ᠨᠣᠭᠤᠭᠠᠷᠠᠭᠤᠯᠤᠯᠲᠠ ᠪᠠᠷ ᠨᠡᠯᠦᠭᠡᠷ ᠡᠯᠡᠰᠦ ᠶᠢ ᠨᠣᠭᠲᠣᠯᠠᠪᠠ
ᠨᠡᠶᠢᠲᠡᠯᠡᠭᠰᠡᠨ ᠴᠠᠭ᠄
2024/3/15
     ᠬᠠᠪᠤᠷ ᠤᠨ ᠡᠬᠢ ᠪᠠᠷ᠂ ᠬᠤᠷᠠᠭᠰᠠᠨ ᠴᠠᠰᠤ ᠬᠥᠬᠡ ᠠᠭᠤᠯᠠᠰ ᠥᠩᠭᠡ ᠢᠯᠭᠠᠷᠠᠨ ᠪᠠᠭᠠᠷᠢᠨ ᠨᠤᠲᠤᠭ ᠢ ᠣᠨᠴᠠ ᠶᠢᠨ ᠭᠤᠶᠢᠳᠠ ᠪᠣᠯᠭᠠᠵᠠᠢ᠃      ᠮᠠᠰᠢᠨ ᠲᠡᠷᠭᠡ ᠪᠠᠷ ᠤᠯᠠᠭᠠᠨᠬᠠᠳᠠ ᠬᠤᠳᠠ ᠶᠢᠨ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤ ᠠᠴᠠ ᠪᠠᠷᠠᠭᠤᠨᠰᠢ ᠳᠣᠪᠲᠤᠯᠤᠭᠠᠳ ᠤᠳᠠᠯ ᠦᠭᠡᠢ ᠳ᠋ᠠᠪᠠᠨ ᠪᠠᠯᠭᠠᠰᠤ ᠶᠢᠨ ᠬᠤᠷᠤᠭᠠᠴᠢᠨ ᠭᠠᠴᠠᠭ᠎ᠠ ᠶᠢᠨ ᠲᠦᠮᠡᠨ ᠮᠦ ᠶᠢᠨ ᠡᠯᠡᠰᠦᠨ ᠤ ᠬᠠᠯᠬᠠᠪᠴᠢ ᠶᠢᠨ ᠣᠷᠣᠨ ᠳᠤ ᠭᠦᠷᠪᠡ᠃ ︽30 ᠵᠢᠯ ᠤᠨ ᠲᠤᠷᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠢᠶᠠᠷ ᠡᠳᠦᠭᠡ ᠬᠤᠷᠤᠭᠠᠴᠢᠨ ᠤ ᠡᠯᠡᠰᠦᠷᠬᠡᠭ ᠭᠠᠵᠠᠷ ᠨᠢᠭᠡᠨᠲᠡ ᠪᠠᠶᠠᠨ ᠪᠦᠷᠢᠳᠦ ᠪᠣᠯᠤᠭᠰᠠᠨ ᠰᠢᠤ︾ ᠭᠡᠵᠦ ᠤᠤᠯ ᠤᠨ ᠪᠠᠶ᠋ᠬᠠᠷᠳᠡᠨᠢ ᠰᠤᠮᠤ ᠶᠢᠨ ᠳᠡᠳ᠋ ᠳᠠᠷᠤᠭ᠎ᠠ ᠪᠤᠶᠠᠨ ᠬᠡᠯᠡᠨ᠎ᠡ᠃      ᠣᠭᠲᠠᠷᠭᠤᠢ ᠠᠴᠠ ᠥᠩᠭᠡᠶᠢᠨ ᠬᠠᠷᠠᠪᠠᠯ ᠪᠠᠭᠠᠷᠢᠨ ᠪᠠᠷᠠᠭᠤᠨ ᠬᠤᠰᠢᠭᠤᠨ ᠤ 1ᠲᠦᠮᠡ ᠭᠠᠷᠤᠢ ᠲᠡᠭᠰᠢ ᠳᠥᠷᠪᠡᠯᠵᠢᠨ ᠺᠢᠯᠣᠮᠧᠲᠷ ᠪᠦᠬᠦᠢ ᠥᠩ ᠰᠢᠮᠡᠯᠢᠭ ᠨᠤᠲᠤᠭ ᠳᠡᠪᠢᠰᠬᠡᠷ ᠬᠤᠣᠰ ᠵᠢᠭᠦᠷ ᠢᠶᠠᠨ ᠳᠡᠯᠭᠡᠭᠰᠡᠨ ᠡᠷᠪᠡᠬᠡᠢ ᠰᠢᠭ ᠬᠡᠯᠪᠡᠷᠢᠲᠡᠢ ᠠᠵᠠᠢ᠃ ᠡᠯᠡᠰᠦ ᠶᠢ ᠵᠠᠰᠠᠬᠤ ᠨᠢᠭᠡᠨ ᠶᠡᠭᠡ ᠡᠭᠦᠳᠦᠯᠲᠡ ᠪᠣᠯᠤᠭᠰᠠᠨ ᠤ ᠬᠤᠪᠢ ᠳᠤ ︽ᠲᠤᠤᠷᠴᠢᠯᠠᠬᠰᠠᠨ ᠡᠯᠡᠰᠦᠨ ᠤ ᠬᠠᠯᠬᠠᠪᠴᠢ ᠪᠠᠷ ᠡᠯᠡᠰᠦ ᠶᠢ ᠲᠣᠭᠲᠠᠪᠤᠷᠢᠵᠢᠭᠤᠯᠬᠤ ᠠᠷᠭ᠎ᠠ︾ ᠨᠢ ᠪᠠᠭᠠᠷᠢᠨ ᠪᠠᠷᠠᠭᠤᠨ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠨᠡᠯᠦᠭᠡᠷ ᠡᠯᠡᠰᠦ ᠶᠢ ᠨᠣᠭᠲᠣᠯᠠᠭᠰᠠᠨ ᠤᠶᠤᠨ ᠤᠬᠠᠭᠠᠨ ᠪᠠ ᠰᠥᠰᠥ ᠵᠣᠷᠢᠭ ᠢ ᠬᠠᠷᠠᠭᠤᠯᠤᠨ᠎ᠠ᠃      ︽ᠨᠡᠯᠦᠭᠡᠷ ᠡᠯᠡᠰᠦ ᠦᠷᠭᠦᠯᠵᠢᠯᠡᠵᠦ᠂ ᠡᠯᠡᠰᠦᠨ ᠰᠢᠭᠤᠷᠭ᠎ᠠ ᠬᠤᠶᠢᠯᠠᠷᠠᠨ᠂ ᠵᠠᠰᠠᠮᠠᠯ ᠵᠠᠮ ᠡᠯᠡᠰᠦᠨ ᠳᠤ ᠳᠠᠷᠤᠭᠳᠠᠭᠠᠳ ᠬᠥᠮᠥᠨ ᠤ ᠪᠠᠷ᠎ᠠ ᠴᠥᠭᠡᠨ︾᠃ ᠡᠨᠡ ᠪᠣᠯ 20 ᠳ᠋ᠤᠭᠠᠷ ᠵᠠᠭᠤᠨ ᠤ ᠶᠡᠷᠡᠭᠡᠳ ᠣᠨ ᠤ ᠡᠬᠢᠨ ᠤ ᠦᠶ᠎ᠡ  ᠶᠢᠨ ᠪᠠᠭᠠᠷᠢᠨ ᠪᠠᠷᠠᠭᠤᠨ ᠬᠤᠰᠢᠭᠤᠨ ᠤ ᠬᠤᠷᠤᠭᠠᠴᠢᠨ ᠤ ᠡᠯᠡᠰᠦᠷᠬᠡᠭ ᠭᠠᠵᠠᠷ ᠤᠨ ᠣᠶᠢᠷ᠎ᠠ ᠣᠷᠴᠢᠮ ᠤᠨ ᠮᠠᠯᠴᠢᠳ  ᠤᠨ ᠠᠮᠢᠳᠤᠷᠠᠯ ᠤᠨ ᠦᠨᠡᠨ ᠪᠣᠳᠠᠲᠠᠢ ᠵᠢᠷᠤᠭᠯᠠᠯ ᠪᠣᠯᠣᠨ᠎ᠠ᠃ ᠲᠤᠬᠠᠢ ᠶᠢᠨ ᠦᠶ᠎ᠡ ᠳᠤ᠂ ᠪᠦᠭᠦ ᠬᠤᠰᠢᠭᠤᠨ ᠤ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠶ 402.76 ᠲᠦᠮᠡᠨ ᠮᠦ ᠬᠦᠷᠴᠦ᠂ ᠪᠦᠭᠦ ᠬᠤᠰᠢᠭᠤᠨ ᠤ ᠨᠤᠲᠤᠭ ᠳᠡᠪᠢᠰᠬᠡᠷ ᠤᠨ 26% ᠶᠢ ᠡᠵᠡᠯᠡᠨ᠂ ᠡᠯᠡᠰᠦᠷᠬᠡᠭ ᠣᠷᠣᠨ ᠤ ᠬᠥᠮᠥᠰ ᠰᠠᠯᠬᠢ ᠡᠯᠡᠰᠦᠨ ᠤ ᠭᠠᠢ ᠭᠠᠮᠰᠢᠭ ᠢ ᠬᠠᠨᠲᠠᠯ᠎ᠠ ᠠᠮᠰᠠᠵᠤ ᠪᠠᠶᠢᠯ᠎ᠠ᠃      ᠡᠯᠡᠰᠦᠷᠬᠡᠭ ᠭᠠᠵᠠᠷ ᠢ ᠡᠷᠬᠡᠪᠰᠢ ᠵᠠᠰᠠᠬᠤ ᠬᠡᠷᠡᠭᠲᠡᠢ᠃ ᠶᠠᠭᠠᠬᠢᠵᠤ ᠵᠠᠰᠠᠬᠤ ᠪᠤᠢ︖ 20 ᠳ᠋ᠤᠭᠠᠷ ᠵᠠᠭᠤᠨ ᠤ ᠶᠡᠷᠡᠭᠡᠳ ᠣᠨ ᠳᠤ᠂ ᠪᠠᠭᠠᠷᠢᠨ ᠪᠠᠷᠠᠭᠤᠨ ᠬᠤᠰᠢᠭᠤ ︽ᠲᠤᠤᠷᠴᠢᠯᠠᠬᠰᠠᠨ ᠡᠯᠡᠰᠦᠨ ᠤ ᠬᠠᠯᠬᠠᠪᠴᠢ ᠪᠠᠷ ᠡᠯᠡᠰᠦ ᠶᠢ ᠲᠣᠭᠲᠠᠪᠤᠷᠢᠵᠢᠭᠤᠯᠬᠤ︾ ᠵᠠᠭᠪᠤᠷ ᠢ ᠬᠠᠮᠤᠭ ᠤᠨ ᠠᠩᠬ᠎ᠠ ᠡᠭᠦᠳᠴᠦ᠂ ︽ᠨᠡᠯᠦᠭᠡᠷ ᠡᠯᠡᠰᠦ ᠶᠢ ᠨᠣᠭᠲᠣᠯᠠᠨ︾᠂ ᠪᠦᠭᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠡᠷᠬᠢᠮ ᠨᠠᠨᠳᠢᠨ ᠦᠢᠯᠡᠳᠦᠯᠭᠡ ᠶᠢᠨ ᠲᠤᠷᠰᠢᠯᠭ᠎ᠠ ᠬᠠᠩᠭᠠᠭᠰᠠᠨ ᠪᠠᠶᠢᠨ᠎ᠠ᠃      1993 ᠣᠨ ᠤ ᠨᠠᠮᠤᠷ᠂ ᠤᠤᠯ ᠤᠨ ᠪᠠᠶ᠋ᠬᠠᠷᠳᠡᠨᠢ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠭᠦ ᠰᠤᠮᠤᠨ ᠤ ᠦᠨᠳᠦᠰᠦᠲᠡᠨ ᠨᠦᠭᠦᠳ ᠤᠨ 5000 ᠭᠠᠷᠤᠢ  ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠷᠵᠡ ᠡᠷᠭᠢᠭᠦᠯᠦᠨ᠂ ᠴᠢᠬᠢ ᠮᠣᠳᠣ ᠡᠭᠦᠷᠴᠦ᠂ ᠬᠤᠷᠤᠭᠠᠴᠢᠨ ᠤ ᠡᠯᠡᠰᠦᠷᠬᠡᠭ ᠭᠠᠵᠠᠷ ᠲᠤ ᠲᠠᠶᠢᠨ ᠵᠠᠷᠯᠠᠪᠠ᠃ ᠡᠯᠡᠰᠦᠷᠬᠡᠭ ᠭᠠᠵᠠᠷ ᠲᠤ ︽ᠰᠢᠭᠤᠳ ᠴᠢᠬᠢ ᠮᠣᠳᠣ ᠳᠠᠷᠢᠬᠤ︾ ᠪᠠ ︽ᠡᠯᠡᠰᠦᠨ ᠬᠠᠯᠬᠠᠪᠴᠢ ᠪᠠᠷ ᠡᠯᠡᠰᠦ  ᠶᠢ ᠲᠣᠭᠲᠠᠪᠤᠷᠢᠵᠢᠭᠤᠯᠬᠤ︾ ᠠᠷᠭ᠎ᠠ ᠪᠠᠷ ᠡᠯᠡᠰᠦ ᠶᠢ ᠵᠠᠰᠠᠬᠤ ᠳᠤ ᠬᠦᠴᠢᠷᠳᠡᠯ  ᠲᠤᠯᠭᠠᠷᠠᠵᠤ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ ᠨᠢ 40% ᠬᠦᠷᠬᠦ ᠦᠭᠡᠢ ᠪᠠᠶᠢᠭᠰᠠᠨ ᠪᠠᠶᠢᠳᠠᠯ ᠳᠣᠣᠷ᠎ᠠ᠂ ᠤᠤᠯ ᠤᠨ ᠪᠠᠶ᠋ᠬᠠᠷᠳᠡᠨᠢ ᠰᠤᠮᠤ  ᠶᠢᠨ ᠣᠶ ᠰᠢᠭᠤᠢ ᠶᠢᠨ ᠠᠵᠢᠯ ᠤᠨ ᠥᠷᠲᠡᠭᠡ ᠠᠴᠠ ᠡᠯᠡᠰᠦᠨ ᠬᠠᠯᠬᠠᠪᠴᠢ ᠶᠢ ᠬᠠᠷᠢᠯᠴᠠᠨ ᠬᠤᠯᠪᠣᠭᠰᠠᠨ ︽ᠲᠤᠤᠷᠴᠢᠯᠠᠬᠰᠠᠨ ᠡᠯᠡᠰᠦᠨ ᠬᠠᠯᠬᠠᠪᠴᠢ ᠪᠠᠷ ᠡᠯᠡᠰᠦ ᠶᠢ ᠲᠣᠭᠲᠠᠪᠤᠷᠢᠵᠢᠭᠤᠯᠬᠤ ᠠᠷᠭ᠎ᠠ︾ ᠶᠢ ᠳᠤᠷᠠᠳᠤᠨ ᠭᠠᠷᠭᠠᠪᠠ᠂ ᠲᠤᠬᠠᠶᠢᠯᠠᠪᠠᠯ 1 ᠮᠧᠲᠷ ᠠᠴᠠ ᠳᠡᠭᠡᠭᠰᠢ ᠣᠷᠳᠣ ᠪᠤᠷᠭᠠᠰᠤ᠂ ᠬᠠᠷᠭᠠᠨ᠎ᠠ ᠪᠠ ᠤᠯᠢᠶᠠᠰᠤᠨ ᠮᠣᠳᠣᠨ ᠤ ᠰᠠᠯᠠᠭ᠎ᠠ ᠨᠠᠮᠠᠭ᠎ᠠ ᠵᠡᠷᠭᠡ ᠶᠢ ᠬᠡᠷᠡᠭᠯᠡᠨ᠂ ᠴᠢᠬᠢ ᠮᠣᠳᠣᠨ ᠤ ᠣᠶᠢᠷ᠎ᠠ ᠬᠠᠪᠢ ᠪᠠᠷ ᠣᠷᠳᠣ ᠥᠷᠭᠡᠨ ᠨᠢ ᠲᠣᠰ ᠪᠦᠷᠢ 4 ᠮᠧᠲᠷ  ᠤᠨ ᠲᠡᠭᠰᠢ ᠳᠥᠷᠪᠡᠯᠵᠢᠨ ᠡᠯᠡᠰᠦᠨ ᠬᠠᠯᠬᠠᠪᠴᠢ ᠪᠣᠰᠬᠠᠨ᠎ᠠ᠃      ᠲᠤᠤᠷᠴᠢᠯᠠᠬᠰᠠᠨ ᠡᠯᠡᠰᠦᠨ ᠬᠠᠯᠬᠠᠪᠴᠢ ᠨᠢ ᠰᠠᠯᠬᠢ ᠡᠯᠡᠰᠦ ᠶᠢᠨ ᠴᠢᠬᠢ ᠮᠣᠳᠣᠨ ᠳᠤ ᠦᠵᠡᠭᠦᠯᠭᠦ ᠳᠠᠭᠠᠷᠢᠯᠲᠠ ᠶᠢ ᠪᠦᠲᠦᠮᠵᠢᠲᠡᠶ ᠬᠤᠷᠢᠭᠯᠠᠵᠤ᠂ 1995 ᠣᠨ ᠪᠤᠯᠬᠤ ᠳᠤ ᠬᠤᠷᠤᠭᠠᠴᠢᠨ ᠤ ᠡᠯᠡᠰᠦᠷᠬᠡᠭ ᠭᠠᠵᠠᠷ ᠤᠨ ᠴᠢᠬᠢ ᠮᠣᠳᠣᠨ ᠤ ᠡᠳᠡᠭᠡᠷᠡᠯᠲᠡ ᠶᠢᠨ ᠨᠣᠷᠮ᠎ᠠ 90% ᠶᠢ ᠳᠠᠪᠠᠵᠤ᠂ ᠡᠯᠡᠰᠦᠨ ᠬᠠᠯᠬᠠᠪᠴᠢ ᠳᠣᠲᠣᠷᠠᠬᠢ ᠪᠤᠷᠭᠠᠰᠤ ᠬᠠᠷᠭᠠᠨ᠎ᠠ ᠵᠡᠷᠭᠡ ᠨᠢ ᠪᠦᠭᠦᠨ ᠢᠶᠠᠷ ᠢᠶᠠᠨ ᠦᠨᠳᠦᠰᠦ ᠬᠠᠳᠬᠤᠨ᠂ ᠳᠠᠭᠢᠵᠤ ᠤᠷᠭᠤᠭᠰᠠᠨ ᠡᠯᠡᠰᠦᠨ ᠬᠠᠯᠬᠠᠪᠴᠢ ᠶᠢ ᠪᠤᠢ ᠪᠣᠯᠭᠠᠪᠠ᠃      ︽ᠨᠡᠯᠦᠭᠡᠷ ᠡᠯᠡᠰᠦ ᠶᠢ ᠤᠬᠤᠷᠢᠭᠤᠯᠬᠤ ᠦᠭᠡᠢ ᠪᠣᠯ ᠪᠢᠳᠡ ᠤᠬᠤᠷᠢᠬᠤ ᠦᠭᠡᠢ᠂ ᠡᠪᠡᠰᠦ ᠮᠣᠳᠣ ᠶᠢ ᠰᠡᠷᠭᠦᠭᠡᠬᠦ ᠦᠭᠡᠢ ᠪᠣᠯ ᠪᠢᠳᠡ ᠶᠠᠪᠤᠬᠤ ᠦᠭᠡᠢ᠃ ᠪᠦᠭᠦ ᠬᠤᠰᠢᠭᠤᠨ ᠤ ᠬᠢᠨ ᠬᠠᠮᠠᠭᠠᠯᠠᠬᠤ ᠪᠠ ᠠᠰᠢᠭᠯᠠᠬᠤ ᠶᠢ ᠵᠡᠷᠭᠡ  ᠪᠠᠷ ᠴᠢᠬᠤᠯᠠᠴᠢᠯᠠᠬᠤ᠂ ᠣᠶᠢᠵᠢᠭᠤᠯᠬᠤ ᠪᠠ ᠪᠢᠲᠡᠭᠦᠮᠵᠢᠯᠡᠨ ᠪᠣᠶᠢᠵᠢᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠤᠯᠤᠰ ᠤᠨ ᠭᠤᠣᠯᠳᠠᠯᠭ᠎ᠠ ᠲᠠᠢ ᠨᠡᠶᠢᠲᠡ ᠶᠢᠨ ᠠᠰᠠᠷᠠᠮᠵᠢ ᠶᠢᠨ ᠣᠶ ᠶᠢ ᠬᠠᠮᠠᠭᠠᠯᠠᠬᠤ ᠵᠡᠷᠭᠡ ᠰᠢᠷᠢᠰ ᠠᠮᠢ ᠠᠬᠤᠢ ᠶᠢᠨ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ᠂ ᠪᠦᠭᠦ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ︾ ᠭᠡᠵᠦ ᠪᠠᠭᠠᠷᠢᠨ ᠪᠠᠷᠠᠭᠤᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠰᠢᠸ ᠭᠤᠸᠠᠩ ᠴᠧᠩ ᠬᠡᠯᠡᠨ᠎ᠡ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠠᠭᠠᠷᠢᠨ ᠪᠠᠷᠠᠭᠤᠨ ᠬᠤᠰᠢᠭᠤ ᠨᠡᠶᠢᠲᠡ 172.54 ᠲᠦᠮᠡᠨ ᠮᠦ ᠣᠶᠢᠵᠢᠭᠤᠯᠤᠯᠲᠠ ᠶᠢ ᠪᠡᠶᠡᠯᠡᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ 5.6 ᠲᠦᠮᠡᠨ ᠮᠦ ᠶᠢᠨ ᠲᠥᠷᠥᠯ ᠵᠦᠢᠯ ᠢ ᠬᠡᠷᠡᠭᠵᠢᠭᠦᠯᠦᠨ᠂ ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ 10.45 ᠲᠦᠮᠡᠨ ᠮᠦ ᠬᠡᠷᠡᠭᠵᠢᠭᠦᠯᠵᠦ᠂ 26.16 ᠲᠦᠮᠡᠨ ᠮᠦ ᠣᠶ ᠰᠢᠭᠤᠢ ᠶᠢ ᠠᠷᠠᠴᠢᠯᠠᠨ ᠪᠣᠶᠢᠵᠢᠭᠤᠯᠵᠤ᠂ 26.2 ᠲᠦᠮᠡᠨ ᠮᠦ ᠡᠪᠡᠰᠦ ᠲᠠᠷᠢᠪᠠ᠃      2023 ᠣᠨ ᠤ 10 ᠰᠠᠷ᠎ᠠ ᠶᠢᠨ 24 ᠤ ᠡᠳᠦᠷ ︽ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ  ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠵᠠᠪᠠᠯ ᠲᠡᠮᠡᠴᠡᠨ ᠣᠯᠬᠤ︾ ᠪᠠᠷ ᠭᠤᠣᠯ ᠰᠡᠳᠦᠪ ᠪᠤᠯᠭᠠᠬᠰᠠᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠦᠢᠯᠡᠳᠦᠯᠭᠡ ᠶᠢᠨ ᠠᠵᠢᠯᠯᠠᠭ᠎ᠠ ᠰᠢᠷᠠᠮᠥ᠋ᠷᠡᠨ ᠰᠤᠮᠤ ᠶᠢᠨ ᠫᠠᠢ ᠮᠣᠳᠣ ᠭᠠᠴᠠᠭ᠎ᠠ ᠶᠢᠨ ᠡᠯᠡᠰᠦᠷᠬᠡᠭ ᠭᠠᠵᠠᠷ ᠲᠤ ᠡᠬᠢᠯᠡᠵᠦ᠂ ᠰᠢᠨ᠎ᠡ ᠨᠢᠭᠡ ᠡᠭᠡᠯᠵᠢ ᠶᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠦᠷᠢᠶ᠎ᠡ ᠶᠢ ᠬᠠᠩᠭᠢᠨᠠᠭᠤᠯᠤᠨ᠂ 70 ᠭᠠᠷᠤᠢ ᠪᠠᠶᠢᠭᠤᠯᠭ᠎ᠠ ᠨᠢᠭᠡᠴᠢ ᠶᠢᠨ 1000 ᠭᠠᠷᠤᠢ ᠨᠠᠮ ᠤᠨ ᠭᠡᠰᠢᠭᠦᠨ ᠺᠠᠳ᠋ᠷ ᠢᠳᠡᠪᠬᠢᠯᠡᠨ ᠣᠷᠣᠯᠴᠠᠬᠰᠠᠨ ᠪᠠᠶᠢᠨ᠎ᠠ᠃      ︽ᠬᠥᠮᠥᠨ ᠤ ᠬᠦᠴᠦ ᠪᠠᠷ 10 ᠲᠦᠮᠡᠨ ᠮᠦ ᠣᠶᠢᠵᠢᠭᠤᠯᠬᠤ᠂ 5 ᠲᠦᠮᠡᠨ ᠮᠦ ᠠᠭᠤᠯᠠ ᠶᠢ ᠪᠢᠲᠡᠭᠦᠮᠵᠢᠯᠡᠨ ᠣᠶᠢᠵᠢᠭᠤᠯᠬᠤ᠂ ᠢᠨᠵᠧᠨᠧᠷᠢᠩ ᠢᠶᠠᠷ 6 ᠲᠦᠮᠡᠨ ᠮᠦ ᠡᠯᠡᠰᠦ ᠶᠢ ᠲᠣᠭᠲᠠᠪᠤᠷᠢᠵᠢᠭᠤᠯᠬᠤ᠂ 27 ᠲᠦᠮᠡᠨ ᠮᠦ ᠮᠠᠭᠤᠳᠠᠭᠰᠠᠨ ᠣᠶ ᠶᠢ ᠰᠡᠯᠪᠢᠨ ᠵᠠᠰᠠᠬᠤ᠂ 1.75 ᠲᠦᠮᠡᠨ ᠮᠦ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ᠂ 0.3 ᠲᠦᠮᠡᠨ ᠮᠦ ᠬᠠᠶᠢᠲᠠᠩ ᠤᠨ ᠠᠵᠤ ᠠᠬᠤᠢ ᠶᠢᠨ ᠣᠶ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠁︾ ᠭᠡᠵᠦ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠵᠢᠶᠠᠩ ᠪᠦᠸᠧ ᠬᠤᠰᠢᠭᠤᠨ ᠤ ᠪᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ  ᠳᠠᠬᠢ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ︽ᠪᠠᠶᠢᠯᠳᠤᠭᠠᠨ ᠤ ᠵᠢᠷᠤᠭ ᠲᠥᠰᠥᠪ︾ ᠢᠶᠠᠨ ᠲᠠᠨᠢᠯᠴᠠᠭᠤᠯᠤᠯ᠎ᠠ᠃      ᠣᠨ ᠰᠠᠷ᠎ᠠ ᠣᠷᠴᠢᠵᠤ᠂ ᠡᠳᠦᠷ ᠰᠥᠨᠢ ᠡᠭᠡᠯᠵᠢᠯᠡᠨ᠎ᠡ᠃ ᠪᠠᠭᠠᠷᠢᠨ ᠪᠠᠷᠠᠭᠤᠨ ᠬᠤᠰᠢᠭᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠡᠯᠡᠰᠦᠷᠬᠡᠭ ᠣᠷᠣᠨ  ᠤ ᠠᠮᠢ ᠠᠬᠤᠢ ᠣᠷᠴᠢᠨ ᠲᠣᠭᠤᠷᠢᠨ ᠪᠣᠯᠣᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠪᠦᠭᠦ ᠬᠦᠴᠦᠨ ᠢᠶᠠᠷ ᠢᠶᠠᠨ ᠰᠠᠶᠢᠵᠢᠷᠠᠭᠤᠯᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠭᠰᠡᠭᠡᠷ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号