ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/3/19
      ᠣᠳᠣᠬᠠᠨ ᠳᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠵᠠᠩᠭᠢᠯᠠᠭ᠎ᠠ ᠶᠢᠨ ᠴᠠᠭ ᠦᠶ᠎ᠡ ᠪᠠᠶᠢᠵᠤ᠂ ᠰᠠᠶᠢᠬᠠᠨ ᠲᠣᠭᠤᠷᠢᠭ ᠤᠨ ᠲᠥᠬᠦᠭᠡᠷᠦᠮᠵᠢᠲᠦ ᠲᠠᠷᠢᠶᠠᠯᠠᠩ ᠤᠨ ᠬᠠᠪᠤᠷ ᠤᠨ ᠤᠯᠠᠷᠢᠯ ᠤᠨ ᠴᠢᠬᠢ ᠮᠣᠳᠣ ᠪᠣᠶᠢᠵᠢᠭᠤᠯᠬᠤ ᠠᠵᠢᠯ ᠢ ᠨᠢᠭᠡᠨᠲᠡ ᠥᠷᠨᠢᠭᠦᠯᠪᠡ᠃ ᠰᠠᠶᠢᠬᠠᠨ ᠲᠣᠭᠤᠷᠢᠭ ᠤᠨ ᠬᠤᠸᠠᠩ ᠾᠧ ᠱᠣᠣ ᠪᠠᠯᠭᠠᠰᠤᠨ ᠤ ᠱᠢᠨ᠎ᠡ ᠣᠪᠣᠭ᠎ᠠ ᠲᠣᠰᠭᠤᠨ ᠤ ᠬᠦᠯᠡᠮᠵᠢ ᠶᠢᠨ ᠫᠧᠩ  ᠳᠤ᠂ ᠭᠤᠸᠠ ᠶᠢᠨ ᠴᠢᠬᠢ ᠨᠢ ᠥᠷᠨᠢᠨ ᠬᠥᠭᠵᠢᠵᠦ᠂ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠵᠢᠶᠠᠨ ᠰᠢᠨ ᠲᠠᠷᠢᠶᠠᠯᠠᠩ ᠤᠨ ᠡᠵᠡᠩᠨᠡᠯᠲᠡ ᠶᠢᠨ ᠬᠠᠷᠢᠭᠤᠴᠠᠯᠭᠠᠲᠠᠨ ᠯᠢ ᠭᠦᠸᠧ ᠴᠢᠩ᠄ ︽ᠠᠭᠠᠷ ᠤᠨ ᠳᠤᠯᠠᠭᠠᠨ ᠳᠡᠭᠡᠭᠰᠢᠯᠡᠵᠦ᠂ ᠡᠶᠢᠮᠦᠷᠬᠦ ᠰᠠᠶᠢᠨ ᠠᠭᠤᠷ ᠠᠮᠢᠰᠬᠤᠯ ᠢ ᠠᠰᠢᠭᠯᠠᠨ ᠴᠠᠭ ᠢ ᠠᠮᠵᠢᠨ ᠳᠠᠷᠢᠵᠤ᠂ ᠰᠠᠶᠢᠨ ᠬᠤᠷᠢᠶᠠᠯᠲᠠ ᠣᠯᠬᠤ ᠪᠠᠷ ᠴᠢᠷᠮᠠᠶᠢᠨ᠎ᠠ︾ ᠭᠡᠵᠦ ᠬᠡᠯᠡᠪᠡ᠃            ᠡᠷᠲᠡ ᠲᠠᠷᠢᠪᠠᠯ ᠰᠠᠶᠢᠨ ᠶᠤᠮ᠃ ᠵᠢᠶᠠᠨ ᠰᠢᠨ ᠲᠠᠷᠢᠶᠠᠯᠠᠩ ᠤᠨ ᠬᠦᠯᠡᠮᠵᠢ ᠳᠤ᠂ 10 ᠭᠠᠷᠤᠢ ᠠᠵᠢᠯᠴᠢᠨ ᠯᠢ ᠭᠦᠸᠧ ᠱᠧᠩ ᠤᠨ ᠳᠠᠭᠠᠭᠤᠯᠭ᠎ᠠ ᠳᠣᠣᠷ᠎ᠠ ᠲᠠᠷᠢᠶᠠᠨ ᠭᠠᠵᠠᠷ ᠢ ᠤᠷᠪᠠᠭᠤᠯᠤᠨ ᠪᠣᠷᠳᠣᠭᠤᠷ ᠣᠷᠣᠭᠤᠯᠵᠤ᠂ ᠲᠠᠷᠢᠶᠠᠨ ᠪᠦᠷᠬᠦᠪᠴᠢ ᠶᠢ ᠪᠦᠷᠬᠦᠵᠦ᠂ ᠬᠡᠮᠬᠡ ᠶᠢᠨ ᠴᠢᠬᠢ ᠶᠢ ᠰᠢᠯᠵᠢᠭᠦᠯᠦᠨ ᠰᠠᠭᠤᠯᠭᠠᠵᠤ᠂ ᠲᠤᠩᠭᠠᠯᠠᠭ ᠨᠣᠭᠤᠭᠠᠨ ᠲᠠᠷᠪᠤᠰ ᠤᠨ ᠨᠢᠯᠬ᠎ᠠ ᠴᠢᠬᠢ ᠶᠢ ᠲᠠᠷᠢᠶᠠᠨ ᠳᠠᠯᠠᠩ ᠤᠨ ᠳᠤᠮᠳᠠ ᠵᠢᠭᠳᠡᠷᠡᠨ ᠪᠠᠶᠢᠷᠢᠯᠠᠭᠤᠯᠵᠤ᠂ ᠠᠵᠢᠯᠴᠢᠳ ᠢᠨᠢᠶᠡᠮᠰᠦᠭᠯᠡᠨ ᠳᠤᠯᠠᠭᠠᠨ ᠰᠠᠷᠠᠪᠴᠢᠨ ᠳᠤ ᠰᠦᠯᠵᠢᠯᠳᠦᠵᠦ᠂ ᠬᠦᠯᠡᠮᠵᠢ ᠳᠤ ᠶᠠᠭᠠᠷᠠᠯᠳᠤᠵᠤ ᠪᠠᠶᠢᠯ᠎ᠠ᠃
     ︽ᠡᠨᠡ ᠬᠦᠯᠡᠮᠵᠢ ᠳᠤ 2k ᠲᠠᠷᠪᠤᠰ ᠲᠠᠷᠢᠵᠤ᠂ ᠨᠠᠷᠢᠯᠢᠭ ᠣᠨᠣᠴᠠᠲᠠᠢ ᠲᠥᠬᠦᠭᠡᠷᠦᠮᠵᠢ ᠪᠠ ᠪᠣᠯᠪᠠᠰᠤᠷᠠᠩᠭᠤᠢ ᠮᠡᠷᠭᠡᠵᠢᠯ ᠢᠶᠠᠷ ᠳᠠᠮᠵᠢᠭᠤᠯᠤᠨ᠂ ᠪᠦᠲᠦᠭᠡᠭᠳᠡᠬᠦᠨ ᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠮᠦ ᠪᠦᠷᠢ ᠶᠢᠨ ᠤᠨᠠᠯᠲᠠ ᠶᠢ 6000 ᠵᠢᠩ ᠣᠷᠴᠢᠮ ᠪᠠᠶᠢᠯᠭᠠᠵᠤ᠂ ᠨᠡᠶᠢᠲᠡ 80 ᠮᠦ ᠪᠠᠶᠢᠵᠤ᠂ ᠵᠢᠱᠢᠯᠲᠡ ᠪᠠᠷ ᠳᠠᠬᠢᠨ ᠭᠤᠷᠪᠠᠨ ᠰᠠᠷ᠎ᠠ ᠥᠩᠭᠡᠷᠡᠪᠡᠯ ᠵᠠᠬ᠎ᠠ ᠳᠡᠯᠭᠡᠭᠦᠷ ᠲᠤ ᠭᠠᠷᠴᠤ ᠪᠣᠯᠣᠨ᠎ᠠ᠃ ᠲᠠᠷᠪᠤᠰ ᠲᠠᠷᠢᠵᠤ ᠪᠠᠷᠠᠭᠠᠳ ᠲᠣᠣᠷᠯᠢᠭ ᠬᠡᠮᠬᠡ ᠲᠠᠷᠢᠬᠤ ᠪᠠᠷ ᠪᠡᠯᠡᠳᠬᠡᠵᠦ ᠪᠠᠶᠢᠨ᠎ᠠ᠃ ᠭᠠᠷ ᠤᠲᠠᠰᠤ ᠪᠠᠷ ᠡᠯ᠎ᠡ ᠵᠦᠢᠯ ᠤᠨ ᠨᠦᠯᠦᠭᠡᠯᠡᠭᠦᠷ ᠢᠶᠠᠷ ᠳᠠᠮᠵᠢᠨ ᠬᠦᠯᠡᠮᠵᠢ ᠳᠣᠲᠣᠷᠠᠬᠢ ᠬᠥᠷᠥᠰᠥ ᠰᠢᠷᠣᠢ ᠶᠢᠨ ᠤᠰᠤ ᠪᠣᠷᠳᠣᠭᠤᠷ ᠤᠨ ᠬᠠᠩᠭᠠᠯᠭ᠎ᠠ ᠶᠢᠨ ᠪᠠᠶᠢᠳᠠᠯ ᠪᠣᠯᠣᠨ ᠳᠤᠯᠠᠭᠠᠨ ᠴᠢᠭᠢᠭ ᠤᠨ ᠬᠡᠮᠵᠢᠶ᠎ᠡ ᠶᠢ ᠬᠠᠮᠢᠶᠠᠷᠤᠨ ᠡᠵᠡᠮᠳᠡᠬᠦ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠣᠶᠢᠯᠠᠭᠠᠵᠤ ᠪᠣᠯᠣᠨ᠎ᠠ᠃ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠤ ᠳ᠋ᠠᠶᠢᠲ᠋ᠠ ᠶᠢ ᠠᠰᠢᠭᠯᠠᠨ ᠦᠢᠯᠡᠳᠪᠦᠷᠢᠯᠡᠯ ᠢ ᠣᠨᠣᠪᠴᠢᠲᠠᠶ ᠡᠵᠡᠮᠳᠡᠵᠦ ᠳᠡᠶᠢᠯᠦᠨ᠎ᠡ︾ ᠭᠡᠵᠦ ᠯᠢ ᠭᠦᠸᠧ ᠴᠢᠩ ᠢᠨᠢᠶᠡᠭᠰᠡᠭᠡᠷ ᠬᠡᠯᠡᠪᠡ᠃
           ᠰᠠᠶᠢᠬᠠᠨ ᠲᠣᠭᠤᠷᠢᠭ ︽ᠡᠷᠲᠡ︾ ᠲᠠᠷᠢᠬᠤ ᠶᠢ ᠲᠡᠷᠢᠭᠦᠨ ᠳᠤ ᠲᠠᠯᠪᠢᠵᠤ᠂ ᠡᠷᠲᠡ ᠲᠠᠷᠢᠵᠤ ᠴᠢᠬᠢ ᠪᠣᠶᠢᠵᠢᠭᠤᠯᠬᠤ᠂ ᠤᠷᠢᠳᠴᠢᠯᠠᠨ ᠲᠥᠯᠥᠪᠵᠢᠭᠦᠯᠬᠦ᠂ ᠡᠷᠲᠡ ᠪᠠᠶᠢᠷᠢᠯᠠᠭᠤᠯᠬᠤ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠭᠤᠸᠠ ᠵᠢᠮᠢᠰ ᠢᠳᠡᠱᠢᠨ ᠨᠣᠭᠤᠭ᠎ᠠ ᠲᠠᠷᠢᠬᠤ ᠳᠤ ᠬᠡᠷᠡᠭᠰᠡᠬᠦ ᠦᠷ᠎ᠡ᠂ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢᠨ ᠠᠵᠢᠯ ᠢ ᠰᠠᠶᠢᠲᠤᠷ ᠬᠢᠵᠦ᠂ ᠬᠦᠴᠦᠲᠡᠢ ᠮᠡᠷᠭᠡᠵᠢᠯ ᠤᠨ ᠪᠠᠲᠤᠯᠠᠭ᠎ᠠ ᠬᠠᠩᠭᠠᠬᠤ ᠪᠠ ᠡᠳ᠋ ᠪᠣᠳᠠᠰ ᠤᠨ ᠳᠡᠮᠵᠢᠯᠭᠡ ᠬᠠᠩᠭᠠᠵᠤ᠂ ᠬᠠᠪᠤᠷ ᠤᠨ ᠲᠠᠷᠢᠶᠠᠯᠠᠭ᠎ᠠ ᠶᠢ ᠬᠠᠮᠢᠶᠠᠷᠴᠤ ᠲᠠᠷᠢᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢ ᠶᠢ ᠪᠠᠲᠤᠳᠭᠠᠨ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ‍ᠤᠨ‌ᠠᠵᠢᠯ ᠢ ᠦᠨᠡᠨᠬᠦ ᠰᠠᠶᠢᠲᠤᠷ ᠠᠳᠭᠤᠨ᠎ᠠ᠃
      ᠰᠠᠶᠢᠬᠠᠨ ᠲᠣᠭᠤᠷᠢᠭ ᠲᠤ᠂ ᠲᠥᠬᠦᠭᠡᠷᠦᠮᠵᠢᠲᠦ ᠲᠠᠷᠢᠶᠠᠯᠠᠩ ᠨᠢ ᠨᠢᠭᠡᠨᠲᠡ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠬᠤᠯᠠ ᠠᠵᠤ ᠦᠢᠯᠡᠰ ᠤᠨ ᠨᠢᠭᠡ ᠪᠣᠯᠵᠠᠢ᠃ ᠣᠶᠢᠷ᠎ᠠ ᠶᠢᠨ ᠵᠢᠯ ᠤᠨ ᠲᠤᠷᠰᠢ᠂ ᠰᠠᠶᠢᠬᠠᠨ ᠲᠣᠭᠤᠷᠢᠭ ︽ᠠᠵᠤ ᠦᠢᠯᠡᠰ ᠢᠶᠠᠷ ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠲᠦᠷᠦᠯ ᠲᠡᠮᠳᠡᠭ ᠢ ᠡᠭᠦᠳᠬᠦ︾ ᠵᠠᠷᠴᠢᠮ ᠶᠣᠰᠣᠭᠠᠷ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠪᠠᠷᠢᠮᠲᠠᠯᠠᠵᠤ᠂ ᠬᠦᠯᠡᠮᠵᠢ ᠶᠢᠨ ᠣᠶᠤᠨᠴᠢᠯᠠᠭᠰᠠᠨ ᠪᠠᠶᠢᠭᠤᠯᠤᠯᠲᠠ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠯᠳᠠᠷᠰᠢᠯ ᠢ ᠴᠢᠬᠤᠯᠠᠴᠢᠯᠠᠵᠤ᠂ ᠰᠠᠶᠢᠬᠠᠨ ᠲᠠᠷᠢᠶᠠᠯᠠᠩ ᠤᠨ ᠲᠦᠷᠦᠯ ᠲᠡᠮᠳᠡᠭ ᠢ ᠪᠣᠶᠢᠵᠢᠭᠤᠯᠵᠤ᠂ ᠲᠥᠬᠦᠭᠡᠷᠦᠮᠵᠢᠲᠦ ᠲᠠᠷᠢᠶᠠᠯᠠᠩ ᠨᠢ ᠨᠢᠭᠡᠨᠲᠡ ᠰᠠᠶᠢᠬᠠᠨ ᠲᠣᠭᠤᠷᠢᠭ ᠤᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠵᠤ ᠦᠢᠯᠡᠰ ᠤᠨ ᠨᠢᠭᠡ ᠪᠣᠯᠵᠠᠢ᠃          ᠬᠠᠪᠤᠷ ᠪᠣᠯ ᠲᠠᠷᠢᠬᠤ ᠬᠦᠰᠡᠯ ᠡᠷᠡᠮᠡᠯᠵᠡᠯ ᠤᠨ ᠤᠯᠠᠷᠢᠯ ᠮᠥᠨ᠂ ᠮᠦᠨᠴᠦ ᠲᠥᠬᠦᠭᠡᠷᠦᠮᠵᠢᠲᠦ ᠲᠠᠷᠢᠶᠠᠯᠠᠩ ᠤᠨ ᠠᠤᠭ᠎ᠠ ᠵᠢᠷᠤᠭ ᠭᠠᠷᠭᠠᠬᠤ ᠴᠠᠭ ᠮᠥᠴᠡ ᠮᠥᠨ᠃ ᠰᠠᠶᠢᠬᠠᠨ ᠲᠣᠭᠤᠷᠢᠭ ᠤᠨ ᠬᠤᠸᠠᠩ ᠾᠧ ᠱᠣᠣ ᠪᠠᠯᠭᠠᠰᠤᠨ ᠤ ᠡᠨᠡᠬᠦ ᠬᠠᠯᠠᠭᠤᠨ ᠬᠥᠷᠥᠰᠥᠨ ᠳᠤ᠂ ᠲᠥᠬᠦᠭᠡᠷᠦᠮᠵᠢᠲᠦ ᠲᠠᠷᠢᠶᠠᠯᠠᠩ ᠥᠪᠡᠷᠮᠢᠴᠡ ᠲᠠᠲᠠᠬᠤ ᠬᠦᠴᠦᠨ ᠢᠶᠠᠷ ᠡᠯᠪᠡᠭ ᠬᠤᠷᠢᠶᠠᠯᠲᠠ ᠶᠢᠨ ᠰᠢᠨ᠎ᠡ ᠪᠠᠶᠢᠳᠠᠯ ᠢ ᠵᠢᠷᠤᠭᠯᠠᠵᠤ ᠪᠠᠶᠢᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号