4000 ᠭᠠᠷᠤᠢ ᠠᠵᠢᠯ ᠤᠨ ᠪᠠᠶᠢᠷᠢ ᠬᠠᠩᠭᠠᠭᠰᠠᠨ ᠬᠥᠯᠥᠰᠦᠨ ᠲᠠᠷᠢᠶᠠᠴᠢᠨ ᠳᠤ ᠵᠣᠷᠢᠭᠤᠯᠤᠭᠰᠠᠨ  ᠲᠤᠰᠬᠠᠢ ᠲᠠᠯᠠᠪᠤᠷ ᠠᠵᠢᠯᠲᠠᠨ ᠡᠯᠰᠡᠬᠦ ᠴᠤᠭᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/3/15
     ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠪᠦᠭᠦ ᠣᠷᠣᠨ ᠤ ᠬᠥᠯᠥᠰᠦᠨ ᠲᠠᠷᠢᠶᠠᠴᠢᠳ ᠤᠨ ᠲᠤᠰᠬᠠᠢ  ᠲᠠᠯᠠᠪᠤᠷ ᠠᠵᠢᠯᠲᠠᠨ ᠡᠯᠰᠡᠬᠦ ᠴᠤᠭᠯᠠᠭᠠᠨ ᠭᠦᠭᠡᠬᠤᠲᠠ ᠳᠤ ᠶᠠᠪᠤᠭᠳᠠᠵᠤ᠂ 4000 ᠭᠠᠷᠤᠢ ᠠᠵᠢᠯ ᠤᠨ ᠪᠠᠶᠢᠷᠢ  ᠬᠠᠩᠭᠠᠭᠰᠠᠨ ᠪᠠᠶᠢᠨ᠎ᠠ᠃            ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢ ᠥᠪᠡᠷᠲᠡᠭᠡᠨ ᠵᠠᠰᠠᠬᠤ ᠣᠷᠣᠨ ᠤ ᠠᠵᠢᠯ  ᠣᠯᠭᠤᠯᠲᠠ ᠶᠢᠨ ᠦᠢᠯᠡᠴᠢᠯᠡᠭᠡᠨ ᠤ ᠲᠥᠪ᠂ ᠤᠯᠠᠭᠠᠨᠴᠠᠪ ᠬᠤᠲᠠ ᠶᠢᠨ ᠭᠠᠳᠠᠭᠰᠢ ᠭᠠᠷᠤᠭᠰᠠᠳ ᠤᠨ  ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ  ᠡᠪᠯᠡᠯ ᠠᠴᠠ ᠬᠠᠮᠲᠤᠷᠠᠨ ᠡᠷᠭᠢᠯᠡᠵᠦ᠂ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠳᠤ ᠵᠡᠷᠭᠡᠪᠡᠷ ᠶᠠᠪᠤᠭᠳᠠᠭᠤᠯᠪᠠ᠃ ᠲᠤᠬᠠᠢ ᠶᠢᠨ ᠲᠠᠯᠠᠪᠠᠢ ᠳᠤ 23 ᠠᠵᠤ ᠠᠬᠤᠶᠢᠯᠠᠯ 200 ᠰᠢᠬᠠᠮ ᠠᠵᠢᠯ ᠤᠨ ᠪᠠᠶᠢᠷᠢ ᠬᠠᠩᠭᠠᠵᠠᠢ᠃ ᠰᠦᠯᠵᠢᠶᠡᠨ  ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠡᠭᠦᠯᠡᠨ ᠰᠢᠯᠭᠠᠯᠲᠠ ᠶᠢᠨ  ᠦᠢᠯᠡᠴᠢᠯᠡᠭᠡᠨ ᠤ ᠲᠠᠪᠴᠠᠩ ᠢᠶᠠᠷ ᠳᠡᠮᠵᠢᠨ 100 ᠠᠵᠤ ᠠᠬᠤᠶᠢᠯᠠᠯ 4000 ᠰᠢᠬᠠᠮ ᠠᠵᠢᠯ ᠤᠨ ᠪᠠᠶᠢᠷᠢ  ᠬᠠᠩᠭᠠᠪᠠ᠃ ᠠᠳᠠᠯ ᠠᠬᠤᠢ ᠶᠢᠨ ᠬᠠᠮᠢᠶᠠᠷᠤᠯᠲᠠ ᠶᠢᠨ ᠠᠵᠢᠯᠲᠠᠨ᠂ ᠨᠠᠰᠤᠵᠢᠯ ᠤᠨ ᠠᠰᠠᠷᠠᠮᠵᠢ ᠶᠢᠨ ᠠᠰᠠᠷᠠᠭᠴᠢ᠂  ᠲᠦᠷᠭᠡᠨ ᠬᠦᠷᠭᠡᠭᠴᠢ ᠵᠡᠷᠭᠡ ᠡᠩ ᠤᠨ ᠭᠡᠯᠪᠡᠷᠢ ᠶᠢᠨ ᠠᠵᠢᠯ ᠤᠨ ᠪᠠᠶᠢᠷᠢ ᠪᠠᠶᠢᠬᠤ ᠠᠴᠠ ᠭᠠᠳᠠᠨ᠎ᠠ ᠪᠠᠰᠠ ᠮᠠᠰᠢᠨ ᠰᠡᠯᠪᠢᠨ ᠵᠠᠰᠠᠬᠤ᠂ ᠴᠠᠭᠢᠯᠭᠠᠨ ᠭᠠᠩᠨᠠᠭᠤᠷᠴᠢᠨ᠂ ᠡᠯᠧᠺᠲᠷᠣᠨ ᠬᠤᠳᠠᠯᠳᠤᠭᠠᠨ ᠤ ᠮᠡᠷᠭᠡᠵᠢᠯᠲᠡᠨ ᠵᠡᠷᠭᠡ ᠠᠵᠢᠯ  ᠮᠡᠷᠭᠡᠵᠢᠯ ᠤᠨ ᠤᠷ᠎ᠠ ᠴᠢᠳᠠᠪᠤᠷᠢ ᠶᠢᠨ ᠭᠡᠯᠪᠡᠷᠢ ᠶᠢᠨ ᠠᠵᠢᠯ ᠤᠨ ᠪᠠᠶᠢᠷᠢ ᠪᠠᠶᠢᠵᠤ᠂ ᠠᠳᠠᠯᠢ ᠪᠤᠰᠤ ᠲᠠᠰ  ᠳᠠᠪᠬᠤᠷᠭ᠎ᠠ ᠶᠢᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠬᠠᠩᠭᠠᠪᠠ᠃          ᠤᠯᠠᠭᠠᠨᠴᠠᠪ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ  ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠦᠨ ᠰᠢᠤᠸᠠᠢ ᠶᠠᠨ ᠢᠯᠡᠷᠬᠡᠶᠢᠯᠡᠬᠦ ᠳᠡᠭᠡᠨ᠂ ᠤᠯᠠᠭᠠᠨᠴᠠᠪ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠯ᠎ᠡ ᠲᠥᠷᠥᠯ ᠭᠡᠯᠪᠡᠷᠢ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠥᠷᠨᠢᠭᠦᠯᠵᠦ᠂ ᠰᠤᠷᠪᠤᠯᠵᠢᠯᠠᠬᠤ᠂ ᠪᠠᠶᠢᠴᠠᠭᠠᠨ ᠰᠤᠳᠤᠯᠬᠤ ᠪᠠᠷ ᠳᠠᠮᠵᠢᠭᠤᠯᠤᠨ ᠣᠯᠠᠨ ᠲᠦᠮᠡᠨ ᠤ ᠠᠵᠢᠯ ᠡᠷᠢᠬᠦ ᠱᠠᠭᠠᠷᠳᠠᠯᠭ᠎ᠠ ᠶᠢ  ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠣᠶᠢᠯᠠᠭᠠᠪᠠ᠃ ᠠᠵᠤ ᠠᠬᠤᠶᠢᠯᠠᠯ ᠤᠨ ᠬᠡᠷᠡᠭᠴᠡᠭᠡ ᠪᠠ ᠣᠯᠠᠨ ᠲᠦᠮᠡᠨ ᠤ ᠱᠠᠭᠠᠷᠳᠠᠯᠭ᠎ᠠ ᠶᠢ ᠦᠨᠳᠦᠰᠦᠯᠡᠨ᠂ ᠬᠠᠩᠭᠠᠯᠭ᠎ᠠ ᠬᠡᠷᠡᠭᠴᠡᠭᠡ ᠶᠢᠨ ᠨᠠᠷᠢᠨ ᠲᠠᠩᠰᠠ  ᠭᠠᠷᠭᠠᠵᠤ᠂ ︽ᠪᠡᠶ᠎ᠡ ᠳᠤᠨᠢ ᠲᠣᠬᠢᠷᠠᠭᠤᠯᠤᠨ ᠲᠣᠭᠲᠠᠭᠠᠬᠤ︾᠂ ︽ᠲᠣᠪᠶᠤᠭ ᠮᠠᠶ᠋ᠢᠭ︾ ᠤᠨ ᠠᠵᠢᠯ  ᠣᠯᠭᠤᠯᠲᠠ ᠶᠢ ᠪᠡᠶᠡᠯᠡᠭᠦᠯᠵᠦ᠂ ᠴᠢᠨᠠᠷ ᠰᠠᠶᠢᠲᠠᠢ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ  ᠬᠦᠷᠭᠡᠨ᠂ ᠣᠯᠠᠨ ᠲᠦᠮᠡᠨ ᠤ ᠠᠵᠢᠯ ᠣᠯᠬᠤ ᠦᠢᠯᠡᠰ ᠪᠣᠰᠬᠠᠬᠤ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠵᠢᠯ  ᠣᠯᠭᠤᠯᠲᠠ ᠶᠢ ᠪᠦᠭᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ ᠠᠵᠢᠯᠴᠢᠨ ᠬᠡᠷᠡᠭᠯᠡᠬᠦ ᠶᠢ ᠪᠠᠲᠤᠯᠠᠪᠠ᠃ ᠡᠭᠦᠨ ᠤ  ᠬᠠᠮᠲᠤ᠂ ᠥᠷᠭᠡᠨ ᠣᠯᠠᠨ ᠬᠥᠯᠥᠰᠦᠨ ᠲᠠᠷᠢᠶᠠᠴᠢᠳ ᠤᠨ ᠣᠶᠢᠷ᠎ᠠ ᠬᠠᠪᠢ ᠳᠠᠭᠠᠨ᠂ ᠲᠤᠬᠠᠢ ᠶᠢᠨ ᠭᠠᠵᠠᠷ ᠲᠠᠭᠠᠨ  ᠠᠵᠢᠯ ᠣᠯᠬᠤ ᠳᠤ ᠪᠠᠲᠤᠯᠠᠭ᠎ᠠ ᠬᠠᠩᠭᠠᠵᠤ᠂ ︽ᠭᠠᠳᠠᠭᠰᠢ ᠭᠠᠷᠤᠭᠰᠠᠨ ᠭᠠᠵᠠᠷ︾ ᠪᠠ ︽ᠰᠢᠯᠵᠢᠨ ᠣᠷᠣᠭᠰᠠᠨ  ᠭᠠᠵᠠᠷ︾ ᠤᠨ ᠬᠤᠣᠰ ᠠᠷᠭ᠎ᠠ ᠵᠠᠮ ᠢᠶᠠᠷ ᠠᠵᠢᠯ ᠣᠯᠭᠤᠬᠤ ᠦᠢᠯᠡᠴᠢᠯᠡᠭᠡ ᠬᠠᠩᠭᠠᠪᠠ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号