ᠲᠤᠤ ᠶᠤᠸᠠᠨ ᠨᠡᠶᠢᠭᠡᠮ ᠲᠣᠭᠤᠷᠢᠭ ᠤᠨ ᠰᠣᠨᠢᠷᠬᠠᠯᠲᠤ ᠫᠢᠩᠫᠠᠩ ᠪᠥᠮᠪᠦᠭᠡ ᠶᠢᠨ ᠤᠷᠤᠯᠳᠤᠭᠠᠨ ᠬᠥᠷ ᠬᠥᠭᠵᠢᠶᠡᠨ ᠲᠠᠢ ᠡᠬᠢᠯᠡᠪᠡ
ᠨᠡᠶᠢᠲᠡᠯᠡᠭᠰᠡᠨ ᠴᠠᠭ᠄
2024/3/21
     ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠳᠤ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠲᠤᠤ ᠶᠤᠸᠠᠨ ᠨᠡᠶᠢᠭᠡᠮ ᠲᠣᠭᠤᠷᠢᠭ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ︽ᠬᠦᠴᠦᠨ ᠢᠶᠠᠨ ᠲᠥᠪᠯᠡᠷᠡᠭᠦᠯᠦᠨ ᠰᠡᠳᠬᠢᠯ ᠨᠢᠭᠡᠳᠦᠨ ᠪᠠᠶᠠᠷ ᠬᠥᠷ ᠲᠠᠢ ᠪᠥᠭᠡᠳ ᠬᠢᠵᠠᠭᠠᠯᠠᠰᠢ ᠦᠭᠡᠢ︾ ᠰᠣᠨᠢᠷᠬᠠᠯᠲᠤ ᠫᠢᠩᠫᠠᠩ ᠪᠥᠮᠪᠦᠭᠡ ᠶᠢᠨ ᠤᠷᠤᠯᠳᠤᠭᠠᠨ ᠢ ᠨᠠᠷᠢᠨ ᠨᠢᠮᠪᠠᠢ ᠵᠣᠬᠢᠶᠠᠨ ᠪᠠᠶᠢᠭᠤᠯᠪᠠ᠃
     ᠤᠷᠤᠯᠳᠤᠭᠠᠨ ᠤ ᠲᠤᠬᠠᠢ ᠶᠢᠨ ᠡᠳᠦᠷ᠂ ᠤᠷᠤᠯᠳᠤᠭᠠᠨ ᠳᠤ ᠣᠷᠣᠯᠴᠠᠭᠰᠠᠨ ᠰᠠᠭᠤᠭᠠᠯᠢ ᠠᠷᠠᠳ ᠴᠤᠭ ᠵᠢᠪᠬᠤᠭ᠎ᠠ ᠲᠡᠭᠦᠯᠳᠡᠷ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠠᠶᠢᠪᠠ᠃ ᠤᠷᠤᠯᠳᠤᠭᠠᠨ ᠨᠢ ᠳᠤᠭᠤᠶᠢᠯᠠᠩ ᠬᠤᠪᠢᠶᠠᠨ ᠰᠢᠭᠰᠢᠭᠳᠡᠭᠦᠯᠬᠦ ᠳᠦᠷᠢᠮ ᠢ ᠠᠪᠴᠤ᠂ ᠪᠠᠴᠢᠮ ᠰᠡᠳᠡᠯᠲᠡ ᠲᠠᠢ ᠳᠠᠩ ᠴᠣᠬᠢᠯᠲᠠ ᠥᠭᠴᠦ ᠪᠠᠶᠢᠬᠤ ᠮᠥᠷᠲᠡᠭᠡᠨ ᠪᠠᠰᠠ ᠪᠦᠯᠬᠦᠮ ᠨᠡᠶᠢᠲᠡ ᠶᠢᠨ ᠬᠠᠮᠵᠢᠯᠴᠠᠬᠤ ᠬᠤᠣᠰ ᠤᠷᠤᠯᠳᠤᠭᠠᠨ ᠳᠤ ᠣᠷᠣᠯᠴᠠᠬᠤ ᠪᠣᠯᠣᠨ᠎ᠠ᠃ ᠳᠠᠩ ᠢᠶᠠᠷ ᠴᠣᠬᠢᠬᠤ ᠤᠷᠤᠯᠳᠤᠭᠠᠨ ᠳᠤ᠂ ᠲᠠᠮᠢᠷᠴᠢᠳ ᠥᠪᠡᠷ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠵᠤ᠂  ᠲᠦᠷᠭᠡᠨ ᠳᠠᠭᠠᠷᠢᠯᠲᠠ ᠬᠢᠵᠦ᠂  ᠤᠷᠠᠨ ᠠᠷᠭ᠎ᠠ ᠪᠠᠷ ᠰᠡᠷᠭᠡᠶᠢᠯᠡᠨ ᠰᠠᠬᠢᠵᠤ᠂ ᠫᠢᠩᠫᠠᠩ ᠪᠥᠮᠪᠦᠭᠡ ᠶᠢᠨ ᠰᠢᠷᠡᠭᠡᠨ ᠳᠡᠭᠡᠷ᠎ᠡ ᠬᠤᠷᠳᠤᠨ ᠰᠦᠯᠵᠢᠯᠳᠦᠵᠦ᠂ ᠪᠠᠶᠢᠨ ᠪᠠᠶᠢᠨ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠵᠤ ᠪᠠᠶᠢᠯ᠎ᠠ᠃ ᠬᠤᠣᠰ ᠤᠷᠤᠯᠳᠤᠭᠠᠨ ᠳᠤ ᠲᠠᠮᠢᠷᠴᠢᠳ ᠨᠡᠩ ᠴᠤ ᠰᠡᠳᠬᠢᠯ ᠰᠠᠨᠠᠭ᠎ᠠ ᠪᠠᠨ ᠣᠯᠣᠯᠴᠠᠵᠤ᠂ ᠬᠠᠷᠢᠯᠴᠠᠨ ᠨᠥᠬᠦᠪᠦᠷᠢᠯᠡᠵᠦ᠂ ᠡᠰᠡᠷᠭᠦ ᠡᠲᠡᠭᠡᠳ ᠤᠨ ᠳᠠᠭᠠᠷᠢᠯᠲᠠ ᠶᠢ ᠬᠠᠮᠲᠤᠪᠠᠷ ᠠᠷᠭᠠᠴᠠᠭᠠᠵᠤ᠂ ᠰᠠᠶᠢᠨ ᠰᠠᠶᠢᠬᠠᠨ ᠪᠦᠯᠬᠦᠮ ᠤᠨ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠢᠯᠡᠷᠡᠭᠦᠯᠪᠡ᠃          ᠪᠠᠴᠢᠮ ᠶᠠᠭᠠᠷᠠᠯᠲᠠᠢ ᠤᠷᠤᠯᠳᠤᠭᠠᠨ ᠠᠴᠠ ᠭᠠᠳᠠᠨ᠎ᠠ᠂ ᠲᠤᠬᠠᠢ ᠶᠢᠨ ᠲᠠᠯᠠᠪᠤᠷ ᠲᠤ ᠪᠠᠰᠠ ᠬᠠᠷᠢᠯᠴᠠᠨ ᠬᠥᠳᠡᠯᠦᠯᠴᠡᠬᠦ ᠰᠣᠨᠢᠷᠬᠠᠯᠲᠠᠢ ᠭᠤᠭᠴᠤᠭ᠎ᠠ ᠲᠣᠬᠢᠷᠠᠭᠤᠯᠵᠠᠢ᠃ ᠦᠵᠡᠭᠴᠢᠳ ᠫᠢᠩᠫᠠᠩ ᠪᠥᠮᠪᠦᠭᠡ ᠶᠢᠨ ᠨᠤᠷᠠᠭᠠᠬᠤ ᠲᠣᠭᠯᠠᠭᠠᠮ ᠳᠤ ᠣᠷᠣᠯᠴᠠᠵᠤ ᠨᠠᠷᠢᠯᠢᠭ ᠰᠠᠶᠢᠬᠠᠨ ᠪᠡᠯᠡᠭ ᠣᠯᠵᠤ ᠪᠣᠯᠣᠨ᠎ᠠ᠃ ᠡᠳᠡᠭᠡᠷ ᠬᠠᠷᠢᠯᠴᠠᠨ ᠦᠢᠯᠡᠳᠦᠯᠴᠡᠬᠦ ᠭᠤᠭᠴᠤᠭ᠎ᠠ ᠨᠢ ᠤᠷᠤᠯᠳᠤᠭᠠᠨ ᠤ ᠳᠤᠷ᠎ᠠ ᠰᠣᠨᠢᠷᠬᠠᠯ ᠤᠨ ᠴᠢᠨᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠨᠠᠩ ᠣᠯᠠᠨ ᠰᠠᠭᠤᠭᠠᠯᠢ ᠠᠷᠠᠳ ᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠤᠭᠰᠠᠨ ᠪᠠᠶᠢᠨ᠎ᠠ᠃         ᠲᠣᠰ ᠤᠳᠠᠭᠠᠨ ᠤ ᠤᠷᠤᠯᠳᠤᠭᠠᠨ ᠨᠢ ᠰᠠᠭᠤᠭᠠᠯᠢ ᠠᠷᠠᠳ ᠲᠤ ᠪᠥᠮᠪᠥᠭᠡᠨ ᠮᠡᠷᠭᠡᠵᠢᠯ ᠢᠶᠠᠨ ᠳᠡᠯᠭᠡᠨ ᠦᠵᠡᠭᠦᠯᠬᠦ᠂ ᠬᠠᠶᠢᠷ᠎ᠠ ᠰᠡᠳᠬᠢᠯᠭᠡ ᠪᠠᠨ ᠰᠣᠯᠢᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠨᠠᠩ ᠴᠤ ᠣᠯᠠᠨ ᠳᠤ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠮᠡᠳᠡᠷᠡᠭᠦᠯᠦᠭᠰᠡᠨ ᠪᠠᠶᠢᠨ᠎ᠠ᠃ ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ᠮᠠᠰᠢ ᠣᠯᠠᠨ ᠰᠠᠭᠤᠭᠠᠯᠢ ᠠᠷᠠᠳ ᠢᠯᠡᠷᠬᠡᠶᠢᠯᠡᠬᠦ ᠳᠡᠭᠡᠨ᠂ ᠡᠶᠢᠮᠦᠷᠬᠦᠦ ᠠᠵᠢᠯᠯᠠᠭ᠎ᠠ ᠨᠢ ᠪᠡᠶ᠎ᠡ ᠮᠠᠬᠠᠪᠤᠳ ᠢᠶᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠨᠥᠬᠦᠷᠯᠡᠯ ᠢᠶᠠᠨ ᠵᠤᠵᠠᠭᠠᠳᠬᠠᠵᠤ᠂ ᠨᠡᠶᠢᠭᠡᠮ ᠲᠣᠭᠤᠷᠢᠭ ᠬᠤᠶᠢᠰᠢᠳᠠ ᠢᠯᠡᠭᠦᠬᠡᠨ ᠡᠶᠢᠮᠦᠷᠬᠦ ᠠᠵᠢᠯᠯᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠡᠢ᠃         ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号