2023 ᠣᠨ ᠳᠤ ᠮᠠᠨ ᠤ ᠣᠷᠣᠨ ᠤ 12315 ᠶᠢᠨ ᠵᠠᠭᠠᠯᠳᠤᠯᠭ᠎ᠠ ᠶᠢ ᠰᠢᠢᠳᠪᠦᠷᠢᠯᠡᠭᠰᠡᠨ ᠨᠣᠷᠮ᠎ᠠ 96.86% ᠳᠤ ᠭᠦᠷᠪᠡ
ᠨᠡᠶᠢᠲᠡᠯᠡᠭᠰᠡᠨ ᠴᠠᠭ᠄
2024/3/15
     3 ᠰᠠᠷ᠎ᠠ ᠶᠢᠨ 12 ᠤᠨ ᠡᠳᠦᠷ᠂ ᠰᠤᠷᠪᠤᠯᠵᠢᠯᠠᠬᠴᠢ ︽3·15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠵᠠᠭᠤᠴᠢᠯᠠᠭᠤᠷ ᠤᠨ ᠮᠡᠳᠡᠭᠡᠯᠡᠯ ᠤᠨ ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠳᠤ ᠪᠦᠭᠦ ᠤᠯᠤᠰ ᠤᠨ 12315 ᠲᠠᠪᠴᠠᠩ ᠮᠠᠨ ᠤ ᠣᠷᠣᠨ ᠤ ᠬᠡᠷᠡᠭᠯᠡᠭᠴᠢᠳ ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠯᠠᠪᠯᠠᠯᠲᠠ ᠶᠢ ᠨᠡᠶᠢᠲᠡ 374817 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 15.12% ᠨᠡᠮᠡᠭᠳᠡᠪᠡ᠃ ᠡᠭᠦᠨ ᠤ ᠳᠣᠲᠣᠷ᠎ᠠ ᠵᠠᠭᠠᠯᠳᠤᠯᠭ᠎ᠠ 142668 ᠬᠤᠪᠢ᠂ ᠢᠯᠡᠴᠢᠯᠡᠨ ᠮᠡᠳᠡᠭᠦᠯᠦᠯᠲᠡ 32501 ᠬᠤᠪᠢ ᠪᠠᠶᠢᠨ᠎ᠠ᠃ ᠣᠲᠣ ᠪᠤᠯᠲᠠᠯ᠎ᠠ᠂ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠨᠢᠭᠡᠨᠲᠡ 169674 ᠬᠤᠪᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠭᠰᠡᠨ ᠨᠣᠷᠮ᠎ᠠ ᠨᠢ 96.86% ᠳᠤ ᠬᠦᠷᠴᠡᠢ᠃          ᠪᠦᠷᠢᠳᠬᠡᠯ ᠢ ᠦᠨᠳᠦᠰᠦᠯᠡᠪᠡᠯ᠂ ᠰᠢᠢᠳᠪᠦᠷᠢᠯᠡᠵᠦ ᠳᠠᠭᠤᠰᠬᠠᠭᠰᠠᠨ ᠶᠡᠷᠦᠩᠬᠡᠢ ᠬᠡᠮᠵᠢᠶ᠎ᠡ ᠨᠢ ᠡᠮᠦᠨ᠎ᠡ ᠭᠤᠷᠪᠠ ᠳᠤ ᠵᠢᠭᠰᠠᠭᠠᠭᠳᠠᠭᠰᠠᠨ ᠭᠠᠵᠠᠷ ᠣᠷᠣᠨ ᠪᠣᠯ ᠭᠦᠭᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ ᠪᠣᠯᠣᠨ᠎ᠠ᠃ ᠭᠥᠯᠢᠶᠡᠨ ᠠᠪᠤᠭᠰᠠᠨ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠳᠣᠲᠣᠷ᠎ᠠ ᠢᠳᠡᠭᠡᠨ᠂ ᠬᠤᠪᠴᠠᠰᠤ ᠬᠤᠨᠠᠷ ᠱᠠᠬᠠᠢ ᠮᠠᠯᠠᠭᠠᠢ᠂ ᠵᠠᠮ ᠬᠠᠷᠢᠯᠴᠠᠭᠠᠨ ᠤ ᠪᠠᠭᠠᠵᠢ᠂ ᠭᠡᠷ ᠤᠨ ᠡᠳ᠋ᠯᠡᠯ ᠬᠡᠷᠡᠭᠰᠡᠯ᠂ ᠴᠢᠮᠡᠭᠡ ᠨᠡᠪᠲᠡᠷᠡᠯᠭᠡ ᠶᠢᠨ ᠦᠢᠯᠡᠳᠬᠦᠨ ᠤ ᠲᠤᠬᠠᠢ ᠵᠠᠭᠠᠯᠳᠤᠯᠭ᠎ᠠ ᠡᠮᠦᠨ᠎ᠡ ᠲᠠᠪᠤ ᠳᠤ ᠣᠷᠣᠵᠠᠢ᠃ ᠭᠤᠣᠯᠳᠠᠭᠤ ᠦᠢᠯᠡᠳᠬᠦᠨ ᠤ ᠶᠠᠰᠤ ᠴᠢᠨᠠᠷ ᠪᠠ ᠦᠨ᠎ᠡ ᠬᠠᠩᠰᠢ᠂ ᠭᠡᠷ᠎ᠡ ᠶᠣᠰᠣᠭᠠᠷ ᠲᠠᠸᠠᠷ ᠬᠠᠩᠭᠠᠭᠰᠠᠨ ᠦᠭᠡᠢ᠂ ᠬᠤᠳᠠᠯᠳᠤᠭᠠᠴᠢᠨ ︽ᠭᠤᠷᠪᠠ ᠶᠢ ᠳᠠᠭᠠᠭᠠᠬᠤ ᠦᠢᠯᠡᠴᠢᠯᠡᠭᠡ︾ ᠶᠢᠨ ᠲᠣᠭᠲᠠᠭᠠᠯ ᠢ ᠭᠦᠢᠴᠡᠳᠬᠡᠭᠰᠡᠨ ᠦᠭᠡᠢ ᠵᠢᠴᠢ ᠪᠣᠷᠣᠯᠠᠭᠤᠯᠤᠭᠰᠠᠨ ᠤ ᠳᠠᠷᠠᠭᠠᠬᠢ ᠬᠠᠷᠢᠭᠤᠴᠠᠯᠭ᠎ᠠ ᠶᠢᠨ ᠮᠠᠷᠭᠤᠯᠳᠤᠭᠠᠨ ᠵᠡᠷᠭᠡ ᠠᠰᠠᠭᠤᠳᠠᠯ ᠢ ᠲᠤᠰᠬᠠᠵᠠᠢ᠃ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠳᠣᠲᠣᠷ᠎ᠠ ᠪᠣᠷᠤᠯᠠᠭᠤᠯᠭ᠎ᠠ᠂ ᠬᠤᠭᠤᠯᠠ ᠤᠮᠳᠠ ᠪᠠ ᠬᠤᠨᠤᠭ ᠪᠠᠭᠤᠳᠠᠯ᠂ ᠰᠤᠷᠭᠠᠨ ᠬᠥᠮᠦᠵᠢᠯ ᠪᠣᠯᠪᠠᠰᠤᠷᠠᠯ᠂ ᠵᠢᠰᠦ ᠭᠤᠶᠣᠯᠠᠵᠤ ᠦᠰᠦ ᠵᠠᠰᠠᠬᠤ ᠤᠬᠢᠶᠠᠯᠭ᠎ᠠ᠂ ᠰᠣᠶᠣᠯ ᠴᠡᠩᠭᠡᠯ ᠪᠡᠶ᠎ᠡ ᠶᠢᠨ ᠲᠠᠮᠢᠷ ᠤᠨ ᠲᠤᠬᠠᠢ ᠵᠠᠭᠠᠯᠳᠤᠯᠭ᠎ᠠ ᠡᠮᠦᠨ᠎ᠡ ᠲᠠᠪᠤ ᠳᠤ ᠣᠷᠣᠵᠠᠢ᠃ ᠭᠤᠣᠯ ᠠᠰᠠᠭᠤᠳᠠᠯ ᠨᠢ ᠡᠵᠡᠩᠨᠡᠭᠴᠢ ᠦᠢᠯᠡᠴᠢᠯᠡᠭᠡᠨ ᠤ ᠠᠭᠤᠯᠭ᠎ᠠ ᠪᠠ ᠲᠠᠯᠠᠪᠤᠷ ᠵᠡᠷᠭᠡ ᠭᠡᠷ᠎ᠡ ᠳᠤ ᠲᠣᠭᠲᠠᠭᠰᠠᠨ ᠵᠦᠢᠯ ᠢᠶᠠᠨ ᠳᠤᠷ᠎ᠠ ᠪᠠᠷ ᠢᠶᠠᠨ ᠬᠤᠪᠢᠷᠠᠭᠤᠯᠬᠤ᠂ ᠡᠵᠡᠩᠨᠡᠭᠴᠢ ᠠᠵᠢᠯ ᠢᠶᠠᠨ ᠵᠣᠭᠰᠣᠭᠰᠠᠨ ᠤ ᠳᠠᠷᠠᠭ᠎ᠠ ᠤᠷᠢᠳᠴᠢᠯᠠᠨ ᠥᠭᠭᠦᠭᠰᠡᠨ ᠵᠣᠭᠤᠰ ᠢ ᠪᠤᠴᠠᠭᠠᠬᠤ ᠡᠭᠦᠷᠭᠡ ᠠᠴᠠ ᠵᠠᠶᠢᠯᠠᠬᠤ ᠵᠡᠷᠭᠡ ᠪᠣᠯᠣᠨ᠎ᠠ᠃            ᠭᠥᠯᠢᠶᠡᠨ ᠠᠪᠤᠭᠰᠠᠨ ᠪᠤᠶ ᠪᠦᠬᠦᠢ ᠢᠯᠡᠴᠢᠯᠡᠨ ᠮᠡᠳᠡᠭᠦᠯᠦᠯᠲᠡ ᠳᠤ᠂ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠦᠢᠯᠡ ᠠᠵᠢᠯᠯᠠᠭ᠎ᠠ᠂ ᠵᠦᠢ ᠪᠤᠰᠤ ᠥᠷᠢᠰᠦᠯᠳᠦᠭᠡᠨ᠂ ᠦᠢᠯᠡᠳᠬᠦᠨ ᠤ ᠶᠠᠰᠤ ᠴᠢᠨᠠᠷ᠂ ᠬᠡᠮᠵᠢᠯᠲᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠡᠷᠭᠡ ᠠᠰᠠᠭᠤᠳᠠᠯ ᠨᠡᠯᠢᠶᠡᠳ ᠲᠣᠪᠣᠶᠢᠮ᠎ᠠ ᠪᠠᠶᠢᠨ᠎ᠠ᠃            ᠮᠠᠨ ᠤ ᠣᠷᠣᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠬᠦᠴᠦᠯᠡᠨ ᠪᠤᠶ ᠪᠤᠯᠭᠠᠵᠤ᠂ ᠬᠤᠲᠠ  ᠶᠢᠨ ᠠᠷᠠᠳ ᠤᠨ ᠬᠡᠷᠡᠭᠯᠡᠭᠡᠨ ᠤ ᠢᠲᠡᠭᠡᠯ ᠢ ᠲᠠᠰᠤᠷᠠᠯᠲᠠ ᠦᠭᠡᠢ ᠨᠡᠮᠡᠭᠳᠡᠭᠦᠯᠦᠭᠰᠡᠭᠡᠷ ᠢᠷᠡᠵᠡᠶ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠳᠦᠷᠦ ᠶᠢᠨ ᠪᠣᠳᠣᠯᠭ᠎ᠠ᠂ ᠬᠠᠤᠯᠢ ᠳᠦᠷᠢᠮ᠂ ᠬᠠᠤᠯᠢ ᠴᠠᠭᠠᠵᠠ᠂ ᠪᠠᠷᠢᠮᠵᠢᠶ᠎ᠠ᠂ ᠶᠠᠷᠢᠶ᠎ᠠ ᠬᠡᠯᠡᠯᠴᠡᠭᠡ ᠵᠡᠷᠭᠡ ᠤᠯᠠᠨ ᠳᠡᠰ ᠳᠠᠪᠬᠤᠷᠭ᠎ᠠ᠂ ᠤᠯᠠᠨ ᠬᠦᠷᠢᠶ᠎ᠡ᠂ ᠪᠦᠭᠦ ᠲᠠᠯ᠎ᠠ ᠪᠠᠷ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠥᠮᠥᠨ ᠪᠦᠭᠦᠨ ᠬᠠᠷᠢᠭᠤᠴᠠᠯᠭ᠎ᠠ ᠲᠠᠢ᠂ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠮᠥᠨ ᠪᠦᠭᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠠᠰᠤᠷᠠᠯᠳᠠ ᠦᠭᠡᠢ ᠨᠡᠮᠡᠭᠳᠡᠭᠦᠯᠦᠨ᠎ᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号