ᠰᠠᠭᠤᠭᠠᠯᠢ ᠠᠷᠠᠳ ᠤᠨ ︽ᠠᠮᠤᠷ ᠲᠦᠪᠰᠢᠨ︾ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/3/21
     ᠭᠠᠵᠠᠷ ᠪᠠᠭ᠎ᠠ ᠪᠣᠯᠪᠠᠴᠤ ᠠᠮᠤᠷ ᠲᠦᠪᠱᠢᠨ ᠤ ᠬᠡᠷᠡᠭ ᠶᠡᠭᠡ᠃ ︽ᠱᠠᠯᠠ ᠬᠠᠳᠠᠬᠤ︾ ᠭᠡᠳᠡᠭ ᠨᠢ ᠤᠤᠯ ᠨᠢ ᠵᠢᠮᠢᠰ ᠤᠨ ᠬᠠᠯᠢᠰᠤᠨ ᠬᠠᠶᠢᠷᠴᠠᠭ᠂ ᠬᠦᠷᠢᠶᠡᠯᠡᠨ ᠬᠠᠰᠢᠬᠤ᠂ ᠲᠡᠷᠭᠡ ᠶᠢ ᠬᠤᠷᠢᠭᠯᠠᠬᠤ ᠬᠡᠷᠡᠭᠰᠡᠯ ᠵᠡᠷᠭᠡ ᠣᠯᠠᠨ ᠨᠡᠶᠢᠲᠡ ᠶᠢᠨ ᠲᠥᠬᠦᠭᠡᠷᠦᠮᠵᠢ ᠶᠢᠨ ᠡᠷᠬᠡᠪᠰᠢ ᠪᠡᠯᠡᠳᠬᠡᠬᠦ ᠰᠡᠯᠪᠢᠭ ᠲᠣᠨᠤᠭ ᠪᠣᠯᠣᠨ᠎ᠠ᠂ ᠭᠡᠪᠡᠴᠦ ᠲᠥᠬᠦᠭᠡᠷᠦᠮᠵᠢ ᠶᠢ ᠨᠡᠭᠦᠯᠭᠡᠬᠦ ᠪᠤᠶᠤ ᠨᠤᠷᠠᠭᠠᠬᠤ ᠶᠢ ᠳᠠᠭᠠᠯᠳᠤᠨ᠂ ᠵᠠᠮ ᠤᠨ ᠭᠠᠳᠠᠷᠭᠤ ᠠᠴᠠ ᠦᠯᠡᠳᠡᠭᠳᠡᠵᠦ ᠢᠷᠡᠭᠰᠡᠨ ᠭᠠᠵᠠᠷ ᠤᠨ ᠬᠠᠳᠠᠭᠠᠰᠤ ᠨᠢ ︽ᠨᠢᠭᠤᠴᠠ ᠪᠠᠭᠠᠵᠢ︾ ᠪᠣᠯᠵᠤ᠂ ᠶᠠᠪᠠᠭᠠᠨ ᠬᠥᠮᠥᠨ ᠤᠨᠠᠵᠤ ᠣᠶᠢᠴᠢᠬᠤ᠂ ᠰᠢᠷᠬᠠᠲᠤᠬᠤ ᠵᠡᠷᠭᠡ ᠠᠮᠤᠷ ᠲᠦᠪᠰᠢᠨ ᠤ ᠠᠳᠡᠯ ᠠᠮᠠᠷᠬᠠᠨ ᠭᠠᠷᠴᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠠᠮᠤᠷ ᠲᠦᠪᠰᠢᠨ ᠤ ᠳᠠᠯᠳᠠ ᠬᠡᠮ ᠠᠮᠠᠷᠬᠠᠨ ᠭᠠᠷᠳᠠᠭ᠃ ᠣᠶᠢᠷ᠎ᠠ ᠳᠤ᠂ ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠠᠵᠢᠯᠲᠠᠳ ᠲᠣᠭᠤᠷᠢᠨ ᠪᠠᠶᠢᠴᠠᠭᠠᠬᠤ ᠶᠠᠪᠤᠴᠠ ᠳᠤ ᠬᠠᠷᠢᠶᠠᠲᠤ ᠣᠷᠣᠨ ᠤ ᠨᠢᠭᠡ ᠵᠠᠮ ᠤᠨ ᠬᠡᠰᠡᠭ ᠲᠤ ᠦᠯᠡᠳᠡᠭᠰᠡᠨ ︽ᠱᠠᠯᠠ ᠶᠢᠨ ᠬᠠᠳᠠᠭᠠᠰᠤ︾ ᠶᠢ ᠴᠠᠭ ᠲᠤᠬᠠᠢ ᠳᠤᠨᠢ ᠠᠷᠢᠯᠭᠠᠭᠰᠠᠨ ᠦᠭᠡᠢ ᠠᠰᠠᠭᠤᠳᠠᠯ ᠢ ᠣᠯᠵᠤ ᠮᠡᠳᠡᠭᠡᠳ᠂ ᠲᠡᠷᠡ ᠳᠠᠷᠤᠢ ᠳᠤᠨᠢ ᠠᠵᠢᠯᠲᠠᠨ ᠢᠶᠠᠨ ᠵᠣᠬᠢᠶᠠᠨ ᠪᠠᠶᠢᠭᠤᠯᠵᠤ ᠨᠤᠷᠠᠭᠠᠪᠠ᠃
         ᠰᠠᠶᠢᠬᠠᠨ ᠲᠣᠭᠤᠷᠢᠭ ᠤᠨ ᠳ᠋ᠦᠩ ᠶᠢᠩ ᠡᠮᠦᠨ᠎ᠡ ᠵᠠᠮ ᠤᠨ ᠪᠦᠸᠧ ᠶᠠ ᠶᠤᠸᠠᠨ ᠰᠠᠭᠤᠭᠠᠯᠢ ᠲᠣᠭᠤᠷᠢᠭ ᠤᠨ ᠡᠭᠦᠳᠡᠨ ᠳᠤ᠂ ᠶᠠᠪᠠᠭᠠᠨ ᠵᠠᠮ ᠳᠡᠭᠡᠷ᠎ᠡ ᠨᠢᠭᠡ ᠮᠥᠷ︽ᠢᠯᠡ︾ ᠬᠠᠳᠭ ᠤᠭᠤᠷ ᠪᠠᠶᠢᠵᠤ᠂ ᠠᠵᠢᠯᠲᠠᠳ ᠠᠯᠤᠬ᠎ᠠ᠂ ᠬᠡᠷᠴᠢᠬᠦ ᠮᠠᠱᠢᠨ᠂ ᠬᠥᠱᠢ ᠬᠦ ᠱᠢᠲᠠᠮ ᠵᠡᠷᠭᠡ ᠪᠠᠭᠠᠵᠢ ᠪᠠᠷ ᠡᠳᠡᠭᠡᠷ ᠭᠠᠳᠠᠷ ᠢᠯᠡᠷᠡᠭᠦᠯᠦᠭᠰᠡᠨ ᠬᠠᠳᠠᠭ ᠠᠰᠤ ᠶᠢ ᠡᠪᠳᠡᠵᠦ᠂ ᠵᠠᠮ ᠵᠠᠰᠠᠵᠤ ᠪᠠᠶᠢᠨ᠎ᠠ᠃ ᠣᠳᠣᠬᠠᠨ ᠳᠤ ᠲᠣᠰ ᠵᠠᠮ ᠤᠨ ᠬᠡᠰᠡᠭ ᠤᠨ ᠵᠢᠭᠰᠠᠭᠠᠨ ᠪᠠᠶᠢᠴᠠᠭᠠᠬᠤ ᠭᠠᠵᠠᠷ ᠤᠨ 80 ᠭᠠᠷᠤᠢ ᠭᠠᠵᠠᠷ ᠬᠦᠷᠴᠦ᠂ ᠵᠢᠱᠢᠯᠲᠡ ᠪᠠᠷ ᠭᠤᠷᠪᠠᠨ ᠡᠳᠦᠷ ᠤᠨ ᠳᠣᠲᠣᠷ᠎ᠠ ᠴᠡᠪᠡᠷᠯᠡᠵᠦ ᠳᠠᠭᠤᠰᠬᠠᠬᠤ ᠪᠣᠯᠣᠨ᠎ᠠ᠃         ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠠᠮ ᠡᠵᠡᠯᠡᠭᠰᠡᠨ ᠵᠠᠮ ᠤᠨ ᠰᠠᠭᠠᠳ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠶᠢ ᠰᠢᠮᠳᠠᠭᠤᠯᠵᠤ ᠪᠠᠶᠢᠭᠠᠳ ᠣᠯᠠᠨ ᠨᠡᠶᠢᠲᠡ ᠶᠢᠨ ᠪᠡᠯᠡᠳᠬᠡᠮᠵᠢ ᠶᠢ ᠨᠤᠷᠠᠭᠠᠭᠰᠠᠨ ᠤ ᠳᠠᠷᠠᠭ᠎ᠠ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠵᠤ᠂ ᠰᠠᠭᠤᠭᠠᠯᠢ ᠠᠷᠠᠳ ᠤᠨ ︽ᠠᠮᠤᠷ ᠲᠦᠪᠰᠢᠨ︾ ᠢ ᠰᠠᠶᠢᠲᠤᠷ ᠰᠠᠬᠢᠨ ᠬᠠᠮᠠᠭᠠᠯᠠᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号