ᠦᠨᠳᠦᠰᠦᠨ ᠳᠤ ᠪᠠᠨ ᠲᠡᠩᠴᠡᠭᠦᠷᠢᠲᠡᠢ ᠪᠠᠶᠢᠭᠰᠠᠨ ᠠᠴᠠ ᠴᠢᠨᠠᠷ ᠰᠠᠶᠢᠨ ᠲᠡᠩᠴᠡᠭᠦᠷᠢᠲᠡᠢ ᠲᠡᠶᠢᠰᠢ ᠤᠷᠤᠭᠰᠢᠯᠠᠨ᠎ᠠ – ᠮᠠᠨ ᠤ ᠤᠯᠤᠰ ᠤᠯᠠᠨ ᠠᠷᠭ᠎ᠠ  ᠪᠠᠷᠢᠯ ᠢᠶᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/3/20
       ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠨᠢ ᠭᠡᠷ ᠪᠦᠯᠢ ᠪᠣᠯᠭᠠᠨ ᠤ ᠠᠰᠢᠭ ᠲᠤᠰᠠ ᠲᠠᠢ ᠬᠤᠯᠪᠣᠭᠳᠠᠵᠤ᠂ ᠤᠯᠤᠰ ᠣᠷᠣᠨ ᠪᠠ ᠦᠨᠳᠦᠰᠦᠲᠡᠨ ᠤ ᠢᠷᠡᠭᠡᠳᠦᠢ ᠲᠠᠢ ᠬᠤᠯᠪᠣᠭᠳᠠᠵᠤ ᠪᠠᠶᠢᠳᠠᠭ᠃ 12 ᠤᠨ ᠡᠳᠦᠷ ᠬᠤᠷᠠᠯᠳᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠳᠤ ᠴᠢᠬᠤᠯᠠᠴᠢᠯᠠᠭᠰᠠᠨ ᠢᠶᠠᠷ᠂ ᠰᠤᠷᠭᠠᠭᠤᠯᠢ ᠡᠷᠭᠢᠯᠡᠬᠦ ᠨᠥᠬᠦᠴᠡᠯ᠂ ᠰᠤᠷᠭᠠᠨ ᠬᠥᠮᠦᠵᠢᠯ ᠤᠨ ᠴᠢᠨᠠᠷ ᠪᠠ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠᠷ ᠠᠵᠢᠯ ᠤᠨ ᠭᠤᠣᠯᠳᠠᠯᠭ᠎ᠠ ᠪᠣᠯᠭᠠᠵᠤ᠂ ᠣᠷᠣᠨ ᠪᠦᠰᠡ᠂ ᠬᠤᠲᠠ ᠬᠥᠳᠡᠭᠡ᠂ ᠰᠤᠷᠭᠠᠭᠤᠯᠢ᠂ ᠣᠯᠠᠨ ᠲᠦᠮᠡᠨ ᠤ ᠬᠤᠭᠤᠷᠣᠨᠳᠤᠬᠢ ᠰᠤᠷᠭᠠᠨ ᠬᠥᠮᠦᠵᠢᠯ ᠤᠨ ᠵᠥᠷᠢᠶ᠎ᠡ ᠶᠢ ᠲᠠᠰᠤᠷᠠᠯᠲᠠ ᠦᠭᠡᠢ ᠪᠠᠭᠠᠰᠬᠠᠵᠤ᠂ ᠨᠠᠩ ᠡᠷᠬᠡ ᠲᠡᠭᠰᠢ ᠨᠠᠩ ᠴᠢᠨᠠᠷ ᠰᠠᠶᠢᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠬᠡᠷᠡᠭᠲᠡᠢ᠃ ᠬᠥᠮᠥᠨ ᠠᠮᠠ ᠶᠢᠨ ᠬᠤᠪᠢᠷᠠᠯᠲᠠ ᠪᠠ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ ᠳᠤ ᠵᠣᠬᠢᠴᠠᠭᠤᠯᠤᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠶᠢ ᠤᠷᠢᠳᠴᠢᠯᠠᠨ ᠰᠤᠳᠤᠯᠤᠨ ᠮᠠᠭᠠᠳᠯᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠠᠮᠢᠳᠤᠯᠢᠭ ᠴᠢᠨᠠᠷ ᠪᠠ ᠵᠣᠬᠢᠴᠠᠬᠤ ᠴᠢᠨᠠᠷ ᠢ ᠴᠢᠩᠭᠠᠷᠠᠭᠤᠯᠤᠨ᠂ ᠡᠳ᠋ ᠤᠨ ᠵᠠᠰᠠᠭ ᠤᠨ ᠴᠢᠨᠠᠷᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠭᠤᠷᠠᠢ ᠭᠤᠭᠴᠤᠭ᠎ᠠ ᠲᠡᠶᠢᠰᠢ ᠬᠡᠯᠪᠡᠶᠢᠯᠭᠡᠬᠦ ᠪᠠᠨ ᠡᠷᠴᠢᠮᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠳᠤᠲᠠᠭᠳᠠᠯ ᠢ ᠬᠦᠴᠦᠯᠡᠨ ᠨᠥᠬᠦᠪᠦᠷᠢᠯᠡᠬᠦ ᠬᠡᠷᠡᠭᠲᠡᠢ ᠭᠡᠵᠡᠢ᠃            ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠤᠭᠰᠠᠨ ᠢᠶᠠᠷ᠂ ᠥᠭᠡᠷᠡᠴᠢᠯᠡᠯᠲᠡ ᠨᠡᠭᠡᠭᠡᠯᠲᠡ ᠠᠴᠠ ᠨᠠᠭᠠᠰᠢ᠂ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠲᠦᠷᠭᠡᠨ ᠬᠥᠭᠵᠢᠵᠦ᠂ 2000 ᠣᠨ ᠳᠤ ᠦᠨᠳᠦᠰᠦᠨ ᠳᠤ ᠪᠠᠨ ᠲᠦᠭᠡᠮᠡᠯᠵᠢᠵᠦ᠂ 2011 ᠣᠨ ᠳᠤ ᠪᠥᠬᠦ ᠲᠠᠯ᠎ᠠ ᠪᠠᠷ ᠲᠦᠭᠡᠮᠡᠯᠵᠢᠵᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠦᠷᠭᠦᠯᠵᠢᠯᠡᠨ ᠠᠬᠢᠭᠤᠯᠪᠠ᠃ 2021 ᠣᠨ ᠤ ᠡᠴᠦᠰ ᠪᠣᠯᠬᠤ ᠳᠤ᠂ ᠪᠥᠬᠦ ᠤᠯᠤᠰ ᠤᠨ ᠰᠢᠶᠠᠨ ᠲᠣᠭᠤᠷᠢᠭ ᠪᠥᠬᠦᠨ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠢ ᠬᠥᠭᠵᠢᠭᠦᠯᠬᠦ ᠶᠢ ᠬᠢᠨᠠᠨ ᠵᠢᠯᠤᠭᠤᠳᠴᠤ ᠦᠨᠡᠯᠡᠨ ᠵᠢᠱᠢᠬᠦ ᠶᠢ ᠥᠩᠭᠡᠷᠡᠭᠦᠯᠵᠦ᠂ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠦᠨᠳᠦᠰᠦᠨ ᠳᠤ ᠪᠠᠨ ᠲᠡᠩᠴᠡᠭᠦᠷᠢᠲᠡᠢ ᠪᠣᠯᠵᠠᠢ᠃          ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠦᠭᠡᠮᠡᠯᠵᠢᠯᠲᠡ ᠳᠡᠯᠡᠬᠡᠢ ᠶᠢᠨ ᠥᠨᠳᠥᠷ ᠣᠷᠣᠯᠭ᠎ᠠ ᠲᠠᠢ ᠤᠯᠤᠰ ᠤᠨ ᠳᠤᠮᠳᠠᠴᠢ ᠲᠦᠪᠰᠢᠨ ᠳᠤ ᠬᠦᠷᠴᠦ᠂ ᠵᠠᠷᠤᠳᠠᠯ ᠤᠨ ᠪᠠᠲᠤᠯᠠᠭ᠎ᠠ ᠪᠠ ᠰᠤᠷᠭᠠᠭᠤᠯᠢ ᠡᠷᠭᠢᠯᠡᠬᠦ  ᠨᠥᠬᠦᠴᠡᠯ ᠢᠯᠡᠳᠲᠡ ᠰᠠᠶᠢᠵᠢᠷᠠᠨ᠂ ᠪᠠᠭᠰᠢ ᠶᠢᠨ ᠡᠩᠨᠡᠭᠡᠨ ᠤ ᠬᠡᠪ ᠴᠢᠨᠠᠷ ᠢᠯᠡᠳᠲᠡ ᠳᠡᠭᠡᠭᠰᠢᠯᠡᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠪᠦᠬᠦᠯᠢ ᠴᠣᠭᠴᠠ ᠪᠠᠷ ᠢᠶᠠᠨ ᠳᠡᠭᠡᠭᠰᠢᠯᠡᠪᠡ᠃            ᠦᠨᠳᠦᠰᠦᠨ ᠳᠤ ᠪᠠᠨ ᠲᠡᠩᠴᠡᠭᠦᠷᠢᠲᠡᠢ ᠪᠠᠶᠢᠯᠭᠠᠬᠤ ᠶᠢ ᠪᠡᠶᠡᠯᠡᠭᠦᠯᠦᠭᠰᠡᠨ ᠤ ᠲᠠᠷᠠᠭ᠎ᠠ᠂ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠷᠠᠯᠲᠠ ᠨᠢ ᠴᠢᠨᠠᠷ ᠰᠠᠶᠢᠨ ᠲᠡᠩᠴᠡᠭᠦᠷᠢᠲᠡᠢ ᠲᠡᠶᠢᠰᠢ ᠤᠷᠤᠭᠰᠢᠯᠠᠬᠤ ᠶᠠᠪᠤᠳᠠᠯ ᠪᠣᠯᠪᠠ᠃ 2023 ᠣᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠴᠢᠨᠠᠷ ᠰᠠᠶᠢᠨ ᠲᠡᠩᠴᠡᠭᠦᠷᠢᠲᠡᠢ ᠦᠨᠳᠦᠰᠦᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ ᠲᠤᠬᠠᠢ ᠰᠠᠨᠠᠯ ᠢ ᠳᠠᠷᠤᠮᠠᠯᠯᠠᠨ ᠲᠠᠷᠬᠠᠭᠠᠵᠤ᠂ 2035 ᠣᠨ ᠪᠣᠯᠲᠠᠯ᠎ᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ᠂ ᠪᠠᠭᠰᠢ ᠶᠢᠨ ᠡᠩᠨᠡᠭᠡ᠂ ᠵᠠᠷᠤᠳᠠᠯ ᠤᠨ ᠣᠷᠣᠭᠤᠯᠤᠯᠲᠠ᠂ ᠵᠠᠰᠠᠯᠲᠠ ᠶᠢᠨ ᠲᠣᠭᠲᠠᠯᠴᠠᠭ᠎ᠠ ᠨᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠬᠡᠷᠡᠭᠴᠡᠭᠡ ᠳᠤ ᠵᠣᠬᠢᠴᠠᠵᠤ᠂ ᠬᠤᠲᠠ ︵ᠭᠠᠵᠠᠷ ᠣᠷᠣᠨ᠂ ᠵᠧᠦ᠂ ᠠᠶᠢᠮᠠᠭ ᠶᠢᠨ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢᠨ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠵᠣᠩᠬᠢᠯᠠᠬᠤ ᠣᠯᠠᠨ ᠲᠣᠭᠠᠨ ᠤ ᠰᠢᠶᠠᠨ ︵ᠬᠤᠲᠠ᠂ ᠲᠣᠭᠤᠷᠢᠭ᠂ ᠬᠤᠰᠢᠭᠤ  ᠤ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠨ ᠲᠡᠩᠴᠡᠭᠦᠷᠢᠲᠡᠢ ᠪᠠᠶᠢᠬᠤ ᠶᠢ ᠪᠡᠶᠡᠯᠡᠭᠦᠯᠵᠦ᠂ ᠰᠤᠷᠬᠤ ᠨᠠᠰᠤᠨ ᠤ ᠰᠤᠷᠤᠭᠴᠢᠳ ᠲᠤ ᠲᠥᠪ ᠭᠤᠥᠯᠴᠢ ᠴᠢᠨᠠᠷ ᠰᠠᠶᠢᠲᠠᠢ ᠦᠨᠳᠦᠰᠦᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠡᠳ᠋ᠯᠡᠭᠦᠯᠵᠦ᠂ ᠶᠡᠷᠦᠩᠬᠡᠢ ᠲᠦᠪᠰᠢᠨ ᠢ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠭᠤᠯᠤᠨ᠎ᠠ ᠭᠡᠵᠦ ᠳᠤᠷᠠᠳᠪᠠ᠃            ᠡᠨᠡ ᠬᠠᠷᠠᠯᠲᠠ ᠪᠠᠨ ᠪᠡᠶᠡᠯᠡᠭᠦᠯᠬᠦ ᠶᠢᠨ ᠲᠥᠯᠥᠭᠡ ᠳᠠᠷᠠᠭ᠎ᠠ ᠪᠠᠷ ᠶᠠᠮᠠᠷ ᠠᠷᠭ᠎ᠠ ᠪᠠᠷᠢᠯ ᠠᠪᠬᠤ ᠪᠤᠶ︖            ᠲᠣᠰ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠳᠠᠷᠠᠭ᠎ᠠ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠶᠢᠨ ᠪᠠᠶᠢᠷᠢ ᠰᠠᠭᠤᠷᠢ ᠶᠢ ᠭᠤᠶᠢᠪᠢᠰᠢ ᠦᠭᠡᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠴᠢᠮ ᠢ ᠪᠠᠷᠢᠮᠲᠠᠯᠠᠨ᠂ ᠬᠥᠭᠵᠢᠯᠲᠡ ᠶᠢᠨ ᠲᠥᠯᠥᠪᠯᠡᠭᠡ᠂ ᠡᠬᠢ ᠪᠠᠶᠠᠯᠢᠭ ᠤᠨ ᠲᠣᠬᠢᠷᠠᠭᠤᠯᠤᠯᠲᠠ᠂ ᠵᠠᠷᠤᠳᠠᠯ ᠤᠨ ᠣᠷᠣᠭᠤᠯᠤᠯᠲᠠ ᠶᠢ ᠤᠷᠢᠳ ᠢᠶᠠᠷ ᠪᠠᠲᠤᠯᠠᠬᠤ ᠶᠢ ᠪᠠᠷᠢᠮᠲᠠᠯᠠᠵᠤ᠂ ᠨᠠᠩ ᠡᠷᠬᠡ ᠲᠡᠭᠰᠢ ᠨᠠᠩ ᠴᠢᠨᠠᠷ ᠰᠠᠶᠢᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ ᠭᠡᠵᠡᠢ᠃           ᠰᠤᠷᠤᠭᠴᠢᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠬᠢᠴᠢᠶᠡᠯ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠢ ᠬᠥᠮᠥᠵᠢᠭᠦᠯᠬᠦ ᠰᠢᠨ᠎ᠡ ᠠᠷᠭ᠎ᠠ ᠬᠡᠯᠪᠡᠷᠢ ᠶᠢ ᠡᠭᠦᠳᠴᠦ᠂ ᠰᠤᠷᠤᠭᠴᠢᠳ ᠤᠨ ᠶᠣᠰᠣ ᠤᠶᠤᠨ ᠲᠠᠮᠢᠷ ᠭᠤᠸ᠎ᠠ ᠬᠥᠳᠡᠯᠮᠦᠷᠢ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ︔ ᠰᠤᠷᠭᠠᠭᠤᠯᠢ ᠶᠢᠨ ᠳᠣᠲᠣᠨ᠎ᠠ ᠭᠠᠳᠠᠨᠠᠬᠢ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠶᠢᠯᠡᠭᠦᠯᠦᠨ ᠰᠠᠶᠢᠲᠤᠷ ᠠᠰᠢᠭᠯᠠᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠳᠤ ᠳᠤᠷᠠᠲᠠᠢ ᠵᠣᠷᠢᠭ ᠰᠠᠨᠠᠭ᠎ᠠ ᠪᠠ ᠰᠦᠪᠡᠭᠴᠢᠯᠡᠨ ᠰᠡᠳᠬᠢᠬᠦ᠂ ᠦᠢᠯᠡᠳᠦᠯᠭᠡᠵᠢᠭᠦᠯᠬᠦ ᠴᠢᠳᠠᠪᠤᠷᠢ ᠶᠢ ᠨᠢ ᠬᠥᠮᠥᠵᠢᠭᠦᠯᠦᠨ᠎ᠡ︔ ︽ᠬᠤᠶᠠᠷ ᠢ ᠬᠥᠩᠭᠡᠷᠡᠭᠦᠯᠬᠦ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠯᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠰᠤᠷᠭᠠᠭᠤᠯᠢ ᠳᠠᠪᠰᠢᠬᠤ ᠰᠢᠯᠭᠠᠯᠲᠠ ᠶᠢᠨ ᠳᠠᠷᠤᠭᠠᠰᠤ ᠶᠢ ᠬᠥᠩᠭᠡᠷᠡᠭᠦᠯᠦᠨ᠎ᠡ᠃           ᠢᠷᠡᠭᠡᠳᠦᠢ ᠶᠢᠨ ᠠᠷᠪᠠᠨ ᠬᠡᠳᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ︽ᠤᠷᠢᠳ ᠢᠶᠠᠷ ᠣᠷᠭᠢᠯ ᠳᠤ ᠬᠦᠷᠴᠦ ᠳᠠᠷᠠᠭ᠎ᠠ ᠨᠢ ᠴᠥᠭᠡᠷᠡᠬᠦ︾ ᠬᠤᠪᠢᠷᠠᠯᠲᠠ ᠶᠢᠨ ᠬᠠᠨᠳᠤᠰᠢ ᠳᠤ ᠴᠢᠭᠯᠡᠭᠦᠯᠦᠨ᠂ ᠰᠤᠷᠬᠤ ᠨᠠᠰᠤᠨ ᠤ ᠬᠥᠮᠥᠨ ᠠᠮᠠ ᠶᠢᠨ ᠬᠤᠪᠢᠷᠠᠯᠲᠠ ᠶᠢᠨ ᠤᠷᠢᠳᠠᠴᠢ ᠰᠤᠳᠤᠯᠭᠠᠨ ᠢᠶᠠᠨ ᠴᠢᠩᠭᠠᠳᠬᠠᠵᠤ᠂ ᠰᠤᠷᠭᠠᠭᠤᠯᠢ ᠶᠢᠨ ᠪᠠᠶᠢᠷᠢᠰᠢᠭᠤᠯᠤᠯᠲᠠ ᠶᠢ ᠵᠦᠢ ᠵᠣᠬᠢᠰᠲᠠᠢ ᠲᠥᠯᠥᠪᠯᠡᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ ᠭᠡᠵᠦ ᠰᠤᠷᠭᠠᠨ ᠬᠥᠮᠦᠵᠢᠯ ᠤᠨ ᠶᠠᠮᠤᠨ ᠳᠤᠷᠠᠳᠪᠠ᠃            ᠪᠠᠰᠠ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠤᠨ ᠳᠤᠲᠠᠭᠳᠠᠯ ᠢ ᠨᠥᠬᠦᠪᠦᠷᠢᠯᠡᠵᠦ᠂ ᠣᠲᠣ ᠶᠢᠨ ᠪᠠᠶᠢᠭ᠎ᠠ ᠴᠢᠨᠠᠷ ᠰᠠᠶᠢᠲᠠᠢ ᠰᠤᠷᠭᠠᠭᠤᠯᠢ ᠶᠢᠨ ᠳᠠᠯᠳᠠ ᠬᠦᠴᠦᠨ ᠢ ᠠᠭᠤᠳᠠᠯᠤᠨ ᠪᠠᠭᠲᠠᠭᠠᠮᠵᠢ ᠪᠠᠨ ᠥᠷᠭᠡᠳᠬᠡᠬᠦ ᠶᠢ ᠠᠬᠢᠭᠤᠯᠤᠨ᠂ ᠴᠢᠨᠠᠷ ᠰᠠᠶᠢᠲᠠᠢ ᠰᠢᠨ᠎ᠡ ᠰᠤᠷᠭᠠᠭᠤᠯᠢ ᠶᠢᠨ ᠪᠤᠶᠢᠵᠢᠯᠲᠠ ᠶᠢ ᠲᠦᠷᠭᠡᠳᠬᠡᠵᠦ᠂ ᠲᠣᠭᠠᠴᠢᠯᠠᠯᠲᠠ ᠶᠢᠨ ᠴᠢᠳᠠᠪᠤᠷᠢ ᠶᠢ ᠠᠰᠢᠭᠯᠠᠨ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠤᠪᠢᠶᠠᠯᠴᠠᠬᠤ ᠶᠢ ᠠᠬᠢᠭᠤᠯᠤᠨ᠂ ᠬᠥᠳᠡᠭᠡ ᠲᠣᠰᠬᠤᠨ ᠤ ᠰᠤᠷᠭᠠᠭᠤᠯᠢ ᠶᠢ ᠬᠠᠪᠰᠤᠷᠤᠨ ᠰᠤᠷᠭᠠᠭᠤᠯᠢ ᠡᠷᠭᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ ᠭᠡᠵᠦ ᠳᠤᠷᠠᠳᠴᠠᠢ᠃            ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ᠂ ᠥᠨᠳᠥᠷ ᠲᠦᠪᠰᠢᠨ ᠪᠦᠬᠦᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠬᠥᠮᠥᠵᠢᠭᠦᠯᠬᠦ ᠬᠡᠪᠴᠢᠶ᠎ᠡ ᠶᠢ ᠥᠷᠭᠡᠳᠬᠡᠵᠦ᠂ ᠪᠠᠭᠰᠢ ᠶᠢᠨ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠡᠯ᠎ᠡ ᠭᠠᠵᠠᠷ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠣᠯᠭᠤᠮᠵᠢ ᠶᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠴᠠᠯᠢᠩ ᠣᠷᠣᠯᠭ᠎ᠠ ᠶᠢ ᠲᠤᠬᠠᠢ ᠶᠢᠨ ᠭᠠᠵᠠᠷ ᠤᠨ ᠠᠯᠪᠠᠲᠠᠨ ᠤ ᠣᠯᠭᠤᠮᠵᠢ ᠶᠢ ᠳᠠᠭᠠᠵᠤ ᠲᠣᠬᠢᠷᠠᠭᠤᠯᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠪᠠᠭᠰᠢ ᠶᠢᠨ ᠴᠠᠯᠢᠩ ᠢ ᠴᠠᠭ ᠲᠤᠬᠠᠢ ᠳᠤ ᠨᠢ ᠲᠤᠭ᠎ᠠ ᠶᠣᠰᠣ ᠪᠠᠷ ᠨᠢ ᠥᠭᠬᠦ ᠶᠢ ᠦᠨᠡᠨ ᠬᠦ ᠪᠠᠲᠤᠯᠠᠬᠤ ᠬᠡᠷᠡᠭᠲᠡᠢ᠃            ︽ᠪᠢᠳᠡ ᠦᠨᠳᠦᠰᠦᠨ ᠵᠦᠢᠯ ᠶᠢ ᠪᠠᠲᠤᠯᠠᠬᠤ᠂ ᠳᠤᠲᠠᠭᠳᠠᠯ ᠢ ᠨᠥᠬᠦᠪᠦᠷᠢᠯᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠴᠤ᠂ ᠰᠤᠷᠭᠠᠨ ᠬᠥᠮᠦᠵᠢᠯ ᠤᠨ ᠣᠷᠣᠭᠤᠯᠤᠯᠲᠠ ᠶᠢ ᠵᠢᠭᠠᠨ ᠰᠤᠷᠭᠠᠯᠲᠠ ᠪᠠ ᠪᠠᠭᠰᠢ ᠶᠢᠨ ᠡᠩᠨᠡᠭᠡ ᠵᠦᠭ ᠤᠯᠠᠮ ᠬᠡᠯᠪᠡᠶᠢᠯᠭᠡᠵᠦ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠵᠦᠭ ᠬᠡᠯᠪᠡᠶᠢᠯᠭᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠨ ᠲᠡᠩᠴᠡᠭᠦᠷᠢᠲᠡᠢ ᠬᠥᠭᠵᠢᠬᠦ ᠶᠢ ᠪᠦᠬᠦ ᠲᠠᠯ᠎ᠠ ᠪᠠᠷ ᠪᠠᠲᠤᠯᠠᠨ᠎ᠠ᠃︾ ᠭᠡᠵᠦ ᠲᠣᠰ ᠬᠠᠷᠢᠭᠤᠴᠠᠯᠭᠠᠲᠠᠨ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号