ᠭᠦᠭᠡᠬᠤᠲᠠ ᠶᠢᠨ ᠵᠡᠮᠳᠡᠭᠴᠦᠳ ᠤᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠲᠥᠪ ᠵᠢᠴᠢ ᠵᠡᠮᠳᠡᠭᠴᠦᠳ ᠤᠨ ᠰᠠᠭᠠᠳ ᠦᠭᠡᠢ ᠦᠢᠯᠡᠴᠢᠯᠡᠭᠡᠨ ᠤ ᠲᠥᠪ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/3/18
     ᠵᠡᠮᠳᠡᠭᠴᠦᠳ ᠤᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠬᠤ ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠵᠦ᠂ ᠡᠷᠡᠭᠦᠯᠵᠢᠯ ᠤᠨ ᠰᠢᠯᠢᠳᠡᠭ ᠲᠤᠰᠠᠯᠠᠬᠤ ᠪᠠᠭᠠᠵᠢ ᠬᠡᠷᠡᠭᠰᠡᠯ ᠤᠨ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠂ ᠵᠡᠮᠳᠡᠭᠴᠦᠳ ᠤᠨ ᠨᠡᠶᠢᠭᠡᠮ ᠤᠨ ᠠᠮᠢᠳᠤᠷᠠᠯ ᠳᠤ ᠡᠷᠬᠡ ᠲᠡᠭᠰᠢ᠂ ᠪᠦᠷᠢᠨ ᠭᠦᠢᠴᠡᠳ᠂ ᠳᠥᠭᠦᠮ ᠳᠥᠲᠡ ᠪᠠᠷ ᠣᠷᠤᠯᠴᠠᠬᠤ ᠪᠠ ᠠᠭᠤᠰᠤᠯᠴᠠᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠭᠦᠭᠡᠬᠤᠲᠠ ᠶᠢᠨ ᠵᠡᠮᠳᠡᠭᠴᠦᠳ ᠤᠨ ᠬᠤᠯᠪᠤᠭ᠎ᠠ ᠠᠴᠠ ᠭᠦᠭᠡᠬᠤᠲᠠ ᠶᠢᠨ ᠵᠡᠮᠳᠡᠭᠴᠦᠳ ᠤᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠲᠥᠪ᠂ ᠵᠡᠮᠳᠡᠭᠴᠦᠳ ᠤᠨ ᠰᠠᠭᠠᠳ ᠦᠭᠡᠢ ᠦᠢᠯᠡᠴᠢᠯᠡᠭᠡᠨ ᠤ ᠲᠥᠪ ᠤᠨ ᠫᠠᠶᠢᠰᠠ ᠰᠡᠬᠦᠬᠦ ᠶᠣᠰᠣᠯᠠᠯ ᠥᠷᠨᠢᠭᠦᠯᠪᠡ᠃      ᠫᠠᠶᠢᠰᠠ ᠰᠡᠬᠦᠬᠦ ᠶᠣᠰᠣᠯᠠᠯ ᠤᠨ ᠲᠠᠷᠠᠭ᠎ᠠ᠂ ᠠᠵᠢᠯᠯᠠᠭ᠎ᠠ ᠳᠤ ᠣᠷᠣᠯᠴᠠᠭᠰᠠᠳ ᠠᠴᠠ ᠲᠤᠬᠠᠢ ᠶᠢᠨ ᠲᠠᠯᠠᠪᠤᠷ ᠲᠤ ᠳᠡᠯᠭᠡᠨ ᠦᠵᠡᠭᠦᠯᠦᠭᠰᠡᠨ ᠡᠯ᠎ᠡ ᠲᠦᠷᠦᠯ ᠤᠨ ᠵᠡᠮᠳᠡᠭᠴᠦᠳ ᠤᠨ ᠡᠷᠡᠭᠦᠯᠵᠢᠯ ᠤᠨ ᠲᠤᠰᠠᠯᠠᠬᠤ ᠬᠡᠷᠡᠭᠰᠡᠯ ᠤᠨ ᠦᠵᠡᠭᠦᠯᠭᠡ ᠶᠢᠨ ᠪᠣᠳᠠᠰ ᠢ ᠬᠠᠮᠲᠤ ᠪᠠᠷ ᠲᠣᠭᠤᠷᠢᠨ ᠦᠵᠡᠭᠰᠡᠨ ᠪᠥᠭᠡᠳ ᠰᠠᠭᠠᠳ ᠦᠭᠡᠢ ᠣᠷᠴᠢᠨ ᠲᠣᠭᠤᠷᠢᠨ ᠢ ᠪᠡᠶᠡᠴᠢᠯᠡᠨ ᠣᠶᠢᠯᠠᠭᠠᠪᠠ᠃ ᠲᠤᠬᠠᠢ ᠶᠢᠨ ᠲᠠᠯᠠᠪᠤᠷ ᠲᠤ ᠪᠠᠰᠠ ᠴᠢᠬᠢ ᠬᠠᠮᠠᠷ ᠬᠤᠭᠤᠯᠠᠢ ᠶᠢᠨ ᠲᠤᠰᠬᠠᠢ ᠰᠠᠯᠠᠭᠠᠨ ᠤ ᠡᠮᠴᠢ ᠶᠢ ᠤᠷᠢᠵᠤ ᠠᠵᠢᠯᠯᠠᠭ᠎ᠠ ᠳᠤ ᠣᠷᠣᠯᠴᠠᠬᠰᠠᠨ ᠵᠡᠮᠳᠡᠭ ᠨᠠᠶᠢᠵᠠ ᠨᠠᠷ ᠲᠤ ᠰᠣᠨᠣᠷ ᠤᠨ ᠪᠠᠶᠢᠴᠠᠭᠠᠯᠲᠠ ᠵᠢᠴᠢ ᠰᠣᠨᠣᠷ ᠲᠤᠳᠤᠤᠡᠬᠠᠭᠤᠷ ᠰᠢᠯᠭᠠᠨ ᠲᠣᠬᠢᠷᠠᠭᠤᠯᠬᠤ ᠦᠢᠯᠡᠴᠢᠯᠡᠭᠡ ᠬᠠᠩᠭᠠᠵᠤ᠂ ᠰᠣᠨᠣᠷ ᠢᠶᠠᠨ ᠬᠠᠶᠢᠷᠠᠯᠠᠵᠤ ᠰᠣᠨᠣᠷ ᠢᠶᠠᠨ ᠬᠠᠮᠠᠭᠠᠯᠠᠬᠤ ᠬᠠᠮᠢᠶ᠎ᠠ ᠪᠦᠬᠦᠢ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠡᠢ᠃      ᠭᠦᠭᠡᠬᠤᠲᠠ ᠶᠢᠨ ᠵᠡᠮᠳᠡᠭᠴᠦᠳ ᠤᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠲᠥᠪ᠂ ᠭᠦᠭᠡᠬᠤᠲᠠ ᠶᠢᠨ ᠵᠡᠮᠳᠡᠭᠴᠦᠳ ᠤᠨ ᠰᠠᠭᠠᠳ ᠦᠭᠡᠢ ᠦᠢᠯᠡᠴᠢᠯᠡᠭᠡᠨ ᠤ ᠲᠥᠪ ᠤᠨ ᠪᠠᠶᠢᠭᠤᠯᠤᠭᠳᠠᠭᠰᠠᠨ ᠨᠢ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠪᠠ ︽ᠥᠪᠥᠷ ᠮᠣᠩᠭᠤᠯ ᠤᠨ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠪᠠᠷ ᠬᠥᠭᠵᠢᠵᠦ ᠴᠢᠨᠠᠷ ᠰᠠᠶᠢᠲᠠᠢ ᠬᠥᠭᠵᠢᠬᠦ ᠶᠢ ᠳᠡᠮᠵᠢᠬᠦ ᠲᠤᠬᠠᠢ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠬᠡᠷᠡᠭᠵᠢᠭᠦᠯᠬᠦ ᠰᠠᠨᠠᠯ︾ ᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠃ ᠲᠠᠷᠠᠭᠠᠴᠢ ᠶᠢᠨ ᠠᠯᠬᠤᠮ ᠳᠤ᠂ ᠬᠤᠶᠠᠷ ᠲᠥᠪ ᠨᠢ ᠪᠦᠭᠦ ᠬᠤᠲᠠ ᠶᠢᠨ ᠵᠡᠮᠳᠡᠭᠴᠦᠳ ᠲᠤ ᠥᠪᠡᠷᠮᠢᠴᠡ ᠣᠨᠴᠠᠯᠢᠭ ᠲᠠᠢ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠦᠢᠯᠡᠴᠢᠯᠡᠭᠡ ᠬᠠᠩᠭᠠᠵᠤ᠂ ᠲᠥᠬᠦᠭᠡᠷᠦᠮᠵᠢ ᠨᠢ ᠨᠠᠩ ᠪᠦᠷᠢᠨ ᠲᠥᠬᠦᠷ᠂ ᠴᠢᠳᠠᠮᠵᠢ ᠨᠢ ᠨᠠᠩ ᠪᠦᠷᠢᠨ ᠲᠡᠭᠦᠯᠳᠡᠷ ᠰᠠᠭᠠᠳ ᠦᠭᠡᠢ ᠦᠵᠡᠭᠦᠯᠭᠡ ᠶᠢᠨ ᠲᠠᠪᠴᠠᠩ ᠢ ᠪᠤᠶ ᠪᠤᠯᠭᠠᠵᠤ᠂ ᠵᠡᠮᠳᠡᠭᠴᠦᠳ ᠤᠨ ᠠᠳᠠᠯᠢ ᠪᠤᠰᠤ ᠬᠡᠷᠡᠭᠴᠡᠭᠡ ᠶᠢ ᠬᠠᠩᠭᠠᠵᠤ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠭᠦ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号