ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠬᠤᠳᠠᠯᠳᠤᠭᠠᠨ ᠤ ᠲᠠᠯᠠᠪᠤᠷ ᠲᠤ ᠣᠷᠣᠵᠤ ᠠᠵᠤ ᠠᠬᠤᠶᠢᠯᠠᠯ ᠪᠣᠯᠣᠨ ᠠᠵᠢᠯ ᠡᠷᠢᠭᠰᠡᠳ ᠤᠨ ᠬᠤᠣᠰ ᠴᠢᠭᠯᠡᠯ ᠢᠶᠠᠷ ᠴᠢᠷᠮᠠᠶᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/3/20
     ᠣᠶᠢᠷ᠎ᠠ ᠶᠢᠨ ᠡᠳᠦᠷ᠂ ᠰᠠᠶᠢᠬᠠᠨ ᠲᠣᠭᠤᠷᠢᠭ ᠤᠨ︽ᠲᠣᠭᠤᠷᠢᠭ ᠤᠨ ᠳᠠᠷᠤᠭ᠎ᠠ ᠴᠢᠮ᠎ᠠ ᠶᠢ ᠠᠵᠢᠯ ᠣᠯᠭᠤᠬᠤ︾ ᠵᠢᠴᠢ︽ᠬᠠᠪᠤᠷ ᠤᠨ ᠰᠠᠯᠬᠢᠨ ᠤ ᠠᠵᠢᠯᠯᠠᠭ᠎ᠠ︾ ᠲᠣᠮᠣ ᠬᠡᠯᠪᠡᠷᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠸᠠᠨ ᠲᠠ ᠠᠭᠤᠳᠠᠮ ᠲᠠᠯᠠᠪᠠᠢ ᠳᠤ ᠠᠮᠵᠢᠯᠲᠠ ᠲᠠᠢ ᠶᠠᠪᠤᠭᠳᠠᠪᠠ᠃ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠰᠢᠷᠢᠰ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠯᠮᠦᠷᠢᠴᠢᠳ ᠤᠨ ᠠᠵᠢᠯ ᠤᠨ ᠪᠠᠶᠢᠷᠢ ᠰᠣᠯᠢᠵᠤ ᠰᠢᠯᠵᠢᠭᠦᠯᠬᠦ᠂ ᠠᠵᠤ ᠠᠬᠤᠶᠢᠯᠠᠯ ᠤᠨ ᠠᠵᠢᠯ ᠡᠬᠢᠯᠡᠭᠦᠯᠦᠨ ᠠᠵᠢᠯ ᠢᠶᠠᠨ ᠰᠡᠷᠭᠦᠭᠡᠬᠦ ᠵᠠᠩᠭᠢᠯᠠᠭ᠎ᠠ ᠶᠢᠨ ᠴᠡᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠰᠠᠶᠢᠬᠠᠨ ᠲᠣᠭᠤᠷᠢᠭ ᠤᠨ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾᠂ ︽ᠲᠠᠪᠤᠨ ᠲᠦᠮᠡᠨ ᠠᠵᠤ ᠦᠢᠯᠡᠰ ᠤᠨ ᠠᠵᠢᠯᠴᠢᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠬᠥᠳᠡᠭᠡ ᠲᠣᠰᠬᠤᠨ ᠤ ᠬᠥᠳᠡᠯᠮᠦᠷᠢᠴᠢᠳ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠵᠢᠴᠢ ᠠᠵᠢᠯ ᠣᠯᠬᠤ ᠳᠤ ᠬᠦᠴᠢᠷᠲᠡᠢ ᠵᠡᠷᠭᠡ ᠭᠤᠣᠯᠳᠠᠯᠭ᠎ᠠ ᠲᠠᠢ ᠬᠥᠮᠥᠰ ᠲᠤ ᠬᠦᠴᠦ ᠨᠡᠮᠡᠷᠢᠯᠡᠭᠰᠡᠨ ᠪᠠᠶᠢᠨ᠎ᠠ᠃
         ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ 130 ᠠᠵᠤ ᠠᠬᠤᠶᠢᠯᠠᠯ ᠢ ᠲᠥᠪᠯᠡᠷᠡᠭᠦᠯᠦᠨ ᠴᠡᠭ ᠭᠠᠷᠭᠠᠵᠤ᠂ 708 ᠠᠵᠢᠯ ᠤᠨ ᠪᠠᠶᠢᠷᠢ ᠬᠠᠩᠭᠠᠵᠤ᠂ 4361 ᠠᠵᠢᠯ ᠤᠨ ᠪᠠᠶᠢᠷᠢ ᠬᠠᠩᠭᠠᠵᠤ᠂ ᠠᠵᠢᠯ ᠲᠥᠷᠥᠯ ᠨᠢ ᠡᠮ ᠡᠮᠨᠡᠯᠭᠡ᠂ ᠠᠷᠠᠯᠵᠢᠶ᠎ᠠ ᠬᠤᠳᠠᠯᠳᠤᠭ᠎ᠠ᠂ ᠰᠢᠨᠵᠢᠯᠡᠬᠦ ᠤᠬᠠᠭᠠᠨ ᠮᠡᠷᠭᠡᠵᠢᠯ᠂ ᠬᠡᠷᠡᠯ ᠴᠡᠨᠡᠭ᠂ ᠮᠥᠩᠭᠦᠨ ᠭᠦᠢᠯᠭᠡᠭᠡ᠂ ᠢᠨᠲ᠋ᠧᠷ ᠰᠦᠯᠵᠢᠶ᠎ᠡ ᠵᠡᠷᠭᠡ ᠣᠯᠠᠨ ᠬᠦᠷᠢᠶ᠎ᠡ ᠶᠢ ᠬᠠᠮᠤᠷᠴᠤ᠂ ᠠᠵᠢᠯ ᠡᠷᠢᠭᠰᠡᠳ ᠲᠤ ᠣᠯᠠᠨ ᠲᠠᠯ᠎ᠠ ᠶᠢᠨ ᠰᠣᠩᠭᠤᠯᠲᠠ ᠬᠠᠩᠭᠠᠪᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ 6 ᠲᠦᠮᠡ ᠭᠠᠷᠤᠢ ᠬᠥᠮᠥᠨ ᠠᠵᠢᠯ ᠤᠨ ᠪᠠᠶᠢᠷᠢ ᠶᠢᠨ ᠵᠥᠪᠯᠡᠯᠭᠡ ᠥᠭᠬᠦ᠂ ᠠᠵᠢᠯ ᠡᠷᠢᠵᠦ ᠤᠷᠢᠭᠳᠠᠭᠰᠠᠨ ᠪᠥᠭᠡᠳ ᠠᠵᠢᠯᠲᠠᠨ ᠡᠯᠰᠡᠬᠦ ᠴᠤᠭᠯᠠᠭᠠᠨ ᠤ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ 1100 ᠭᠠᠷᠤᠢ ᠬᠥᠮᠥᠨ ᠠᠵᠢᠯ ᠣᠯᠬᠤ ᠰᠠᠨᠠᠮᠵᠢ ᠲᠠᠢ ᠪᠣᠯᠵᠤ᠂ ᠵᠡᠷᠭᠡ ᠪᠠᠷ ᠥᠷᠨᠢᠭᠦᠯᠦᠭᠰᠡᠨ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠬᠤ ᠠᠵᠢᠯᠯᠠᠭ᠎ᠠ ᠳᠤ ᠨᠡᠶᠢᠲᠡ 2.7 ᠲᠦᠮᠡ ᠭᠠᠷᠤᠢ ᠬᠥᠮᠥᠨ ᠲᠣᠭᠤᠷᠢᠨ ᠦᠵᠡᠪᠡ᠃ ᠰᠠᠶᠢᠬᠠᠨ ᠸᠠᠨ ᠲᠠ ᠬᠤᠳᠠᠯᠳᠤᠭᠠᠨ ᠤ ᠲᠠᠯᠠᠪᠠᠢ ᠲᠤᠰ ᠡᠳᠦᠷ 3.45 ᠲᠦᠮᠡᠨ ᠠᠶᠠᠨᠴᠢᠳ ᠤᠨ ᠴᠤᠪᠤᠷᠠᠯ ᠤᠨ ᠬᠠᠷᠢᠴᠠᠯ ᠢ 20  ᠪᠠᠷ ᠳᠡᠭᠡᠭᠱᠢᠯᠡᠭᠦᠯᠵᠡᠢ᠃
    ᠠᠵᠢᠯᠲᠠᠨ ᠡᠯᠰᠡᠬᠦ ᠬᠤᠷᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠰᠠᠶᠢᠬᠠᠨ ᠲᠣᠭᠤᠷᠢᠭ ᠤᠨ ᠡᠯ᠎ᠡ ᠰᠢᠨ᠎ᠡ ᠵᠠᠭᠤᠴᠢᠯᠠᠭᠤᠷ ᠤᠨ ᠲᠠᠪᠴᠠᠩ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠵᠦ᠂ ᠦᠢᠯᠡᠴᠢᠯᠡᠭᠡᠨ ᠤ ᠬᠥᠮᠥᠰ ᠢ ᠪᠦᠬᠦ ᠲᠠᠯ᠎ᠠ ᠪᠠᠷ ᠬᠠᠮᠤᠷᠴᠤ᠂ ᠠᠵᠢᠯ ᠡᠷᠢᠭᠰᠡᠳ ᠲᠤ ᠬᠠᠮᠢᠶ᠎ᠠ ᠪᠦᠬᠦᠢ ᠮᠡᠳᠡᠭᠡ ᠵᠠᠩᠭᠢ ᠶᠢ ᠳᠥᠭᠦᠮ ᠳᠥᠲᠡ ᠣᠶᠢᠯᠠᠭᠠᠭᠤᠯᠪᠠ᠃ ᠠᠵᠢᠯᠲᠠᠨ ᠡᠯᠰᠡᠬᠦ ᠬᠤᠷᠠᠯ ᠤᠨ ᠲᠤᠬᠠᠢ ᠶᠢᠨ ᠲᠠᠯᠠᠪᠤᠷ ᠲᠤ ᠪᠠᠰᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠶᠢᠨ ᠦᠢᠯᠡᠴᠢᠯᠡᠭᠡᠨ ᠤ ᠭᠠᠵᠠᠷ ᠭᠠᠷᠭᠠᠵᠤ᠂ ᠨᠢᠭᠡ ᠳᠤ ᠨᠢᠭᠡ ᠶᠢᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠵᠡᠷᠭᠡ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠬᠡᠮᠵᠢᠶ᠎ᠡ ᠪᠠ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠵᠢᠯ ᠡᠷᠢᠭᠰᠡᠳ ᠲᠤ ᠲᠤᠰᠠᠯᠠᠬᠤ ᠰᠡᠳᠬᠢᠯ ᠤᠨ ᠠᠵᠢᠯ ᠢᠶᠠᠨ ᠡᠷᠢᠵᠦ ᠣᠯᠪᠠ᠃
         ︽ᠠᠵᠢᠯᠲᠠᠨ ᠡᠯᠰᠡᠬᠦ ᠴᠤᠭᠯᠠᠭᠠᠨ ᠨᠢ ᠰᠦᠯᠵᠢᠶᠡᠨ ᠭᠠᠳᠠᠨᠠᠬᠢ ᠪᠠ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠠᠷᠭ᠎ᠠ ᠬᠡᠯᠪᠡᠷᠢ ᠶᠢ ᠠᠪᠴᠤ᠂ ᠪᠢᠳᠡ ᠰᠦᠯᠵᠢᠶᠡᠨ ᠳᠡᠭᠡᠷ᠎ᠡ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠰᠢᠭᠤᠳ ᠨᠡᠪᠲᠡᠷᠡᠭᠦᠯᠬᠦ ᠪᠠᠷ ᠳᠠᠮᠵᠢᠭᠤᠯᠤᠨ ᠲᠤᠬᠠᠢ ᠶᠢᠨ ᠲᠠᠯᠠᠪᠤᠷ ᠲᠤ ᠠᠵᠤ ᠠᠬᠤᠶᠢᠯᠠᠯ ᠲᠠᠢ ᠨᠢᠭᠤᠷᠳᠠᠨ ᠶᠠᠷᠢᠯᠴᠠᠵᠤ ᠪᠣᠯᠣᠨ᠎ᠠ᠃ ᠲᠤᠬᠠᠢ ᠶᠢᠨ ᠲᠠᠯᠠᠪᠤᠷ ᠲᠤ ᠢᠷᠡᠵᠦ ᠳᠡᠶᠢᠯᠬᠦ ᠦᠭᠡᠢ ᠵᠠᠷᠢᠮ ᠠᠵᠢᠯ ᠡᠷᠢᠭᠰᠡᠳ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠬᠤᠷᠠᠯ ᠳᠤ ᠣᠷᠣᠯᠴᠠᠵᠤ ᠪᠣᠯᠣᠨ᠎ᠠ︾ ᠭᠡᠵᠦ ᠲᠤᠬᠠᠢ ᠶᠢᠨ ᠲᠠᠯᠠᠪᠠᠢ ᠳᠤ ᠠᠵᠢᠯ ᠡᠷᠢᠭᠴᠢ ᠰᠤᠷᠪᠤᠯᠵᠢᠯᠠᠭᠴᠢ ᠳᠤ ᠬᠡᠯᠡᠪᠡ᠃
     ᠵᠠᠯᠭᠠᠭᠠᠳ᠂ ᠰᠠᠶᠢᠬᠠᠨ ᠲᠣᠭᠤᠷᠢᠭ ᠦᠷᠭᠦᠯᠵᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠴᠢᠨᠠᠷ ᠰᠠᠶᠢᠲᠠᠢ ᠠᠵᠢᠯ ᠣᠯᠭᠤᠬᠤ ᠬᠠᠷᠠᠯᠲᠠ ᠶᠢᠨ ᠲᠣᠭᠤᠷᠢᠨ ᠳᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠡᠯ᠎ᠡ ᠠᠵᠤ ᠠᠬᠤᠶᠢᠯᠠᠯ ᠪᠠ ᠬᠥᠮᠥᠨ ᠬᠡᠷᠡᠭᠯᠡᠬᠦ ᠨᠢᠭᠡᠴᠢ ᠲᠠᠢ ᠵᠣᠯᠭᠠᠭᠤᠯᠬᠤ ᠬᠠᠮᠲᠤᠷᠠᠯᠴᠠᠭ᠎ᠠ ᠪᠠᠨ ᠴᠢᠩᠭᠠᠳᠬᠠᠨ᠂ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠩ ᠤᠯᠠᠨ ᠰᠢᠯᠢᠳᠡᠭ ᠠᠵᠢᠯ ᠤᠨ ᠪᠠᠶᠢᠷᠢ ᠬᠠᠩᠭᠠᠵᠤ᠂ ᠠᠵᠢᠯ ᠣᠯᠭᠤᠯᠲᠠ ᠶᠢᠨ ᠠᠷᠭ᠎ᠠ ᠵᠠᠮ ᠲᠠᠢ᠂ ᠦᠢᠯᠡᠰ ᠪᠣᠰᠬᠠᠬᠤ ᠳᠤ ᠬᠠᠪᠰᠤᠷᠤᠨ ᠲᠡᠳᠬᠦᠭᠰᠡᠨ᠂ ᠠᠵᠢᠯᠴᠢᠨ ᠬᠡᠷᠡᠭᠯᠡᠬᠦ ᠳᠤ ᠪᠠᠲᠤᠯᠠᠭ᠎ᠠ ᠲᠠᠢ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ︽ᠤᠷᠢᠬᠠᠨ ᠰᠠᠯᠬᠢᠨ ᠤ ᠠᠵᠢᠯᠯᠠᠭ᠎ᠠ︾ ᠪᠠᠷ ᠠᠵᠠ ᠲᠣᠬᠢᠶᠠᠯ ᠪᠣᠯᠭᠠᠨ᠂ ᠰᠠᠶᠢᠬᠠᠨ ᠲᠣᠭᠤᠷᠢᠭ ᠤᠨ ︽ᠠᠵᠢᠯ ᠣᠯᠭᠤᠯᠲᠠ ᠳᠤ ᠳᠦᠬᠦᠮ᠂ ᠰᠠᠶᠢᠨ ᠠᠵᠢᠯ ᠣᠯᠭᠤᠯᠲᠠ︾ ᠶᠢᠨ ᠦᠢᠯᠡᠴᠢᠯᠡᠭᠡᠨ ᠤ ᠲᠦᠷᠦᠯ ᠲᠡᠮᠳᠡᠭ ᠢ ᠦᠷᠭᠦᠯᠵᠢᠯᠡᠨ ᠭᠡᠷᠡᠯᠳᠦᠭᠦᠯᠦᠨ᠎ᠡ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号