ᠠᠩᠬᠠᠷ︕ ᠮᠡᠬᠡᠯᠡᠯ ᠳᠤ ᠬᠤᠯᠪᠣᠭᠳᠠᠭᠰᠠᠨ APP ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/3/15
     ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠮᠡᠬᠡᠯᠡᠯ ᠢ ᠡᠰᠡᠷᠭᠦᠴᠡᠬᠦ ᠲᠤᠰᠬᠠᠢ ᠠᠩᠭᠢ ᠶᠢᠨ ᠬᠢᠨ ᠮᠡᠬᠡᠯᠡᠯ ᠳᠤ ᠬᠤᠯᠪᠣᠭᠳᠠᠭᠰᠠᠨ APP ᠶᠢ ᠨᠡᠶᠢᠲᠡᠯᠡᠪᠡ᠃ ᠬᠠᠤᠯᠢ ᠪᠤᠰᠤ ᠡᠲᠡᠭᠡᠳ ᠡᠯ᠎ᠡ ᠲᠥᠷᠥᠯ ᠤᠨ ᠠᠯᠪᠠᠨ ᠤ ᠲᠠᠯ᠎ᠠ ᠶᠢᠨ ᠢᠯᠡ ᠮᠡᠳᠡᠭᠡ ᠵᠠᠩᠭᠢ ᠶᠢ ᠤᠬᠠᠭᠠᠯᠠᠨ ᠬᠡᠷᠡᠭᠯᠡᠵᠦ᠂ ︽ᠤᠯᠤᠰ ᠠᠴᠠ ᠳᠡᠮᠵᠢᠬᠦ ᠲᠦᠷᠦᠯ ᠵᠦᠢᠯ︾᠂ ︽ᠠᠷᠠᠳ ᠲᠤ ᠠᠰᠢᠭ ᠬᠦᠷᠲᠡᠭᠡᠬᠦ ᠤᠯᠤᠰ ᠤᠨ ᠲᠥᠷᠥ ᠶᠢᠨ ᠪᠣᠳᠣᠯᠭ᠎ᠠ︾ ᠭᠡᠬᠦ ᠨᠡᠷ᠎ᠡ ᠪᠠᠷ ᠬᠥᠮᠥᠨ ᠮᠡᠬᠡᠯᠡᠳᠡᠭ ᠡᠳᠡᠭᠡᠷ APP ᠶᠢ ᠵᠣᠬᠢᠶᠠᠨ ᠭᠠᠷᠭᠠᠵᠠᠢ᠂ ᠡᠭᠦᠨ ᠤ ᠳᠣᠲᠣᠷ᠎ᠠ ᠬᠤᠳᠠᠯ ᠬᠠᠭᠤᠷᠮᠠᠭ ᠪᠡᠯᠡ ᠣᠷᠣᠭᠤᠯᠵᠤ ᠵᠣᠭᠤᠰ ᠡᠷᠭᠢᠯᠳᠦᠭᠦᠯᠬᠦ ᠲᠦᠷᠦᠯ ᠵᠦᠢᠯ ᠪᠠᠶᠢᠵᠤ᠂ ᠥᠨᠳᠥᠷ ᠠᠰᠢᠭ ᠣᠷᠣᠯᠭ᠎ᠠ ᠪᠠᠷ ᠥᠭᠶᠥᠭᠡ ᠪᠣᠯᠭᠠᠨ᠂ ᠦᠨᠡᠨ ᠪᠠᠶᠢᠳᠠᠯ ᠢ ᠮᠡᠳᠡᠬᠦ ᠦᠭᠡᠢ ᠣᠯᠠᠨ ᠲᠦᠮᠡᠨ ᠢ ᠮᠡᠬᠡᠯᠡᠨ APP ᠳᠤ ᠳᠠᠳᠠᠨ ᠣᠷᠣᠭᠤᠯᠵᠤ᠂ ᠡᠭᠦᠨ ᠤ ᠤᠯᠠᠮ ᠢᠶᠠᠷ ᠮᠡᠬᠡᠯᠡᠯ ᠤᠨ ᠠᠵᠢᠯᠯᠠᠭ᠎ᠠ ᠬᠢᠵᠦ ᠪᠠᠶᠢᠨ᠎ᠠ᠃      ᠰᠠᠨᠠᠭᠤᠯᠭ᠎ᠠ      1. ᠮᠡᠬᠡᠯᠡᠯ ᠳᠤ ᠬᠤᠯᠪᠣᠭᠳᠠᠭᠰᠠᠨ APP ᠶᠢᠨ ᠠᠷᠭ᠎ᠠ ᠮᠡᠭᠡ ᠣᠯᠠᠨ ᠪᠠᠶᠢᠳᠠᠭ ᠪᠣᠯᠬᠤᠷ ᠢᠷᠡᠯᠲᠡ ᠨᠢ ᠲᠣᠳᠣᠷᠬᠠᠢ ᠪᠤᠰᠤ ᠬᠤᠯᠪᠣᠭᠠᠰᠤ ᠶᠢ ᠲᠣᠪᠴᠢᠳᠠᠬᠤ ᠦᠭᠡᠢ᠂ ᠥᠯᠥ ᠮᠡᠳᠡᠬᠦ ᠮᠡᠷᠭᠡᠨ ᠴᠣᠬᠤᠷ ᠢ ᠰᠢᠷᠪᠢᠬᠦ ᠦᠭᠡᠢ᠂ ᠲᠠᠨᠢᠯ ᠪᠤᠰᠤ ᠰᠦᠯᠵᠢᠶᠡᠨ ᠤ ᠥᠷᠲᠡᠭᠡ ᠶᠢ ᠦᠵᠡᠬᠦ ᠦᠭᠡᠢ ᠪᠠᠶᠢᠵᠤ᠂ ᠵᠢᠩᠬᠢᠨᠢ ᠠᠷᠭ᠎ᠠ ᠵᠠᠮ ᠢᠶᠠᠷ APP ᠶᠢ ᠪᠠᠭᠤᠯᠭᠠᠨ ᠠᠪᠤᠭᠠᠷᠠᠢ᠃
     2. ᠪᠡᠯᠡ ᠣᠷᠣᠭᠤᠯᠵᠤ ᠵᠣᠭᠤᠰ ᠡᠷᠭᠢᠯᠳᠦᠭᠦᠯᠬᠦ ᠳᠤ ᠵᠥᠪ ᠠᠷᠭ᠎ᠠ ᠵᠠᠮ ᠢ ᠣᠨᠣᠪᠴᠢᠲᠠᠶ ᠣᠯᠵᠤ᠂  ᠡᠬᠢ ᠡᠭᠦᠰᠦᠯ ᠨᠢ ᠲᠣᠳᠣ ᠦᠭᠡᠢ ︽ᠳᠣᠲᠣᠭᠠᠳᠤ ᠶᠢᠨ ᠴᠢᠮᠡᠭᠡ︾᠂ ︽ᠶᠡᠭᠡ ᠬᠡᠮᠵᠢᠶᠡᠨ ᠤ ᠬᠠᠷᠢᠭᠤ ᠬᠠᠷᠠᠮᠵᠢ ᠲᠠᠢ︾᠂ ︽ᠯᠠᠪᠲᠠᠢ ᠬᠤᠨᠵᠢᠵᠤ ᠥᠯᠥ ᠠᠯᠳᠠᠬᠤ︾ ᠪᠡᠯᠡ ᠣᠷᠣᠭᠤᠯᠤᠯᠳᠠ ᠶᠢᠨ ᠵᠠᠷ ᠲᠠᠨᠢᠯᠴᠠᠭᠤᠯᠭ᠎ᠠ ᠶᠢ ᠰᠡᠷᠡᠮᠵᠢᠯᠡᠬᠦ ᠬᠡᠷᠡᠭᠲᠡᠢ᠃ ᠠᠯᠪᠠᠨ ᠤ ᠲᠠᠯ᠎ᠠ ᠶᠢᠨ ᠠᠷᠭ᠎ᠠ ᠵᠠᠮ ᠢᠶᠠᠷ ᠳᠠᠮᠵᠢᠭᠤᠯᠤᠨ ᠠᠷᠠᠳ ᠲᠤ ᠠᠰᠢᠭ ᠬᠦᠷᠲᠡᠭᠡᠬᠦ ᠤᠯᠤᠰ ᠤᠨ ᠲᠥᠷᠥ ᠶᠢᠨ ᠪᠣᠳᠣᠯᠭ᠎ᠠ ᠶᠢᠨ ᠦᠨᠡᠨ ᠪᠣᠳᠠᠲᠠᠢ ᠴᠢᠨᠠᠷ ᠢ ᠨᠤᠲᠠᠯᠠᠬᠤ ᠬᠡᠷᠡᠭᠲᠡᠢ᠃
     3. ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠮᠡᠬᠡᠯᠡᠯ ᠢ ᠡᠰᠡᠷᠭᠦᠴᠡᠬᠦ ᠲᠤᠰᠬᠠᠢ ᠠᠩᠭᠢ  ᠨᠢ ᠲᠤᠰᠬᠠᠢ ᠮᠡᠷᠭᠡᠵᠢᠯ ᠤᠨ ᠠᠷᠭ᠎ᠠ ᠪᠠᠷᠢᠯ ᠢᠶᠠᠷ ᠮᠡᠬᠡᠯᠡᠯ ᠳᠤ ᠬᠤᠯᠪᠣᠭᠳᠠᠭᠰᠠᠨ APP ᠶᠢ ᠢᠯᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠮᠡᠬᠡᠯᠡᠯ ᠢ ᠡᠰᠡᠷᠭᠦᠴᠡᠬᠦ ᠲᠤᠰᠬᠠᠢ ᠠᠩᠭᠢ ᠶᠢᠨ ᠵᠢᠷᠭᠢᠶ᠎ᠡ ᠶᠢᠨ ᠲᠠᠪᠴᠠᠩ ᠳᠠᠬᠢ ᠮᠡᠬᠡᠯᠡᠯ ᠳᠤ ᠬᠤᠯᠪᠣᠭᠳᠠᠭᠰᠠᠨ APP ᠶᠢ ᠢᠯᠡᠴᠢᠯᠡᠬᠦ ᠲᠠᠪᠴᠠᠩ ᠤᠨ ᠲᠤᠰᠬᠠᠢ ᠪᠤᠯᠤᠩ ᠢ ᠢᠯᠡᠭᠦᠬᠡᠨ ᠠᠩᠬᠠᠷᠴᠤ ᠪᠠᠶᠢᠭᠠᠷᠠᠢ︕
     ᠢᠷᠡᠯᠲᠡ᠄ ᠳᠣᠲᠣᠭᠠᠳᠤ ᠶᠢ ᠬᠠᠮᠠᠭᠠᠯᠠᠬᠤ ᠶᠠᠮᠤᠨ ᠤ ᠡᠷᠡᠭᠦᠦ ᠶᠢᠨ ᠲᠠᠩᠨᠠᠯᠲᠠ ᠶᠢᠨ ᠲᠣᠪᠴᠢᠶ᠎ᠠ ᠶᠢᠨ ᠵᠢᠷᠭᠢᠶ᠎ᠡ  ᠶᠢᠨ ᠲᠠᠪᠴᠠᠩ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号