ᠤᠯᠤᠰ ᠤᠨ ᠬᠤᠪᠢ ᠶᠢᠨ ᠱᠤᠭᠤᠮ ᠢ ᠨᠡᠶᠢᠲᠡᠯᠡᠯ᠎ᠡ
ᠨᠡᠶᠢᠲᠡᠯᠡᠭᠰᠡᠨ ᠴᠠᠭ᠄
2024/3/15
     12 ᠤᠨ ᠡᠳᠦᠷ᠂ ᠰᠤᠷᠭᠠᠨ ᠬᠥᠮᠦᠵᠢᠯ ᠤᠨ ᠶᠠᠮᠤᠨ ︽2024 ᠣᠨ ᠤ ᠪᠦᠭᠦ ᠤᠯᠤᠰ ᠤᠨ ᠠᠰᠫᠢᠷᠠᠨᠲ  ᠡᠯᠰᠡᠬᠦ ᠰᠢᠯᠭᠠᠯᠲᠠ ᠶᠢᠨ ᠬᠤᠶᠠᠳᠠᠭᠢ ᠰᠢᠯᠭᠠᠯᠲᠠ ᠳᠤ ᠣᠷᠣᠬᠤ ᠰᠢᠯᠭᠠᠭᠤᠯᠤᠭᠰᠠᠳ ᠤᠨ ᠠᠩᠬᠠᠨ ᠤ  ᠰᠢᠯᠭᠠᠯᠲᠠ ᠶᠢᠨ ᠬᠢᠷᠢ ᠪᠦᠲᠦᠮᠵᠢ ᠶᠢᠨ ᠦᠨᠳᠦᠰᠦᠨ ᠱᠠᠭᠠᠷᠳᠠᠯᠭ᠎ᠠ︾ ︵ᠤᠯᠤᠰ ᠤᠨ ᠬᠤᠪᠢ ᠶᠢᠨ ᠱᠤᠭᠤᠮ︶ ᠶᠢ  ᠨᠡᠶᠢᠲᠡᠯᠡᠪᠡ᠃ ︽2024 ᠣᠨ ᠤ ᠪᠦᠭᠦ ᠤᠯᠤᠰ ᠤᠨ ᠠᠰᠫᠢᠷᠠᠨᠲ ᠡᠯᠰᠡᠬᠦ ᠠᠵᠢᠯ ᠤᠨ ᠬᠠᠮᠢᠶᠠᠷᠤᠯᠲᠠ ᠶᠢᠨ  ᠲᠣᠭᠲᠠᠭᠠᠯ︾ ᠢ ᠦᠨᠳᠦᠰᠦᠯᠡᠪᠡᠯ᠂ ᠡᠯ᠎ᠡ ᠰᠣᠷᠣᠬᠴᠢ ᠡᠯᠰᠡᠬᠦ ᠨᠢᠭᠡᠴᠢ ᠶᠢᠨ ᠬᠢᠨ ᠤᠯᠤᠰ ᠤᠨ ᠬᠤᠪᠢ ᠶᠢᠨ  ᠱᠤᠭᠤᠮ ᠤᠨ ᠰᠠᠭᠤᠷᠢᠨ ᠳᠡᠭᠡᠷ᠎ᠡ᠂ ᠲᠣᠰ ᠨᠢᠭᠡᠴᠢ ᠶᠢᠨ ᠢᠶᠠᠨ ᠬᠤᠶᠠᠳᠠᠭᠢ ᠰᠢᠯᠭᠠᠯᠲᠠ ᠳᠤ ᠣᠷᠣᠬᠤ  ᠰᠢᠯᠭᠠᠭᠤᠯᠤᠭᠰᠠᠳ ᠤᠨ ᠠᠩᠬᠠᠨ ᠤ ᠰᠢᠯᠭᠠᠯᠲᠠ ᠶᠢᠨ ᠬᠢᠷᠢ ᠪᠦᠲᠦᠮᠵᠢ ᠶᠢᠨ ᠱᠠᠭᠠᠷᠳᠠᠯᠭ᠎ᠠ ᠵᠢᠴᠢ ᠪᠤᠰᠤᠳ ᠡᠷᠳᠡᠮ  ᠰᠢᠨᠵᠢᠯᠡᠭᠡᠨ ᠤ ᠱᠠᠭᠠᠷᠳᠠᠯᠭ᠎ᠠ ᠶᠢ ᠪᠡᠶ᠎ᠡ ᠪᠠᠨ ᠳᠠᠭᠠᠭᠠᠨ ᠲᠣᠭᠲᠠᠭᠠᠵᠤ ᠨᠡᠶᠢᠲᠡᠯᠡᠨ᠎ᠡ᠃  
           2024 ᠣᠨ ᠤ ᠪᠦᠭᠦ ᠤᠯᠤᠰ ᠤᠨ ᠠᠰᠫᠢᠷᠠᠨᠲ ᠡᠯᠰᠡᠬᠦ ︽ᠰᠦᠯᠵᠢᠶᠡᠨ ᠳᠡᠭᠡᠷᠡᠬᠢ ᠲᠣᠬᠢᠷᠠᠭᠤᠯᠤᠯᠲᠠ   ᠶᠢᠨ ᠰᠠᠨᠠᠮᠵᠢ ᠴᠤᠭᠯᠠᠭᠤᠯᠬᠤ ᠰᠢᠰᠲ᠋ᠧᠮ︾ ᠢ 3 ᠰᠠᠷ᠎ᠠ ᠶᠢᠨ 28 ᠤ ᠡᠳᠦᠷ ᠨᠠᠪᠲᠠᠷᠡᠭᠦᠯᠵᠦ᠂ ︽ᠲᠣᠬᠢᠷᠠᠭᠤᠯᠤᠯᠲᠠ  ᠶᠢᠨ ᠦᠢᠯᠡᠴᠢᠯᠡᠭᠡᠨ ᠤ ᠰᠢᠰᠲ᠋ᠧᠮ︾ ᠢ 4 ᠰᠠᠷ᠎ᠠ ᠶᠢᠨ 8 ᠤ ᠡᠳᠦᠷ ᠨᠡᠪᠲᠡᠷᠡᠭᠦᠯᠦᠨ᠎ᠡ᠃ ᠲᠣᠬᠢᠷᠠᠭᠤᠯᠤᠯᠲᠠ ᠬᠢᠬᠦ  ᠬᠦᠰᠡᠯ ᠲᠠᠢ ᠰᠢᠯᠭᠠᠭᠤᠯᠤᠭᠴᠢ ︽ᠳᠤᠮᠳᠠᠳᠤ ᠤᠯᠤᠰ ᠤᠨ ᠠᠰᠫᠢᠷᠠᠨᠲ ᠡᠯᠰᠡᠬᠦ ᠮᠡᠳᠡᠭᠡ ᠵᠠᠩᠭᠢ ᠶᠢᠨ ᠰᠦᠯᠵᠢᠶ᠎ᠡ︾  ᠶᠢ ᠰᠠᠶᠢᠲᠤᠷ ᠠᠩᠬᠠᠷᠴᠤ᠂ ᠲᠤᠬᠠᠢ ᠶᠢᠨ ᠴᠠᠭ ᠲᠤ ᠱᠠᠭᠠᠷᠳᠠᠯᠭ᠎ᠠ ᠶᠣᠰᠣᠭᠠᠷ ᠲᠣᠬᠢᠷᠠᠭᠤᠯᠤᠯᠲᠠ ᠬᠢᠬᠦ  ᠡᠷᠡᠮᠡᠯᠵᠡᠯ ᠢᠶᠠᠨ ᠲᠠᠭᠯᠠᠵᠤ ᠮᠡᠳᠡᠭᠦᠯᠦᠭᠡᠷᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号