ᠰᠠᠶᠢᠬᠠᠨ ᠲᠣᠭᠤᠷᠢᠭ ᠬᠢᠭᠡᠳ ᠥᠪᠥᠷ ᠮᠣᠩᠭᠤᠯ ᠤᠨ ᠶᠡᠭᠡ ᠰᠤᠷᠭᠠᠭᠤᠯᠢ ᠬᠠᠮᠲᠤ ᠪᠠᠷ ᠭᠡᠷ᠎ᠡ ᠲᠣᠭᠲᠠᠵᠤ᠂ ᠭᠠᠷ ᠬᠤᠯᠪᠣᠨ ᠬᠠᠮᠲᠤ ᠪᠠᠷ ᠰᠢᠨ᠎ᠡ ᠶᠢ ᠡᠭᠦᠳᠪᠡ
ᠨᠡᠶᠢᠲᠡᠯᠡᠭᠰᠡᠨ ᠴᠠᠭ᠄
2024/3/19
     3 ᠰᠠᠷ᠎ᠠ ᠶᠢᠨ 15 ᠤ ᠡᠳᠦᠷ᠂ ᠰᠠᠶᠢᠬᠠᠨ ᠲᠣᠭᠤᠷᠢᠭ ᠥᠪᠥᠷ ᠮᠣᠩᠭᠤᠯ ᠤᠨ ᠶᠡᠭᠡ ᠰᠤᠷᠭᠠᠭᠤᠯᠢ ᠲᠠᠢ ᠭᠠᠷ ᠬᠤᠯᠪᠣᠨ ︽ᠵᠠᠯᠠᠭᠤᠴᠤᠳ ᠨᠡᠶᠢᠭᠡᠮ ᠲᠣᠭᠤᠷᠢᠭ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠡᠶᠢᠭᠡᠮ ᠲᠣᠭᠤᠷᠢᠭ ᠤᠨ ᠵᠠᠯᠠᠭᠤᠴᠤᠳ ᠤᠨ ᠴᠡᠴᠡᠭᠯᠡᠯᠲᠡ ᠳᠤ ᠬᠦᠴᠦᠨ ᠨᠡᠮᠡᠷᠢᠯᠡᠶ᠎ᠡ︾ ᠭᠡᠬᠦ ᠭᠤᠣᠯ ᠰᠡᠳᠦᠪᠲᠦ ᠰᠤᠷᠭᠠᠭᠤᠯᠢ ᠪᠠ ᠣᠷᠣᠨ ᠨᠤᠲᠤᠭ ᠢ ᠬᠠᠮᠲᠤ ᠪᠠᠷ ᠪᠠᠶᠢᠭᠤᠯᠬᠤ ᠭᠡᠷ᠎ᠡ ᠲᠣᠭᠲᠠᠬᠤ ᠠᠵᠢᠯᠯᠠᠭ᠎ᠠ ᠶᠢ ᠦᠪᠡᠳᠡᠭᠰᠢ ᠶᠡᠭᠡ ᠪᠠᠷ ᠥᠷᠨᠢᠭᠦᠯᠪᠡ᠃ ᠲᠣᠭᠤᠷᠢᠭ᠂ ᠰᠤᠷᠭᠠᠭᠤᠯᠢ ᠬᠠᠮᠲᠤᠷᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠷᠲᠤ ᠬᠤᠭᠤᠴᠠᠭᠠᠨ ᠤ᠂ ᠨᠢᠭᠲᠠ᠂ ᠪᠣᠳᠠᠲᠤ ᠦᠷ᠎ᠡ ᠪᠦᠲᠦᠮᠵᠢ ᠪᠠᠷ ᠪᠠᠶᠠᠯᠢᠭ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠰᠤᠷᠭᠠᠭᠤᠯᠢ ᠪᠠ ᠣᠷᠣᠨ ᠨᠤᠲᠤᠭ ᠤᠨ ᠵᠠᠯᠠᠭᠤᠴᠤᠳ ᠲᠤ ᠰᠣᠯᠢᠯᠴᠠᠭ᠎ᠠ ᠬᠢᠵᠦ ᠰᠤᠷᠤᠯᠴᠠᠬᠤ ᠲᠠᠪᠴᠠᠩ ᠢ ᠦᠨᠡᠨᠬᠦ ᠪᠠᠶᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠪᠠ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠵᠦ᠂ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠰᠣᠳᠣᠨ ᠲᠥᠷᠥᠯ ᠵᠦᠢᠯ ᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠬᠠᠮᠲᠤᠪᠠᠷ ᠠᠬᠢᠭᠤᠯᠤᠨ᠎ᠠ᠃
         ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠬᠤᠶᠠᠷ ᠲᠠᠯ᠎ᠠ ᠶᠢᠨ ᠲᠥᠯᠥᠭᠡᠯᠡᠭᠴᠢᠳ ᠪᠠᠶᠠᠷ ᠤᠨ ᠦᠭᠡ ᠬᠡᠯᠡᠵᠦ᠂ ᠬᠠᠮᠲᠤᠷᠠᠯᠴᠠᠭᠠᠨ ᠤ ᠲᠤᠬᠠᠢ ᠬᠠᠯᠠᠭᠤᠨ ᠬᠦᠰᠡᠯ ᠪᠠ ᠢᠲᠡᠭᠡᠯ ᠵᠣᠷᠢᠭ ᠢᠶᠠᠨ ᠪᠠᠲᠤᠳᠬᠠᠵᠤ ᠪᠠᠶᠢᠬᠤ ᠪᠠᠨ ᠢᠯᠡᠳᠬᠡᠪᠡ᠃ ᠬᠤᠶᠠᠷ ᠲᠠᠯ᠎ᠠ ᠪᠠᠷ ᠢᠶᠠᠨ ᠭᠡᠷ᠎ᠡ ᠲᠣᠭᠲᠠᠬᠤ ᠪᠣᠯ ᠲᠣᠭᠤᠷᠢᠭ ᠰᠤᠷᠭᠠᠭᠤᠯᠢ ᠬᠤᠶᠠᠷ ᠲᠠᠯ᠎ᠠ ᠶᠢᠨ ︽ᠬᠤᠣᠰ ᠴᠢᠭᠯᠡᠯ ᠢᠶᠠᠷ ᠴᠢᠷᠮᠠᠶᠢᠬᠤ︾ ᠴᠢᠬᠤᠯᠠ ᠢᠯᠡᠷᠡᠯ ᠪᠠᠶᠢᠵᠤ᠂ ᠰᠤᠷᠭᠠᠭᠤᠯᠢ ᠪᠠ ᠣᠷᠣᠨ ᠨᠤᠲᠤᠭ ᠢ ᠬᠠᠮᠲᠤᠪᠠᠷ ᠪᠠᠶᠢᠭᠤᠯᠬᠤ ᠪᠠᠷ ᠳᠠᠮᠵᠢᠨ᠂ ᠵᠠᠯᠠᠭᠤ ᠰᠤᠷᠤᠭᠴᠢᠳ ᠲᠤ ᠨᠡᠩ ᠥᠷᠭᠡᠨ ᠠᠭᠤᠳᠠᠮ ᠦᠢᠯᠡᠳᠦᠯᠭᠡ ᠶᠢᠨ ᠲᠠᠪᠴᠠᠩ ᠬᠠᠩᠭᠠᠵᠤ᠂ ᠲᠡᠳᠡᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ ᠴᠢᠳᠠᠬᠤ ᠪᠠᠷ ᠪᠠᠷᠠᠬᠤ ᠦᠭᠡᠢ ᠪᠠᠰᠠ ᠨᠡᠶᠢᠭᠡᠮ ᠲᠣᠭᠤᠷᠢᠭ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠰᠠᠶᠢᠬᠠᠨ ᠲᠣᠭᠤᠷᠢᠭ ᠤᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠵᠤ ᠴᠢᠳᠠᠨ᠎ᠠ ᠭᠡᠵᠦ ᠰᠠᠨᠠᠯ ᠨᠢᠭᠡᠲᠡᠢ ᠦᠵᠡᠪᠡ᠃ ᠳᠠᠷᠠᠭ᠎ᠠ ᠨᠢ᠂ ᠰᠠᠶᠢᠬᠠᠨ ᠲᠣᠭᠤᠷᠢᠭ ᠤᠨ ᠡᠯ᠎ᠡ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠲᠥᠯᠥᠭᠡᠯᠡᠭᠴᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠡᠯ᠎ᠡ ᠳᠡᠭᠡᠳᠦ ᠰᠤᠷᠭᠠᠭᠤᠯᠢ ᠪᠣᠯᠣᠨ ᠡᠪᠯᠡᠯ ᠤᠨ ᠡᠭᠦᠷ ᠤᠨ ᠲᠥᠯᠥᠭᠡᠯᠡᠭᠴᠢ ᠲᠠᠢ ︽︿ᠰᠠᠶᠢᠨ ᠳᠤᠷ᠎ᠠ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ﹀ ᠰᠤᠷᠭᠠᠭᠤᠯᠢ ᠪᠠ ᠣᠷᠣᠨ ᠨᠤᠲᠤᠭ ᠢᠶᠠᠨ ᠬᠠᠮᠲᠤ ᠪᠠᠷ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ︾ ᠲᠤ ᠭᠠᠷ ᠤᠨ ᠥᠰᠥᠭ ᠵᠢᠷᠤᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠬᠥᠬᠡᠬᠤᠲᠠ ᠶᠢᠨ ᠪᠥᠬᠦ ᠤᠯᠤᠰ ᠤᠨ ᠵᠠᠯᠠᠭᠤᠴᠤᠳ ᠤᠨ ᠬᠥᠭᠵᠢᠯᠲᠡ ᠶᠢᠨ ᠬᠡᠯᠪᠡᠷᠢ ᠶᠢᠨ ᠬᠤᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃
           ᠰᠠᠶᠢᠬᠠᠨ ᠲᠣᠭᠤᠷᠢᠭ ᠬᠢᠭᠡᠳ ᠥᠪᠥᠷ ᠮᠣᠩᠭᠤᠯ ᠤᠨ ᠶᠡᠭᠡ ᠰᠤᠷᠭᠠᠭᠤᠯᠢ ᠬᠠᠮᠲᠤ ᠪᠠᠷ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠭᠡᠷ᠎ᠡ ᠲᠣᠭᠲᠠᠬᠤ ᠶᠣᠰᠣᠯᠠᠯ ᠢᠶᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠪᠠ ᠣᠷᠣᠨ ᠨᠤᠲᠤᠭ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠬᠤᠶᠠᠷ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠤᠭ ᠤᠨ ᠦᠨᠡᠨᠴᠢ ᠰᠡᠳᠬᠢᠯ ᠪᠠ ᠴᠢᠷᠮᠠᠶᠢᠯᠭ᠎ᠠ ᠪᠠᠷ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠲᠡᠷᠢᠭᠦᠨ ᠤ ᠦᠢᠯᠡᠴᠢᠯᠡᠭᠡ ᠪᠠ ᠣᠷᠴᠢᠨ ᠲᠣᠭᠤᠷᠢᠨ ᠢ ᠬᠠᠩᠭᠠᠨ᠎ᠠ ᠭᠡᠵᠡᠢ᠃ ᠲᠣᠭᠤᠷᠢᠭ ᠰᠤᠷᠭᠠᠭᠤᠯᠢ ᠬᠤᠶᠠᠷ ᠲᠠᠯ᠎ᠠ ᠪᠠᠷ ᠢᠶᠠᠨ ᠰᠤᠷᠭᠠᠭᠤᠯᠢ ᠪᠠ ᠣᠷᠣᠨ ᠨᠤᠲᠤᠭ ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢᠨ ᠵᠠᠭᠪᠤᠷ ᠢ ᠬᠠᠮᠲᠤᠪᠠᠷ ᠪᠠᠶᠢᠭᠤᠯᠵᠤ᠂ ᠰᠠᠶᠢᠬᠠᠨ ᠲᠣᠭᠤᠷᠢᠭ ᠬᠢᠭᠡᠳ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠤᠷᠳᠤ ᠬᠤᠭᠤᠴᠠᠭᠠᠨ ᠤ ᠪᠦᠲᠦᠮᠵᠢᠲᠡᠢ᠂ ᠵᠢᠷᠤᠮᠵᠢᠭᠰᠠᠨ᠂ ᠰᠢᠨᠵᠢᠯᠡᠬᠦ ᠤᠬᠠᠭᠠᠨᠴᠢᠯᠠᠭᠰᠠᠨ ᠬᠥᠭᠵᠢᠯᠲᠡ ᠲᠡᠰᠢ ᠠᠬᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢᠨ ᠨᠡᠩ ᠤᠯᠠᠨ ᠬᠦᠷᠢᠶ᠎ᠡ᠂ ᠨᠡᠩ ᠤᠯᠠᠨ ᠲᠦᠷᠦᠯ ᠵᠦᠢᠯ ᠤᠨ ᠴᠢᠨᠠᠷ ᠰᠠᠶᠢᠲᠠᠢ ᠠᠭᠤᠰᠤᠯᠴᠠᠨ ᠬᠥᠭᠵᠢᠬᠦ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ ᠭᠡᠵᠡᠢ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号