᠡ᠂ ᠭᠤᠣᠯ ᠡᠭᠦᠷᠭᠡ ᠬᠠᠷᠢᠭᠤᠴᠠᠯᠭ᠎ᠠ᠄            ᠰᠠᠶᠢᠬᠠᠨ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ ᠶᠢ ᠲᠣᠬᠢᠷᠠᠭᠤᠯᠪᠠ᠄          ︵ᠨᠢᠭᠡ︶ᠲᠣᠭᠤᠷᠢᠭ ᠤᠨ ᠬᠠᠷᠢᠶ᠎ᠠ ᠡᠯ᠎ᠡ ᠨᠢᠭᠡᠴᠡ ᠳᠤ ᠬᠢᠨᠠᠨ ᠪᠤᠳᠤᠬᠤ ᠠᠵᠢᠯ ᠢ ᠥᠷᠨᠢᠭᠦᠯᠦᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠤᠳᠤᠬᠤ ᠬᠠᠤᠯᠢ︾ ᠶᠢ ᠦᠨᠳᠦᠰᠦᠯᠡᠨ᠂ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ ᠰᠠᠯᠠᠭ᠎ᠠ ᠮᠥᠴᠢᠷ ᠤᠨ ᠲᠥᠰᠥᠪ ᠢ ᠬᠡᠷᠡᠭᠵᠢᠭᠦᠯᠦᠭᠰᠡᠨ ᠪᠠᠶᠢᠳᠠᠯ ᠪᠠ ᠲᠥᠰᠥᠪ ᠤᠨ ᠭᠦᠢᠴᠡᠳᠬᠡᠯ ᠤᠨ ᠪᠠᠶᠢᠳᠠᠯ ᠳᠤ ᠬᠢᠨᠠᠨ ᠪᠣᠳᠣᠯᠲᠠ ᠬᠢᠨ᠎ᠡ︔ ᠳᠣᠣᠷᠠᠳᠤ ᠱᠠᠲᠤᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠵᠢᠴᠢ ᠲᠥᠰᠥᠪ ᠤᠨ ᠭᠦᠢᠴᠡᠳᠬᠡᠯ ᠤᠨ ᠪᠠᠶᠢᠳᠠᠯ ᠳᠤ ᠬᠢᠨᠠᠨ ᠪᠣᠳᠣᠯᠲᠠ ᠬᠢᠨ᠎ᠡ︔ ᠲᠣᠭᠤᠷᠢᠭ ᠤᠨ ᠬᠠᠷᠢᠶ᠎ᠠ ᠡᠯ᠎ᠡ ᠨᠢᠭᠡᠴᠢ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠠᠢ᠂ ᠬᠠᠤᠯᠢ ᠳᠤ ᠨᠡᠶᠢᠴᠡᠬᠦ ᠪᠠ ᠦᠷ᠎ᠡ ᠠᠰᠢᠭ ᠲᠤ ᠬᠢᠨᠠᠨ ᠪᠤᠳᠤᠵᠤ ᠬᠢᠨᠠᠯᠲᠠ ᠲᠠᠯᠪᠢᠨ᠎ᠠ︔ ᠨᠡᠶᠢᠭᠡᠮ᠂ ᠠᠷᠠᠳ ᠤᠨ ᠠᠮᠢᠳᠤᠷᠠᠯ ᠵᠡᠷᠭᠡ ᠲᠤᠰᠬᠠᠢ ᠵᠦᠢᠯ ᠤᠨ ᠪᠡᠯᠡ ᠮᠥᠩᠭᠦ ᠳᠤ ᠬᠢᠨᠠᠨ ᠪᠣᠳᠣᠯᠲᠠ ᠬᠢᠨ᠎ᠡ︔ ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠪᠠᠶᠢᠴᠠᠭᠠᠭᠰᠠᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃          ︵ᠬᠤᠶᠠᠷ︶ᠲᠣᠭᠤᠷᠢᠭ ᠤᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠳᠤ ᠣᠨ ᠤ ᠲᠣᠰ ᠱᠠᠲᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠮᠡᠳᠡᠭᠦᠯᠦᠯᠲᠡ ᠳᠤᠷᠠᠳᠤᠨ᠎ᠠ︔ ᠲᠣᠭᠤᠷᠢᠭ ᠤᠨ ᠵᠠᠰᠠᠭ ᠤᠨ ᠣᠷᠳᠣᠨ ᠳᠤ ᠣᠨ ᠤ ᠲᠣᠰ ᠱᠠᠲᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ ᠮᠡᠳᠡᠭᠦᠯᠦᠯᠲᠡ ᠳᠡᠪᠰᠢᠭᠦᠯᠦᠨ᠎ᠡ︔ ᠲᠣᠭᠤᠷᠢᠭ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠣᠰ ᠱᠠᠲᠤᠨ ᠤ ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠠᠵᠢᠯ ᠤᠨ ᠮᠡᠳᠡᠭᠦᠯᠦᠯᠲᠡ᠂ ᠬᠢᠨᠠᠨ ᠪᠣᠳᠣᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠲᠤᠰᠢᠶᠠᠨ᠎ᠠ︔ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠳᠤ ᠪᠤᠰᠤᠳ ᠵᠦᠢᠯᠡᠰ ᠢ ᠬᠢᠨᠠᠨ ᠪᠤᠳᠤᠭᠰᠠᠨ ᠪᠠ ᠲᠤᠰᠬᠠᠢ ᠵᠦᠢᠯ ᠢᠶᠠᠷ ᠬᠢᠨᠠᠨ ᠪᠤᠳᠤᠭᠰᠠᠨ ᠪᠠᠶᠢᠴᠠᠭᠠᠯᠲᠠ ᠶᠢᠨ ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ᠃ ᠬᠢᠨᠠᠨ ᠪᠣᠳᠣᠭᠰᠠᠨ ᠦᠷ᠎ᠡ ᠲᠦᠩ ᠢ ᠨᠡᠶᠢᠭᠡᠮ ᠨᠡᠶᠢᠲᠡ ᠳᠤ ᠬᠠᠤᠯᠢ ᠶᠣᠰᠣᠭᠠᠷ ᠨᠡᠶᠢᠲᠡᠯᠡᠬᠦ ᠬᠡᠷᠡᠭᠲᠡᠢ᠃          ︵ᠭᠤᠷᠪᠠ︶ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠰᠠᠶᠢᠬᠠᠨ ᠲᠣᠭᠤᠷᠢᠭ ᠤᠨ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠬᠢᠨᠠᠨ ᠪᠣᠳᠣᠨ᠎ᠠ᠃          ︵ᠳᠥᠷᠪᠡ︶ ᠰᠠᠯᠠᠭᠠᠨ ᠳᠡᠰ ᠤᠨ ᠨᠠᠮ ᠵᠠᠰᠠᠭ ᠤᠨ ᠤᠳᠤᠷᠢᠳᠬᠤ ᠺᠠᠳ᠋ᠷ᠂ ᠠᠵᠤ ᠠᠬᠤᠶᠢᠯᠠᠯ ᠠᠵᠢᠯ ᠦᠢᠯᠡᠰ ᠤᠨ ᠤᠳᠤᠷᠢᠳᠬᠤ ᠠᠵᠢᠯᠲᠠᠨ ᠵᠢᠴᠢ ᠪᠤᠰᠤᠳ ᠨᠢᠭᠡᠴᠢ ᠶᠢᠨ ᠭᠤᠣᠯ ᠬᠠᠷᠢᠭᠤᠴᠠᠯᠭᠠᠲᠠᠨ ᠳᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠲᠤᠰᠢᠶᠠᠯ ᠠᠴᠠ ᠪᠠᠨ ᠰᠠᠯᠤᠨ᠎ᠠ︶ᠬᠢᠨᠠᠨ ᠪᠣᠳᠣᠯᠲᠠ᠃          ︵ᠲᠠᠪᠤ︶ ᠬᠢᠨᠠᠨ ᠪᠣᠳᠣᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ᠂ ᠬᠢᠨᠠᠨ ᠪᠣᠳᠣᠯᠲᠠ ᠶᠢᠨ ᠪᠠᠶᠢᠴᠠᠭᠠᠨ ᠭᠠᠷᠭᠠᠭᠰᠠᠨ ᠠᠰᠠᠭᠤᠳᠠᠯ ᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢᠨ ᠬᠢᠨᠠᠨ ᠪᠣᠳᠣᠯᠲᠠ ᠶᠢᠨ ᠲᠣᠭᠲᠠᠭᠠᠯ ᠢ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠪᠤᠶᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠠᠰᠤᠯᠤᠨ ᠲᠣᠭᠲᠠᠭᠠᠬᠤ ᠳᠤᠮᠳᠠᠬᠢ ᠬᠤᠯᠪᠣᠭᠳᠠᠯ ᠪᠦᠬᠦᠢ ᠵᠦᠢᠯᠡᠰ ᠢ ᠬᠠᠤᠯᠢ ᠶᠣᠰᠣᠭᠠᠷ ᠰᠢᠢᠳᠪᠦᠷᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠦᠬᠦᠢ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃          ︵ᠵᠢᠷᠭᠤᠭ᠎ᠠ︶ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠵᠤ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃        ︵ᠳᠤᠯᠤᠭ᠎ᠠ︶ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠬᠢᠨᠠᠨ ᠪᠣᠳᠣᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠭᠦᠷᠭᠡ ᠴᠢᠳᠠᠪᠤᠷᠢ ᠪᠠᠨ ᠬᠤᠪᠢᠷᠠᠭᠤᠯᠤᠨ᠂ ᠨᠢᠭᠡᠳᠦᠭᠡᠷ ᠹᠷᠣᠨᠲ ᠤᠨ ᠬᠢᠨᠠᠨ ᠪᠣᠳᠣᠬᠤ ᠬᠦᠴᠦᠨ ᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠳᠣᠲᠣᠭᠠᠳᠤ ᠶᠢᠨ ᠬᠢᠨᠠᠨ ᠪᠣᠳᠣᠬᠤ ᠪᠠ ᠨᠡᠶᠢᠭᠡᠮ ᠤᠨ ᠬᠢᠨᠠᠨ ᠪᠣᠳᠣᠬᠤ ᠬᠦᠴᠦᠨ ᠢ ᠳᠠᠶᠢᠴᠢᠯᠠᠵᠤ᠂ ᠬᠢᠨᠠᠯᠲᠠ ᠲᠠᠯᠪᠢᠬᠤ ᠨᠡᠶᠢᠯᠡᠯ ᠬᠦᠴᠦᠨ ᠢ ᠴᠢᠩᠭᠠᠳᠬᠠᠬᠤ ᠬᠡᠷᠡᠭᠲᠡᠢ᠃          ︵ᠨᠠᠢᠮᠠ︶ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯ ᠦᠭᠡᠢ ᠦᠢᠯᠡᠳᠪᠦᠷᠢᠯᠡᠯ᠂ ᠠᠵᠢᠯ ᠮᠡᠷᠭᠡᠵᠢᠯ ᠤᠨ 3160 ᠡᠷᠡᠭᠦᠯ ᠮᠡᠨᠳᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃          ︵ᠶᠢᠰᠦ︶ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ᠬᠤᠶᠠᠷ᠂ ᠳᠣᠲᠣᠭᠠᠳᠤ ᠶᠢᠨ ᠪᠠᠶᠢᠭᠤᠯᠤᠮᠵᠢ          ︵ᠨᠢᠭᠡ︶ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠦᠵᠡᠯ ᠤᠬᠠᠮᠰᠠᠷ ᠤᠨ ᠬᠡᠯᠪᠡᠷᠢ᠂ ︽ᠭᠤᠷᠪᠠᠨ ᠶᠠᠪᠤᠳᠠᠯ︾ ᠢ ᠢᠯᠡ ᠪᠣᠯᠭᠠᠬᠤ᠂ ᠨᠢᠭᠤᠴᠠ ᠶᠢ ᠬᠠᠮᠠᠭᠠᠯᠠᠬᠤ᠂ ᠲᠠᠩᠰᠠ ᠡᠪᠬᠡᠮᠡᠯ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠡᠳ᠋ ᠤᠨ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠺᠠᠳ᠋ᠷ ᠢ ᠵᠣᠬᠢᠶᠠᠨ ᠪᠠᠶᠢᠭᠤᠯᠤᠨ ᠪᠣᠯᠪᠠᠰᠤᠷᠠᠯ ᠬᠥᠮᠦᠵᠢᠯ ᠳᠤ ᠣᠷᠣᠯᠴᠠᠭᠤᠯᠪᠠ᠃            ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠵᠢᠴᠢ ᠬᠢᠨᠠᠨ ᠪᠤᠳᠤᠬᠤ ᠲᠥᠷᠥᠯ ᠵᠦᠢᠯ ᠤᠨ ᠲᠤᠭ᠎ᠠ ᠪᠠᠷᠢᠮᠲᠠ ᠶᠢ ᠪᠦᠷᠢᠳᠬᠡᠬᠦ ᠪᠠ ᠵᠠᠳᠠᠯᠬᠤ᠂ ᠠᠯᠪᠠᠨ ᠪᠢᠴᠢᠭ ᠲᠤᠭᠤᠷᠪᠢᠬᠤ ᠵᠡᠷᠭᠡ ᠠᠵᠢᠯ ᠢ ᠬᠠᠷᠢᠭᠤᠴᠠᠨ᠎ᠠ᠃ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠬᠠᠷᠢᠭᠤᠴᠠᠵᠤ᠂ ᠬᠢᠨᠠᠨ ᠪᠤᠳᠤᠬᠤ ᠳᠤᠭᠤᠶᠢᠯᠠᠩ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠬᠢᠯᠭ᠎ᠠ ᠪᠠᠲᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃                 ︵ᠬᠤᠶᠠᠷ︶ᠬᠠᠤᠯᠢ ᠲᠣᠭᠲᠠᠭᠠᠯ ᠤᠨ ᠰᠢᠭᠦᠬᠦ ᠲᠠᠰᠤᠭ᠃ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠬᠢᠨᠠᠨ ᠪᠤᠳᠤᠬᠤ ᠳᠤᠮᠳᠠ ᠣᠯᠵᠤ ᠮᠡᠳᠡᠭᠰᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠦᠨᠳᠦ ᠶᠡᠭᠡ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠥᠭᠴᠦ ᠵᠣᠬᠢᠴᠠᠭᠤᠯᠬᠤ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠭᠠᠷᠭᠠᠵᠤ ᠥᠭᠭᠦᠭᠰᠡᠨ ᠬᠢᠨᠠᠨ ᠪᠣᠳᠣᠯᠲᠠ ᠶᠢᠨ ᠪᠢᠴᠢᠭ ᠬᠠᠷ᠎ᠠ ᠵᠡᠷᠭᠡ ᠶᠢ ᠰᠢᠭᠦᠨ ᠰᠢᠢᠳᠪᠦᠷᠢᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠤᠨ ᠰᠢᠨᠵᠢ ᠴᠢᠨᠠᠷ ᠢ ᠲᠣᠭᠲᠠᠭᠠᠬᠤ ᠵᠢᠴᠢ ᠰᠢᠳᠭᠡᠵᠦ ᠲᠣᠷᠭᠠᠬᠤ ᠰᠢᠳᠬᠡᠯ ᠢ ᠰᠢᠭᠦᠨ ᠰᠢᠢᠳᠪᠦᠷᠢᠯᠡᠨ᠎ᠡ᠃ ᠤᠯᠤᠰ ᠤᠨ ᠲᠣᠭᠲᠠᠭᠠᠯ ᠢ ᠵᠥᠷᠢᠴᠡᠨ ᠭᠠᠷᠭᠠᠭᠰᠠᠨ ᠬᠢᠨᠠᠨ ᠪᠣᠳᠣᠬᠤ ᠲᠣᠭᠲᠠᠭᠠᠯ ᠢ ᠵᠠᠯᠠᠷᠠᠭᠤᠯᠬᠤ ᠬᠡᠷᠡᠭᠲᠡᠢ᠃ ᠪᠠᠶᠢᠩᠭᠤ ᠶᠢᠨ ᠬᠢᠨᠠᠨ ᠪᠣᠳᠣᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠤᠨ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠬᠢᠨᠠᠨ ᠪᠣᠳᠣᠬᠤ ᠲᠥᠷᠥᠯ ᠵᠦᠢᠯ ᠤᠨ ᠬᠠᠮᠢᠶᠠᠷᠤᠯᠲᠠ ᠪᠠ ᠠᠳᠠᠯᠢᠳᠬᠠᠨ ᠰᠢᠯᠭᠠᠷᠠᠭᠤᠯᠬᠤ ᠵᠡᠷᠭᠡ ᠳᠦᠷᠢᠮ ᠢ ᠰᠤᠳᠤᠯᠤᠨ ᠲᠣᠭᠲᠠᠭᠠᠵᠤ᠂ ᠰᠢᠭᠦᠬᠦ ᠺᠣᠮᠢᠰ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃            ︵ᠭᠤᠷᠪᠠ︶ ᠶᠡᠷᠦᠩᠬᠡᠶᠢᠯᠡᠭᠰᠡᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠰᠲ᠋ᠣᠺ᠃ ᠲᠣᠭᠤᠷᠢᠭ ᠤᠨ ᠬᠠᠷᠢᠶ᠎ᠠ ᠨᠢᠭᠡᠴᠡ ᠶᠢᠨ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠶᠢ ᠵᠣᠬᠢᠶᠠᠨ ᠪᠠᠶᠢᠭᠤᠯᠤᠨ᠎ᠠ᠂ ᠡᠭᠦᠨ ᠳᠤ  ᠲᠣᠭᠤᠷᠢᠭ ᠤᠨ ᠲᠣᠰ ᠱᠠᠲᠤᠨ ᠤ ᠲᠥᠰᠥᠪ ᠤᠨ ᠬᠡᠷᠡᠭᠵᠢᠭᠦᠯᠦᠯᠲᠡ ᠶᠢᠨ ᠬᠢᠨᠠᠨ ᠪᠣᠳᠣᠯᠲᠠ᠂ ᠳᠣᠣᠷᠠᠳᠤ ᠱᠠᠲᠤᠨ ᠤ ᠡᠳ᠋ ᠤᠨ ᠵᠠᠰᠠᠭ ᠤᠨ ᠲᠥᠰᠥᠪ ᠰᠠᠯᠠᠭ᠎ᠠ ᠮᠥᠴᠢᠷ ᠤᠨ ᠲᠥᠰᠥᠪ ᠪᠠ ᠲᠥᠰᠥᠪ ᠤᠨ ᠭᠦᠢᠴᠡᠳᠬᠡᠯ ᠳᠤ ᠬᠢᠨᠠᠨ ᠪᠣᠳᠣᠯᠲᠠ᠂ ᠪᠤᠰᠤᠳ ᠡᠳ᠋ ᠤᠨ ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠵᠢᠴᠢ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ᠂ ᠲᠠᠷᠢᠶᠠᠯᠠᠩ ᠣᠶ ᠰᠢᠭᠤᠢ ᠮᠠᠯ ᠠᠵᠤ ᠠᠬᠤᠢ᠂ ᠤᠰᠤᠨ ᠠᠰᠢᠭᠯᠠᠯᠲᠠ᠂ ᠶᠠᠳᠠᠭᠤ ᠶᠢ ᠲᠡᠳᠬᠦᠬᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠵᠡᠷᠭᠡ ᠲᠤᠰᠬᠠᠢ ᠵᠦᠢᠯ ᠤᠨ ᠪᠡᠯᠡ ᠮᠥᠩᠭᠦ ᠶᠢᠨ ᠬᠢᠨᠠᠨ ᠪᠣᠳᠣᠯᠲᠠ ᠶᠢ ᠬᠡᠷᠡᠭᠵᠢᠭᠦᠯᠦᠨ᠎ᠡ᠃              ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠣᠨ ᠲᠣᠭᠤᠷᠢᠭ ᠤᠨ ᠬᠤᠯᠪᠣᠭᠳᠠᠯ ᠪᠦᠬᠦᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠨ ᠪᠣᠳᠣᠯᠲᠠ ᠬᠢᠬᠦ ᠶᠢ ᠵᠣᠬᠢᠶᠠᠨ ᠪᠠᠶᠢᠭᠤᠯᠤᠨ᠎ᠠ᠃              ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠭᠤᠣᠯ ᠪᠣᠯᠭᠠᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠴᠢᠬᠤᠯᠠ ᠶᠡᠭᠡ ᠵᠦᠢᠯᠡᠰ ᠵᠢᠴᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠢᠨᠠᠨ ᠪᠣᠳᠣᠯᠲᠠ ᠶᠢ ᠵᠣᠬᠢᠶᠠᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ᠂ ᠵᠢᠭᠡᠯᠡᠯᠭᠡ ᠶᠢᠨ ᠵᠦᠢᠯ ᠢ ᠬᠢᠨᠠᠨ ᠪᠤᠳᠤᠬᠤ ᠠᠵᠢᠯ ᠢ ᠵᠣᠬᠢᠶᠠᠨ᠂ ᠤᠤᠯ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠣᠪᠴᠢᠶ᠎ᠠ ᠶᠢᠨ ᠬᠤᠪᠢᠶᠠᠷᠢᠯᠠᠨ ᠰᠢᠯᠵᠢᠭᠦᠯᠦᠭᠰᠡᠨ ᠴᠢᠬᠤᠯᠠ ᠶᠡᠭᠡ ᠲᠥᠷᠥᠯ ᠵᠦᠢᠯ ᠢ ᠪᠠᠶᠢᠴᠠᠭᠠᠬᠤ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠬᠤᠪᠢᠶᠠᠷᠢᠯᠠᠨ ᠰᠢᠯᠵᠢᠭᠦᠯᠦᠭᠰᠡᠨ ᠲᠥᠰᠥᠪ ᠢ ᠭᠦᠢᠴᠡᠳᠬᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠴᠢᠳᠠᠪᠤᠷᠢ ᠶᠢ ᠭᠦᠢᠴᠡᠳᠬᠡᠬᠦ ᠬᠡᠷᠡᠭᠲᠡᠢ᠃            ︵ᠳᠥᠷᠪᠡ︶ᠠᠵᠤ ᠠᠬᠤᠢ ᠶᠢᠨ ᠬᠠᠷᠢᠭᠤᠴᠠᠯᠭ᠋᠎ᠠ ᠶᠢ ᠬᠢᠨ᠋ᠠᠨ ᠪᠤᠳᠣᠬᠤ ᠠᠯᠪᠠᠨ ᠭᠡᠷ᠃ ᠰᠠᠯᠠᠭᠠᠨ ᠤ ᠲᠡᠰ ᠤᠨ ᠨᠠᠮ ᠵᠠᠰᠠᠭ ᠤᠨ ᠭᠤᠣᠯ ᠤᠳᠤᠷᠢᠳᠬᠤ ᠺᠠᠳ᠋ᠷ᠂ ᠠᠵᠢᠯ ᠦᠢᠯᠡᠰ ᠤᠨ ᠨᠢᠭᠡᠴᠢ ᠶᠢᠨ ᠭᠤᠣᠯ ᠤᠳᠤᠷᠢᠳᠬᠤ ᠬᠥᠮᠥᠰ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠢᠴᠢ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠤᠳᠤᠷᠢᠳᠬᠤ ᠬᠥᠮᠥᠰ ᠤᠨ ᠲᠤᠰᠢᠶᠠᠯ ᠤᠨ ᠬᠤᠭᠤᠴᠠᠭᠠᠨ ᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ ᠵᠣᠬᠢᠶᠠᠨ ᠪᠠᠶᠢᠭᠤᠯᠤᠨ᠎ᠠ᠃ ᠪᠦᠬᠦ ᠲᠣᠭᠤᠷᠢᠭ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠬᠠᠮᠲᠤᠷᠠᠭᠰᠠᠨ ᠬᠤᠷᠠᠯ ᠤᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃            ᠤᠳᠤᠷᠢᠳᠬᠤ ᠺᠠᠳ᠋ᠷ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠲᠤᠰᠢᠶᠠᠯ ᠠᠴᠠ ᠪᠠᠨ ᠰᠠᠯᠬᠤ ︵ᠲᠤᠰᠢᠶᠠᠯ ᠳᠤ ᠲᠣᠮᠢᠯᠠᠬᠤ︶ ᠳᠤ ᠬᠢᠨᠠᠨ ᠪᠤᠳᠤᠬᠤ ᠵᠢᠴᠢ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠨᠤᠲᠤᠭ ᠪᠡᠯᠴᠢᠭᠡᠷ᠂ ᠣᠶ ᠰᠢᠭᠤᠢ᠂ ᠤᠰᠤᠨ ᠤ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠢ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢᠨ ᠪᠠᠶᠢᠳᠠᠯ ᠢ ᠬᠢᠨᠠᠨ ᠪᠤᠳᠤᠬᠤ ᠪᠠ ᠬᠢᠨᠠᠨ ᠪᠤᠳᠤᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃            ᠤᠤᠯ ᠤᠨ ᠡᠳ᠋ ᠤᠨ ᠵᠠᠰᠠᠭ ᠤᠨ ᠲᠣᠪᠴᠢᠶ᠎ᠠ ᠠᠴᠠ ᠬᠤᠪᠢᠶᠠᠷᠢᠯᠠᠨ ᠰᠢᠯᠵᠢᠭᠦᠯᠦᠭᠰᠡᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠺᠠᠳᠷ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃     ︵ᠲᠠᠪᠤ︶ ᠳᠣᠲᠣᠭᠠᠳᠤ ᠶᠢᠨ ᠬᠢᠨᠠᠨ ᠪᠣᠳᠣᠯᠲᠠ ᠶᠢᠨ ᠵᠢᠯᠤᠭᠤᠳᠴᠤ ᠬᠢᠨᠠᠯᠲᠠ ᠲᠠᠯᠪᠢᠬᠤ ᠰᠲ᠋ᠣᠺ᠃  ᠲᠣᠭᠤᠷᠢᠭ ᠤᠨ ᠬᠠᠷᠢᠶ᠎ᠠ ᠡᠯ᠎ᠡ ᠨᠢᠭᠡᠴᠡ ᠶᠢᠨ ᠳᠣᠲᠣᠭᠠᠳᠤ ᠶᠢᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠳᠤ ᠬᠠᠤᠯᠢ ᠶᠣᠰᠣᠭᠠᠷ ᠵᠢᠯᠣᠭᠤᠳᠤᠯᠭ᠎ᠠ ᠪᠠ ᠬᠢᠨᠠᠯᠲᠠ ᠲᠠᠯᠪᠢᠵᠤ᠂ ᠳᠣᠲᠣᠭᠠᠳᠤ ᠶᠢᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠨ ᠪᠠᠶᠢᠴᠠᠭᠠᠵᠤ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠤᠨ ᠥᠷᠨᠢᠯᠲᠡ ᠶᠢ ᠠᠬᠢᠭᠤᠯᠬᠤ ᠬᠡᠷᠡᠭᠲᠡᠢ᠃      ᠠᠵᠢᠯᠯᠠᠬᠤ ᠬᠠᠶ᠋ᠢᠭ᠄ ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ 12 ᠳ᠋ᠤᠭᠠᠷ ᠠᠰᠠᠷ      ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 13᠄ 30 ︱ 17᠄ 00 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471-4212206      ᠬᠠᠷᠢᠭᠤᠴᠠᠯᠭ᠎ᠠ ᠡᠭᠦᠷᠭᠡᠯᠡᠭᠴᠢ᠄ ᠹᠠᠨ ᠸᠧᠨ ᠵᠢᠶᠧ ᠬᠠᠷᠢᠶ᠎ᠠ ᠨᠢᠭᠡᠴᠢ᠄      ︵ᠨᠢᠭᠡ︶ ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠣᠲᠣᠭᠠᠳᠤ ᠶᠢᠨ ᠬᠢᠨᠠᠨ ᠪᠤᠳᠤᠬᠤ ᠲᠥᠪ          ᠰᠠᠶᠢᠬᠠᠨ ᠲᠣᠭᠤᠷᠢᠭ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠯᠪᠠᠨ ᠭᠡᠷ ᠠᠴᠠ ᠰᠠᠶᠢᠬᠠᠨ ᠲᠣᠭᠤᠷᠢᠭ ᠤᠨ ᠳᠣᠲᠣᠭᠠᠳᠤ ᠶᠢᠨ ᠬᠢᠨᠠᠨ ᠪᠤᠳᠤᠬᠤ ᠲᠥᠪ ︵ᠰᠠᠶᠢᠬᠠᠨ ᠲᠣᠭᠤᠷᠢᠭ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠥᠪ︶ ᠢ ᠡᠮᠬᠢᠯᠡᠨ ᠨᠡᠶᠢᠯᠡᠭᠦᠯᠵᠦ ᠵᠣᠬᠢᠶᠠᠨ ᠪᠠᠶᠢᠭᠤᠯᠤᠨ᠎ᠠ᠃ ᠰᠠᠶᠢᠬᠠᠨ ᠲᠣᠭᠤᠷᠢᠭ ᠤᠨ ᠳᠣᠲᠣᠭᠠᠳᠤ ᠶᠢᠨ ᠬᠢᠨᠠᠨ ᠪᠤᠳᠤᠬᠤ ᠲᠥᠪ ᠪᠣᠯ ᠰᠠᠶᠢᠬᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠬᠠᠷᠢᠶᠠᠨ ᠳᠠᠬᠢ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠦᠷᠦᠯ ᠤᠨ ᠠᠵᠢᠯ ᠦᠢᠯᠡᠰ ᠤᠨ ᠨᠢᠭᠡᠴᠡ ᠪᠣᠯᠣᠨ᠎ᠠ᠃ ᠭᠤᠣᠯ ᠡᠭᠦᠷᠭᠡ ᠬᠠᠷᠢᠭᠤᠴᠠᠯᠭ᠎ᠠ᠄      1. ᠪᠥᠬᠦ ᠲᠣᠭᠤᠷᠢᠭ ᠤᠨ ᠳᠣᠲᠣᠭᠠᠳᠤ ᠶᠢᠨ ᠬᠢᠨᠠᠨ ᠪᠤᠳᠤᠬᠤ ᠬᠥᠭᠵᠢᠯᠲᠡ ᠶᠢᠨ ᠰᠤᠳᠤᠯᠭᠠᠨ ᠪᠠ ᠲᠤᠭ᠎ᠠ ᠪᠠᠷᠢᠮᠲᠠ ᠶᠢᠨ ᠪᠦᠷᠢᠳᠬᠡᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠳᠡᠭᠡᠳᠦ ᠱᠠᠲᠤᠨ ᠤ ᠳᠣᠲᠣᠭᠠᠳᠤ ᠶᠢᠨ ᠬᠢᠨᠠᠨ ᠪᠤᠳᠤᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠨ ᠪᠥᠬᠦ ᠲᠣᠭᠤᠷᠢᠭ ᠤᠨ ᠳᠣᠲᠣᠭᠠᠳᠤ ᠶᠢᠨ ᠬᠢᠨᠠᠨ ᠪᠤᠳᠤᠬᠤ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ︔      2. ᠲᠣᠭᠤᠷᠢᠭ ᠤᠨ ᠬᠠᠷᠢᠶ᠎ᠠ ᠡᠯ᠎ᠡ ᠨᠢᠭᠡᠴᠡ ᠶᠢᠨ ᠳᠣᠲᠣᠭᠠᠳᠤ ᠶᠢᠨ ᠬᠢᠨᠠᠨ ᠪᠤᠳᠤᠬᠤ ᠠᠵᠢᠯ ᠳᠤ ᠵᠢᠯᠣᠭᠤᠳᠤᠯᠭ᠎ᠠ ᠬᠢᠵᠦ᠂ ᠳᠣᠲᠣᠭᠠᠳᠤ ᠶᠢᠨ ᠬᠢᠨᠠᠨ ᠪᠤᠳᠤᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠵᠤ᠂ ᠳᠣᠲᠣᠭᠠᠳᠤ ᠶᠢᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠢ ᠪᠠᠶᠢᠴᠠᠭᠠᠬᠤ ᠶᠢᠨ ᠬᠠᠮᠲᠤ ᠳᠡᠮᠵᠢᠬᠦ ᠦᠢᠯᠡᠴᠢᠯᠡᠭᠡ ᠬᠠᠩᠭᠠᠨ᠎ᠠ︔      3. ᠳᠣᠲᠣᠭᠠᠳᠤ ᠶᠢᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠳᠣᠲᠣᠭᠠᠳᠤ ᠶᠢᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠦᠷ᠎ᠡ ᠪᠦᠲᠦᠭᠡᠯ ᠢ ᠤᠬᠠᠭᠤᠯᠵᠤ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠤᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠨ᠎ᠠ︔      4᠂ ᠬᠢᠨᠠᠨ ᠪᠤᠳᠤᠭᠳᠠᠵᠦ ᠪᠠᠶᠢᠭ᠎ᠠ ᠨᠢᠭᠡᠴᠢ ᠶᠢᠨ ᠳᠣᠲᠣᠭᠠᠳᠤ ᠶᠢᠨ ᠬᠢᠨᠠᠨ ᠪᠤᠳᠤᠬᠤ ᠳᠦᠷᠢᠮ ᠲᠡᠭᠦᠯᠳᠡᠷ ᠪᠤᠰᠤ ᠪᠠᠶᠢᠬᠤ ᠪᠠᠶᠢᠳᠠᠯ ᠳᠤ ᠴᠢᠭᠯᠡᠭᠦᠯᠦᠨ᠂ ᠲᠡᠭᠦᠨ ᠳᠤ ᠳᠣᠲᠣᠭᠠᠳᠤ ᠶᠢᠨ ᠬᠢᠨᠠᠨ ᠪᠤᠳᠤᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠴᠢᠩᠭᠠᠳᠬᠠᠬᠤ ᠰᠠᠨᠠᠯ ᠪᠠ ᠰᠠᠨᠠᠭᠤᠯᠭ᠎ᠠ ᠳᠤᠷᠠᠳᠤᠨ᠎ᠠ;      5᠂ ᠳᠣᠲᠣᠭᠠᠳᠤ ᠶᠢᠨ ᠬᠢᠨᠠᠨ ᠪᠤᠳᠤᠬᠤ ᠠᠵᠢᠯᠲᠠᠨ ᠤ ᠴᠣᠬᠢᠯᠲᠠ ᠥᠭᠴᠦ ᠥᠰᠢᠶ᠎ᠡ ᠠᠪᠤᠭᠰᠠᠨ ᠭᠤᠮᠣᠳᠠᠯ ᠲᠣᠭᠠᠴᠢᠯᠲᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠪᠤᠶᠤ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠳᠤ ᠴᠠᠭ ᠲᠤᠬᠠᠢ ᠳᠤᠨᠢ ᠲᠤᠰᠬᠠᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠳᠣᠲᠣᠭᠠᠳᠤ ᠶᠢᠨ ᠬᠢᠨᠠᠨ ᠪᠤᠳᠤᠬᠤ ᠠᠵᠢᠯᠲᠠᠨ ᠤ ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠶᠢ ᠬᠠᠮᠠᠭᠠᠯᠠᠨ᠎ᠠ;      6᠂ ᠳᠣᠲᠣᠭᠠᠳᠤ ᠶᠢᠨ ᠬᠢᠨᠠᠨ ᠪᠤᠳᠤᠬᠤ ᠠᠵᠢᠯᠲᠠᠨ ᠤ ᠬᠥᠮᠦᠵᠢᠯ ᠪᠣᠯᠪᠠᠰᠤᠷᠠᠯ ᠪᠠ ᠰᠢᠯᠭᠠᠯᠲᠠ ᠶᠢᠨ ᠠᠵᠢᠯ ᠢ ᠡᠭᠦᠷᠭᠡᠯᠡᠨ᠎ᠡ;      7.  ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ︔     ᠰᠠᠶᠢᠬᠠᠨ ᠲᠣᠭᠤᠷᠢᠭ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠲᠥᠪ ᠤᠨ ᠫᠠᠶᠢᠰᠠ ᠶᠢ ᠨᠡᠮᠡᠵᠦ ᠡᠯᠭᠦᠬᠦ ᠭᠤᠣᠯ ᠡᠭᠦᠷᠭᠡ ᠬᠠᠷᠢᠭᠤᠴᠠᠯᠭ᠎ᠠ᠄      1. ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠲᠣᠭᠤᠷᠢᠭ ᠤᠨ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ᠂ ᠡᠳ᠋ ᠤᠨ ᠵᠠᠰᠠᠭ ᠤᠨ ᠲᠥᠰᠥᠪ ᠤᠨ ᠠᠵᠢᠯ ᠦᠢᠯᠡᠰ ᠤᠨ ᠨᠢᠭᠡᠴᠡ ᠵᠢᠴᠢ ᠰᠢᠶᠠᠩ ︵ᠵᠡᠭᠡᠯᠢ︶ ᠪᠠᠯᠭᠠᠰᠤᠨ ᠤ ᠭᠤᠣᠯ ᠤᠳᠤᠷᠢᠳᠤᠯᠭ᠎ᠠ ᠶᠢᠨ ᠲᠤᠰᠢᠶᠠᠯ ᠤᠨ ᠬᠤᠭᠤᠴᠠᠭᠠᠨ ᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠢ ᠡᠭᠦᠷᠭᠡᠯᠡᠨ᠎ᠡ︔      2. ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠤᠳᠤᠷᠢᠳᠬᠤ ᠺᠠᠳ᠋ᠷ ᠤᠨ ᠲᠤᠰᠢᠶᠠᠯ  ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠢᠨᠠᠨ ᠪᠣᠳᠣᠯᠲᠠ ᠵᠢᠴᠢ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠨᠤᠲᠤᠭ ᠪᠡᠯᠴᠢᠭᠡᠷ᠂ ᠣᠶ ᠰᠢᠭᠤᠢ᠂ ᠤᠰᠤᠨ ᠤ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢᠨ ᠪᠠᠶᠢᠳᠠᠯ ᠤᠨ ᠬᠢᠨᠠᠨ ᠪᠣᠳᠣᠯᠲᠠ ᠪᠠ ᠬᠢᠨᠠᠨ ᠪᠣᠳᠣᠯᠲᠠ ᠶᠢᠨ ᠪᠠᠶᠢᠴᠠᠭᠠᠯᠲᠠ ᠶᠢ ᠡᠭᠦᠷᠭᠡᠯᠡᠨ᠎ᠡ︔      3. ᠰᠠᠶᠢᠬᠠᠨ ᠲᠣᠭᠤᠷᠢᠭ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠤᠳᠤᠷᠢᠳᠬᠤ ᠳᠤᠭᠤᠶᠢᠯᠠᠩ ᠪᠠ ᠰᠠᠶᠢᠬᠠᠨ ᠲᠣᠭᠤᠷᠢᠭ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ  ᠢ ᠰᠢᠢᠳᠪᠦᠷᠢᠯᠡᠨ᠎ᠡ︔      4. ᠰᠠᠶᠢᠬᠠᠨ ᠲᠣᠭᠤᠷᠢᠭ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠤᠨ ᠳᠦᠷᠢᠮ ᠲᠣᠭᠲᠠᠭᠠᠯ ᠢ ᠲᠤᠭᠤᠷᠪᠢᠨ ᠪᠢᠴᠢᠨ᠎ᠡ︔      5. ᠲᠣᠭᠤᠷᠢᠭ ᠤᠨ ᠬᠠᠷᠢᠶ᠎ᠠ ᠡᠯ᠎ᠡ ᠨᠢᠭᠡᠴᠡ ᠶᠢᠨ ᠤᠳᠤᠷᠢᠳᠬᠤ ᠺᠠᠳ᠋ᠷ ᠵᠢᠴᠢ ᠡᠳ᠋ ᠤᠨ ᠶᠠᠪᠤᠳᠠᠯ ᠤᠨ ᠠᠵᠢᠯᠲᠠᠳ ᠲᠤ ᠡᠳ᠋ ᠤᠨ ᠵᠠᠰᠠᠭ ᠠᠵᠤ ᠠᠬᠤᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ᠂ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ᠎ᠠ︔      6. ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ ᠬᠥᠬᠡᠬᠤᠲᠠ ᠶᠢᠨ ᠰᠠᠶᠢᠬᠠᠨ ᠲᠣᠭᠤᠷᠢᠭ ᠤᠨ ᠳᠣᠲᠣᠭᠠᠳᠤ ᠶᠢᠨ ᠬᠢᠨᠠᠨ ᠪᠤᠳᠤᠬᠤ ᠲᠥᠪ ᠲᠤ ᠳᠣᠲᠣᠭᠠᠳᠤ ᠶᠢᠨ 2 ᠪᠠᠶᠢᠭᠤᠯᠤᠮᠵᠢ ᠭᠠᠷᠭᠠᠪᠠ᠄      1. ᠳᠣᠲᠣᠭᠠᠳᠤ ᠶᠢᠨ ᠬᠢᠨᠠᠨ ᠪᠣᠳᠣᠯᠲᠠ ᠶᠢᠨ ᠵᠢᠯᠤᠭᠤᠳᠬᠤ ᠲᠠᠰᠤᠭ᠄ ᠪᠥᠬᠦ ᠲᠣᠭᠤᠷᠢᠭ ᠤᠨ ᠳᠣᠲᠣᠭᠠᠳᠤ ᠶᠢᠨ ᠬᠢᠨᠠᠨ ᠪᠣᠳᠣᠯᠲᠠ ᠶᠢᠨ ᠬᠥᠭᠵᠢᠯᠲᠡ ᠶᠢᠨ ᠰᠤᠳᠤᠯᠤᠯ ᠪᠠ ᠲᠤᠭ᠎ᠠ ᠪᠠᠷᠢᠮᠲᠠ ᠶᠢᠨ ᠪᠦᠷᠢᠳᠬᠡᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠲᠣᠭᠤᠷᠢᠭ ᠤᠨ ᠬᠠᠷᠢᠶ᠎ᠠ ᠡᠯ᠎ᠡ ᠨᠢᠭᠡᠴᠡ ᠶᠢᠨ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠤᠭᠤᠳᠬᠤ ᠶᠢᠨ ᠬᠠᠮᠲᠤ ᠳᠡᠮᠵᠢᠬᠦ ᠦᠢᠯᠡᠴᠢᠯᠡᠭᠡ ᠬᠠᠩᠭᠠᠵᠤ᠂ ᠳᠣᠲᠣᠭᠠᠳᠤ ᠶᠢᠨ ᠬᠢᠨᠠᠨ ᠪᠤᠳᠤᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠵᠤ᠂ ᠳᠣᠲᠣᠭᠠᠳᠤ ᠶᠢᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠢ ᠪᠠᠶᠢᠴᠠᠭᠠᠨ᠎ᠠ︔ ᠳᠣᠲᠣᠭᠠᠳᠤ ᠶᠢᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠦᠨ᠎ᠡ; ᠳᠣᠲᠣᠭᠠᠳᠤ ᠶᠢᠨ ᠬᠢᠨᠠᠨ ᠪᠤᠳᠤᠬᠤ ᠠᠵᠢᠯᠲᠠᠨ ᠤ ᠬᠥᠮᠦᠵᠢᠯ ᠪᠣᠯᠪᠠᠰᠤᠷᠠᠯ ᠪᠠ ᠰᠢᠯᠭᠠᠯᠲᠠ ᠶᠢᠨ ᠠᠵᠢᠯ ᠢ ᠡᠭᠦᠷᠭᠡᠯᠡᠨ᠎ᠡ; ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      2᠂ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠲᠠᠰᠤᠭ᠃ ᠲᠣᠭᠤᠷᠢᠭ ᠤᠨ ᠬᠢᠨᠠᠨ ᠪᠤᠳᠤᠬᠤ  ᠲᠣᠪᠴᠢᠶ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠲᠣᠭᠤᠷᠢᠭ ᠤᠨ ᠬᠠᠷᠢᠶ᠎ᠠ ᠡᠯ᠎ᠡ ᠨᠢᠭᠡᠴᠡ ᠶᠢᠨ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ  ᠢ ᠡᠭᠦᠷᠭᠡᠯᠡᠨ᠎ᠡ︔ ᠲᠣᠭᠤᠷᠢᠭ ‍ᠤᠨ‌‍ᠬᠢᠨᠠᠨ ᠪᠤᠳᠤᠬᠤ ᠲᠣᠪᠴᠢᠶ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠤᠳᠤᠷᠢᠳᠬᠤ ᠺᠠᠳ᠋ᠷ ᠤᠨ ᠲᠤᠰᠢᠶᠠᠯ  ᠠᠴᠠ ᠪᠠᠨ ᠰᠠᠯᠬᠤ ︵ᠲᠤᠰᠢᠶᠠᠯ ᠳᠤ ᠪᠠᠶᠢᠭ᠎ᠠ︶ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠣᠳᠣᠯᠲᠠ ᠶᠢ ᠡᠭᠦᠷᠭᠡᠯᠡᠨ᠎ᠡ︔ ᠲᠣᠭᠤᠷᠢᠭ ᠤᠨ ᠠᠵᠤ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠤᠳᠤᠬᠤ ᠠᠵᠢᠯ ᠤᠨ ᠤᠳᠤᠷᠢᠳᠬᠤ ᠳᠤᠭᠤᠶᠢᠯᠠᠩ ᠪᠠ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠰᠢᠢᠳᠪᠦᠷᠢᠯᠡᠨ᠎ᠡ︔ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠠᠵᠢᠯ ᠤᠨ ᠳᠦᠷᠢᠮ ᠲᠣᠭᠲᠠᠭᠠᠯ ᠢ ᠲᠤᠭᠤᠷᠪᠢᠨ ᠤᠳᠤᠷᠢᠳᠬᠤ ᠺᠠᠳ᠋ᠷ ᠵᠢᠴᠢ ᠡᠳ᠋ ᠤᠨ ᠶᠠᠪᠤᠳᠠᠯ ᠤᠨ ᠠᠵᠢᠯᠲᠠᠳ ᠲᠤ ᠡᠳ᠋ ᠤᠨ ᠵᠠᠰᠠᠭ ᠠᠵᠤ ᠠᠬᠤᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠬᠥᠮᠦᠵᠢᠯ ᠬᠢᠬᠦ ᠠᠵᠢᠯ ᠢ ᠵᠣᠬᠢᠶᠠᠨ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠠᠵᠢᠯᠯᠠᠬᠤ ᠬᠠᠶ᠋ᠢᠭ᠄ ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ 12 ᠳ᠋ᠤᠭᠠᠷ ᠠᠰᠠᠷ      ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 13᠄ 30 ︱ 17᠄ 00 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471-6539076      ᠬᠠᠷᠢᠭᠤᠴᠠᠯᠭᠠᠲᠠᠨ᠄ ᠶᠦᠨ ᠰᠢᠶᠠ      ︵ᠬᠤᠶᠠᠷ︶ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠣᠯ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠬᠠᠷᠢᠶ᠎ᠠ ᠰᠲ᠋ᠣᠺ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ᠪᠣᠯᠣᠨ᠎ᠠ᠃ ᠭᠤᠣᠯ ᠡᠭᠦᠷᠭᠡ ᠬᠠᠷᠢᠭᠤᠴᠠᠯᠭ᠎ᠠ᠄      1᠂ ᠲᠣᠪᠴᠢᠶᠠᠨ ᠤ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ;      2᠂ ᠲᠣᠪᠴᠢᠶ᠎ᠠ ᠶᠢᠨ ᠪᠠᠶᠢᠭᠤᠯᠭ᠎ᠠ ᠶᠢᠨ ᠠᠵᠢᠯᠯᠠᠬᠤ ᠲᠣᠭᠤᠷᠢᠭ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠠᠷᠢᠮᠵᠢᠶᠠᠵᠢᠭᠤᠯᠬᠤ ᠵᠡᠷᠭᠡ ᠠᠵᠢᠯ ᠢ ᠡᠭᠦᠷᠭᠡᠯᠡᠨ᠎ᠡ;      3᠂ ᠺᠣᠮᠫᠢᠦ᠋ᠲ᠋ᠧᠷ ᠤᠨ ᠮᠡᠷᠭᠡᠵᠢᠯ ᠢ ᠬᠡᠷᠡᠭᠯᠡᠨ ᠬᠢᠨᠠᠨ ᠪᠤᠳᠤᠬᠤ ᠠᠵᠢᠯ ᠳᠤ ᠮᠡᠷᠭᠡᠵᠢᠯ ᠤᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ;      4. ᠪᠥᠬᠦ ᠲᠣᠭᠤᠷᠢᠭ ᠤᠨ ᠬᠢᠨᠠᠨ ᠪᠤᠳᠤᠬᠤ ᠪᠠᠶᠢᠭᠤᠯᠤᠮᠵᠢ ᠶᠢᠨ ᠺᠣᠮᠫᠢᠦ᠋ᠲ᠋ᠧᠷ ᠤᠨ ᠬᠢᠨᠠᠨ ᠪᠤᠳᠤᠬᠤ ᠠᠵᠢᠯᠲᠠᠨ ᠤ ᠪᠣᠯᠪᠠᠰᠤᠷᠠᠭᠤᠯᠤᠯ ᠬᠥᠮᠦᠵᠢᠯ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔      5᠂ ᠲᠣᠪᠴᠢᠶ᠎ᠠ ᠶᠢᠨ ᠪᠠᠶᠢᠭᠤᠯᠭ᠎ᠠ ᠵᠢᠴᠢ ᠬᠢᠨᠠᠨ ᠪᠤᠳᠤᠬᠤ ᠲᠤᠬᠠᠶᠢᠯᠠᠭᠰᠠᠨ ᠠᠵᠢᠯ ᠳᠤ ᠦᠢᠯᠡᠴᠢᠯᠡᠬᠦ ᠪᠤᠰᠤᠳ ᠲᠤᠰᠠᠯᠠᠬᠤ ᠴᠢᠨᠠᠷᠲᠠᠢ ᠠᠵᠢᠯ;      6. ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠠᠵᠢᠯᠯᠠᠬᠤ ᠬᠠᠶ᠋ᠢᠭ᠄ ᠰᠠᠶᠢᠬᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ 12 ᠳ᠋ᠤᠭᠠᠷ ᠠᠰᠠᠷ      ᠠᠵᠢᠯᠯᠠᠬᠤ ᠴᠠᠭ᠄ ᠠᠵᠢᠯᠯᠠᠬᠤ ᠡᠳᠦᠷ 9᠄ 00 ︱ 12᠄ 00 13᠄ 30 ︱ 17᠄ 00 ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0471-4211776      ᠬᠠᠷᠢᠭᠤᠴᠠᠯᠭᠠᠲᠠᠨ᠄ ᠴᠧᠨ ᠵᠢᠶᠠᠨ ᠬᠤᠸᠠ ᠭᠤᠷᠪᠠ᠂ ᠠᠵᠢᠯᠲᠠᠨ ᠤ ᠣᠷᠣᠨ ᠲᠤᠭ᠎ᠠ ᠵᠢᠴᠢ ᠤᠳᠤᠷᠢᠳᠬᠤ ᠲᠤᠰᠢᠶᠠᠯ ᠤᠨ ᠲᠤᠭ᠎ᠠ            ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠪᠠᠶᠢᠭᠤᠯᠭ᠎ᠠ ᠶᠢᠨ 9 ᠵᠠᠰᠠᠭ ᠵᠠᠬᠢᠷᠭᠠᠨ ᠤ ᠣᠷᠣᠨ ᠲᠤᠭ᠎ᠠ ᠪᠣᠯᠣᠨ᠎ᠠ᠃ ᠲᠣᠪᠴᠢᠶᠠᠨ ᠳᠠᠷᠤᠭ᠎ᠠ ︵ᠲᠣᠭᠤᠷᠢᠭ ᠤᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ︶ 1 ᠬᠥᠮᠥᠨ᠂ ᠳᠡᠳ᠋ ᠲᠣᠪᠴᠢᠶᠠᠨ ᠳᠠᠷᠤᠭ᠎ᠠ 2 ᠬᠥᠮᠥᠨ ᠭᠠᠷᠭᠠᠨ᠎ᠠ︔ ᠰᠠᠯᠠᠭᠠᠨ ᠤ ᠲᠠᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠶᠢ 3 ᠨᠡᠷᠡᠰ ︵1 ᠵᠢᠩᠬᠢᠨᠢ 2 ᠳᠡᠳ᠋︶ ᠬᠢᠨᠠᠨ ᠲᠣᠭᠲᠠᠭᠠᠨ᠎ᠠ᠃ ᠰᠠᠶᠢᠬᠠᠨ ᠲᠣᠭᠤᠷᠢᠭ ᠤᠨ ᠳᠣᠲᠣᠭᠠᠳᠤ ᠶᠢᠨ ᠬᠢᠨᠠᠨ ᠪᠤᠳᠤᠬᠤ ᠲᠥᠪ ᠤᠨ ᠠᠵᠢᠯ ᠦᠢᠯᠡᠰ ᠤᠨ ᠣᠷᠣᠨ ᠲᠤᠭ᠎ᠠ ᠳᠤ 6 ᠬᠥᠮᠥᠨ ᠪᠠᠶᠢᠵᠤ᠂ 1 ᠡᠷᠬᠢᠯᠡᠭᠴᠢ ᠲᠣᠬᠢᠷᠠᠭᠤᠯᠤᠨ᠎ᠠ᠃ ᠳᠡᠳ᠋ ᠰᠠᠯᠠᠭ᠎ᠠ ᠶᠢᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 1 ᠨᠡᠷᠡᠰ᠂ ᠰᠲ᠋ᠣᠺ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ ᠶᠢ 2 ᠨᠡᠷᠡᠰ ᠬᠢᠨᠠᠨ ᠲᠣᠭᠲᠠᠭᠠᠨ᠎ᠠ᠃ ᠰᠠᠶᠢᠬᠠᠨ ᠲᠣᠭᠤᠷᠢᠭ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠠᠴᠠ 6 ᠠᠵᠢᠯ ᠦᠢᠯᠡᠰ ᠤᠨ ᠣᠷᠣᠨ ᠲᠤᠭ᠎ᠠ ᠶᠢ ᠬᠢᠨᠠᠨ ᠲᠣᠭᠲᠠᠭᠠᠵᠤ᠂ 1 ᠡᠷᠬᠢᠯᠡᠭᠴᠢ ᠶᠢ ᠲᠣᠬᠢᠷᠠᠭᠤᠯᠤᠨ᠎ᠠ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号